ᠦᠨᠳᠣᠰᠣᠳᠡᠨ ᠤ ᠣᠷᠣᠨ ᠤ ᠦᠨᠳᠣᠷ ᠵᠡᠷᠬᠡ ᠶᠢᠨ ᠴᠢᠳᠠᠪᠦᠷᠢᠳᠡᠨ ᠢ ᠬᠦᠮᠦᠵᠢᠬᠦᠯᠬᠦ ᠳᠣᠬᠠᠢ ᠰᠠᠶᠢᠬᠠᠨ ᠰᠠᠨᠠᠯ
ᠨᠡᠶᠢᠲᠡᠯᠡᠭᠰᠡᠨ ᠴᠠᠭ᠄
2021/3/8
     ᠠᠰᠫᠢᠷᠠᠨᠲ ᠤᠨ ᠬᠦᠮᠦᠵᠢᠯ ᠨᠢ ᠰᠢᠨ᠎ᠡ ᠶᠢ ᠡᠬᠦᠳᠬᠦ ᠴᠢᠳᠠᠪᠦᠷᠢᠳᠡᠨ ᠢ ᠬᠦᠮᠦᠵᠢᠬᠦᠯᠬᠦ᠂ ᠰᠢᠨ᠎ᠡ ᠶᠢ ᠡᠬᠦᠳᠬᠦ ᠴᠢᠳᠠᠪᠦᠷᠢ ᠶᠢ ᠳᠡᠭᠡᠭᠰᠢᠯᠡᠬᠦᠯᠬᠦ᠂ ᠠᠵᠣ ᠠᠬᠤᠢ ᠨᠡᠶᠢᠬᠡᠮ ᠤᠨ ᠬᠦᠭᠵᠢᠯ ᠢ ᠠᠬᠢᠭᠤᠯᠬᠤ  ᠵᠡᠷᠭᠡ ᠳᠠᠯ᠎ᠠ ᠪᠠᠷ  ᠪᠦᠷ ᠴᠢᠬᠤᠯᠠ ᠦᠢᠯᠡᠳᠣᠯ ᠦᠵᠡᠬᠦᠯᠵᠦ  ᠪᠠᠶᠢᠳᠠᠭ᠂ ᠡᠯ᠎ᠡ ᠱᠠᠳᠣᠨ ᠤ ᠨᠠᠮ ᠵᠠᠰᠠᠭ ᠠᠴᠠ ᠠᠰᠫᠢᠷᠠᠨᠲ ᠤᠨ ᠬᠦᠮᠦᠵᠢᠯ ᠢ ᠳᠡᠭᠡᠳᠣ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠳᠡᠢ ᠬᠡᠵᠦ ᠶᠡᠷᠣᠩᠬᠡᠢ ᠱᠦᠵᠢ ᠰᠢ ᠶᠢᠨ ᠫᠢᠩ 2020 ᠣᠨ ᠤ 7 ᠳ᠋ᠣᠭᠠᠷ ᠰᠠᠷ᠎ᠠ ᠳᠤ ᠡᠨᠡ ᠳᠣᠬᠠᠢ ᠴᠢᠬᠤᠯᠠ ᠵᠢᠭᠠᠪᠦᠷᠢ ᠪᠠᠭᠤᠯᠭᠠᠭᠰᠠᠨ ᠶᠣᠮ᠃                      ᠲᠣᠰ ᠣᠳᠠᠭᠠᠨ ᠤ ᠬᠤᠶᠠᠷ ᠬᠤᠷᠠᠯ ᠳᠤ ᠣᠯᠣᠰ ᠲᠦᠷᠦ ᠶᠢᠨ ᠵᠦᠪᠯᠯᠡᠬᠡᠨ ᠤ ᠪᠦᠬᠦ ᠣᠯᠣᠰ ᠤᠨ ᠬᠤᠷᠢᠶᠠᠨ ᠤ ᠭᠡᠰᠢᠬᠦᠨ᠂ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠵᠠᠬᠢᠷᠣᠯ ᠠᠯᠳᠠᠨᠰᠠᠩ ᠴᠦᠭᠡᠨ ᠳᠣᠭᠠᠳᠣ ᠦᠨᠳᠣᠰᠣᠳᠡᠨ ᠤ ᠣᠷᠣᠨ ᠤ ᠠᠰᠫᠢᠷᠠᠨᠲ ᠤᠨ ᠬᠦᠮᠦᠵᠢᠯ ᠢ ᠴᠢᠩᠭᠠᠳᠬᠠᠬᠤ ᠳᠣᠬᠠᠢ ᠰᠠᠨᠠᠯ ᠳᠣᠷᠠᠳᠣᠯᠭ᠎ᠠ ᠠᠪᠴᠢᠷᠠᠭᠰᠠᠨ ᠪᠠᠶᠢᠨ᠎ᠠ᠃ ᠲᠡᠷᠡ ᠬᠡᠯᠡᠬᠦ ᠳᠡᠭᠡᠨ᠂ ᠣᠳᠣ ᠴᠦᠭᠡᠨ ᠲᠣᠭᠠᠳᠣ ᠦᠨᠳᠣᠰᠣᠳᠡᠨ ᠤ ᠣᠷᠣᠨ ᠳᠤ ᠴᠢᠳᠠᠪᠦᠷᠢᠳᠡᠨ ᠳᠣᠳᠠᠭᠳᠠᠵᠣ ᠪᠠᠶᠢᠬᠤ ᠪᠠ ᠴᠢᠳᠠᠪᠦᠷᠢᠳᠡᠨ ᠢ ᠣᠷᠢᠨ ᠠᠪᠴᠢᠷᠠᠬᠤ ᠳᠠᠯ᠎ᠠ ᠪᠠᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠨᠡᠶᠢᠳᠡᠮ ᠣᠷᠣᠰᠢᠵᠣ᠂ ᠦᠨᠳᠣᠰᠣᠳᠡᠨ ᠤ ᠣᠷᠣᠨ ᠤ ᠴᠢᠳᠠᠪᠦᠷᠢᠲᠡᠨ ᠢ ᠬᠦᠮᠦᠵᠢᠬᠦᠯᠬᠦ ᠶᠠᠪᠣᠳᠠᠯ ᠢ ᠴᠢᠨᠠᠭᠰᠢᠳᠠ ᠠᠬᠢᠭᠤᠯᠬᠤ ᠴᠢᠬᠤᠯᠠᠳᠠᠢ ᠪᠠᠶᠢᠨ᠎ᠠ᠃ ᠦᠨᠳᠣᠰᠣᠳᠡᠨ ᠤ ᠣᠷᠣᠨ ᠤ ᠰᠣᠷᠭᠠᠨ ᠬᠦᠮᠦᠵᠢᠯ ᠢ ᠲᠦᠷᠬᠡᠳᠬᠡᠬᠦ  ᠲᠣᠬᠠᠢ ᠳᠣᠷᠠᠳᠣᠭᠰᠠᠨ ᠲᠦᠷᠦ ᠶᠢᠨ ᠶᠠᠪᠣᠳᠠᠯ ᠤᠨ ᠬᠤᠷᠢᠶᠠᠨ ᠤ ᠬᠠᠷᠠᠯᠲᠠ ᠳᠤ᠂ 2020 ᠣᠨ ᠪᠣᠯᠬᠤ ᠳᠤ ᠦᠨᠳᠣᠰᠣᠲᠡᠨ ᠤ ᠣᠷᠣᠨ ᠤ ᠰᠣᠷᠭᠠᠨ ᠬᠦᠮᠦᠵᠢᠯ ᠤᠨ ᠪᠦᠬᠦᠯᠢ ᠴᠣᠭᠴᠠ ᠶᠢᠨ ᠬᠦᠭᠵᠢᠯ ᠤᠨ ᠲᠦᠪᠰᠢᠨ ᠪᠣᠯᠣᠨ ᠭᠤᠣᠯ ᠵᠢᠭᠠᠯᠲᠠ ᠲᠤᠭ᠎ᠠ ᠶᠢ ᠪᠦᠬᠦ ᠣᠯᠣᠰ ᠤᠨ ᠳᠣᠮᠳᠠᠴᠢ ᠲᠦᠪᠰᠢᠨ ᠳᠤ ᠬᠦᠷᠭᠡᠬᠦ ᠪᠣᠶᠣ ᠣᠶᠢᠷᠠᠳᠣᠭᠤᠯᠬᠤ ᠬᠡᠷᠡᠭᠲᠡᠢ ᠭᠡᠵᠦ ᠳᠣᠭᠳᠠᠭᠠᠭᠰᠠᠨ ᠪᠠᠶᠢᠳᠠᠭ᠂ ᠣᠶᠢᠷ᠎ᠠ ᠶᠢᠨ ᠵᠢᠯ ᠳᠤ ᠦᠨᠳᠣᠰᠣᠳᠡᠨ ᠤ ᠣᠷᠣᠨ ᠤ ᠰᠣᠷᠭᠠᠨ ᠬᠦᠮᠦᠵᠢᠯ ᠤᠨ ᠦᠢᠯᠡᠰ ᠲᠦᠷᠬᠡᠨ ᠬᠦᠭᠵᠢᠵᠣ ᠢᠯᠡᠷᠬᠡᠢ ᠠᠮᠵᠢᠯᠳᠠ ᠣᠯᠵᠣ᠂ ᠰᠣᠷᠭᠠᠭᠤᠯᠢ ᠡᠷᠬᠢᠯᠡᠬᠦ ᠨᠦᠬᠦᠴᠡᠯ ᠮᠡᠳᠡᠭᠳᠡᠮ᠎ᠡ ᠰᠠᠶᠢᠵᠢᠷᠠᠵᠣ᠂ ᠪᠠᠭᠰᠢ ᠨᠠᠷ ᠤᠨ ᠬᠢᠷᠢ ᠪᠣᠯᠪᠠᠰᠣᠷᠠᠯ ᠳᠣᠭᠳᠠᠭᠤᠨ ᠢᠶᠠᠷ ᠳᠡᠭᠡᠭᠰᠢᠯᠡᠨ᠂ ᠦᠨᠳᠣᠰᠣᠳᠡᠨ ᠤ ᠣᠷᠣᠨ ᠤ ᠠᠵᠣ ᠠᠬᠤᠢ ᠨᠡᠶᠢᠬᠡᠮ ᠤᠨ ᠬᠦᠭᠵᠢᠯᠳᠡ ᠶᠢ ᠲᠦᠷᠬᠡᠨ ᠠᠬᠢᠭᠤᠯᠣᠭᠰᠠᠨ ᠪᠣᠯᠪᠠᠴᠣ ᠣᠯᠠᠨ ᠳᠠᠯ᠎ᠠ ᠶᠢᠨ ᠰᠢᠯᠳᠠᠭᠠᠨ ᠠᠴᠠ ᠪᠣᠯᠵᠣ ᠵᠦᠷᠢᠶ᠎ᠡ ᠮᠦᠨ ᠯᠡ ᠣᠷᠣᠰᠢᠵᠣ᠂ ᠪᠦᠬᠦ ᠣᠯᠣᠰ ᠤᠨ ᠳᠣᠮᠳᠠᠴᠢ ᠲᠦᠪᠰᠢᠨ ᠳᠤ ᠬᠦᠷᠬᠦ ᠳᠤ ᠪᠠᠰᠠ ᠦᠷᠬᠦᠯᠵᠢᠯᠡᠨ ᠴᠢᠷᠮᠠᠶᠢᠬᠤ ᠴᠢᠬᠤᠯᠠᠳᠠᠢ ᠪᠠᠶᠢᠨ᠎ᠠ᠃ ᠴᠦᠭᠡᠨ ᠲᠣᠭᠠᠳᠣ ᠦᠨᠳᠣᠰᠣᠳᠡᠨ ᠤ ᠣᠷᠣᠨ ᠤ ᠶᠡᠭᠡ ᠳᠡᠭᠡᠳᠦ ᠰᠣᠷᠭᠠᠭᠤᠯᠢ ᠶᠢᠨ ᠳ᠋ᠣᠺᠲ᠋ᠣᠷᠠᠨᠲ ᠤᠨ ᠴᠡᠭ᠂ ᠠᠰᠫᠢᠷᠠᠨᠲ ᠤᠨ ᠴᠡᠭ ᠢ ᠡᠷᠡᠮᠡᠯᠵᠡᠬᠦ ᠳᠠᠯ᠎ᠠ ᠪᠠᠷ ᠵᠣᠬᠢᠰᠲᠠᠢ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠦᠵᠡᠬᠦᠯᠬᠦ ᠨᠢ ᠡᠨᠡᠬᠦ ᠵᠦᠷᠢᠶ᠎ᠠ ᠶᠢ ᠪᠠᠭᠠᠰᠬᠠᠬᠤ ᠶᠢᠨ ᠪᠦᠲᠦᠮᠵᠢᠲᠡᠢ ᠠᠷᠭ᠎ᠠ ᠪᠣᠯᠬᠤ ᠮᠦᠷᠲᠡᠭᠡᠨ ᠴᠦᠭᠡᠨ ᠲᠣᠭᠠᠳᠣ ᠦᠨᠳᠣᠰᠣᠳᠡᠨ ᠤ ᠣᠷᠣᠨ ᠤ ᠰᠣᠷᠭᠠᠨ ᠬᠦᠮᠦᠵᠢᠯ ᠤᠨ ᠬᠦᠭᠵᠢᠯᠲᠡ ᠪᠠ ᠴᠢᠳᠠᠪᠦᠷᠢᠲᠡᠨ ᠤ  ᠬᠦᠮᠦᠵᠢᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠣᠮ ᠭᠡᠵᠡᠢ᠃
ᠢᠷᠡᠯᠲᠡ᠄ ᠠᠷᠠᠳ ᠤᠨ ᠰᠦᠯᠵᠢᠶ᠎ᠡ