ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ | ︽ᠦᠶᠤᠸᠠᠨ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠢᠶᠠᠨ ᠹᠧᠩ ᠲᠠᠷᠢᠶᠠᠯᠠᠩ ᠤᠨ ᠲᠠᠯᠠᠪᠠᠢ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ᠄ | ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠦᠶᠤᠸᠠᠨ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ | ᠡᠷᠭᠢᠯᠲᠡ ᠳᠤ ᠣᠷᠣᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ | 2021 ᠣᠨ ᠤ 3 ᠰᠠᠷ᠎ᠠ ᠶᠢᠨ 12 ᠤ ᠡᠳᠦᠷ | ᠦᠶᠤᠸᠠᠨ ᠰᠢᠶᠠᠨ ᠤ ᠬᠥᠳᠡᠭᠡ ᠲᠣᠰᠬᠤᠨ ᠤ ᠥᠮᠴᠢᠯᠡᠬᠦ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠪᠦᠬᠦ ᠰᠢᠶᠠᠨ ᠤ ᠨᠢᠭᠡᠳᠦᠯᠲᠡᠶ ᠵᠢᠷᠤᠮᠵᠢᠭᠰᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠵᠠᠬ᠎ᠠ | ᠳᠡᠯᠭᠡᠭᠦᠷ ᠢ ᠪᠤᠶᠢᠵᠢᠭᠤᠯᠤᠨ ᠬᠥᠭᠵᠢᠭᠦᠯᠬᠦ ᠶᠢᠨ ᠲᠥᠯᠥᠭᠡ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ ᠠᠵᠢᠯᠯᠠᠭ᠎ᠠ ᠶᠢ | ᠲᠠᠷᠢᠶᠠᠯᠠᠩ ᠬᠥᠳᠡᠭᠡ ᠲᠣᠰᠬᠤᠨ ᠤ ᠡᠬᠢ ᠪᠠᠶᠠᠯᠢᠭ ᠤᠨ ᠡᠯᠧᠮᠧᠨ᠋ᠲ ᠤᠨ ᠰᠢᠯᠢᠳᠡᠭᠵᠢᠯ ᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ | ᠡᠷᠭᠢᠯᠳᠦᠭᠦᠯᠦᠨ ᠲᠠᠷᠢᠶᠠᠯᠠᠩ ᠤᠨ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠶᠢ ᠬᠥᠲᠥᠯᠥᠨ ᠵᠢᠯᠣᠭᠤᠳᠬᠤ ᠲᠤᠬᠠᠶ ᠰᠠᠨᠠᠯ︾ ᠢ ︵ᠲᠥᠪ ᠠᠯᠪᠠᠨ | ᠲᠠᠷᠬᠠᠭᠠᠭᠰᠠᠨ ﹇2014﹈ 61 ᠳ᠋ᠦᠭᠡᠷ ᠲᠣᠭᠠᠲᠤ︶᠂ ︽ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ | ᠡᠷᠡᠭᠦᠯ ᠢᠶᠠᠷ ᠬᠥᠭᠵᠢᠬᠦ ᠶᠢ ᠬᠥᠲᠥᠯᠦᠨ ᠵᠢᠯᠣᠭᠤᠳᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ︵ᠲᠥᠷᠥ ᠠᠯᠪᠠᠨ ᠲᠠᠷᠬᠠᠭᠠᠭᠰᠠᠨ ︹ 2014 | ︺ 71 ᠳ᠋ᠦ᠋ᠭᠡᠷ ᠲᠣᠭᠠᠲᠤ︶᠂ ︽ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠵᠠᠬ᠎ᠠ ᠳᠡᠯᠭᠡᠭᠦᠷ ᠤᠨ | ᠪᠥᠲᠥᠭᠡᠨ ᠪᠠᠶᠢᠭᠤᠯᠤᠯᠲᠠ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ︵ᠥᠪᠥᠷ ᠵᠠᠰᠠᠭ | ᠠᠯᠪᠠᠨ ᠲᠠᠷᠬᠠᠭᠠᠭᠰᠠᠨ ︹ 2015 ︺ 149 ᠳ᠋ᠦ᠋ᠭᠡᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠵᠢᠷᠤᠮᠵᠢᠯ ︵ | ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠶᠢᠨ ᠲᠣᠭᠲᠠᠭᠠᠯ ᠲᠠᠷᠬᠠᠭᠠᠭᠰᠠᠨ ︹ | 2016 ︺ 7 ᠳ᠋ᠤᠭᠠᠷ ᠲᠣᠭᠠᠲᠤ︶ ᠪᠠ ︽ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ ᠤᠨ ︿ | ᠪᠠᠶᠠᠨᠨᠠᠭᠤᠷ ᠬᠤᠲᠠ ᠶᠢᠨ ᠭᠠᠵᠠᠷ ᠰᠢᠷᠣᠶ ᠶᠢᠨ ᠡᠷᠭᠢᠯᠲᠡ ᠶᠢ ᠠᠬᠢᠭᠤᠯᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ ᠭᠠᠵᠠᠷ ᠰᠢᠷᠣᠶ ᠶᠢᠨ ᠡᠷᠭᠢᠯᠲᠡ ᠶᠢ ᠠᠬᠢᠭᠤᠯᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ ᠨᠠᠮ ᠠᠯᠪᠠᠨ ᠲᠠᠷᠬᠠᠭᠠᠭᠰᠠᠨ ︹ 2020 ︺ 3 ᠳ᠋ᠤᠭᠠᠷ ᠲᠣᠭᠠᠲᠤ︶ ᠵᠡᠷᠭᠡ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃ | ᠬᠤᠶᠠᠳᠤᠭᠠᠷ ᠵᠦᠢᠯ ᠲᠤᠰ ᠰᠢᠶᠠᠨ ᠤ ᠬᠠᠮᠢᠶᠠᠷᠤᠯᠲᠠ ᠶᠢᠨ ᠬᠡᠪᠴᠢᠶᠡᠨ ᠳᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ | ᠠᠷᠠᠯᠵᠢᠶᠠᠯᠠᠬᠤ ᠠᠵᠢᠯᠯᠠᠭ᠎ᠠ ᠬᠢᠬᠦ ᠳᠤ ᠲᠤᠰ ᠠᠷᠭ᠎ᠠ ᠶᠢ ᠬᠡᠷᠡᠭᠯᠡᠨ᠎ᠡ᠃ | ᠭᠤᠷᠪᠠᠳᠤᠭᠠᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠳᠤ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠵᠢᠷᠤᠮᠯᠠᠬᠤ ᠬᠡᠷᠡᠭᠲᠡᠶ ᠪᠥᠭᠡᠳ ᠬᠠᠤᠯᠢ ᠶᠣᠰᠣᠭᠠᠷ᠂ ᠰᠠᠶᠢᠨ | ᠳᠤᠷ᠎ᠠ ᠶᠢᠨ᠂ ᠦᠨ᠎ᠡ ᠲᠥᠯᠥᠪᠦᠷᠢ ᠲᠠᠢ᠂ ᠢᠯᠡ ᠲᠣᠳᠣ᠂ ᠲᠥᠪ ᠭᠤᠣᠯᠴᠢ᠂ ᠵᠢᠷᠤᠮᠵᠢᠯ ᠲᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ᠃ | ᠳᠥᠷᠪᠡᠳᠦᠭᠡᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠤ ᠥᠮᠴᠢᠯᠡᠯ ᠤᠨ ᠡᠷᠬᠡ ᠭᠡᠳᠡᠭ ᠪᠣᠯ ᠬᠥᠳᠡᠭᠡ ᠲᠣᠰᠬᠤᠨ ᠤ ᠬᠥᠳᠡᠯᠬᠦ | ᠬᠥᠷᠥᠩᠭᠡ᠂ ᠦᠯᠦ ᠬᠥᠳᠡᠯᠬᠦ ᠬᠥᠷᠥᠩᠭᠡ ᠵᠢᠴᠢ ᠦᠯᠦ ᠬᠥᠳᠡᠯᠬᠦ ᠬᠥᠷᠥᠩᠭᠡ ᠳᠤ ᠲᠦᠰᠢᠭᠯᠡᠭᠰᠡᠨ ᠠᠴᠠ ᠪᠣᠢ ᠪᠣᠯᠤᠭᠰᠠᠨ ᠵᠠᠬ᠎ᠠ ᠳᠡᠯᠭᠡᠭᠦᠷᠴᠢᠯᠡᠨ ᠡᠷᠭᠢᠯᠲᠡ ᠳᠤ | ᠣᠷᠣᠭᠤᠯᠵᠤ ᠠᠷᠠᠯᠵᠢᠶᠠᠯᠠᠵᠤ ᠪᠣᠯᠬᠤ ᠬᠥᠳᠡᠭᠡ ᠲᠣᠰᠬᠤᠨ ᠤ ᠡᠳ᠋ ᠬᠥᠷᠥᠩᠭᠡ ᠶᠢᠨ ᠡᠷᠬᠡ ᠶᠢ ᠵᠢᠭᠠᠵᠤ ᠪᠠᠶᠢᠨ᠎ᠠ᠃ ᠲᠣᠰ ᠠᠷᠭ᠎ᠠ ᠳᠤ ᠬᠡᠯᠡᠵᠦ ᠪᠠᠶᠢᠭ᠎ᠠ ᠬᠥᠳᠡᠭᠡ | ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ ᠭᠡᠳᠡᠭ ᠨᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠡᠷᠬᠡ ᠶᠢᠨ ᠪᠡᠶᠡᠴᠢ | ᠴᠣᠭᠴᠠ ᠨᠢ ᠢᠯᠡ ᠵᠠᠬ᠎ᠠ ᠳᠡᠯᠭᠡᠭᠦᠷ ᠢᠶᠠᠷ ᠳᠠᠮᠵᠢᠭᠤᠯᠤᠨ ᠥᠪᠡᠷ ᠤᠨ ᠥᠮᠴᠢᠯᠡᠵᠦ ᠪᠠᠶᠢᠭ᠎ᠠ ᠥᠮᠴᠢᠯᠡᠯ ᠤᠨ ᠡᠷᠬᠡ ᠪᠠᠨ ᠪᠦᠬᠦᠨ ᠢ ᠪᠤᠶᠤ ᠬᠡᠰᠡᠭ ᠢ ᠡᠷᠭᠢᠯᠳᠦᠭᠦᠯᠦᠨ | ᠠᠷᠠᠯᠵᠢᠶᠠᠯᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠃ ᠲᠣᠰ ᠠᠷᠭ᠎ᠠ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠤ ᠥᠮᠴᠢᠯᠡᠬᠦ ᠡᠷᠬᠡ ᠶᠢ ᠡᠷᠭᠢᠯᠲᠡ ᠳᠤ ᠣᠷᠣᠭᠤᠯᠬᠤ | ᠠᠷᠠᠯᠵᠢᠶᠠᠨ ᠤ ᠵᠠᠬ᠎ᠠ ᠳᠡᠯᠭᠡᠭᠦᠷ ᠭᠡᠳᠡᠭ ᠨᠢ ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠯ᠎ᠡ ᠲᠥᠷᠥᠯ ᠤᠨ ᠬᠥᠳᠡᠭᠡ ᠲᠣᠰᠬᠤᠨ ᠤ ᠥᠮᠴᠢᠯᠡᠬᠦ | ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶ᠎ᠠ ᠳᠤ ᠣᠯᠠᠨ ᠨᠡᠶᠢᠲᠡ ᠵᠢᠨᠦᠢᠯᠡᠴᠢᠯᠡᠭᠡ ᠬᠠᠩᠭᠠᠬᠤ ᠢᠯᠡ ᠵᠠᠬ᠎ᠠ ᠳᠡᠯᠭᠡᠭᠦᠷ ᠢ ᠵᠢᠭᠠᠵᠤ ᠪᠣᠶ᠃ | ᠲᠠᠪᠤᠳᠤᠭᠠᠷ ᠵᠦᠢᠯ ᠲᠠᠷᠢᠶᠠᠴᠢᠨ ᠡᠷᠦᠬᠡ ᠶᠢᠨ ᠥᠮᠴᠢᠯᠡᠵᠦ ᠪᠠᠶᠢᠭ᠎ᠠ ᠥᠮᠴᠢᠯᠡᠯ ᠤᠨ ᠡᠷᠬᠡ ᠶᠢ ᠲᠠᠷᠢᠶᠠᠴᠢᠨ ᠡᠷᠦᠬᠡ ᠠᠴᠠ ᠬᠥᠳᠡᠭᠡ ᠲᠣᠰᠬᠤᠨ ᠤ | ᠥᠮᠴᠢᠯᠡᠯ ᠤᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠵᠤ ᠡᠷᠭᠢᠯᠲᠡ ᠶᠢᠨ ᠠᠷᠠᠯᠵᠢᠶ᠎ᠠ ᠬᠢᠬᠦ ᠡᠰᠡᠬᠦ ᠶᠢ ᠡᠵᠡᠨ ᠮᠡᠳᠡᠵᠦ ᠲᠣᠭᠲᠠᠭᠠᠵᠦ᠂ | ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠪᠡᠶ᠎ᠡ ᠪᠠᠨ ᠳᠠᠭᠠᠭᠠᠵᠤ ᠠᠷᠠᠯᠵᠢᠶᠠᠯᠠᠬᠤ ᠶᠢ ᠠᠯᠪᠠᠳᠠᠬᠤ ᠪᠤᠶᠤ ᠬᠠᠷᠰᠢᠯᠠᠵᠤ ᠪᠣᠯᠬᠤ ᠦᠭᠡᠢ᠃ ᠬᠥᠳᠡᠭᠡ | ᠲᠣᠰᠬᠤᠨ ᠤ ᠬᠠᠮᠲᠤ ᠶᠢᠨ ᠡᠳ᠋ ᠬᠦᠷᠦᠩᠭᠡ ᠶᠢ ᠡᠷᠭᠢᠯᠲᠡ ᠳᠤ ᠣᠷᠣᠭᠤᠯᠬᠤ ᠠᠷᠠᠯᠵᠢᠶ᠎ᠠ ᠶᠢ ᠡᠷᠬᠡᠪᠰᠢ ᠪᠦᠬᠦᠨ ᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ | ᠡᠷᠭᠢᠯᠲᠡ ᠳᠤ ᠣᠷᠣᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠲᠤ ᠶᠠᠪᠤᠭᠳᠠᠭᠤᠯᠵᠤ᠂ ᠳᠠᠯᠳᠠᠭᠤᠷ ᠦᠢᠯᠡᠳᠬᠦ ᠶᠢ ᠰᠡᠷᠭᠡᠶᠢᠯᠡᠬᠦ ᠬᠡᠷᠡᠭᠲᠠᠢ᠃ | ᠵᠢᠷᠭᠤᠳᠤᠭᠠᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠨᠢ ᠡᠷᠬᠡᠪᠰᠢ | ᠲᠠᠷᠢᠶᠠᠯᠠᠩ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷ ᠢ ᠲᠤᠪᠤᠶᠢᠯᠭᠠᠨ᠂ ᠠᠰᠢᠭ ᠬᠤᠨᠵᠢᠪᠣᠷᠢ ᠤᠯᠬᠤ ᠪᠠᠷ ᠵᠣᠷᠢᠯᠭ᠎ᠠ | ᠪᠣᠯᠭᠠᠵᠤ ᠪᠣᠯᠬᠤ ᠦᠭᠡᠢ᠃ | ᠬᠤᠶᠠᠳᠤᠭᠠᠷ ᠪᠦᠯᠦᠭ ᠪᠠᠶᠢᠭᠤᠯᠤᠮᠵᠢ ᠪᠠ ᠲᠤᠰᠢᠶᠠᠯ ᠬᠠᠷᠢᠭᠤᠴᠠᠯᠭ᠎ᠠ | ᠳᠣᠯᠣᠳᠤᠭᠠᠷ ᠵᠦᠢᠯ ᠮᠠᠨ ᠤ ᠰᠢᠶᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢᠨ ᠵᠣᠬᠢᠴᠠᠭᠤᠯᠬᠤ ᠳᠤᠭᠤᠶᠢᠯᠠᠩ ︵ᠳᠣᠷᠣᠭᠰᠢ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠵᠣᠬᠢᠴᠠᠭᠤᠯᠬᠤ ᠳᠤᠭᠤᠶᠢᠯᠠᠩ ᠭᠡᠵᠦ | ᠲᠣᠪᠴᠢᠯᠠᠨ᠎ᠠ︶ ᠢ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ | ᠠᠷᠠᠯᠵᠢᠶᠠᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠵᠤ᠂ | ᠪᠦᠬᠦ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠠᠵᠢᠯ ᠤᠨ ᠬᠡᠷᠡᠭᠵᠢᠭᠦᠯᠬᠦ ᠰᠠᠨᠠᠯ ᠪᠠ ᠲᠥᠰᠦᠯ ᠢ | ᠲᠣᠭᠲᠠᠭᠠᠨ᠎ᠠ᠃ ᠤᠳᠤ ᠪᠠᠶᠢᠭ᠎ᠠ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ ᠦᠢᠯᠡᠴᠢᠯᠡᠭᠡᠨ ᠤ ᠲᠠᠪᠴᠠᠩ ᠢ ᠨᠢᠭᠡᠳᠦᠯᠲᠡᠶ | ᠲᠥᠯᠥᠪᠯᠡᠵᠦ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠵᠢᠯᠣᠭᠤᠳᠬᠤ ᠪᠠ ᠬᠢᠨᠠᠵᠤ ᠬᠠᠮᠢᠶᠠᠷᠬᠤ ᠵᠡᠷᠭᠡ ᠠᠵᠢᠯ ᠢ ᠴᠢᠩᠭᠠᠳᠬᠠᠨ᠎ᠠ᠃ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠵᠣᠬᠢᠴᠠᠭᠤᠯᠬᠤ | ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠳᠤ ᠭᠠᠷᠭᠠᠵᠤ᠂ ᠪᠦᠬᠦ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠵᠣᠬᠢᠴᠠᠭᠤᠯᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ | ᠬᠠᠷᠢᠭᠤᠴᠠᠨ᠎ᠠ᠃ | ᠰᠢᠶᠠᠨ ᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡ ᠵᠡᠷᠭᠡ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠤᠰ | ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠰᠦᠪᠡᠭᠴᠢᠯᠡᠨ ᠨᠡᠶᠢᠲᠡᠯᠡᠵᠦ᠂ ᠬᠥᠳᠡᠭᠡ ᠲᠣᠰᠬᠤᠨ ᠤ | ᠥᠮᠴᠢᠯᠡᠯ ᠤᠨ ᠡᠷᠬᠡ ᠶᠢ ᠬᠥᠲᠥᠯᠥᠨ ᠵᠢᠯᠣᠭᠤᠳᠴᠤ ᠪᠠᠶᠢᠭᠠᠳ ᠢᠯᠡ ᠵᠠᠬ᠎ᠠ ᠳᠡᠯᠭᠡᠭᠦᠷ ᠲᠤ ᠠᠷᠠᠯᠵᠢᠶᠠᠯᠠᠭᠤᠯᠵᠤ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ | ᠰᠢᠯᠵᠢᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ ᠢ ᠪᠤᠶᠢᠵᠢᠭᠤᠯᠵᠤ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ ᠠᠵᠢᠯ ᠢ | ᠬᠠᠮᠵᠢᠯᠴᠠᠨ ᠠᠬᠢᠭᠤᠯᠬᠤ ᠬᠡᠷᠡᠭᠲᠡᠶ᠃ | ᠰᠤᠮᠤ ᠪᠠᠯᠭᠠᠰᠤ ᠶᠢᠨ ᠵᠠᠰᠠᠭ ᠤᠨ ᠣᠷᠳᠣᠨ ᠨᠢ ᠭᠠᠴᠠᠭᠠᠨ ᠤ ᠱᠠᠲᠤᠨ ᠤ ᠬᠠᠮᠲᠤ ᠶᠢᠨ ᠡᠳ᠋ ᠬᠥᠷᠥᠩᠭᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ | ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠰᠤᠮᠤ ᠪᠠᠯᠭᠠᠰᠤ ᠶᠢᠨ ᠱᠠᠲᠤᠨ ᠤ ᠠᠷᠠᠯᠵᠢᠶ᠎ᠠ ᠶᠢᠨ ᠦᠶ᠋ᠯᠡᠴᠢᠯᠡᠭᠡᠨ ᠤ ᠥᠷᠲᠡᠭᠡ | ᠪᠠᠶᠢᠭᠤᠯᠬᠤ ᠶᠢ ᠬᠠᠷᠢᠭᠤᠴᠠᠨ ᠵᠢᠯᠣᠭᠤᠳᠴᠤ᠂ ᠥᠷᠲᠡᠭᠡ ᠴᠢᠬ ᠤᠨ ᠠᠵᠢᠯᠲᠠᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠤᠬᠠᠶᠢᠯᠠᠭᠰᠠᠨ ᠠᠵᠢᠯ ᠤᠨ | ᠯᠠᠪᠯᠠᠭ᠎ᠠ᠂ ᠮᠠᠲ᠋ᠧᠷᠢᠶᠠᠯ ᠢ ᠬᠢᠨᠠᠨ ᠬᠠᠷᠭᠤᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠰᠤᠮᠤ ᠪᠠᠯᠭᠠᠰᠤᠨ ᠤ ᠲᠠᠷᠢᠶᠠᠯᠠᠩ ᠬᠥᠳᠡᠭᠡ ᠲᠣᠰᠬᠤᠨ ᠤ | ᠬᠠᠮᠲᠤ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠥᠳᠡᠭᠡ ᠲᠣᠰᠬᠤᠨ ᠤ ᠬᠠᠮᠲᠤ ᠶᠢᠨ ᠡᠳ᠋ ᠬᠦᠷᠦᠩᠭᠡ ᠶᠢᠨ ᠬᠥᠳᠡᠭᠡ ᠲᠣᠰᠬᠤᠨ ᠤ | ᠥᠮᠴᠢᠯᠡᠯ ᠤᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠵᠠᠬ᠎ᠠ ᠶᠢ ᠤᠷᠤᠭᠤᠯᠤᠨ᠎ᠠ᠃ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ︵ᠭᠠᠴᠠᠭᠠᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢ ᠣᠷᠣᠯᠠᠨ ᠭᠦᠢᠴᠡᠳᠬᠡᠵᠦ ᠪᠠᠶᠢᠭ᠎ᠠ ᠭᠠᠴᠠᠭᠠᠨ ᠤ ᠠᠷᠠᠳ ᠤᠨ ᠵᠥᠪᠯᠡᠯ ᠪᠠᠭᠲᠠᠨ᠎ᠠ︶ ᠨᠢ ᠬᠠᠤᠯᠢ ᠶᠣᠰᠣᠭᠠᠷ ᠲᠤᠰ | ᠬᠥᠳᠡᠭᠡ ᠲᠣᠰᠬᠤᠨ ᠤ ᠬᠠᠮᠲᠤ ᠶᠢᠨ ᠡᠳ᠋ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠪᠣᠯᠬᠤ ᠰᠢᠯᠵᠢᠭᠦᠯᠦᠨ ᠬᠤᠳᠠᠯᠳᠤᠭᠴᠢ ᠨᠢ ᠬᠥᠳᠡᠭᠡ ᠲᠣᠰᠬᠤᠨ ᠤ | ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶ᠎ᠠ ᠳᠤ ᠣᠷᠣᠯᠴᠠᠵᠤ᠂ ᠳᠣᠲᠣᠭᠠᠳᠤ ᠶᠢᠨ ᠠᠷᠠᠳᠴᠢᠯᠠᠯ ᠢᠶᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ | ᠵᠢᠷᠤᠮ᠂ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢᠨ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶ᠎ᠠ ᠶᠢ ᠵᠥᠪᠰᠢᠶᠡᠷᠡᠭᠰᠡᠨ ᠭᠡᠷᠡᠴᠢ ᠵᠡᠷᠭᠡ ᠮᠠᠲ᠋ᠧᠷᠢᠶᠠᠯ ᠢ ᠪᠠᠭᠲᠠᠭᠠᠭᠰᠠᠨ ᠬᠥᠳᠡᠭᠡ | ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶ᠎ᠠ ᠶᠢᠨ ᠮᠡᠳᠡᠭᠡ ᠵᠠᠩᠭᠢ ᠵᠢᠴᠢ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ | ᠲᠤᠰᠢᠶᠠᠬᠤ ᠶᠢ ᠬᠠᠷᠢᠭᠤᠴᠠᠨ᠎ᠠ᠃ | ᠨᠠᠢᠮᠠᠳᠤᠭᠠᠷ ᠵᠦᠢᠯ ᠰᠢᠶᠠᠨ ᠳᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠪᠠᠶᠢᠭᠤᠯᠵᠤ᠂ ᠰᠤᠮᠤ ᠪᠠᠯᠭᠠᠰᠤᠨ ᠳᠤ | ᠠᠷᠠᠯᠵᠢᠶᠠᠨ ᠤ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠲᠣᠰᠬᠤᠨ ᠤ ᠱᠠᠲᠤᠨ ᠳᠤ ᠠᠷᠠᠯᠵᠢᠶᠠᠨ ᠤ ᠦᠢᠯᠡᠴᠢᠯᠡᠭᠡᠨ ᠤ ᠲᠠᠰᠤᠭ ᠪᠠᠶᠢᠭᠤᠯᠵᠤ᠂ ᠰᠢᠶᠠᠨ — | ᠰᠤᠮᠤ ᠪᠠᠯᠭᠠᠰᠤ — ᠲᠣᠰᠬᠤᠨ ᠭᠤᠷᠪᠠᠨ ᠱᠠᠲᠤ ᠶᠢ ᠨᠢᠭᠡ ᠴᠤᠭᠴᠠᠵᠢᠭᠤᠯᠤᠭᠰᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠵᠠᠬ᠎ᠠ | ᠳᠡᠯᠭᠡᠭᠦᠷ ᠤᠨ ᠰᠢᠰᠲ᠋ᠧᠮ ᠢ ᠪᠦᠷᠢᠯᠳᠦᠭᠦᠯᠦᠨ᠎ᠡ᠃ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠨᠢ ᠠᠵᠢᠯ ᠲᠥᠷᠥᠯ ᠤᠨ ᠵᠢᠷᠤᠮᠵᠢᠯ᠂ | ᠬᠠᠮᠢᠶᠠᠷᠤᠯᠲᠠ ᠶᠢᠨ ᠲᠦᠷᠢᠮ ᠪᠠ ᠦᠶ᠋ᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ | ᠶᠠᠪᠤᠴᠠ ᠳᠤ ᠢᠯᠡ ᠪᠥᠭᠡᠳ ᠲᠥᠪ ᠭᠤᠤᠯᠴᠢ ᠪᠠᠶᠢᠬᠤ ᠬᠡᠷᠡᠭᠲᠡᠶ᠂ ᠳᠠᠯᠳᠠᠭᠤᠷ ᠦᠶ᠋ᠯᠡᠳᠴᠦ ᠪᠣᠯᠬᠤ ᠥᠬᠡᠶ᠃ | ᠶᠢᠰᠦᠳᠦᠭᠡᠷ ᠵᠦᠢᠯ ᠰᠢᠶᠠᠨ ᠤ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠪᠣᠯ ᠰᠢᠶᠠᠨ ᠤ ᠬᠥᠳᠡᠭᠡ ᠲᠣᠰᠬᠤᠨ ᠤ ᠥᠮᠴᠢᠯᠡᠬᠦ | ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ | ᠦᠶᠤᠸᠠᠨ ᠰᠢᠶᠠᠨ ᠤ ᠵᠢᠶᠦ᠋ᠨ ᠳ᠋ᠢᠩ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠲᠦ᠋ ᠯᠢᠦ ᠪᠦᠯᠦᠭᠯᠡᠯ ᠤᠨ | ᠬᠢᠵᠠᠭᠠᠷᠲᠤ ᠺᠣᠮᠫᠠᠨᠢ ᠠᠴᠠ ᠪᠡᠯᠡ ᠨᠡᠶᠢᠯᠡᠭᠦᠯᠦᠭᠰᠡᠨ ᠺᠣᠮᠫᠠᠨᠢ ︵ᠦᠶᠤᠸᠠᠨ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠤᠨ | ᠫᠠᠶᠢᠰᠠ ᠶᠢ ᠡᠯᠭᠦᠪᠡ︶ ᠪᠠᠶᠢᠭᠤᠯᠵᠤ ᠭᠠᠭᠴᠠᠭᠠᠷ ᠡᠵᠡᠩᠨᠡᠵᠦ᠂ ᠭᠤᠣᠯᠳᠠᠭᠤ ᠪᠦᠬᠦ ᠰᠢᠶᠠᠨ ᠤ ᠨᠢᠭᠡᠳᠦᠯᠲᠡᠶ ᠵᠢᠷᠤᠮᠵᠢᠭᠰᠠᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠳᠦᠷᠢᠮ ᠪᠣᠯᠤᠨ ᠠᠷᠠᠯᠵᠢᠶᠠᠨ ᠤ ᠳᠦᠷᠢᠮ ᠢ ᠲᠣᠭᠲᠠᠭᠠᠬᠤ ᠶᠢ ᠬᠠᠷᠢᠭᠤᠴᠠᠵᠤ᠂ ᠲᠣᠰ ᠵᠠᠰᠠᠭ ᠵᠠᠬᠢᠷᠭᠠᠨ ᠤ ᠣᠷᠣᠨ ᠤ ᠬᠥᠳᠡᠭᠡ ᠲᠣᠰᠬᠤᠨ ᠤ ᠥᠮᠴᠢᠯᠡᠯ ᠤᠨ | ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠬᠤ ᠶᠢᠨ ᠬᠠᠮᠲᠤ ᠨᠡᠶᠢᠲᠡᠯᠡᠬᠦ ᠶᠢ ᠬᠠᠷᠢᠭᠤᠴᠠᠵᠤ᠂ | ᠠᠷᠠᠯᠵᠢᠶᠠᠨ ᠤ ᠵᠥᠪᠯᠡᠯᠭᠡ ᠪᠠ ᠭᠤᠶᠤᠴᠢᠯᠠᠯ ᠢ ᠬᠦᠯᠢᠶᠡᠨ ᠠᠪᠴᠤ ᠰᠢᠶ᠋ᠳᠪᠦᠷᠢᠯᠡᠨ᠂ ᠥᠮᠴᠢᠯᠡᠯ ᠤᠨ ᠡᠷᠬᠡ ᠶᠢ ᠪᠠᠶᠢᠴᠠᠭᠠᠨ ᠯᠠᠪᠯᠠᠬᠤ ᠳᠤ ᠬᠠᠮᠵᠢᠯᠴᠠᠵᠤ᠂ | ᠡᠷᠭᠢᠯᠲᠡ ᠳᠤ ᠣᠷᠣᠭᠤᠯᠬᠤ ᠠᠷᠠᠯᠵᠢᠶ᠎ᠠ ᠶᠢ ᠵᠣᠬᠢᠶᠠᠨ ᠪᠠᠶᠢᠭᠤᠯᠵᠤ᠂ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠦᠨᠡᠮᠯᠡᠯ ᠢ ᠭᠠᠷᠭᠠᠨ | ᠥᠭᠴᠦ᠂ ᠥᠮᠴᠢᠯᠡᠯ ᠤᠨ ᠡᠷᠬᠡ ᠶᠢ ᠬᠤᠪᠢᠷᠠᠭᠤᠯᠬᠤ ᠲᠠᠩᠰᠠᠯᠠᠯᠳᠠ ᠪᠠ ᠪᠡᠯᠡ ᠮᠥᠩᠭᠦ ᠶᠢ ᠳ᠋ᠦᠩᠨᠡᠨ ᠪᠤᠳᠤᠬᠤ ᠭᠠᠷ ᠭᠦᠢᠴᠡᠳᠬᠡᠯ᠂ ᠲᠦᠷᠦ ᠶᠢᠨ ᠪᠤᠳᠤᠯᠭ᠎ᠠ ᠶᠢᠨ | ᠵᠥᠪᠯᠡᠯᠭᠡ ᠥᠭᠬᠦ ᠵᠢᠴᠢ ᠤᠬᠠᠭᠤᠯᠤᠨ ᠳᠡᠯᠭᠡᠷᠡᠭᠦᠯᠬᠦ ᠵᠡᠷᠭᠡ ᠶᠢ ᠬᠠᠮᠵᠢᠨ ᠭᠦᠢᠴᠡᠳᠬᠡᠨ᠎ᠡ᠃ ᠡᠳ᠋ ᠬᠥᠷᠥᠩᠭᠡ ᠶᠢ ᠦᠨᠡᠯᠡᠨ ᠵᠢᠱᠢᠬᠦ᠂ ᠬᠠᠤᠯᠢ ᠴᠠᠭᠠᠵᠠ ᠶᠢᠨ | ᠦᠢᠯᠡᠴᠢᠯᠡᠭᠡᠨ᠂ ᠥᠮᠴᠢᠯᠡᠬᠦ ᠡᠷᠬᠡ ᠶᠢᠨ ᠵᠠᠭᠤᠴᠢᠯᠠᠬᠤ᠂ ᠲᠥᠷᠥᠯ ᠵᠦᠶ᠋ᠯ ᠢ ᠲᠠᠨᠢᠯᠴᠠᠭᠤᠯᠬᠤ᠂ ᠪᠠᠷᠢᠴᠠᠭᠠᠯᠠᠵᠤ ᠪᠠᠯᠠ ᠳᠣᠭᠢᠷᠠᠭᠤᠯᠬᠤ ᠵᠡᠷᠭᠡ ᠲᠥᠬᠦᠷ | ᠦᠢᠯᠡᠴᠢᠯᠡᠭᠡᠨ ᠢ ᠰᠦᠪᠡᠭᠴᠢᠯᠡᠨ ᠥᠷᠨᠢᠭᠦᠯᠦᠨ᠎ᠡ᠃ ᠰᠤᠮᠤ ᠪᠠᠯᠭᠠᠰᠤ ᠪᠠ ᠲᠣᠰᠬᠤᠨ ᠤ ᠱᠠᠲᠤᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ | ᠵᠠᠭᠤᠴᠢᠯᠠᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠬᠤ ᠶᠢᠨ ᠬᠠᠮᠲᠤ ᠵᠠᠭᠤᠴᠢᠯᠠᠭᠴᠢ ᠶᠢᠨ ᠡᠩᠨᠡᠭᠡ ᠳᠤ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠬᠠᠩᠭᠠᠵᠤ᠂ | ᠤᠷᠮᠠᠰᠢᠭᠤᠯᠬᠤ ᠲᠣᠭᠲᠠᠴᠠ ᠶᠢ ᠲᠣᠭᠲᠠᠭᠠᠨ᠂ ᠵᠠᠭᠤᠴᠢᠯᠠᠭᠴᠢ ᠶᠢᠨ ᠡᠩᠨᠡᠭᠡ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠲᠠᠯᠠᠪᠤᠷ ᠭᠠᠵᠠᠷ ᠲᠠᠢ᠂ | ᠲᠦᠷᠢᠮ ᠲᠠᠢ᠂ ᠠᠵᠢᠯᠲᠠᠨ ᠲᠠᠢ ᠪᠠᠶᠢᠬᠤ ᠱᠠᠭᠠᠷᠳᠠᠯᠭ᠎ᠠ ᠶᠣᠰᠣᠭᠠᠷ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠤᠮᠤ ᠪᠠᠯᠭᠠᠰᠤ ᠶᠢᠨ ᠠᠷᠠᠯᠵᠢᠶ᠎ᠠ ᠶᠢᠨ | ᠦᠢᠯᠡᠴᠢᠯᠡᠭᠡᠨ ᠤ ᠥᠷᠲᠡᠭᠡ᠂ ᠲᠣᠰᠬᠤᠨ ᠤ ᠱᠠᠲᠤᠨ ᠤ ᠠᠷᠠᠯᠵᠢᠶ᠎ᠠ ᠶᠢᠨ ᠦᠢᠯᠡᠴᠢᠯᠡᠭᠡᠨ ᠤ ᠲᠠᠰᠤᠭ ᠢ ᠪᠠᠶᠢᠭᠤᠯᠬᠤ ᠬᠡᠷᠡᠭᠲᠡᠶ᠃ | ᠠᠷᠪᠠᠳᠤᠭᠠᠷ ᠵᠦᠢᠯ ᠰᠤᠮᠤ ᠪᠠᠯᠭᠠᠰᠤᠨ ᠤ ᠠᠷᠠᠯᠵᠢᠶᠠᠨ ᠤ ᠦᠢᠯᠡᠴᠢᠯᠡᠭᠡᠨ ᠤ ᠥᠷᠲᠡᠭᠡ ᠨᠢ ᠭᠤᠣᠯᠳᠠᠭᠤ ᠲᠤᠰ ᠰᠤᠮᠤ ᠪᠠᠯᠭᠠᠰᠤᠨ ᠤ ᠬᠥᠳᠡᠭᠡ | ᠲᠣᠰᠬᠤᠨ ᠤ ᠥᠮᠴᠢᠯᠡᠯ ᠤᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠬᠤ ᠡᠷᠭᠢᠯᠲᠡ ᠶᠢᠨ ᠠᠷᠠᠯᠵᠢᠶᠠᠨ ᠤ | ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠲᠣᠭᠲᠠᠮᠠᠯ ᠬᠤᠭᠤᠴᠠᠭ᠎ᠠ ᠲᠠᠢ ᠪᠠᠷ ᠬᠥᠳᠡᠭᠡ ᠲᠣᠰᠬᠤᠨ ᠤ ᠥᠮᠴᠢᠯᠡᠬᠦ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ | ᠦᠢᠯᠡᠴᠢᠯᠡᠭᠡᠨ ᠤ ᠲᠠᠪᠴᠠᠩ ᠯᠤᠭ᠎ᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠰᠣᠯᠢᠯᠴᠠᠨ ᠵᠣᠯᠭᠠᠭᠤᠯᠬᠤ ᠪᠠ ᠬᠠᠷᠢᠭᠤ ᠮᠡᠳᠡᠭᠦᠯᠬᠦ ᠶᠢ ᠬᠡᠷᠡᠭᠵᠢᠭᠦᠯᠵᠦ᠂ ᠬᠥᠳᠡᠭᠡ | ᠲᠣᠰᠬᠤᠨ ᠤ ᠥᠮᠴᠢᠯᠡᠬᠦ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠥᠬᠦᠶ ᠯᠠᠪᠯᠠᠭ᠎ᠠ ᠶᠢᠨ ᠦᠢᠯᠡᠴᠢᠯᠡᠭᠡ ᠶᠢ ᠬᠠᠩᠭᠠᠬᠤ ᠶᠢᠨ | ᠬᠠᠮᠲᠤ ᠤᠬᠠᠭᠤᠯᠬᠤ ᠪᠠ ᠡᠵᠡᠩᠨᠡᠵᠦ ᠬᠢᠨᠠᠯᠲᠠ ᠲᠠᠯᠪᠢᠬᠤ ᠶᠢ ᠰᠠᠶᠢᠲᠤᠷ ᠬᠢᠵᠦ᠂ ᠲᠣᠰᠬᠤᠨ ᠤ ᠱᠠᠲᠤᠨ ᠤ ᠠᠷᠠᠯᠵᠢᠶᠠᠯᠠᠬᠤ ᠦᠶ᠋ᠯᠡᠴᠢᠯᠡᠭᠡᠨ ᠤ ᠲᠠᠰᠤᠭ ᠤᠨ | ᠲᠤᠬᠠᠶᠢᠯᠠᠭᠰᠠᠨ ᠠᠵᠢᠯ ᠳᠤ ᠵᠢᠯᠣᠭᠤᠳᠣᠯᠭ᠎ᠠ ᠬᠢᠵᠦ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠯᠠᠬᠤ ᠲᠥᠪ ᠤᠨ ᠲᠣᠬᠢᠷᠠᠭᠤᠯᠤᠯᠲᠠ ᠶᠣᠰᠣᠭᠠᠷ | ᠬᠥᠳᠡᠭᠡ ᠲᠣᠰᠬᠤᠨ ᠤ ᠥᠮᠴᠢᠯᠡᠬᠦ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠭᠠᠴᠠᠭᠠᠨ ᠤ ᠱᠠᠲᠤᠨ ᠤ ᠠᠷᠠᠯᠵᠢᠶᠠᠨ ᠤ ᠦᠢᠯᠡᠴᠢᠯᠡᠭᠡᠨ ᠤ ᠲᠠᠰᠤᠭ ᠨᠢ ᠭᠤᠣᠯᠳᠠᠭᠤ ᠲᠤᠰ ᠭᠠᠴᠠᠭᠠᠨ ᠤ | ᠳᠤᠭᠤᠶᠢᠯᠠᠩ ᠤᠨ ᠢᠶᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠵᠦᠢᠯᠡᠰ ᠤᠨ ᠮᠡᠳᠡᠭᠡ ᠵᠠᠩᠭᠢ ᠶᠢ | ᠴᠤᠭᠯᠠᠭᠤᠯᠬᠤ᠂ ᠠᠰᠠᠭᠤᠨ ᠯᠠᠪᠯᠠᠬᠤ᠂ ᠨᠠᠶᠢᠳᠠᠬᠤ᠂ ᠡᠮᠬᠢᠯᠡᠬᠦ᠂ ᠳᠡᠭᠡᠭᠰᠢ ᠮᠡᠳᠡᠭᠦᠯᠬᠦ ᠵᠡᠷᠭᠡ ᠬᠤᠯᠪᠣᠭᠳᠠᠯ ᠪᠦᠬᠦᠢ ᠠᠵᠢᠯ ᠢ ᠬᠠᠷᠢᠭᠤᠴᠠᠵᠤ᠂ ᠬᠥᠳᠡᠭᠡ ᠲᠣᠰᠬᠤᠨ ᠤ | ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠪᠤᠶᠤ ᠰᠢᠶᠠᠩ ᠪᠠᠯᠭᠠᠰᠤᠨ ᠤ ᠠᠷᠠᠯᠵᠢᠶᠠᠨ ᠤ ᠦᠢᠯᠡᠴᠢᠯᠡᠭᠡᠨ ᠤ ᠥᠷᠲᠡᠭᠡᠨ ᠤ ᠲᠣᠬᠢᠷᠠᠭᠤᠯᠤᠯᠲᠠ ᠶᠣᠰᠣᠭᠠᠷ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠭᠤᠷᠪᠠᠳᠤᠭᠠᠷ ᠪᠦᠯᠦᠭ ᠡᠷᠠᠯᠵᠢᠶᠠᠨ ᠤ ᠲᠦᠷᠦᠯ ᠵᠦᠢᠯ ᠪᠠ ᠠᠷᠠᠯᠵᠢᠶᠠᠨ ᠤ ᠠᠷᠭ᠎ᠠ ᠮᠠᠶ᠋ᠢᠭ | ᠠᠷᠪᠠᠨ ᠬᠤᠶᠠᠳᠤᠭᠠᠷ ᠵᠦᠢᠯ ᠪᠦᠬᠦ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠲᠥᠷᠥᠯ ᠵᠦᠢᠯ ᠳᠤ | ᠭᠤᠣᠯᠳᠠᠭᠤ᠄ | ︵ᠨᠢᠭᠡ︶ ᠲᠠᠷᠢᠶᠠᠴᠢᠨ ᠡᠷᠦᠬᠡ ᠶᠢᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ᠃ ᠲᠤᠬᠠᠶᠢᠯᠠᠪᠠᠯ ᠡᠷᠦᠬᠡ ᠳᠤ ᠳᠠᠭᠠᠭᠠᠴᠢᠯᠠᠭᠤᠯᠬᠤ ᠬᠡᠯᠪᠡᠷᠢ ᠪᠠᠷ | ᠳᠠᠭᠠᠭᠠᠴᠢᠯᠠᠭᠰᠠᠨ ᠲᠠᠷᠢᠶᠠᠨ ᠭᠠᠵᠠᠷ᠂ ᠡᠪᠡᠰᠦᠲᠦ ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠭᠠᠳᠠᠷᠭᠤ ᠵᠡᠷᠭᠡ ᠶᠢᠨ ᠡᠵᠡᠩᠨᠡᠯᠲᠡ ᠶᠢᠨ ᠡᠷᠬᠡ ᠪᠣᠯᠤᠨ᠎ᠠ᠃ | ︵ᠬᠤᠶᠠᠷ︶ ᠤᠢ ᠮᠣᠳᠣᠨ ᠤ ᠡᠷᠬᠡ᠃ ᠲᠤᠬᠠᠶᠢᠯᠠᠪᠠᠯ ᠬᠥᠳᠡᠭᠡ ᠲᠣᠰᠬᠤᠨ ᠤ ᠬᠠᠮᠲᠤ ᠶᠢᠨ ᠰᠢᠭᠤᠶᠢᠲᠤ ᠭᠠᠵᠠᠷ ᠤᠨ ᠡᠵᠡᠩᠨᠡᠯᠲᠡ ᠶᠢᠨ ᠡᠷᠬᠡ ᠪᠠ ᠤᠢ | ᠮᠣᠳᠣᠨ ᠤ ᠥᠮᠴᠢᠯᠡᠬᠦ ᠡᠷᠬᠡ᠂ ᠬᠡᠷᠡᠭᠯᠡᠬᠦ ᠡᠷᠬᠡ ︵ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠷᠠᠯᠵᠢᠶᠠᠯᠠᠬᠤ ᠶᠢ ᠴᠠᠭᠠᠵᠠᠯᠠᠬᠤ ᠪᠠᠷ ᠲᠣᠭᠲᠠᠭᠠᠭᠰᠠᠨ ᠨᠢ | ᠡᠭᠦᠨ ᠳᠤ ᠪᠠᠭᠲᠠᠬᠤ ᠦᠬᠡᠢ︶᠃ | ︵ᠭᠤᠷᠪᠠ︶ ᠠᠭᠯᠠᠭ ᠠᠭᠤᠯᠠ᠂ ᠲᠠᠴᠢᠷ ᠭᠤᠤ᠂ ᠬᠠᠯᠴᠠᠭᠠᠶ ᠲᠤᠪᠤ᠂ ᠡᠵᠡᠭᠦᠶ ᠲᠠᠩ ᠢ ᠬᠡᠷᠡᠭᠯᠡᠬᠦ ᠡᠷᠬᠡ᠃ ᠲᠤᠬᠠᠶᠢᠯᠠᠪᠠᠯ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠠᠭᠯᠠᠭ ᠠᠭᠤᠯᠠ᠂ ᠲᠠᠴᠢᠷ ᠭᠤᠤ᠂ ᠬᠠᠯᠴᠠᠭᠠᠶ ᠲᠤᠪᠦ᠂ ᠡᠵᠡᠭᠦᠶ ᠲᠠᠩ ᠢ ᠬᠡᠷᠡᠭᠯᠡᠬᠦ ᠡᠷᠬᠡ ᠪᠣᠯᠤᠨ᠎ᠠ᠃ | ︵ᠲᠦᠷᠪᠡ︶ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠡᠳ᠋ ᠬᠦᠷᠦᠩᠭᠡ᠃ ᠲᠤᠬᠠᠶᠢᠯᠠᠪᠠᠯ ᠭᠠᠴᠠᠭᠠᠨ ᠤ ᠱᠠᠲᠤᠨ ᠤ ᠬᠠᠮᠲᠤ ᠶᠢᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠶ ᠡᠵᠡᠩᠨᠡᠨ ᠬᠠᠮᠢᠶᠠᠷᠴᠤ ᠪᠠᠶᠢᠭ᠎ᠠ ᠡᠵᠡᠩᠨᠡᠯᠲᠡ ᠶᠢᠨ ᠴᠢᠨᠠᠷᠲᠠᠶ ᠡᠳ᠋ ᠬᠦᠷᠦᠩᠭᠡ ︵ᠦᠯᠡᠳᠡᠭᠡᠨ | ᠬᠡᠷᠡᠭᠯᠡᠬᠦ ᠭᠠᠵᠠᠷ ᠪᠠᠭᠲᠠᠨ᠎ᠠ︶ ᠶᠢᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ︵ᠬᠠᠮᠲᠤ ᠶᠢᠨ ᠭᠠᠵᠠᠷ ᠰᠢᠷᠣᠶ ᠶᠢᠨ ᠥᠮᠴᠢᠯᠡᠬᠦ ᠡᠷᠬᠡ ᠡᠭᠦᠨ ᠳᠤ ᠪᠠᠭᠲᠠᠬᠤ ᠦᠭᠡᠢ︶ | ᠶᠢ ᠵᠢᠭᠠᠵᠤ ᠪᠠᠶᠢᠨ᠎ᠠ᠃ | ︵ᠲᠠᠪᠤ︶ ᠲᠠᠷᠢᠶᠠᠯᠠᠩ ᠤᠨ ᠦᠢᠯᠡᠳᠪᠦᠷᠢᠯᠡᠯ ᠤᠨ ᠴᠢᠨᠠᠷᠲᠠᠶ ᠲᠥᠬᠦᠭᠡᠷᠦᠮᠵᠢ ᠲᠥᠬᠦᠭᠡᠷᠦᠮᠵᠢ᠃ ᠲᠤᠬᠠᠶᠢᠯᠠᠪᠠᠯ ᠲᠠᠷᠢᠶᠠᠴᠢᠨ ᠡᠷᠦᠬᠡ᠂ ᠲᠠᠷᠢᠶᠠᠴᠢᠨ ᠤ | ᠬᠤᠷᠰᠢᠶ᠎ᠠ᠂ ᠭᠠᠴᠠᠭᠠᠨ ᠤ ᠱᠠᠲᠤᠨ ᠤ ᠬᠠᠮᠲᠤ ᠨᠡᠶᠢᠲᠡ ᠪᠠ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠵᠡᠷᠭᠡ ᠶᠢᠨ ᠡᠵᠡᠮᠰᠢᠵᠦ ᠪᠠᠶᠢᠭ᠎ᠠ ᠲᠠᠷᠢᠶᠠᠯᠠᠩ ᠤᠨ | ᠦᠢᠯᠡᠳᠪᠦᠷᠢᠯᠡᠯ ᠤᠨ ᠲᠥᠬᠦᠭᠡᠷᠦᠮᠵᠢ ᠲᠥᠬᠦᠭᠡᠷᠦᠮᠵᠢ ᠪᠣᠯᠤᠨ᠎ᠠ᠃ | ︵ᠵᠢᠷᠭᠤᠭ᠎ᠠ︶ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠥᠭᠡᠢ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ | ᠬᠡᠷᠡᠭᠯᠡᠬᠦ ᠡᠷᠬᠡ᠃ ᠲᠤᠬᠠᠶᠢᠯᠠᠪᠠᠯ ᠲᠠᠷᠢᠶᠠᠴᠢᠨ ᠡᠷᠦᠬᠡ᠂ ᠲᠠᠷᠢᠶᠠᠴᠢᠨ ᠤ ᠬᠤᠷᠰᠢᠶ᠎ᠠ᠂ ᠭᠠᠴᠠᠭᠠᠨ ᠤ ᠱᠠᠲᠤᠨ ᠤ ᠬᠠᠮᠲᠤ ᠨᠡᠶᠢᠲᠡ ᠪᠠ ᠲᠠᠷᠢᠶᠠᠯᠠᠩ ᠳᠤ | ᠬᠤᠯᠪᠣᠭᠳᠠᠬᠤ ᠠᠵᠤ ᠠᠬᠤᠶᠢᠯᠠᠯ ᠵᠡᠷᠭᠡ ᠶᠢᠨ ᠡᠵᠡᠮᠰᠢᠵᠦ ᠪᠠᠶᠢᠭ᠎ᠠ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠬᠡᠷᠡᠭᠯᠡᠬᠦ ᠡᠷᠬᠡ ᠪᠣᠯᠤᠨ᠎ᠠ | ᠃ | ︵ᠲᠤᠯᠤᠭ᠎ᠠ︶ ᠲᠠᠷᠢᠶᠠᠯᠠᠩ ᠤᠨ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠡᠷᠬᠡ᠃ ᠲᠤᠬᠠᠶᠢᠯᠠᠪᠠᠯ ᠲᠠᠷᠢᠶᠠᠯᠠᠩ ᠳᠤ ᠬᠤᠯᠪᠣᠭᠳᠠᠬᠤ ᠲᠤᠰᠬᠠᠶ ᠠᠰᠢᠭ᠂ | ᠲᠠᠸᠠᠷ ᠤᠨ ᠲᠡᠮᠳᠡᠭ᠂ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ ᠵᠡᠷᠭᠡ ᠪᠣᠯᠤᠨ᠎ᠠ᠃ | ︵ᠨᠠᠢᠮᠠ︶ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ᠃ | ᠲᠤᠬᠠᠶᠢᠯᠠᠪᠠᠯ ᠭᠠᠴᠠᠭᠠᠨ ᠤ ᠱᠠᠲᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ᠂ ᠬᠠᠩᠰᠢᠯᠠᠨ ᠪᠡᠯᠡ ᠭᠠᠷᠭᠠᠬᠤ ︵ᠬᠤᠪᠢ ᠣᠷᠣᠭᠤᠯᠬᠤ︶ ᠵᠡᠷᠭᠡ ᠲᠥᠯᠥᠪᠦᠷᠢᠲᠦ ᠠᠷᠭ᠎ᠠ ᠮᠠᠶ᠋ᠢᠭ ᠢᠶᠠᠷ ᠬᠥᠳᠡᠭᠡ | ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠭᠤᠯᠵᠤ ᠡᠷᠭᠢᠯᠲᠡ ᠳᠤ ᠣᠷᠣᠭᠤᠯᠬᠤ ᠠᠷᠠᠯᠵᠢᠶ᠎ᠠ | ᠪᠣᠯᠤᠨ᠎ᠠ᠃ | ︵ᠶᠢᠰᠦ︶ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠪᠠ ᠣᠷᠣᠨ ᠰᠠᠭᠤᠴᠠ ᠶᠢᠨ ᠡᠳ᠋ ᠬᠥᠷᠥᠩᠭᠡ ᠶᠢᠨ ᠡᠷᠬᠡ᠃ ᠳᠠᠷᠤᠶ | ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ ᠣᠷᠣᠨ ᠰᠠᠭᠤᠴᠠ ᠶᠢᠨ ᠭᠠᠵᠠᠷ ᠳᠡᠭᠡᠷᠡᠬᠢ ᠭᠡᠷ ᠪᠠᠶᠢᠰᠢᠩ ᠤᠨ ᠥᠮᠴᠢᠯᠡᠬᠦ ᠡᠷᠬᠡ᠂ | ᠬᠡᠷᠡᠭᠯᠡᠬᠦ ᠡᠷᠬᠡ ᠪᠣᠯᠤᠨ᠎ᠠ᠃ | ︵ᠠᠷᠪᠠ︶ ᠬᠥᠳᠡᠭᠡ ᠲᠣᠰᠬᠤᠨ ᠤ ᠠᠮᠢᠳᠤ ᠪᠣᠳᠠᠰ ᠤᠨ ᠡᠳ᠋ ᠬᠥᠷᠥᠩᠭᠡ᠃ ᠥᠰᠦᠨ ᠪᠤᠶᠢᠵᠢᠵᠤ ᠪᠠᠶᠢᠭ᠎ᠠ ᠲᠠᠷᠢᠶᠠᠨ ᠤ ᠲᠠᠷᠢᠮᠠᠯ᠂ ᠢᠳᠡᠰᠢᠨ ᠨᠣᠭᠤᠭ᠎ᠠ᠂ | ᠬᠡᠷᠡᠭᠰᠡᠯ ᠤᠨ ᠮᠣᠳᠣᠨ ᠤ ᠤᠢ᠂ ᠪᠣᠷᠣᠯᠠᠭᠤᠯᠬᠤ ᠪᠠᠷ ᠪᠠᠶᠢᠭ᠎ᠠ ᠮᠠᠯ ᠤᠨᠤᠭ᠎ᠠ ᠵᠡᠷᠭᠡ ᠬᠤᠷᠣᠭᠳᠠᠯ ᠤᠨ ᠴᠢᠨᠠᠷᠲᠠᠶ ᠠᠮᠢᠳᠤ ᠪᠣᠳᠠᠰ ᠤᠨ ᠡᠳ᠋ ᠬᠦᠷᠦᠩᠭᠡ ᠪᠠ ᠠᠵᠤ | ᠠᠬᠤᠶ ᠶᠢᠨ ᠤᠢ᠂ ᠲᠦᠯᠡᠰᠢᠨ ᠤ ᠤᠢ᠂ ᠤᠨᠠᠯᠲᠠ ᠶᠢᠨ ᠮᠠᠯ᠂ ᠬᠥᠯᠥᠰᠢᠨ ᠤ ᠮᠠᠯ ᠵᠡᠷᠭᠡ ᠦᠢᠯᠡᠳᠪᠦᠷᠢᠯᠡᠯ ᠤᠨ ᠴᠢᠨᠠᠷᠲᠠᠶ ᠠᠮᠢᠳᠤ ᠪᠣᠳᠠᠰ ᠤᠨ ᠡᠳ᠋ ᠬᠦᠷᠦᠩᠭᠡ | ᠪᠣᠯᠤᠨ᠎ᠠ᠃ | ︵ᠠᠷᠪᠠᠨ ᠨᠢᠭᠡ︶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠳᠠᠭᠠᠭᠠᠴᠢᠯᠠᠯᠲᠠ ᠵᠠᠷᠯᠠᠬᠤ᠂ ᠠᠵᠤ ᠦᠢᠯᠡᠰ ᠤᠨ ᠵᠦᠢᠯᠡᠰ ᠤᠨ | ᠬᠤᠳᠠᠯᠳᠤᠭᠠᠴᠢᠨ ᠤᠷᠢᠬᠤ ᠪᠠ ᠰᠢᠯᠵᠢᠭᠦᠯᠦᠨ ᠥᠭᠬᠦ᠂ ᠬᠥᠳᠡᠭᠡ ᠲᠣᠰᠬᠤᠨ ᠤ ᠬᠠᠮᠲᠤ ᠶᠢᠨ ᠠᠰᠠᠷᠠᠮᠵᠢ ᠶᠢᠨ ᠬᠤᠳᠠᠯᠳᠤᠨ ᠠᠪᠬᠤ᠂ ᠬᠥᠳᠡᠭᠡ ᠲᠣᠰᠬᠤᠨ ᠤ | ᠬᠠᠮᠲᠤ ᠶᠢᠨ ᠨᠡᠶᠢᠭᠡᠮ ᠤᠨ ᠵᠠᠭᠤᠴᠢ ᠦᠢᠯᠡᠴᠢᠯᠡᠭᠡ᠂ ᠬᠥᠳᠡᠭᠡ ᠲᠣᠰᠬᠤᠨ ᠤ ᠵᠢᠵᠢᠭ ᠪᠢᠴᠢᠯ ᠢᠨᠵᠧᠨᠧᠷᠢᠩ ᠵᠡᠷᠭᠡ ᠬᠥᠳᠡᠭᠡ ᠲᠣᠰᠬᠤᠨ ᠤ ᠪᠤᠰᠤᠳ ᠥᠮᠴᠢᠯᠡᠯ ᠤᠨ | ᠡᠷᠬᠡ᠃ | ︵ᠠᠷᠪᠠᠨ ᠬᠤᠶᠠᠷ︶ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠰᠲ᠋ᠣᠺ ᠤᠨ ᠡᠷᠬᠡ᠃ ᠲᠤᠬᠠᠶᠢᠯᠠᠪᠠᠯ ᠬᠥᠳᠡᠭᠡ ᠲᠣᠰᠬᠤᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ ᠡᠳ᠋ ᠬᠦᠷᠦᠩᠭᠡ ︵ᠴᠡᠪᠡᠷ ᠡᠳ᠋ ᠬᠦᠷᠦᠩᠭᠡ︶ ᠶᠢ ᠬᠤᠪᠢ ᠪᠣᠯᠭᠠᠨ ᠨᠤᠭᠤᠯᠤᠨ ᠪᠤᠳᠤᠵᠤ ᠬᠡᠮᠵᠢᠶᠡᠯᠡᠭᠡᠳ ᠲᠤᠰ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ᠂ ᠪᠦᠷᠢᠯᠳᠦᠬᠦᠨ ᠨᠢᠭᠡᠪᠦᠷᠢ ︵ᠬᠤᠪᠢ ᠣᠷᠣᠭᠤᠯᠤᠭᠴᠢ︶ ᠶᠢᠨ ᠡᠵᠡᠮᠰᠢᠵᠦ ᠪᠠᠶᠢᠭ᠎ᠠ ᠬᠠᠮᠲᠤ ᠶᠢᠨ ᠡᠳ᠋ | ᠬᠦᠷᠦᠩᠭᠡ ᠶᠢᠨ ᠬᠤᠪᠢ ᠶᠢᠨ ᠲᠤᠭ᠎ᠠ ᠬᠡᠮᠵᠢᠶ᠎ᠡ ᠳᠤ ᠬᠦᠷᠭᠡᠨ᠎ᠡ᠃ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠳᠤ ᠲᠡᠭᠦᠨ ᠤ ᠬᠠᠮᠲᠤ ᠶᠢᠨ ᠠᠵᠤ ᠠᠬᠤᠶ ᠶᠢᠨ | ᠬᠤᠪᠢ ᠣᠷᠣᠭᠤᠯᠤᠭᠰᠠᠨ ᠬᠤᠷᠰᠢᠶ᠎ᠠ ᠶᠢᠨ ᠲᠦᠷᠢᠮ ᠤᠨ ᠬᠠᠮᠢᠶ᠎ᠠ ᠪᠦᠬᠦᠢ ᠲᠤᠭᠲᠠᠭᠠᠯ ᠢ ᠬᠡᠷᠡᠭᠵᠢᠭᠦᠯᠦᠨ᠎ᠡ᠃ | ︵ᠠᠷᠪᠠᠨ ᠭᠤᠷᠪᠠ︶ ᠬᠥᠳᠡᠭᠡ ᠲᠣᠰᠬᠤᠨ ᠤ ᠪᠤᠰᠤᠳ ᠥᠮᠴᠢᠯᠡᠯ ᠤᠨ ᠡᠷᠬᠡ᠂ ᠵᠢᠱᠢᠶᠡᠯᠡᠪᠡᠯ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠭᠠᠵᠠᠷ | ᠰᠢᠷᠣᠶ ᠶᠢᠨ ᠦᠯᠡᠳᠡᠭᠡᠨ ᠬᠡᠷᠡᠭᠯᠡᠬᠦ ᠭᠠᠵᠠᠷ ︵ᠡᠵᠡᠩᠨᠡᠯᠲᠡ ᠶᠢᠨ ᠴᠢᠨᠠᠷᠲᠠᠶ ᠨᠡᠭᠡᠭᠡᠨ ᠠᠰᠢᠭᠯᠠᠬᠤ ᠬᠡᠰᠡᠭ︶ ᠵᠡᠷᠭᠡ᠃ | ᠦᠢᠯᠡᠳᠪᠦᠷᠢ ᠬᠤᠳᠠᠯᠳᠤᠭᠠᠨ ᠤ ᠬᠦᠷᠦᠩᠭᠡ ᠪᠠᠷ ᠲᠠᠷᠢᠶᠠᠨ ᠭᠠᠵᠠᠷ ᠢ ᠲᠦᠷᠢᠶᠡᠰᠦᠯᠡᠭᠦᠯᠦᠭᠰᠡᠨ ᠪᠠᠶᠢᠪᠠᠯ᠂ ᠡᠷᠬᠡᠪᠰᠢ ᠬᠥᠳᠡᠭᠡ ᠲᠣᠰᠬᠤᠨ ᠤ ᠥᠮᠴᠢᠯᠡᠯ ᠤᠨ | ᠡᠷᠬᠡ ᠶᠢ ᠡᠷᠭᠢᠯᠲᠡ ᠳᠤ ᠣᠷᠣᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠢᠶᠠᠷ ᠳᠠᠮᠵᠢᠭᠤᠯᠤᠨ ᠢᠯᠡ ᠪᠠᠷ ᠡᠷᠭᠢᠯᠲᠡ ᠳᠤ ᠣᠷᠣᠭᠤᠯᠬᠤ ᠠᠷᠠᠯᠵᠢᠶ᠎ᠠ ᠬᠢᠬᠦ ᠬᠡᠷᠡᠭᠲᠡᠶ᠃ | ᠡᠯ᠎ᠡ ᠰᠤᠮᠤ ᠪᠠᠯᠭᠠᠰᠤ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ | ᠰᠢᠶ᠋ᠳᠪᠦᠷᠢᠯᠡᠬᠦ᠂ ᠠᠯᠬᠤᠮ ᠠᠯᠬᠤᠮ ᠢᠶᠠᠷ ᠨᠡᠮᠡᠭᠳᠡᠭᠦᠯᠬᠦ ᠵᠠᠷᠴᠢᠮ ᠶᠣᠰᠣᠭᠠᠷ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠦᠷᠦᠩᠭᠡ ᠶᠢ ᠡᠷᠭᠢᠯᠲᠡ ᠳᠤ ᠣᠷᠣᠭᠤᠯᠵᠤ | ᠪᠦᠬᠦᠨ ᠢ ᠲᠠᠯᠠᠪᠤᠷ ᠲᠤ ᠣᠷᠣᠭᠤᠯᠵᠤ ᠠᠷᠠᠯᠵᠢᠶᠠᠯᠠᠬᠤ ᠶᠢ ᠤᠷᠢᠳ ᠢᠶᠠᠷ ᠨᠠᠶᠢᠳᠠᠪᠤᠷᠢᠵᠢᠭᠤᠯᠵᠤ᠂ ᠲᠠᠯᠠᠪᠤᠷ ᠲᠤ ᠣᠷᠣᠭᠤᠯᠵᠤ ᠡᠷᠭᠢᠯᠲᠡ ᠳᠤ ᠣᠷᠣᠭᠤᠯᠬᠤ | ᠠᠷᠠᠯᠵᠢᠶᠠᠨ ᠤ ᠲᠦᠷᠦᠯ ᠵᠦᠢᠯ ᠵᠢᠴᠢ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠬᠠᠮᠤᠭ ᠡᠴᠦᠰ ᠲᠤ ᠪᠦᠬᠦ ᠬᠥᠳᠡᠭᠡ ᠲᠣᠰᠬᠤᠨ ᠤ ᠡᠳ᠋ | ᠬᠦᠷᠦᠩᠭᠡ᠂ ᠡᠬᠢ ᠪᠠᠶᠠᠯᠢᠭ ᠵᠡᠷᠭᠡ ᠪᠤᠢ ᠪᠦᠬᠦᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠬᠠᠮᠤᠷᠤᠭᠤᠯᠵᠤ ᠪᠣᠯᠤᠨ᠎ᠠ᠃ ᠡᠯ᠎ᠡ ᠠᠷᠠᠯᠵᠢᠶᠠᠨ ᠤ ᠲᠥᠷᠥᠯ | ᠵᠦᠶ᠋ᠯ ᠤᠨ ᠠᠷᠠᠯᠵᠢᠶᠠᠯᠠᠬᠤ ᠠᠷᠭ᠎ᠠ ᠮᠠᠶ᠋ᠢᠭ ᠤᠨ ᠨᠠᠷᠢᠨ ᠲᠦᠷᠢᠮ ᠢ ᠠᠰ ᠲᠤᠨᠢ ᠲᠣᠭᠲᠠᠭᠠᠨ᠎ᠠ᠃ | ᠠᠷᠪᠠᠨ ᠭᠤᠷᠪᠠᠳᠤᠭᠠᠷ ᠵᠦᠢᠯ ᠡᠷᠭᠢᠯᠲᠡ ᠳᠤ ᠣᠷᠣᠭᠤᠯᠬᠤ ᠠᠷᠠᠯᠵᠢᠶ᠎ᠠ ᠳᠤ ᠣᠷᠣᠬᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠨᠢ ᠳᠣᠣᠷᠠᠬᠢ | ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠡᠷᠬᠡ ᠶᠢᠨ ᠬᠠᠷᠢᠶᠠᠯᠠᠯ ᠨᠢ ᠲᠣᠳᠣᠷᠬᠠᠶ᠃ | ︵ᠬᠤᠶᠠᠷ︶ ᠣᠷᠣᠯᠴᠠᠭᠰᠠᠨ ᠭᠤᠤᠯ ᠴᠣᠭᠴᠠ ᠨᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠬᠦᠴᠦᠨ ᠵᠦᠢᠯ ᠢ ᠡᠷᠭᠢᠯᠲᠡ ᠳᠤ ᠣᠷᠣᠭᠤᠯᠵᠤ | ᠠᠷᠠᠯᠵᠢᠶᠠᠯᠠᠬᠤ ᠦᠨᠡᠨ ᠪᠣᠳᠠᠲᠠᠶ ᠬᠦᠰᠡᠯ ᠰᠠᠨᠠᠭ᠎ᠠ ᠲᠠᠢ ᠪᠠᠶᠢᠬᠤ ᠬᠡᠷᠡᠭᠲᠡᠶ᠃ | ︵ᠭᠤᠷᠪᠠ︶ ᠠᠷᠠᠯᠵᠢᠶᠠᠨ ᠤ ᠬᠤᠶᠠᠷ ᠲᠠᠯ᠎ᠠ ᠨᠢ ᠡᠷᠬᠡᠪᠰᠢ ᠢᠷᠭᠡᠨ ᠤ ᠬᠡᠷᠡᠭ ᠤᠨ ᠡᠷᠬᠡ ᠶᠢᠨ ᠪᠦᠷᠢᠨ ᠴᠢᠳᠠᠪᠤᠷᠢ ᠪᠠ ᠢᠷᠭᠡᠨ ᠤ ᠬᠡᠷᠡᠭ ᠤᠨ | ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠭᠠᠯᠢ ᠬᠥᠮᠦᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠪᠠᠶᠢᠬᠤ ᠬᠡᠷᠡᠭᠲᠡᠶ᠃ | ︵ᠳᠥᠷᠪᠡ︶ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠲᠥᠷᠥᠯ ᠵᠦᠢᠯ ᠨᠢ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠰᠢᠶᠠᠨ ᠤ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠲᠠᠷᠢᠶᠠᠯᠠᠩ ᠤᠨ ᠠᠵᠤ ᠦᠶ᠋ᠯᠡᠰ ᠤᠨ ᠬᠥᠭᠵᠢᠯᠲᠡ ᠶᠢᠨ | ᠲᠥᠯᠥᠪᠵᠢᠭᠦᠯᠭᠡ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠠ ᠬᠤᠲᠠ ᠬᠥᠳᠡᠭᠡ ᠶᠢ ᠨᠢᠭᠡ ᠴᠣᠠᠠᠴᠠᠵᠢᠭᠤᠯᠬᠤ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠵᠡᠷᠭᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠳᠤ ᠡᠷᠬᠡᠪᠰᠢ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠶ᠂ ᠬᠡᠯᠡᠯᠴᠡᠭᠡᠷ ᠢᠶᠠᠷ ᠰᠢᠯᠵᠢᠭᠦᠯᠦᠨ ᠥᠭᠬᠦ᠂ ᠦᠨ᠎ᠡ ᠥᠷᠢᠰᠥᠯᠳᠦᠬᠦ᠂ ᠦᠨ᠎ᠡ ᠬᠠᠶᠠᠨ ᠬᠤᠳᠠᠯᠳᠤᠬᠤ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠂ ᠪᠠᠰᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ | ᠲᠦᠷᠦ ᠶᠢᠨ ᠪᠤᠳᠤᠯᠭ᠎ᠠ ᠳᠤ ᠲᠣᠭᠲᠠᠭᠠᠭᠰᠠᠨ ᠪᠤᠰᠤᠳ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠃ | ᠦᠨ᠎ᠡ ᠬᠠᠶᠠᠵᠤ ᠬᠤᠳᠠᠯᠳᠤᠬᠤ ᠠᠷᠠᠯᠵᠢᠶᠠᠨ ᠤ ᠠᠷᠭ᠎ᠠ ᠮᠠᠶ᠋ᠢᠭ ᠢ ᠠᠪᠬᠤ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠶᠠᠵᠤ | ᠬᠤᠳᠠᠯᠳᠤᠬᠤ ᠬᠠᠤᠯᠢ︾ ᠵᠢᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠠᠷᠭ᠎ᠠ ᠮᠠᠶ᠋ᠢᠭ ᠢ ᠠᠪᠬᠤ ᠳᠠᠭᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ︾ ᠵᠢᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ | ᠬᠡᠷᠡᠭᠵᠢᠭᠦᠯᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠡᠷᠭᠢᠯᠲᠡ ᠳᠤ ᠣᠷᠣᠭᠤᠯᠬᠤ ᠠᠷᠠᠯᠵᠢᠶᠠᠨ ᠤ ᠠᠵᠢᠯᠯᠠᠭ᠎ᠠ ᠶᠢᠨ ᠳᠤᠮᠳᠠᠬᠢ ᠰᠢᠯᠵᠢᠭᠦᠯᠦᠨ ᠥᠭᠭᠦᠭᠴᠢ ᠪᠤᠶᠤ ᠰᠢᠯᠵᠢᠭᠦᠯᠦᠨ | ᠠᠪᠤᠭᠴᠢ ᠨᠢ ᠲᠤᠰ ᠰᠢᠶᠠᠨ ᠤ ᠪᠠᠨ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠪᠤᠶᠤ ᠰᠤᠮᠤ ᠪᠠᠯᠭᠠᠰᠤᠨ ᠤ ᠠᠷᠠᠯᠵᠢᠶᠠᠨ ᠤ | ᠦᠢᠯᠡᠴᠢᠯᠡᠭᠡᠨ ᠤ ᠥᠷᠲᠡᠭᠡ ᠳᠤ ᠡᠷᠭᠢᠯᠲᠡ ᠳᠤ ᠣᠷᠣᠭᠤᠯᠬᠤ ᠠᠷᠠᠯᠵᠢᠶ᠎ᠠ ᠬᠢᠯᠭᠡᠬᠦ ᠪᠠᠷ ᠰᠢᠭᠤᠳ ᠭᠤᠶᠤᠴᠢᠯᠠᠵᠤ ᠪᠣᠯᠤᠨ᠎ᠠ᠃ | ᠰᠢᠯᠵᠢᠭᠦᠯᠦᠨ ᠬᠤᠳᠠᠯᠳᠤᠬᠤ ᠲᠠᠯ᠎ᠠ ᠨᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠠᠷᠠᠯᠵᠢᠶᠠᠯᠠᠬᠤ ᠪᠠᠷ ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ | ᠮᠠᠲ᠋ᠧᠷᠢᠶᠠᠯ ᠢ ᠲᠤᠰᠢᠶᠠᠬᠤ ᠬᠡᠷᠡᠭᠲᠡᠶ᠄ | ︵ᠨᠢᠭᠡ︶ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠭᠠᠷᠭᠠᠬᠤ ᠭᠤᠶᠤᠴᠢᠯᠠᠯ ᠤᠨ ᠪᠢᠴᠢᠭ᠃ | ︵ᠬᠤᠶᠠᠷ︶ ᠰᠢᠯᠵᠢᠭᠦᠯᠦᠨ ᠥᠭᠬᠦ ᠲᠠᠯ᠎ᠠ ᠶᠢᠨ ᠬᠢᠷᠢ ᠬᠡᠮ ᠤᠨ ᠭᠡᠷᠡᠴᠢ ᠪᠤᠶᠤ ᠪᠤᠰᠤᠳ ᠬᠦᠴᠦᠨ ᠪᠦᠬᠦᠢ ᠭᠡᠷᠡᠴᠢ᠃ | ︵ᠭᠤᠷᠪᠠ︶ ᠥᠮᠴᠢᠯᠡᠬᠦ ᠡᠷᠬᠡ ᠶᠢᠨ ᠡᠷᠬᠡ ᠶᠢᠨ ᠬᠠᠷᠢᠶᠠᠯᠠᠯ ᠤᠨ ᠬᠤᠯᠪᠣᠭᠳᠠᠯ ᠪᠦᠬᠦᠢ ᠭᠡᠷᠡᠴᠢ᠃ | ︵ᠲᠦᠷᠪᠡ︶ ᠥᠮᠴᠢᠯᠡᠬᠦ ᠡᠷᠬᠡ ᠶᠢᠨ ᠠᠷᠠᠯᠵᠢᠶ᠎ᠠ ᠶᠢ ᠵᠥᠪᠰᠢᠶᠡᠷᠡᠭᠰᠡᠨ ᠬᠤᠯᠪᠣᠭᠳᠠᠯ ᠪᠦᠬᠦᠢ ᠭᠡᠷᠡᠴᠢ᠃ | ︵ᠲᠠᠪᠤ︶ ᠠᠷᠠᠯᠵᠢᠶᠠᠨ ᠤ ᠬᠠᠷᠠᠯᠲᠠ ᠶᠢᠨ ᠦᠨᠳᠦᠰᠦᠨ ᠪᠠᠶᠢᠳᠠᠯ ᠤᠨ ᠲᠤᠬᠠᠶ ᠮᠠᠲ᠋ᠧᠷᠢᠶᠠᠯ᠃ | ︵ᠵᠢᠷᠭᠤᠭ᠎ᠠ︶ ᠠᠷᠠᠯᠵᠢᠶᠠᠯᠠᠬᠤ ᠬᠠᠷᠠᠯᠲᠠ ᠶᠢᠨ ᠰᠠᠭᠤᠷᠢ ᠦᠨ᠎ᠡ ᠬᠢᠭᠡᠳ ᠦᠨ᠎ᠡ ᠲᠣᠭᠲᠠᠭᠠᠬᠤ ᠦᠨᠳᠦᠰᠦ ᠪᠠᠷᠢᠮᠲᠠ᠃ | ︵ᠲᠤᠯᠤᠭ᠎ᠠ︶ ᠠᠷᠠᠯᠵᠢᠶᠠᠨ ᠤ ᠭᠠᠷ ᠭᠦᠢᠴᠡᠳᠬᠡᠯ ᠬᠢᠯᠭᠡᠬᠦ ᠪᠠᠷ ᠨᠠᠶᠢᠳᠠᠬᠤ ᠳᠤ᠂ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠵᠢᠴᠢ ᠨᠠᠶᠢᠳᠠᠯᠭ᠎ᠠ | ᠬᠦᠯᠢᠶᠡᠭᠰᠡᠨ ᠲᠠᠯ᠎ᠠ ᠶᠢᠨ ᠪᠡᠶᠡᠴᠢ ᠴᠣᠭᠴᠠ ᠶᠢᠨ ᠬᠢᠷᠢ ᠬᠡᠮ ᠤᠨ ᠭᠡᠷᠡᠴᠢ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠤ ᠪᠡᠶ᠎ᠡ ᠶᠢᠨ | ᠦᠨᠡᠮᠯᠡᠯ ᠢ ᠲᠤᠰᠢᠶᠠᠬᠤ ᠬᠡᠷᠡᠭᠲᠡᠶ᠃ | ︵ᠨᠠᠢᠮᠠ︶ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠤᠨ ᠲᠤᠰᠢᠶᠠᠯᠭᠠᠬᠤ ᠪᠠᠷ ᠱᠠᠭᠠᠷᠳᠠᠭᠰᠠᠨ ᠪᠤᠰᠤᠳ | ᠮᠠᠲ᠋ᠧᠷᠢᠶᠠᠯ᠃ | ᠰᠢᠯᠵᠢᠭᠦᠯᠦᠨ ᠥᠭᠬᠦ ᠲᠠᠯ᠎ᠠ ᠨᠢ ᠲᠤᠰᠢᠶᠠᠭᠰᠠᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠬᠠᠤᠯᠢ ᠶᠣᠰᠣᠴᠢ ᠴᠢᠨᠠᠷ᠂ | ᠬᠦᠴᠦᠨ ᠪᠦᠬᠦᠢ ᠴᠢᠨᠠᠷ ᠲᠤ ᠬᠠᠷᠢᠭᠤᠴᠠᠬᠤ ᠪᠥᠭᠡᠳ ᠵᠣᠬᠢᠴᠠᠩᠭᠤᠶ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠰᠢᠯᠵᠢᠭᠦᠯᠦᠨ ᠠᠪᠤᠭᠴᠢ ᠨᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠪᠬᠤ ᠪᠠᠷ ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ | ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄ | ︵ᠨᠢᠭᠡ︶ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠪᠬᠤ ᠭᠤᠶᠤᠴᠢᠯᠠᠯ ᠤᠨ ᠪᠢᠴᠢᠭ᠃ | ︵ᠬᠤᠶᠠᠷ︶ ᠬᠦᠯᠢᠶᠡᠠ ᠠᠪᠬᠤ ᠲᠠᠯ᠎ᠠ ᠶᠢᠨ ᠢᠯᠡᠷᠬᠡᠶᠢᠯᠡᠯᠲᠡ ᠬᠢᠭᠡᠳ ᠪᠠᠲᠤᠯᠠᠭ᠎ᠠ᠃ | ︵ᠭᠤᠷᠪᠠ︶ ᠰᠢᠯᠵᠢᠭᠦᠯᠦᠨ ᠠᠪᠬᠤ ᠲᠠᠯ᠎ᠠ ᠶᠢᠨ ᠡᠳ᠋ ᠬᠥᠷᠥᠩᠭᠡ ᠶᠢᠨ ᠬᠡᠪᠴᠢᠶ᠎ᠡ᠂ ᠢᠲᠡᠭᠡᠮᠵᠢ ᠶᠢᠨ ᠦᠨᠡᠯᠡᠯᠲᠡ ᠵᠡᠷᠭᠡ ᠬᠥᠷᠥᠩᠭᠡ ᠢᠲᠡᠭᠡᠮᠵᠢ ᠶᠢᠨ | ᠭᠡᠷᠡᠴᠢᠯᠡᠬᠦ ᠮᠠᠲ᠋ᠧᠷᠢᠶᠠᠯ᠃ | ︵ᠲᠦᠷᠪᠡ︶ ᠰᠢᠯᠵᠢᠭᠦᠯᠦᠨ ᠠᠪᠬᠤ ᠬᠢᠷᠢ ᠬᠡᠮ ᠤᠨ ᠨᠥᠬᠦᠴᠡᠯ ᠳᠤ ᠨᠡᠶᠢᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ᠃ | ︵ᠲᠠᠪᠤ︶ ᠣᠷᠣᠯᠠᠭᠤᠯᠬᠤ ᠪᠠᠷ ᠨᠠᠶᠢᠳᠠᠬᠤ ᠳᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠵᠢᠴᠢ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠢ | ᠲᠤᠰᠢᠶᠠᠬᠤ ᠬᠡᠷᠡᠭᠲᠡᠶ᠃ | ︵ᠵᠢᠷᠭᠤᠭ᠎ᠠ︶ ᠬᠠᠮᠲᠤᠷᠠᠨ ᠰᠢᠯᠵᠢᠭᠦᠯᠦᠨ ᠠᠪᠤᠭᠰᠠᠨ ᠪᠠᠶᠢᠪᠠᠯ᠂ ᠬᠠᠮᠲᠤᠷᠠᠨ ᠰᠢᠯᠵᠢᠭᠦᠯᠦᠨ ᠠᠪᠬᠤ ᠬᠡᠯᠡᠯᠴᠡᠭᠡᠷ ᠤᠨ ᠪᠢᠴᠢᠭ᠂ ᠲᠥᠯᠥᠭᠡᠯᠡᠭᠴᠢ ᠰᠣᠩᠭᠤᠬᠤ | ᠪᠢᠴᠢᠭ ᠢ ᠲᠤᠰᠢᠶᠠᠬᠤ ᠬᠡᠷᠡᠭᠲᠡᠶ᠃ | ︵ᠲᠤᠯᠤᠭ᠎ᠠ︶ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠤᠨ ᠲᠤᠰᠢᠶᠠᠯᠭᠠᠬᠤ ᠪᠠᠷ ᠱᠠᠭᠠᠷᠳᠠᠭᠰᠠᠨ ᠪᠤᠰᠤᠳ | ᠮᠠᠲ᠋ᠧᠷᠢᠶᠠᠯ᠃ | ᠰᠢᠯᠵᠢᠭᠦᠯᠦᠨ ᠠᠪᠬᠤ ᠲᠠᠯ᠎ᠠ ᠨᠢ ᠲᠤᠰᠢᠶᠠᠭᠰᠠᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠬᠠᠤᠯᠢ ᠶᠣᠰᠣᠴᠢ ᠴᠢᠨᠠᠷ᠂ | ᠬᠦᠴᠦᠨ ᠪᠦᠬᠦᠢ ᠴᠢᠨᠠᠷ ᠲᠤ ᠬᠠᠷᠢᠭᠤᠴᠠᠬᠤ ᠶᠢᠨ ᠬᠠᠮᠲᠤ ᠵᠣᠬᠢᠴᠠᠩᠭᠤᠶ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ ᠰᠢᠯᠵᠢᠭᠦᠯᠦᠨ ᠬᠤᠳᠠᠯᠳᠤᠬᠤ ᠲᠠᠯ᠎ᠠ / ᠰᠢᠯᠵᠢᠭᠦᠯᠦᠨ ᠠᠪᠬᠤ ᠲᠠᠯ᠎ᠠ ᠶᠢᠨ | ᠲᠤᠰᠢᠶᠠᠭᠰᠠᠨ ᠭᠤᠶᠤᠴᠢᠯᠠᠯ ᠵᠢᠴᠢ ᠮᠠᠲ᠋ᠧᠷᠢᠶᠠᠯ ᠳᠤ ᠪᠦᠷᠢᠨ ᠭᠦᠶ᠋ᠴᠡᠳ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠬᠠᠷᠭᠤᠭᠤᠯᠤᠯᠲᠠ ᠬᠢᠵᠦ᠂ | ᠨᠥᠬᠦᠴᠡᠯ ᠳᠤ ᠨᠡᠶᠢᠴᠡᠬᠦ ᠰᠢᠯᠵᠢᠭᠦᠯᠦᠨ ᠬᠤᠳᠠᠯᠳᠤᠬᠤ ᠲᠠᠯ᠎ᠠ / ᠰᠢᠯᠵᠢᠭᠦᠯᠦᠨ ᠠᠪᠬᠤ ᠲᠠᠯ᠎ᠠ ᠳᠤ ᠳᠡᠩᠰᠡᠯᠡᠯᠲᠡ ᠬᠢᠨ᠎ᠠ᠃ | ᠠᠷᠪᠠᠨ ᠵᠢᠷᠭᠤᠳᠤᠭᠠᠷ ᠵᠦᠢᠯ ᠰᠢᠯᠵᠢᠭᠦᠯᠦᠨ ᠬᠤᠳᠠᠯᠳᠤᠬᠤ ᠭᠤᠶᠤᠴᠢᠯᠠᠯ ᠢ ᠳᠣᠣᠷᠠᠬᠢ ᠵᠢᠷᠤᠮ ᠢᠶᠠᠷ ᠭᠦᠢᠴᠡᠳᠬᠡᠨ᠎ᠡ᠄ | ︵ᠨᠢᠭᠡ︶ ᠬᠦᠯᠢᠶᠡᠨ ᠠᠪᠴᠤ ᠰᠢᠢᠳᠪᠦᠷᠢᠯᠡᠬᠦ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ ᠭᠤᠶᠤᠴᠢᠯᠠᠯ ᠢ ᠬᠦᠯᠢᠶᠡᠨ | ᠠᠪᠴᠤ ᠰᠢᠢᠳᠪᠦᠷᠢᠯᠡᠨ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠬᠦᠯᠢᠶᠡᠨ ᠠᠪᠴᠤ ᠰᠢᠢᠳᠪᠦᠷᠢᠯᠡᠬᠦ ᠳᠠᠩᠰᠠᠯᠠᠯᠲᠠ ᠬᠢᠨ᠎ᠡ᠃ | ︵ᠬᠤᠶᠠᠷ︶ ᠬᠢᠨᠠᠨ ᠬᠠᠷᠭᠤᠭᠤᠯᠬᠤ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠠᠴᠠ ᠭᠤᠶᠤᠴᠢᠯᠠᠭᠰᠠᠨ ᠮᠠᠲ᠋ᠧᠷᠢᠶᠠᠯ ᠢ | ᠬᠢᠨᠠᠨ ᠬᠠᠷᠭᠤᠭᠤᠯᠤᠨ᠎ᠠ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠰᠠᠯᠠᠭ᠎ᠠ | ᠮᠥᠴᠢᠷ ᠵᠢᠴᠢ ᠨᠢᠭᠡᠴᠡ ᠶᠢ ᠵᠣᠬᠢᠴᠠᠭᠤᠯᠵᠤ ᠪᠠᠶᠢᠭᠠᠳ ᠠᠷᠠᠯᠵᠢᠶᠠᠨ ᠤ ᠬᠠᠷᠠᠯᠲᠠ ᠶᠢᠨ ᠡᠷᠬᠡ ᠶᠢᠨ ᠬᠠᠷᠢᠶᠠᠯᠠᠯ ᠵᠡᠷᠭᠡ ᠶᠢ ᠬᠢᠨᠠᠨ ᠬᠠᠷᠭᠤᠭᠤᠯᠵᠤ᠂ ᠬᠤᠯᠪᠣᠭᠳᠠᠯ | ᠪᠥᠬᠦᠶ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠨᠢᠭᠡᠴᠡ ᠠᠴᠠ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ ᠦᠷ᠎ᠡ ᠳ᠋ᠦᠩ ᠢᠶᠠᠨ ᠬᠥᠳᠡᠭᠡ | ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ ᠬᠠᠷᠢᠭᠤ ᠲᠤᠰᠬᠠᠬᠤ ᠬᠡᠷᠡᠭᠲᠡᠶ᠃ | ᠬᠢᠨᠠᠨ ᠬᠠᠷᠭᠤᠭᠤᠯᠵᠤ ᠪᠠᠲᠤᠯᠠᠭᠰᠠᠨ ᠪᠠᠶᠢᠪᠠᠯ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠠᠴᠠ ᠮᠡᠳᠡᠭᠡ ᠵᠠᠩᠭᠢ ᠶᠢ ᠢᠯᠡ ᠪᠠᠷ | ᠨᠡᠶᠢᠲᠡᠯᠡᠬᠦ ᠶᠢᠨ ᠬᠠᠮᠲᠤ ᠡᠷᠭᠢᠯᠲᠡ ᠳᠤ ᠣᠷᠣᠭᠤᠯᠬᠤ ᠠᠷᠠᠯᠵᠢᠶ᠎ᠠ ᠶᠢ ᠵᠣᠬᠢᠶᠠᠨ ᠪᠠᠶᠢᠭᠤᠯᠤᠨ᠎ᠠ᠃ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠭᠡᠢ ᠪᠠᠶᠢᠪᠠᠯ᠂ | ᠡᠷᠭᠢᠯᠲᠡ ᠶᠢᠨ ᠠᠷᠠᠯᠵᠢᠶᠠᠨ ᠤ ᠶᠠᠪᠤᠴᠠ ᠶᠢ ᠵᠣᠭᠰᠣᠭᠠᠵᠤ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠠᠴᠠ ᠭᠤᠶᠤᠴᠢᠯᠠᠭᠴᠢ ᠳᠤ | ᠴᠠᠭ ᠲᠤᠬᠠᠶ ᠳᠤᠨᠢ ᠮᠡᠳᠡᠭᠳᠡᠨ᠎ᠡ᠃ | ᠠᠷᠪᠠᠨ ᠳᠣᠯᠣᠳᠤᠭᠠᠷ ᠵᠦᠢᠯ ᠰᠢᠯᠵᠢᠭᠦᠯᠦᠨ ᠠᠪᠬᠤ ᠭᠤᠶᠤᠴᠢᠯᠠᠯ ᠢ ᠳᠣᠣᠷᠠᠬᠢ ᠵᠢᠷᠤᠮ ᠢᠶᠠᠷ ᠭᠦᠢᠴᠡᠳᠬᠡᠨ᠎ᠡ᠄ | ︵ᠨᠢᠭᠡ︶ ᠬᠦᠯᠢᠶᠡᠨ ᠠᠪᠴᠤ ᠰᠢᠶ᠋ᠳᠪᠦᠷᠢᠯᠡᠬᠦ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ ᠭᠤᠶᠤᠴᠢᠯᠠᠯ ᠢ ᠬᠦᠯᠢᠶᠡᠨ | ᠠᠪᠴᠤ ᠰᠢᠶ᠋ᠳᠪᠦᠷᠢᠯᠡᠨ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠬᠦᠯᠢᠶᠡᠨ ᠠᠪᠴᠤ ᠰᠢᠢᠳᠪᠦᠷᠢᠯᠡᠬᠦ ᠳᠠᠩᠰᠠᠯᠠᠯᠲᠠ ᠬᠢᠨ᠎ᠡ᠃ | ︵ᠬᠤᠶᠠᠷ︶ ᠬᠢᠨᠠᠨ ᠬᠠᠷᠭᠤᠭᠤᠯᠬᠤ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠠᠴᠠ ᠭᠤᠶᠤᠴᠢᠯᠠᠭᠰᠠᠨ ᠮᠠᠲ᠋ᠧᠷᠢᠶᠠᠯ ᠢ | ᠬᠢᠨᠠᠨ ᠬᠠᠷᠭᠤᠭᠤᠯᠤᠨ᠎ᠠ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠠᠢ ᠬᠠᠮᠲᠤᠷᠠᠨ 5 ᠠᠵᠢᠯᠯᠠᠬᠤ ᠡᠳᠦᠷ ᠤᠨ ᠳᠣᠲᠣᠷ᠎ᠠ ᠰᠢᠯᠵᠢᠭᠦᠯᠦᠨ ᠠᠪᠬᠤ ᠪᠠᠷ ᠭᠤᠶᠤᠴᠢᠯᠠᠭᠴᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠮᠡᠳᠡᠭᠡ ᠵᠠᠩᠭᠢ ᠶᠢᠨ ᠬᠢᠨᠠᠨ ᠪᠠᠶᠢᠴᠠᠭᠠᠯᠲᠠ ᠶᠢ ᠬᠠᠤᠯᠢ ᠶᠣᠰᠣᠭᠠᠷ ᠪᠡᠶᠡᠯᠡᠭᠦᠯᠬᠦ ᠬᠡᠷᠡᠭᠲᠡᠶ᠃ | ᠬᠢᠨᠠᠨ ᠬᠠᠷᠭᠤᠭᠤᠯᠵᠤ ᠪᠠᠲᠤᠯᠠᠭᠰᠠᠨ ᠪᠠᠶᠢᠪᠠᠯ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠠᠴᠠ ᠮᠡᠳᠡᠭᠡ ᠵᠠᠩᠭᠢ ᠶᠢ ᠢᠯᠡ ᠪᠠᠷ | ᠨᠡᠶᠢᠲᠡᠯᠡᠬᠦ ᠶᠢᠨ ᠬᠠᠮᠲᠤ ᠡᠷᠭᠢᠯᠲᠡ ᠳᠤ ᠣᠷᠣᠭᠤᠯᠬᠤ ᠠᠷᠠᠯᠵᠢᠶ᠎ᠠ ᠶᠢ ᠵᠣᠬᠢᠶᠠᠨ ᠪᠠᠶᠢᠭᠤᠯᠤᠨ᠎ᠠ᠃ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠭᠡᠢ ᠪᠠᠶᠢᠪᠠᠯ᠂ | ᠡᠷᠭᠢᠯᠲᠡ ᠶᠢᠨ ᠠᠷᠠᠯᠵᠢᠶᠠᠨ ᠤ ᠶᠠᠪᠤᠴᠠ ᠶᠢ ᠵᠣᠭᠰᠣᠭᠠᠵᠤ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠠᠴᠠ ᠭᠤᠶᠤᠴᠢᠯᠠᠭᠴᠢ ᠳᠤ | ᠴᠠᠭ ᠲᠤᠬᠠᠶ ᠳᠤᠨᠢ ᠮᠡᠳᠡᠭᠳᠡᠨ᠎ᠡ᠃ | ᠠᠷᠪᠠᠨ ᠨᠠᠢᠮᠠᠳᠤᠭᠠᠷ ᠵᠦᠢᠯ ᠡᠯ᠎ᠡ ᠰᠤᠮᠤ ᠪᠠᠯᠭᠠᠰᠤᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ | ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠷᠠᠯᠵᠢᠶᠠᠯᠠᠬᠤ ᠭᠤᠶᠤᠴᠢᠯᠠᠯ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ | ᠪᠠᠶᠢᠴᠠᠭᠠᠵᠤ᠂ ᠥᠮᠴᠢᠯᠡᠬᠦ ᠡᠷᠬᠡ ᠶᠢᠨ ᠳᠠᠩᠰᠠ ᠡᠪᠬᠡᠮᠡᠯ ᠢ ᠪᠠᠶᠢᠴᠠᠭᠠᠬᠤ ᠪᠠ ᠡᠷᠬᠡ ᠶᠢᠨ ᠬᠠᠷᠢᠶᠠᠯᠠᠯ ᠢ ᠨᠤᠲᠠᠯᠠᠬᠤ ᠬᠡᠷᠡᠭᠲᠡᠶ᠃ ᠬᠥᠳᠡᠭᠡ ᠲᠣᠰᠬᠤᠨ ᠤ | ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠠᠴᠠ ᠲᠠᠷᠢᠶᠠᠯᠠᠩ ᠮᠠᠯ ᠠᠵᠤ ᠠᠬᠤᠶ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ ᠵᠡᠷᠭᠡ ᠬᠠᠮᠢᠶ᠎ᠠ | ᠪᠥᠬᠦᠶ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠨᠢᠭᠡᠴᠡ ᠳᠤ ᠠᠷᠠᠯᠵᠢᠶᠠᠨ ᠤ ᠬᠠᠷᠠᠯᠲᠠ ᠶᠢᠨ ᠡᠷᠬᠡ ᠶᠢᠨ ᠬᠠᠷᠢᠶᠠᠯᠠᠯ ᠵᠡᠷᠭᠡ ᠶᠢ ᠬᠢᠨᠠᠨ ᠬᠠᠷᠭᠤᠭᠤᠯᠬᠤ ᠪᠠᠷ | ᠳᠡᠪᠰᠢᠭᠦᠯᠵᠦ᠂ ᠬᠠᠮᠢᠶ᠎ᠠ ᠪᠥᠬᠦᠶ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠨᠢᠭᠡᠴᠡ ᠠᠴᠠ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ | ᠦᠷ᠎ᠡ ᠳ᠋ᠦᠩ ᠢᠶᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ ᠪᠢᠴᠢᠭ ᠢᠶᠠᠷ ᠬᠠᠷᠢᠭᠤ ᠲᠤᠰᠬᠠᠬᠤ ᠬᠡᠷᠡᠭᠲᠡᠶ᠃ ᠬᠥᠳᠡᠭᠡ | ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢ | ᠰᠢᠯᠵᠢᠭᠦᠯᠦᠨ ᠠᠷᠠᠯᠵᠢᠶᠠᠯᠠᠬᠤ ᠦᠶ᠋ᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠭᠠᠳᠠᠭᠰᠢ ᠨᠡᠶᠢᠲᠡᠯᠡᠨ᠎ᠡ᠃ | ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠠᠴᠠ ᠴᠤᠭᠯᠠᠭᠤᠯᠵᠤ ᠣᠯᠤᠭᠰᠠᠨ ᠠᠷᠠᠯᠵᠢᠶᠠᠨ ᠤ ᠮᠡᠳᠡᠭᠡ ᠵᠠᠩᠭᠢ ᠶᠢ | ᠡᠮᠬᠢᠯᠡᠵᠦ᠂ ᠨᠠᠷᠢᠯᠢᠬᠵᠢᠭᠤᠯᠵᠤ᠂ ᠲᠦᠷᠦᠯ ᠵᠦᠢᠯ ᠢ ᠲᠠᠨᠢᠯᠴᠠᠭᠤᠯᠬᠤ ᠪᠠ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠵᠢᠯ ᠢ ᠰᠢᠯᠢᠳᠡᠭ ᠢ ᠨᠢ ᠰᠣᠩᠭᠤᠨ | ᠥᠷᠨᠢᠭᠦᠯᠪᠡ᠃ ᠠᠷᠠᠯᠵᠢᠶᠠᠨ ᠤ ᠮᠡᠳᠡᠭᠡ ᠵᠠᠩᠭᠢ ᠳᠤ ᠳᠣᠣᠷᠠᠬᠢ ᠭᠤᠣᠯ ᠠᠭᠤᠯᠭ᠎ᠠ ᠶᠢ ᠪᠠᠭᠲᠠᠭᠠᠬᠤ ᠬᠡᠷᠡᠭᠲᠡᠶ᠄ | ︵ᠨᠢᠭᠡ︶ ᠰᠠᠨᠠᠮᠵᠢ ᠶᠢᠨ ᠠᠷᠠᠯᠵᠢᠶ᠎ᠠ ᠶᠢᠨ ᠥᠮᠴᠢᠯᠡᠬᠦ ᠡᠷᠬᠡ ᠶᠢᠨ ᠬᠦᠴᠦᠨ ᠵᠦᠢᠯ ᠤᠨ ᠦᠨᠳᠦᠰᠦᠨ ᠪᠠᠶᠢᠳᠠᠯ ︵ᠭᠤᠤᠯᠳᠠᠭᠤ ᠡᠳ᠋ ᠬᠥᠷᠥᠩᠭᠡ ᠶᠢᠨ | ᠬᠦᠴᠦᠨ ᠵᠦᠶ᠋ᠯ ᠤᠨ ᠰᠠᠭᠤᠷᠢ ᠮᠡᠳᠡᠭᠡ ᠵᠠᠩᠭᠢ᠂ ᠠᠰᠢᠭᠯᠠᠵᠤ ᠪᠠᠶᠢᠭ᠎ᠠ ᠣᠳᠣᠬᠢ ᠪᠠᠶᠢᠳᠠᠯ᠂ ᠡᠷᠭᠢᠯᠲᠡ ᠶᠢᠨ ᠠᠷᠠᠯᠵᠢᠶ᠎ᠠ ᠶᠢᠨ ᠠᠷᠭ᠎ᠠ ᠮᠠᠶ᠋ᠢᠭ ᠪᠠ ᠵᠢᠱᠢᠭᠰᠡᠨ ᠦᠨ᠎ᠡ | ᠬᠠᠩᠰᠢ ᠵᠡᠷᠭᠡ ᠠᠭᠤᠯᠭ᠎ᠠ ᠶᠢ ᠪᠠᠭᠲᠠᠭᠠᠨ᠎ᠠ︶᠃ | ︵ᠬᠤᠶᠠᠷ︶ ᠰᠢᠯᠵᠢᠭᠦᠯᠦᠨ ᠥᠭᠭᠦᠭᠰᠡᠨ ᠲᠠᠯ᠎ᠠ / ᠰᠢᠯᠵᠢᠭᠦᠯᠦᠨ ᠠᠪᠤᠭᠰᠠᠨ ᠲᠠᠯ᠎ᠠ ᠶᠢᠨ ᠦᠨᠳᠦᠰᠦᠨ ᠪᠠᠶᠢᠳᠠᠯ ᠪᠠ ᠬᠤᠯᠪᠣᠭᠳᠠᠯ ᠪᠦᠬᠦᠢ ᠨᠥᠬᠦᠴᠡᠯ᠃ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠪᠤᠰᠤᠳ ᠵᠦᠢᠯ ᠤᠳ᠃ | ᠠᠷᠪᠠ ᠶᠢᠰᠦᠳᠦᠭᠡᠷ ᠵᠦᠢᠯ ᠠᠷᠠᠯᠵᠢᠶ᠎ᠠ ᠪᠦᠲᠦᠭᠰᠡᠨ ᠤ ᠳᠠᠷᠠᠭ᠎ᠠ᠂ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ | ᠲᠥᠪ ᠠᠴᠠ ᠠᠷᠠᠯᠵᠢᠶᠠᠨ ᠤ ᠬᠤᠶᠠᠷ ᠲᠠᠯ᠎ᠠ ᠶᠢ ᠵᠣᠬᠢᠶᠠᠨ ᠪᠠᠶᠢᠭᠤᠯᠵᠤ ᠪᠠᠶᠢᠭᠠᠳ ᠪᠦᠬᠦ ᠰᠢᠶᠠᠨ ᠤ ᠨᠢᠭᠡᠳᠦᠯᠲᠡᠶ ᠵᠢᠷᠤᠮᠵᠢᠭᠰᠠᠨ ᠬᠡᠯᠪᠡᠷᠢ ᠶᠢᠨ ᠡᠷᠭᠢᠯᠲᠡ ᠶᠢᠨ | ᠠᠷᠠᠯᠵᠢᠶᠠᠨ ᠤ ᠭᠡᠷ᠎ᠡ ᠲᠣᠭᠲᠠᠭᠠᠨ᠎ᠠ᠃ ᠭᠡᠷ᠎ᠡ ᠳᠤ ᠪᠣᠯᠵᠣᠨ ᠲᠣᠭᠲᠠᠭᠰᠠᠨ ᠢ ᠦᠨᠳᠦᠰᠦᠯᠡᠪᠡᠯ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ | ᠲᠥᠪ ᠨᠢ ᠠᠷᠠᠯᠵᠢᠶᠠᠯᠠᠬᠤ ᠬᠤᠶᠠᠷ ᠲᠠᠯ᠎ᠠ ᠶᠢ ᠵᠣᠬᠢᠶᠠᠨ ᠪᠠᠶᠢᠭᠤᠯᠵᠤ ᠦᠨ᠎ᠡ ᠶᠢᠨ ᠵᠣᠭᠤᠰ ᠢ ᠲᠠᠰᠤᠯᠤᠨ ᠪᠤᠳᠤᠨ᠎ᠠ᠃ | ᠬᠤᠷᠢᠳᠤᠭᠠᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠶᠠᠪᠤᠴᠠ ᠳᠤ᠂ ᠵᠣᠬᠢᠬᠤ ᠲᠣᠭᠠᠨ ᠤ | ᠠᠷᠠᠯᠵᠢᠶᠠᠨ ᠤ ᠪᠠᠲᠤᠯᠠᠭ᠎ᠠ ᠶᠢᠨ ᠮᠥᠩᠭᠦ ᠭᠠᠷᠭᠠᠬᠤ ᠬᠡᠷᠡᠭᠲᠡᠶ᠂ ᠪᠠᠲᠤᠯᠠᠭ᠎ᠠ ᠶᠢᠨ ᠮᠥᠩᠭᠦ ᠶᠢ ᠵᠠᠷᠴᠢᠮ ᠳᠡᠭᠡᠷ᠎ᠡ ᠪᠠᠨ ᠠᠷᠠᠯᠵᠢᠶᠠᠨ ᠤ ᠵᠢᠱᠢᠯᠲᠡ ᠥᠷᠲᠡᠭ ᠤᠨ | 40% ᠠᠴᠠ ᠬᠡᠲᠦᠷᠡᠭᠦᠯᠵᠦ ᠪᠣᠯᠬᠤ ᠦᠭᠡᠢ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠣᠷᠣᠯᠠᠨ ᠬᠤᠷᠢᠶᠠᠵᠤ ᠣᠷᠣᠯᠠᠨ | ᠪᠤᠴᠠᠭᠠᠨ᠎ᠠ᠃ ᠰᠢᠯᠵᠢᠭᠦᠯᠦᠨ ᠠᠪᠤᠭᠴᠢ ᠲᠠᠯ᠎ᠠ ᠨᠢ ᠡᠷᠬᠡᠪᠰᠢ ᠨᠡᠷ᠎ᠡ ᠮᠡᠳᠡᠭᠦᠯᠦᠭᠰᠡᠨ ᠤ ᠲᠠᠷᠠᠭ᠎ᠠ᠂ ᠠᠷᠠᠯᠵᠢᠶ᠎ᠠ ᠳᠠᠭᠤᠰᠬᠤ ᠠᠴᠠ ᠡᠮᠦᠨ᠎ᠡ ᠬᠥᠳᠡᠭᠡ ᠲᠣᠰᠬᠤᠨ ᠤ | ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠲᠤ ᠠᠷᠠᠯᠵᠢᠶᠠᠨ ᠤ ᠪᠠᠲᠤᠯᠠᠭ᠎ᠠ ᠶᠢᠨ ᠮᠥᠩᠭᠦ ᠶᠢ ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠃ ᠠᠷᠠᠯᠵᠢᠶᠠᠨ ᠤ | ᠪᠠᠲᠤᠯᠠᠭ᠎ᠠ ᠶᠢᠨ ᠮᠥᠩᠭᠦ ᠶᠢ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠠᠴᠠ ᠠᠷᠠᠯᠵᠢᠶᠠᠨ ᠤ ᠭᠡᠷᠡᠴᠢ ᠪᠢᠴᠢᠭ ︵ᠪᠤᠶᠤ ᠠᠷᠠᠯᠵᠢᠶ᠎ᠠ | ᠳᠠᠭᠤᠰᠤᠭᠰᠠᠨ︶ ᠭᠠᠷᠭᠠᠵᠤ ᠥᠭᠭᠦᠭᠰᠡᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ ᠬᠦᠤ ᠮᠥᠩᠭᠦ ᠥᠬᠡᠶ ᠪᠠᠷ ᠪᠤᠴᠠᠭᠠᠨ᠎ᠠ᠃ | ᠬᠤᠷᠢᠨ ᠨᠢᠭᠡᠳᠦᠭᠡᠷ ᠵᠦᠢᠯ ᠡᠷᠭᠢᠯᠲᠡ ᠳᠤ ᠣᠷᠣᠭᠤᠯᠬᠤ ᠠᠷᠠᠯᠵᠢᠶᠠᠨ ᠤ ᠭᠡᠷ᠎ᠡ ᠶᠢ ᠰᠢᠯᠵᠢᠭᠦᠯᠦᠨ ᠬᠤᠳᠠᠯᠳᠤᠬᠤ ᠲᠠᠯ᠎ᠠ ᠪᠠ ᠰᠢᠯᠵᠢᠭᠦᠯᠦᠨ ᠠᠪᠬᠤ ᠲᠠᠯ᠎ᠠ | ᠭᠠᠷ ᠤᠨ ᠦᠰᠦᠭ ᠵᠢᠷᠤᠵᠤ᠂ ᠲᠠᠮᠠᠭ᠎ᠠ ᠳᠠᠷᠤᠭᠰᠠᠨ ᠤ ᠳᠠᠷᠠᠭ᠎ᠠ᠂ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠠᠴᠠ ᠬᠢᠨᠠᠨ | ᠬᠠᠷᠭᠤᠭᠤᠯᠬᠤ ᠶᠢᠨ ᠬᠠᠮᠲᠤ ︽ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠦᠨᠡᠮᠯᠡᠯ︾ ᠢ ᠨᠢᠭᠡᠳᠦᠯᠲᠡᠶ ᠭᠠᠷᠭᠠᠵᠤ | ᠥᠭᠬᠦ ᠶᠢᠨ ᠬᠠᠮᠲᠤ ᠠᠷᠠᠯᠵᠢᠶ᠎ᠠ ᠪᠦᠲᠦᠭᠰᠡᠨ ᠪᠠᠶᠢᠳᠠᠯ ᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠦᠢᠯᠡᠴᠢᠯᠡᠭᠡᠨ ᠤ | ᠲᠠᠪᠴᠠᠩ ᠳᠤ ᠵᠠᠷᠯᠠᠨ ᠨᠡᠶᠢᠲᠡᠯᠡᠨ᠎ᠡ᠃ | ᠬᠤᠷᠢᠨ ᠬᠤᠶᠠᠳᠤᠭᠠᠷ ᠵᠦᠢᠯ ᠡᠷᠬᠡ ᠶᠢᠨ ᠬᠠᠷᠢᠶᠠᠯᠠᠯ ᠢ ᠬᠤᠪᠢᠷᠠᠭᠤᠯᠬᠤ ᠳᠤ ᠬᠤᠯᠪᠣᠭᠳᠠᠭᠰᠠᠨ ᠪᠠᠶᠢᠪᠠᠯ᠂ ᠡᠷᠭᠢᠯᠲᠡ ᠶᠢᠨ ᠠᠷᠠᠯᠵᠢᠶᠠᠨ ᠤ ᠬᠤᠶᠠᠷ | ᠲᠠᠯ᠎ᠠ ᠪᠠᠷ ᠢᠶᠠᠨ ᠠᠷᠠᠯᠵᠢᠶᠠᠨ ᠤ ᠭᠡᠷᠡᠴᠢ ᠪᠢᠴᠢᠭ ᠵᠡᠷᠭᠡ ᠭᠤᠶᠤᠴᠢᠯᠠᠯ ᠤᠨ ᠮᠠᠲ᠋ᠧᠷᠢᠶᠠᠯ ᠢᠶᠠᠨ ᠠᠪᠴᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠥᠳᠡᠭᠡ | ᠲᠣᠰᠬᠤᠨ ᠤ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠬᠢᠯᠭᠡᠬᠦ ᠪᠠᠷ ᠭᠤᠶᠤᠴᠢᠯᠠᠨ᠎ᠠ᠃ | ᠬᠤᠷᠢᠨ ᠭᠤᠷᠪᠠᠳᠤᠭᠠᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠵᠠᠬ᠎ᠠ ᠳᠡᠯᠭᠡᠭᠦᠷ ᠤᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠠᠬ᠎ᠠ ᠳᠡᠯᠭᠡᠭᠦᠷᠴᠢᠯᠡᠬᠦ ᠬᠠᠨᠳᠤᠰᠢ ᠶᠢ ᠢᠯᠡᠷᠡᠭᠦᠯᠵᠦ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ | ᠣᠷᠣᠭᠤᠯᠵᠤ ᠠᠷᠠᠯᠵᠢᠶᠠᠯᠠᠬᠤ ᠶᠢ ᠲᠡᠳᠬᠦᠨ ᠳᠡᠮᠵᠢᠬᠦ ᠶᠢᠨ ᠲᠥᠯᠥᠭᠡ᠂ ᠲᠤᠰ ᠣᠷᠣᠨ ᠪᠦᠰᠡ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ︵ᠭᠠᠴᠠᠭᠠᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢ ᠣᠷᠣᠯᠠᠨ | ᠭᠦᠢᠴᠡᠳᠬᠡᠵᠦ ᠪᠠᠶᠢᠭ᠎ᠠ ᠭᠠᠴᠠᠭᠠᠨ ᠤ ᠠᠷᠠᠳ ᠤᠨ ᠵᠥᠪᠯᠡᠯ ᠪᠠᠭᠲᠠᠨ᠎ᠠ︶ ᠪᠣᠯᠤᠨ ᠲᠠᠷᠢᠶᠠᠴᠢᠳ ᠠᠴᠠ ᠠᠷᠠᠯᠵᠢᠶᠠᠨ ᠤ ᠦᠢᠯᠡᠴᠢᠯᠡᠭᠡᠨ ᠤ ᠪᠤᠰᠤᠳ ᠠᠷᠠᠯᠵᠢᠶᠠᠨ ᠤ | ᠭᠤᠤᠯ ᠴᠣᠭᠴᠠ ᠠᠴᠠ ᠲᠣᠭᠲᠠᠭᠠᠯ ᠶᠣᠰᠣᠭᠠᠷ ᠬᠠᠮᠢᠶ᠎ᠠ ᠪᠥᠬᠦᠶ ᠰᠦᠶ᠋ᠳᠬᠡᠯ ᠬᠤᠷᠢᠶᠠᠬᠤ ᠳᠤ᠂ ᠰᠦᠶ᠋ᠳᠬᠡᠯ ᠬᠤᠷᠢᠶᠠᠬᠤ ᠪᠠᠷᠢᠮᠵᠢᠶ᠎ᠠ ᠶᠢ ᠵᠠᠬ᠎ᠠ ᠳᠡᠯᠭᠡᠭᠦᠷ ᠤᠨ ᠦᠨ᠎ᠡ | ᠬᠠᠩᠰᠢ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠬᠤᠷᠢᠨ ᠳᠥᠷᠪᠡᠳᠦᠭᠡᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠳᠤ ᠳᠠᠩᠰᠠᠯᠠᠭᠤᠯᠬᠤ | ᠴᠢᠬᠤᠯᠠᠲᠠᠶ ᠪᠠᠶᠢᠪᠠᠯ᠂ ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠪᠤᠶᠤ ᠭᠠᠴᠠᠭᠠᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠤ ᠳᠠᠩᠰᠠᠯᠠᠭᠤᠯᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠠᠷᠭ᠎ᠠ ᠮᠠᠶ᠋ᠢᠭ ᠨᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠠᠷᠭ᠎ᠠ ᠮᠠᠶ᠋ᠢᠭ ᠢ ᠦᠨᠳᠦᠰᠦᠯᠡᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠡᠷᠭᠢᠯᠲᠡ ᠶᠢᠨ | ᠲᠣᠰ ᠠᠷᠭ᠎ᠠ ᠶᠢᠨ ᠶᠣᠰᠣᠭᠠᠷ᠂ ᠪᠣᠳᠠᠲᠠᠶ ᠲᠥᠷᠥᠯ ᠵᠦᠶ᠋ᠯ ᠤᠨ ᠠᠷᠠᠯᠵᠢᠶᠠᠯᠠᠬᠤ ᠲᠦᠷᠢᠮ ᠢ ᠲᠥᠷᠥᠯ ᠬᠤᠪᠢᠶᠠᠨ ᠲᠣᠭᠲᠠᠭᠠᠨ᠎ᠠ᠃ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠡᠷᠭᠢᠯᠲᠡ ᠶᠢᠨ | ᠠᠷᠠᠯᠵᠢᠶᠠᠨ ᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠵᠢᠷᠤᠮᠵᠢᠯ ᠲᠠᠢ᠂ ᠨᠢᠭᠡᠳᠦᠯᠲᠡᠶ ᠬᠡᠯᠪᠡᠷᠢᠵᠢᠭᠰᠡᠨ ᠪᠢᠴᠢᠭ ᠬᠠᠷ᠎ᠠ ᠶᠢ ᠬᠡᠷᠡᠭᠯᠡᠵᠦ᠂ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠵᠢᠷᠤᠮᠵᠢᠭᠤᠯᠤᠨ ᠵᠣᠬᠢᠶᠠᠨ ᠪᠠᠶᠢᠭᠤᠯᠤᠨ᠎ᠠ᠃ | ᠳᠥᠷᠪᠡᠳᠦᠭᠡᠷ ᠪᠦᠯᠦᠭ ᠵᠢᠷᠤᠮᠵᠢᠭᠤᠯᠬᠤ ᠪᠠ ᠬᠢᠨᠠᠨ ᠬᠠᠮᠢᠶᠠᠷᠬᠤ | ᠬᠤᠷᠢᠨ ᠵᠢᠷᠭᠤᠳᠤᠭᠠᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠶᠠᠪᠤᠴᠠ ᠳᠤ᠂ ᠳᠣᠣᠷ᠎ᠠ | ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠢᠶᠠᠷ | ᠨᠤᠲᠠᠯᠠᠭᠤᠯᠤᠭᠰᠠᠨ ᠤ ᠳᠠᠷᠠᠭ᠎ᠠ ᠠᠷᠠᠯᠵᠢᠶᠠᠯᠠᠬᠤ ᠪᠠᠨ ᠵᠣᠭᠰᠣᠭᠠᠨ᠎ᠠ᠄ | ︵ᠨᠢᠭᠡ︶ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠠᠷᠠᠯᠵᠢᠶ᠎ᠠ ᠶᠢ ᠲᠤᠷᠭᠤᠨ ᠵᠣᠭᠰᠣᠭᠠᠬᠤ ᠪᠠᠷ | ᠳᠤᠷᠠᠳᠤᠭᠰᠠᠨ᠃ | ︵ᠬᠤᠶᠠᠷ︶ ᠰᠢᠯᠵᠢᠭᠦᠯᠦᠨ ᠥᠭᠭᠦᠭᠴᠢ ᠪᠤᠶᠤ ᠥᠮᠴᠢᠯᠡᠯ ᠤᠨ ᠡᠷᠬᠡ ᠲᠠᠢ ᠰᠢᠭᠤᠳ ᠬᠠᠷᠢᠴᠠᠭ᠎ᠠ ᠲᠠᠢ ᠭᠤᠷᠪᠠᠳᠠᠬᠢ ᠡᠲᠡᠭᠡᠳ ᠠᠴᠠ ᠵᠦᠢ ᠶᠣᠰᠣᠨ ᠤ | ᠤᠴᠢᠷ ᠰᠢᠯᠲᠠᠭᠠᠨ ᠢᠶᠠᠨ ᠳᠤᠷᠠᠳᠤᠭᠰᠠᠨ ᠪᠥᠭᠡᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ | ᠣᠯᠤᠭᠰᠠᠨ᠃ | ︵ᠭᠤᠷᠪᠠ︶ ᠥᠮᠴᠢᠯᠡᠬᠦ ᠡᠷᠬᠡ ᠶᠢᠨ ᠲᠠᠯ᠎ᠠ ᠪᠠᠷ ᠡᠷᠬᠡ ᠶᠢᠨ ᠬᠠᠷᠢᠶ᠎ᠠ ᠶᠢᠨ ᠲᠤᠬᠠᠶ ᠮᠠᠷᠭᠤᠯᠳᠤᠭᠠᠨ ᠲᠠᠢ ᠪᠠᠶᠢᠬᠤ᠃ | ︵ᠲᠦᠷᠪᠡ︶ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠠᠴᠠ ᠴᠢᠬᠤᠯᠠᠲᠠᠶ ᠭᠡᠵᠦ ᠦᠵᠡᠭᠰᠡᠨ ᠪᠥᠭᠡᠳ | ᠬᠤᠯᠪᠣᠭᠳᠠᠯ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠵᠥᠪᠰᠢᠶᠡᠷᠡᠯ ᠢ ᠣᠯᠤᠭᠰᠠᠨ ᠪᠠᠶᠢᠬᠤ᠃ | ︵ᠲᠠᠪᠤ︶ ᠲᠤᠷᠭᠤᠨ ᠵᠣᠭᠰᠣᠭᠠᠬᠤ ᠬᠤᠭᠤᠴᠠᠭ᠎ᠠ ᠳᠦᠭᠦᠷᠦᠭᠰᠡᠨ ᠤ ᠲᠠᠷᠠᠭ᠎ᠠ᠂ ᠠᠷᠠᠯᠵᠢᠶ᠎ᠠ ᠶᠢ ᠲᠤᠷᠭᠤᠨ ᠵᠣᠭᠰᠣᠭᠠᠬᠤ ᠶᠢ ᠨᠥᠯᠥᠭᠡᠯᠡᠬᠦ ᠬᠦᠴᠦᠨ ᠵᠦᠢᠯ ᠢ | ᠮᠥᠨ ᠯᠡ ᠠᠷᠢᠯᠭᠠᠵᠤ ᠴᠢᠳᠠᠭᠰᠠᠨ ᠦᠭᠡᠢ ᠠᠴᠠ ᠪᠤᠯᠵᠤ ᠠᠷᠠᠯᠵᠢᠶ᠎ᠠ ᠶᠢ ᠦᠷᠭᠦᠯᠵᠢᠯᠡᠨ ᠶᠠᠪᠤᠭᠳᠠᠭᠤᠯᠬᠤ ᠶᠢᠨ ᠠᠷᠭ᠎ᠠ ᠦᠭᠡᠢ ᠪᠣᠯᠭᠠᠭᠰᠠᠨ᠃ | ︵ᠵᠢᠷᠭᠤᠭ᠎ᠠ︶ ᠰᠢᠯᠵᠢᠭᠦᠯᠦᠨ ᠥᠭᠬᠦ ᠲᠠᠯ᠎ᠠ ᠪᠣᠯᠤᠨ ᠰᠢᠯᠵᠢᠭᠦᠯᠦᠨ ᠠᠪᠬᠤ ᠲᠠᠯ᠎ᠠ ᠬᠤᠶᠠᠷ ᠲᠠᠯ᠎ᠠ ᠪᠠᠷ ᠢᠶᠠᠨ ᠲᠤᠷᠭᠤᠠ ᠵᠣᠭᠰᠣᠭᠠᠬᠤ ᠶᠢ | ᠵᠥᠪᠰᠢᠶᠡᠷᠡᠭᠰᠡᠨ᠃ | ︵ᠲᠤᠯᠤᠭ᠎ᠠ︶ ᠠᠷᠠᠯᠵᠢᠶ᠎ᠠ ᠶᠢ ᠬᠠᠤᠯᠢ ᠶᠣᠰᠣᠭᠠᠷ ᠲᠤᠷᠭᠤᠨ ᠵᠣᠭᠰᠣᠭᠠᠬᠤ ᠶᠣᠰᠣᠲᠠᠶ ᠪᠤᠰᠤᠳ ᠪᠠᠶᠢᠳᠠᠯ ᠤᠳ᠃ | ᠠᠷᠠᠯᠵᠢᠶ᠎ᠠ ᠶᠢ ᠲᠤᠷᠭᠤᠨ ᠵᠣᠭᠰᠣᠭᠠᠭᠰᠠᠨ ᠤ ᠲᠠᠷᠠᠭ᠎ᠠ᠂ ᠠᠷᠠᠯᠵᠢᠶᠠᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠭᠤᠶᠤᠴᠢᠯᠠᠯ ᠭᠠᠷᠭᠠᠬᠤ ᠶᠢᠨ ᠬᠠᠮᠲᠤ | ᠰᠢᠶᠠᠨ ᠤ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠠᠴᠠ ᠠᠷᠠᠯᠵᠢᠶ᠎ᠠ ᠶᠢ ᠲᠠᠬᠢᠨ ᠡᠬᠢᠯᠡᠭᠦᠯᠬᠦ ᠨᠥᠬᠦᠴᠡᠯ ᠳᠤ ᠨᠡᠶᠢᠴᠡᠨ᠎ᠡ ᠭᠡᠵᠦ | ᠮᠠᠭᠠᠳᠯᠠᠨ ᠲᠣᠭᠲᠠᠭᠠᠭᠰᠠᠨ ᠪᠠᠶᠢᠪᠠᠯ᠂ ᠠᠷᠠᠯᠵᠢᠶ᠎ᠠ ᠶᠢ ᠲᠠᠬᠢᠨ ᠡᠬᠢᠯᠡᠭᠦᠯᠵᠦ ᠪᠣᠯᠤᠨ᠎ᠠ᠃ | ᠬᠤᠷᠢᠨ ᠳᠣᠯᠣᠳᠤᠭᠠᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠶᠠᠪᠤᠴᠠ ᠳᠤ᠂ ᠳᠣᠣᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠢᠶᠠᠷ ᠨᠤᠲᠠᠯᠠᠭᠤᠯᠤᠭᠰᠠᠨ ᠤ | ᠳᠠᠷᠠᠭ᠎ᠠ ᠠᠷᠠᠯᠵᠢᠶ᠎ᠠ ᠶᠢ ᠵᠣᠭᠰᠣᠭᠠᠨ᠎ᠠ᠄ | ︵ᠨᠢᠭᠡ︶ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠠᠷᠠᠯᠵᠢᠶ᠎ᠠ ᠶᠢ ᠳᠠᠭᠤᠰᠬᠠᠬᠤ ᠪᠠᠷ ᠳᠤᠷᠠᠳᠤᠭᠰᠠᠨ᠃ | ︵ᠬᠤᠶᠠᠷ︶ ᠰᠢᠯᠵᠢᠭᠦᠯᠦᠨ ᠬᠤᠳᠠᠯᠳᠤᠬᠤ ᠲᠠᠯ᠎ᠠ ᠪᠤᠶᠤ ᠥᠮᠴᠢᠯᠡᠬᠦ ᠡᠷᠬᠡ ᠲᠠᠢ ᠰᠢᠭᠤᠳ ᠬᠠᠷᠢᠴᠠᠭ᠎ᠠ ᠲᠠᠢ ᠭᠤᠷᠪᠠᠳᠤᠭᠠᠷ ᠲᠠᠯ᠎ᠠ ᠠᠴᠠ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠠᠷᠠᠯᠵᠢᠶ᠎ᠠ ᠶᠢ ᠳᠠᠭᠤᠰᠬᠠᠬᠤ ᠪᠢᠴᠢᠭ ᠤᠨ ᠭᠤᠶᠤᠴᠢᠯᠠᠯ ᠭᠠᠷᠭᠠᠭᠰᠠᠨ ᠪᠥᠭᠡᠳ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ᠃ | ︵ᠭᠤᠷᠪᠠ︶ ᠠᠷᠠᠳ ᠤᠨ ᠰᠢᠭᠦᠬᠦ ᠬᠤᠷᠢᠶ᠎ᠠ ᠠᠷᠠᠯᠵᠢᠶ᠎ᠠ ᠶᠢ ᠳᠠᠭᠤᠰᠬᠠᠬᠤ ᠪᠢᠴᠢᠭ ᠤᠨ ᠮᠡᠳᠡᠭᠳᠡᠯ ᠢ ᠬᠠᠤᠯᠢ ᠶᠣᠰᠣᠭᠠᠷ ᠭᠠᠷᠭᠠᠭᠰᠠᠨ᠃ | ︵ᠲᠦᠷᠪᠡ︶ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠠᠴᠠ ᠴᠢᠬᠤᠯᠠᠲᠠᠶ ᠭᠡᠵᠦ ᠦᠵᠡᠭᠰᠡᠨ ᠪᠥᠭᠡᠳ | ᠬᠤᠯᠪᠣᠭᠳᠠᠯ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠵᠥᠪᠰᠢᠶᠡᠷᠡᠯ ᠢ ᠣᠯᠤᠭᠰᠠᠨ᠃ | ︵ᠲᠠᠪᠤ︶ ᠰᠢᠯᠵᠢᠭᠦᠯᠦᠨ ᠥᠭᠬᠦ ᠲᠠᠯ᠎ᠠ ᠪᠣᠯᠤᠨ ᠰᠢᠯᠵᠢᠭᠦᠯᠦᠨ ᠠᠪᠬᠤ ᠲᠠᠯ᠎ᠠ ᠬᠤᠶᠠᠷ ᠲᠠᠯ᠎ᠠ ᠪᠠᠷ ᠢᠶᠠᠨ ᠳᠠᠭᠤᠰᠬᠠᠬᠤ ᠶᠢ ᠵᠥᠪᠰᠢᠶᠡᠷᠡᠭᠰᠡᠨ᠃ | ︵ᠵᠢᠷᠭᠤᠭ᠎ᠠ︶ ᠥᠮᠴᠢᠯᠡᠬᠦ ᠡᠷᠬᠡ ᠶᠢᠨ ᠠᠷᠠᠯᠵᠢᠶ᠎ᠠ ᠶᠢ ᠬᠠᠤᠯᠢ ᠶᠣᠰᠣᠭᠠᠷ ᠳᠠᠭᠤᠰᠬᠠᠬᠤ ᠶᠣᠰᠣᠲᠠᠶ ᠪᠤᠰᠤᠳ ᠪᠠᠶᠢᠳᠠᠯ ᠤᠳ᠃ | ᠬᠤᠷᠢᠨ ᠨᠠᠢᠮᠠᠳᠤᠭᠠᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠶᠠᠪᠤᠴᠠ ᠳᠤ ᠳᠣᠣᠷ᠎ᠠ | ᠵᠢᠭᠰᠠᠭᠠᠭᠰᠠᠨ ᠠᠵᠢᠯᠯᠠᠭ᠎ᠠ ᠨᠤᠭᠤᠳ ᠢ ᠴᠠᠭᠠᠵᠠᠯᠠᠨ᠎ᠠ᠄ | ︵ᠨᠢᠭᠡ︶ ᠠᠷᠠᠯᠵᠢᠶᠠᠨ ᠤ ᠵᠠᠬ᠎ᠠ ᠳᠡᠯᠭᠡᠭᠦᠷ ᠢ ᠵᠠᠬᠢᠷᠤᠨ ᠡᠵᠡᠮᠳᠡᠭᠰᠡᠨ ᠪᠤᠶᠤ ᠠᠷᠠᠯᠵᠢᠶᠠᠨ ᠤ ᠡᠮᠬᠢ ᠵᠢᠷᠤᠮ ᠢ ᠰᠠᠮᠠᠭᠤᠷᠠᠭᠤᠯᠤᠭᠰᠠᠨ᠃ | ︵ᠬᠤᠶᠠᠷ︶ ᠰᠢᠯᠵᠢᠭᠦᠯᠦᠨ ᠥᠭᠭᠦᠭᠰᠡᠨ ᠲᠠᠯ᠎ᠠ / ᠰᠢᠯᠵᠢᠭᠦᠯᠦᠨ ᠠᠪᠤᠭᠰᠠᠨ ᠲᠠᠯ᠎ᠠ ᠶᠢᠨ ᠭᠤᠣᠯᠴᠢ ᠪᠠᠷ ᠠᠷᠠᠯᠵᠢᠶᠠᠯᠠᠬᠤ ᠳᠤ ᠬᠤᠬᠢᠷᠠᠯ ᠤᠴᠠᠷᠠᠭᠤᠯᠤᠭᠰᠠᠨ᠃ | | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠪᠣᠯᠤᠨ ᠲᠥᠷᠥ ᠶᠢᠨ ᠪᠤᠳᠤᠯᠭ᠎ᠠ ᠳᠤ ᠴᠠᠭᠠᠵᠠᠯᠠᠭᠰᠠᠨ ᠪᠤᠰᠤᠳ ᠥᠢᠯᠡ | ᠠᠵᠢᠯᠯᠠᠭ᠎ᠠ᠃ | ᠬᠤᠷᠢ ᠶᠢᠰᠦᠳᠦᠭᠡᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠦᠷᠦᠩᠭᠡ ᠶᠢᠨ ᠥᠮᠴᠢᠯᠡᠯ ᠤᠨ ᠡᠷᠬᠡ ᠶᠢ ᠠᠷᠠᠯᠵᠢᠶᠠᠯᠠᠬᠤ ᠳᠤ ᠡᠷᠬᠡᠪᠰᠢ ᠲᠤᠰ | ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠶᠡᠭᠡ ᠬᠤᠷᠠᠯ ᠪᠤᠶᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠶᠠᠷᠢᠯᠴᠠᠭᠤᠯᠤᠨ | ᠪᠠᠲᠤᠯᠠᠭᠤᠯᠬᠤ ᠬᠡᠷᠡᠭᠲᠡᠶ᠂ ᠵᠠᠷᠯᠠᠨ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠰᠤᠮᠤ ᠪᠠᠯᠭᠠᠰᠤᠨ ᠤ ᠵᠠᠰᠠᠭ ᠤᠨ | ᠣᠷᠳᠣᠨ ᠪᠠ ᠰᠢᠶᠠᠨ ᠤ ᠬᠥᠳᠡᠭᠡ ᠲᠣᠰᠬᠤᠨ ᠤ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠲᠠᠷᠢᠶᠠᠴᠢᠨ ᠤ ᠬᠤᠪᠢ ᠶᠢᠨ ᠥᠮᠴᠢᠯᠡᠯ ᠤᠨ ᠡᠷᠬᠡ ᠶᠢ ᠡᠷᠬᠡᠪᠰᠢ ᠲᠤᠰ ᠬᠥᠮᠦᠨ ᠨᠢ ᠰᠠᠶᠢᠨ ᠳᠤᠷ᠎ᠠ ᠠᠴᠠ ᠪᠠᠨ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠠᠷᠠᠯᠵᠢᠶᠠᠯᠠᠬᠤ ᠦᠨ᠎ᠡ ᠨᠢ ᠡᠬᠢ ᠪᠠᠶᠠᠯᠢᠭ ᠡᠳ᠋ ᠬᠥᠷᠥᠩᠭᠡ ᠶᠢᠨ ᠤᠤᠯ ᠤᠨ ᠥᠷᠲᠡᠭ ︵ᠴᠡᠪᠡᠷ ᠥᠷᠲᠡᠭ︶ ᠪᠤᠶᠤ ᠨᠢᠭᠡᠨᠲᠡ ᠪᠠᠶᠢᠭ᠎ᠠ ᠬᠢᠷᠢ ᠬᠡᠮ ᠲᠠᠢ | ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠭᠠᠷᠭᠠᠭᠰᠠᠨ ᠦᠨᠡᠯᠡᠨ ᠵᠢᠱᠢᠭᠰᠡᠨ ᠥᠷᠲᠡᠭ ᠠᠴᠠ ᠳᠣᠤᠷ᠎ᠠ ᠪᠠᠶᠢᠵᠤ ᠪᠣᠯᠬᠤ ᠥᠬᠡᠶ᠃ | ᠬᠥᠳᠡᠭᠡ ᠲᠣᠰᠬᠤᠨ ᠤ ᠬᠤᠪᠢ ᠬᠥᠮᠦᠨ ᠤ ᠥᠮᠴᠢᠯᠡᠬᠦ ᠡᠷᠬᠡ ᠶᠢᠨ ᠠᠷᠠᠯᠵᠢᠶᠠᠯᠠᠬᠤ ᠦᠨ᠎ᠡ ᠶᠢ ᠬᠢᠷᠢ ᠬᠡᠮ ᠲᠠᠢ ᠡᠳ᠋ ᠬᠥᠷᠥᠩᠭᠡ ᠶᠢ ᠦᠨᠡᠯᠡᠨ ᠵᠢᠱᠢᠬᠦ | ᠪᠠᠶᠢᠭᠤᠯᠤᠮᠵᠢ ᠶᠢᠨ ᠦᠨᠡᠯᠡᠨ ᠵᠢᠱᠢᠭᠰᠡᠨ ᠬᠡᠮᠵᠢᠭᠳᠡᠯ ᠢᠶᠠᠷ ᠦᠨᠳᠦᠰᠦᠯᠡᠯ ᠪᠣᠯᠭᠠᠵᠤ ᠪᠣᠯᠤᠨ᠎ᠠ᠂ ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠥᠪᠡᠰᠦᠪᠡᠨ ᠵᠥᠪᠳᠡᠯᠴᠡᠨ | ᠲᠣᠭᠲᠠᠭᠠᠭᠰᠠᠨ ᠴᠤ ᠪᠣᠯᠤᠨ᠎ᠠ᠃ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠦᠨ᠎ᠡ ᠨᠢ ᠠᠷᠠᠯᠵᠢᠶᠠᠯᠠᠬᠤ ᠬᠠᠷᠠᠯᠲᠠ ᠶᠢᠨ ᠬᠠᠮᠤᠭ ᠤᠨ | ᠳᠣᠣᠷ᠎ᠠ ᠦᠨ᠎ᠡ ᠠᠴᠠ ᠳᠣᠣᠷ᠎ᠠ ᠪᠠᠶᠢᠪᠠᠯ᠂ ᠥᠮᠴᠢᠯᠡᠯ ᠤᠨ ᠡᠷᠬᠡ ᠶᠢ ᠡᠵᠡᠮᠰᠢᠭᠴᠢ ᠨᠢ ᠤᠷᠢᠳᠠᠪᠠᠷ ᠪᠤᠴᠠᠭᠠᠵᠤ ᠬᠤᠳᠠᠯᠳᠤᠨ ᠠᠪᠬᠤ ᠡᠷᠬᠡ ᠲᠠᠢ᠃ ᠬᠥᠳᠡᠭᠡ | ᠲᠣᠰᠬᠤᠨ ᠤ ᠭᠠᠵᠠᠷ ᠰᠢᠷᠣᠶ ᠶᠢ ᠦᠨᠡᠯᠡᠨ ᠪᠤᠳᠤᠵᠤ ᠬᠤᠪᠢ ᠣᠷᠣᠭᠤᠯᠤᠭᠰᠠᠨ ᠤ ᠳᠠᠷᠠᠭᠠᠬᠢ ᠡᠷᠬᠡ ᠠᠰᠢᠭ ᠪᠤᠶᠤ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢᠨ | ᠠᠷᠠᠯᠵᠢᠶ᠎ᠠ ᠶᠢᠨ ᠪᠠᠶᠢᠭ᠎ᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ︵ᠭᠠᠴᠠᠭᠠᠨ ᠤ ᠱᠠᠲᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢ ᠣᠷᠣᠯᠠᠨ ᠭᠦᠢᠴᠡᠳᠬᠡᠵᠦ ᠪᠠᠶᠢᠭ᠎ᠠ ᠭᠠᠴᠠᠭᠠᠨ ᠤ ᠠᠷᠠᠳ ᠤᠨ ᠵᠥᠪᠯᠡᠯ ᠪᠠᠭᠲᠠᠨ᠎ᠠ︶᠂ | ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠨᠢ ᠤᠷᠢᠳᠠᠪᠠᠷ ᠬᠤᠳᠠᠯᠳᠤᠨ ᠠᠪᠬᠤ ᠡᠷᠬᠡ ᠲᠠᠢ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ | ᠵᠦᠢᠯᠡᠰ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠳᠤ ᠠᠳᠠᠯᠢ ᠨᠥᠬᠦᠴᠡᠯ ᠤᠨ ᠳᠣᠣᠷ᠎ᠠ᠂ ᠲᠤᠰ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠨᠢ ᠤᠷᠢᠳᠠᠪᠠᠷ ᠬᠤᠳᠠᠯᠳᠤᠨ ᠠᠪᠬᠤ ᠡᠷᠬᠡ ᠶᠢ ᠡᠳ᠋ᠯᠡᠨ᠎ᠡ᠃ | ᠭᠤᠴᠢᠳᠤᠭᠠᠷ ᠵᠦᠢᠯ ᠬᠥᠳᠡᠭᠡ ᠲᠣᠰᠬᠤᠨ ᠤ ᠬᠠᠮᠲᠤ ᠶᠢᠨ ᠡᠳ᠋ ᠬᠦᠷᠦᠩᠭᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠪᠠ ᠬᠥᠳᠡᠭᠡ ᠲᠣᠰᠬᠤᠨ ᠤ | ᠬᠠᠮᠲᠤ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠳᠠᠭᠠᠭᠠᠴᠢᠯᠠᠯᠲᠠ ᠵᠠᠷᠯᠠᠬᠤ ᠶᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ | ᠲᠥᠪ ᠲᠤ ᠣᠷᠣᠭᠤᠯᠵᠤ ᠨᠢᠭᠡᠳᠦᠯᠲᠡᠶ ᠢᠯᠡ ᠪᠠᠷ ᠶᠠᠪᠤᠭᠳᠠᠭᠤᠯᠤᠭᠰᠠᠨ ᠦᠭᠡᠢ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠦᠷᠦᠩᠭᠡ ᠳᠤ ᠬᠠᠯᠳᠠᠭᠰᠠᠨ ᠢᠶᠠᠷ | ᠮᠠᠭᠠᠳᠯᠠᠨ ᠲᠣᠭᠳᠠᠭᠠᠭᠳᠠᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠨᠢᠭᠡᠳᠦᠭᠡᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ ᠲᠤᠰᠬᠠᠶ ᠳᠠᠩᠰᠠ ᠪᠠᠷ ᠬᠠᠳᠠᠭᠠᠯᠠᠬᠤ᠂ | ᠲᠤᠰᠬᠠᠶ ᠳᠠᠩᠰᠠ ᠪᠠᠷ ᠲᠣᠭᠠᠴᠠᠭ᠎ᠠ ᠬᠢᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠠᠷᠠᠯᠵᠢᠶᠠᠨ ᠤ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢ | ᠡᠷᠭᠢᠯᠲᠡ ᠳᠤ ᠣᠷᠣᠭᠤᠯᠵᠤ ᠠᠷᠠᠯᠵᠢᠶᠠᠯᠠᠭᠰᠠᠨ ᠠᠰᠢᠭ ᠣᠯᠵᠠᠪᠤᠷᠢ ᠶᠢ ᠲᠤᠰ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠳᠠᠩᠰᠠᠨ ᠡᠷᠦᠬᠡ ᠳᠤ | ᠣᠷᠣᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠬᠡᠷᠡᠭᠯᠡᠬᠦ ᠪᠠ ᠬᠠᠮᠢᠶᠠᠷᠴᠤ᠂ ᠬᠥᠳᠡᠭᠡ | ᠲᠣᠰᠬᠤᠨ ᠤ ᠬᠤᠪᠢ ᠬᠥᠮᠦᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠭᠰᠠᠨ ᠠᠰᠢᠭ ᠣᠯᠵᠠᠪᠤᠷᠢ ᠶᠢ ᠬᠤᠪᠢ ᠬᠦᠮᠦᠨ ᠳᠤᠨᠢ | ᠦᠮᠴᠢᠯᠡᠭᠦᠯᠦᠨᠡ᠃ | ᠭᠤᠴᠢᠨ ᠬᠤᠶᠠᠳᠤᠭᠠᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠠᠵᠢᠯᠯᠠᠭ᠎ᠠ ᠬᠢᠭᠰᠡᠨ ᠢᠲᠡᠭᠡᠮᠵᠢ ᠶᠢᠨ ᠪᠠᠶᠢᠳᠠᠯ ᠢ ᠲᠡᠮᠳᠡᠭᠯᠡᠬᠦ ᠬᠡᠷᠡᠭᠲᠡᠶ᠃ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ︽ᠬᠠᠷ᠎ᠠ ᠲᠠᠩᠰᠠ︾ ᠶᠢᠨ ᠲᠦᠷᠢᠮ ᠢ ᠬᠡᠷᠡᠭᠵᠢᠭᠦᠯᠦᠨ᠎ᠡ᠃ | ᠭᠤᠴᠢᠨ ᠭᠤᠷᠪᠠᠳᠤᠭᠠᠷ ᠵᠦᠢᠯ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠢ ᠪᠦᠬᠦ ᠰᠢᠶᠠᠨ ᠤ ᠨᠢᠭᠡᠳᠦᠯᠲᠡᠶ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠪᠠᠷᠢᠴᠠᠭᠠᠨ ᠤ ᠳᠠᠩᠰᠠᠯᠠᠯ ᠤᠨ ᠦᠢᠯᠡᠴᠢᠯᠡᠭᠡᠨ ᠤ ᠲᠠᠪᠴᠠᠩ ᠢᠶᠠᠷ ᠲᠣᠭᠲᠠᠭᠠᠵᠤ᠂ ᠬᠥᠳᠡᠭᠡ ᠲᠣᠰᠬᠤᠨ ᠤ | ᠥᠮᠴᠢᠯᠡᠯ ᠤᠨ ᠡᠷᠬᠡ ᠶᠢᠨ ᠪᠠᠷᠢᠴᠠᠭᠠᠨ ᠤ ᠳᠠᠩᠰᠠᠯᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ | ᠪᠠᠷᠢᠴᠠᠭᠠᠨ ᠤ ᠲᠠᠷᠢᠶᠠᠯᠠᠩ ᠳᠤ ᠬᠤᠯᠪᠣᠭᠳᠠᠬᠤ ᠥᠮᠴᠢᠯᠡᠯ ᠤᠨ ᠡᠷᠬᠡ ᠶᠢᠨ ᠪᠠᠷᠢᠴᠠᠭᠠᠨ ᠤ ᠳᠠᠩᠰᠠᠯᠠᠯᠲᠠ ᠶᠢᠨ ᠦᠢᠯᠡᠴᠢᠯᠡᠭᠡ᠂ ᠲᠤᠬᠠᠶᠢᠯᠠᠪᠠᠯ ᠬᠥᠳᠡᠭᠡ ᠲᠣᠰᠬᠤᠨ ᠤ | ᠳᠠᠭᠠᠭᠠᠴᠢᠯᠠᠭᠰᠠᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ᠂ ᠲᠠᠷᠢᠶᠠᠴᠢᠳ ᠤᠨ ᠣᠷᠣᠨ ᠰᠠᠭᠤᠴᠠ ᠶᠢᠨ ᠡᠳ᠋ ᠬᠥᠷᠥᠩᠭᠡ ᠶᠢᠨ ᠡᠷᠬᠡ ᠪᠠ ᠬᠥᠳᠡᠭᠡ | ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠰᠲ᠋ᠣᠺ ᠤᠨ ᠡᠷᠬᠡ ᠵᠡᠷᠭᠡ ᠲᠠᠷᠢᠶᠠᠯᠠᠩ ᠳᠤ ᠬᠤᠯᠪᠣᠭᠳᠠᠬᠤ ᠡᠳ᠋ ᠬᠥᠷᠥᠩᠭᠡ ᠶᠢᠨ ᠪᠠᠷᠢᠴᠠᠭᠠᠨ ᠤ ᠬᠥᠳᠡᠭᠡ | ᠲᠣᠰᠬᠤᠨ ᠤ ᠲᠦᠭᠡᠮᠡᠯ ᠬᠠᠷᠠᠭᠠᠯᠵᠠᠯᠳᠤ ᠮᠥᠩᠭᠦᠨ ᠭᠦᠢᠯᠭᠡᠭᠡᠨ ᠤ ᠦᠢᠯᠡᠴᠢᠯᠡᠭᠡ᠂ ᠲᠤᠬᠠᠶᠢᠯᠠᠪᠠᠯ ᠲᠠᠷᠢᠶᠠᠴᠢᠨ ᠡᠷᠦᠭᠡ ᠪᠠ ᠰᠢᠨ᠎ᠡ ᠮᠠᠶ᠋ᠢᠭ ᠤᠨ ᠲᠠᠷᠢᠶᠠᠯᠠᠩ ᠤᠨ | ᠡᠵᠡᠩᠨᠡᠯᠲᠡ ᠶᠢᠨ ᠪᠡᠶᠡᠴᠢ ᠴᠣᠭᠴᠠ ᠳᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠬᠠᠩᠭᠠᠵᠤ᠂ ᠲᠠᠷᠢᠶᠠᠯᠠᠩ ᠳᠤ ᠬᠤᠯᠪᠣᠭᠳᠠᠬᠤ ᠡᠯ᠎ᠡ ᠲᠦᠷᠦᠯ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠲᠠᠷᠢᠶᠠᠯᠠᠩ ᠳᠤ ᠬᠤᠯᠪᠣᠭᠳᠠᠬᠤ ᠤᠯᠠᠨ ᠬᠡᠯᠪᠡᠷᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠶᠢ ᠬᠤᠷᠰᠢᠨ | ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠳᠠᠭᠠᠭᠠᠯᠲᠠ ᠶᠢᠨ ᠺᠣᠮᠫᠠᠨᠢ ᠵᠡᠷᠭᠡ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠳᠤ | ᠪᠠᠷᠢᠴᠠᠭᠠᠯᠠᠨ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠪᠡᠯᠡ | ᠲᠤᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ ᠪᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ | ᠬᠠᠷᠢᠯᠴᠠᠨ ᠤᠶᠠᠯᠳᠤᠭᠤᠯᠤᠭᠰᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠪᠠᠷᠢᠴᠠᠭᠠᠯᠠᠨ ᠳᠠᠨᠵᠢᠯᠠᠵᠤ ᠪᠠᠯᠠ ᠳᠣᠭᠢᠷᠠᠭᠤᠯᠬᠤ ᠲᠦᠭᠰᠢᠭᠦᠷᠢ ᠶᠢ ᠠᠯᠭᠤᠷᠯᠠᠨ | ᠰᠤᠯᠠᠯᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠲᠠᠯᠪᠢᠬᠤ | ᠢᠳᠡᠪᠬᠢᠵᠢᠯ ᠢ ᠳᠡᠭᠡᠭᠰᠢᠯᠡᠭᠦᠯᠬᠦ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠠᠷᠢᠶᠠᠯᠠᠩ ᠳᠤ ᠬᠤᠯᠪᠣᠭᠳᠠᠭᠰᠠᠨ ᠲᠦᠭᠡᠮᠡᠯ ᠬᠠᠷᠠᠭᠠᠯᠵᠠᠯᠳᠤ ᠮᠥᠩᠭᠦᠨ | ᠭᠦᠢᠯᠭᠡᠭᠡᠨ ᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠭᠰᠠᠨ ᠦᠷ᠎ᠡ | ᠪᠦᠲᠦᠭᠡᠯ ᠪᠠ ᠡᠳ᠋ ᠬᠦᠷᠦᠩᠭᠡ ᠶᠢ ᠴᠡᠪᠡᠷᠯᠡᠨ ᠪᠡᠯᠡ ᠮᠥᠩᠭᠦ ᠶᠢ ᠬᠠᠷᠭᠤᠭᠤᠯᠤᠭᠰᠠᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠵᠦ᠂ ᠠᠷᠠᠯᠵᠢᠶᠠᠨ ᠤ | ᠥᠮᠴᠢᠯᠡᠯ ᠤᠨ ᠡᠷᠬᠡ ᠶᠢᠨ ᠵᠠᠬ᠎ᠠ ᠳᠡᠯᠭᠡᠭᠦᠷ ᠤᠨ ᠦᠷᠳᠡᠭ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠣᠬᠢᠷᠠᠭᠤᠯᠬᠤ | ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ | ᠭᠤᠴᠢᠨ ᠳᠥᠷᠪᠡᠳᠦᠭᠡᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ ᠬᠢᠭᠰᠡᠨ ᠬᠥᠳᠡᠭᠡ ᠲᠣᠰᠬᠤᠨ ᠤ | ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠶᠠᠪᠤᠴᠠ ᠳᠤ ᠵᠢᠭᠤᠷᠠᠯᠳᠤᠭᠠᠨ ᠭᠠᠷᠤᠭᠰᠠᠨ ᠪᠠᠶᠢᠪᠠᠯ᠂ ᠲᠤᠬᠠᠶ ᠶᠢᠨ ᠬᠥᠮᠦᠨ ᠨᠢ ᠬᠠᠤᠯᠢ | ᠶᠣᠰᠣᠭᠠᠷ ᠰᠢᠢᠳᠪᠦᠷᠢᠯᠡᠬᠦ ᠬᠡᠷᠡᠭᠲᠡᠶ᠃ ᠵᠥᠪᠳᠡᠯᠴᠡᠬᠦ ᠪᠠᠷ ᠳᠠᠮᠵᠢᠭᠤᠯᠤᠨ ᠰᠢᠢᠳᠪᠦᠷᠢᠯᠡᠵᠦ ᠪᠣᠯᠤᠨ᠎ᠠ᠂ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠲᠤᠬᠠᠶ ᠶᠢᠨ | ᠬᠥᠮᠦᠨ ᠨᠢ ᠤᠤᠯ ᠤᠨ ᠡᠷᠭᠢᠯᠲᠡ ᠳᠤ ᠣᠷᠣᠭᠤᠯᠬᠤ ᠠᠷᠠᠯᠵᠢᠶ᠎ᠠ ᠶᠢ ᠭᠦᠢᠴᠡᠳᠬᠡᠵᠦ ᠪᠠᠶᠢᠭᠰᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ | ᠣᠷᠣᠭᠤᠯᠬᠤ ᠠᠷᠠᠯᠵᠢᠶᠠᠨ ᠤ ᠪᠠᠶᠢᠭᠤᠯᠤᠮᠵᠢ ᠳᠤ ᠡᠶᠡᠳᠡᠭᠦᠯᠬᠦ ᠪᠠᠷ ᠭᠤᠶᠤᠴᠢᠯᠠᠵᠤ ᠪᠣᠯᠤᠨ᠎ᠠ᠂ ᠪᠠᠰᠠ ᠰᠤᠮᠤ ᠪᠠᠯᠭᠠᠰᠤᠨ ᠤ ᠵᠠᠰᠠᠭ ᠤᠨ ᠣᠷᠳᠣᠨ᠂ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ︵ᠭᠠᠴᠠᠭᠠᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ | ᠡᠭᠦᠷᠭᠡ ᠴᠢᠳᠠᠪᠤᠷᠢ ᠶᠢ ᠣᠷᠣᠯᠠᠨ ᠭᠦᠢᠴᠡᠳᠬᠡᠵᠦ ᠪᠠᠶᠢᠭ᠎ᠠ ᠭᠠᠴᠠᠭᠠᠨ ᠤ ᠠᠷᠠᠳ ᠤᠨ ᠵᠥᠪᠯᠡᠯ ᠪᠠᠭᠲᠠᠨ᠎ᠠ︶ ᠵᠡᠷᠭᠡ ᠪᠠᠷ ᠡᠶᠡᠳᠡᠭᠦᠯᠦᠨ ᠰᠢᠢᠳᠪᠦᠷᠢᠯᠡᠭᠦᠯᠬᠦ ᠪᠠᠷ | ᠭᠤᠶᠤᠴᠢᠯᠠᠵᠤ ᠪᠣᠯᠤᠨ᠎ᠠ᠃ ᠲᠤᠬᠠᠶ ᠶᠢᠨ ᠬᠥᠮᠦᠨ ᠵᠥᠪᠳᠡᠯᠴᠡᠬᠦ᠂ ᠡᠶᠡᠳᠡᠭᠦᠯᠬᠦ ᠳᠤᠷ᠎ᠠ ᠦᠭᠡᠢ ᠪᠤᠶᠤ ᠵᠥᠪᠳᠡᠯᠴᠡᠵᠦ᠂ ᠡᠶᠡᠳᠡᠭᠦᠯᠦᠭᠡᠳ ᠪᠦᠲᠦᠭᠰᠡᠨ ᠦᠭᠡᠢ | ᠪᠠᠶᠢᠪᠠᠯ᠂ ᠬᠤᠶᠠᠷ ᠲᠠᠯ᠎ᠠ ᠶᠢᠨ ᠭᠡᠷ᠎ᠡ ᠶᠢᠨ ᠪᠣᠯᠵᠣᠯ ᠢ ᠦᠨᠳᠦᠰᠦᠯᠡᠨ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ ᠪᠤᠶᠤ ᠬᠠᠤᠯᠢ ᠶᠣᠰᠣᠭᠠᠷ ᠠᠷᠠᠳ ᠤᠨ | ᠰᠢᠭᠦᠬᠦ ᠬᠤᠷᠢᠶᠠᠨ ᠳᠤ ᠵᠠᠭᠠᠯᠳᠤᠵᠤ ᠪᠣᠯᠤᠨ᠎ᠠ᠃ | ᠭᠤᠴᠢᠨ ᠲᠠᠪᠤᠳᠤᠭᠠᠷ ᠵᠦᠢᠯ ᠵᠣᠬᠢᠬᠤ ᠬᠠᠷᠠᠯᠲᠠ ᠲᠤᠭ᠎ᠠ ᠠᠴᠠ ᠳᠡᠭᠡᠭᠰᠢᠬᠢ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠡᠷᠭᠢᠯᠲᠡ ᠳᠤ | ᠣᠷᠣᠭᠤᠯᠵᠤ ᠠᠷᠠᠯᠵᠢᠶᠠᠯᠠᠬᠤ ᠳᠤ ᠡᠷᠬᠡᠪᠰᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠵᠠᠬ᠎ᠠ ᠳᠡᠯᠭᠡᠭᠦᠷ ᠲᠤ | ᠣᠷᠣᠵᠤ ᠢᠯᠡ ᠪᠠᠷ ᠠᠷᠠᠯᠵᠢᠶᠠᠯᠠᠵᠤ᠂ ᠳᠠᠯᠳᠠᠭᠤᠷ ᠦᠢᠯᠡᠳᠬᠦ ᠶᠢ ᠰᠡᠷᠭᠡᠶᠢᠯᠡᠬᠦ ᠬᠡᠷᠡᠭᠲᠡᠶ᠃ 100 ᠲᠦᠮᠡᠨ ᠲᠥᠭᠦᠷᠢᠭ ᠠᠴᠠ ᠳᠡᠭᠡᠭᠰᠢᠬᠢ ᠬᠥᠳᠡᠭᠡ ᠲᠣᠰᠬᠤᠨ ᠤ | ᠬᠠᠮᠲᠤ ᠶᠢᠨ ᠪᠡᠯᠡ ᠮᠥᠩᠭᠦ ᠶᠢ ᠬᠤᠳᠠᠯᠳᠤᠨ ᠠᠪᠬᠤ ᠵᠦᠢᠯᠡᠰ᠂ 150 ᠲᠦᠮᠡᠨ ᠲᠥᠭᠦᠷᠢᠭ ᠠᠴᠠ ᠳᠡᠭᠡᠭᠰᠢᠬᠢ ᠬᠥᠳᠡᠭᠡ ᠲᠣᠰᠬᠤᠨ ᠤ ᠬᠠᠮᠲᠤ ᠶᠢᠨ ᠡᠳ᠋ | ᠬᠦᠷᠦᠩᠭᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠵᠦᠢᠯᠡᠰ᠂ 300 ᠲᠦᠮᠡᠨ ᠲᠥᠭᠦᠷᠢᠭ ᠠᠴᠠ ᠳᠡᠭᠡᠭᠰᠢᠬᠢ ᠬᠥᠳᠡᠭᠡ ᠲᠣᠰᠬᠤᠨ ᠤ ᠬᠠᠮᠲᠤ ᠶᠢᠨ ᠪᠡᠯᠡ | ᠣᠷᠣᠭᠤᠯᠤᠯᠲᠠ ᠶᠢᠨ ᠵᠦᠢᠯᠡᠰ ᠪᠠ 100 ᠲᠦᠮᠡᠨ ᠲᠥᠭᠦᠷᠢᠭ ᠠᠴᠠ ᠳᠡᠭᠡᠭᠰᠢ ᠪᠤᠶᠤ 200 ᠮᠦ ᠠᠴᠠ ᠳᠡᠭᠡᠭᠰᠢᠬᠢ ᠬᠥᠳᠡᠭᠡ ᠲᠣᠰᠬᠤᠨ ᠤ ᠳᠠᠭᠠᠭᠠᠴᠢᠯᠠᠭᠰᠠᠨ | ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ᠂ ᠤᠢ ᠮᠣᠳᠣᠨ ᠤ ᠡᠷᠬᠡ ᠵᠡᠷᠭᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠳᠤ ᠡᠷᠬᠡᠪᠰᠢ ᠰᠢᠶᠠᠨ ᠤ ᠱᠠᠲᠤᠨ ᠤ | ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠠᠪᠴᠠᠩ ᠳᠤ ᠣᠷᠣᠵᠤ ᠢᠯᠡ ᠪᠠᠷ ᠠᠷᠠᠯᠵᠢᠶᠠᠯᠠᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠰᠢᠶᠠᠨ ᠤ ᠱᠠᠲᠤᠨ ᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ᠂ | ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠣᠢ ᠰᠢᠭᠤᠶ᠂ ᠮᠥᠩᠭᠦᠨ ᠭᠦᠢᠯᠭᠡᠭᠡ ᠵᠡᠷᠭᠡ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ | ᠵᠢᠴᠢ ᠰᠤᠮᠤ ᠪᠠᠯᠭᠠᠰᠤᠨ ᠤ ᠵᠠᠰᠠᠭ ᠤᠨ ᠣᠷᠳᠣᠨ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ | ᠮᠥᠴᠢᠷ ᠲᠠᠢ ᠬᠠᠮᠵᠢᠯᠴᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠠᠴᠠ ᠡᠮᠦᠨᠡᠬᠢ ᠬᠢᠨᠠᠨ ᠵᠥᠪᠰᠢᠶᠡᠷᠡᠬᠦ | ᠭᠤᠭᠴᠤᠭ᠎ᠠ ᠵᠢᠴᠢ ᠡᠷᠭᠢᠯᠲᠡ ᠳᠤ ᠣᠷᠣᠭᠤᠯᠵᠤ ᠠᠷᠠᠯᠵᠢᠶᠠᠯᠠᠭᠰᠠᠨ ᠤ ᠳᠠᠷᠠᠭᠠᠬᠢ ᠨᠡᠭᠡᠭᠡᠨ ᠠᠰᠢᠭᠯᠠᠬᠤ ᠠᠵᠢᠯᠯᠠᠭ᠎ᠠ ᠶᠢ ᠵᠢᠯᠣᠭᠤᠳᠴᠤ ᠬᠢᠨᠠᠨ ᠬᠠᠮᠢᠶᠠᠷᠬᠤ ᠬᠡᠷᠡᠭᠲᠡᠶ᠃ | | ᠲᠠᠪᠤᠳᠤᠭᠠᠷ ᠪᠦᠯᠦᠭ ᠳ᠋ᠠᠭᠠᠯᠳᠤᠭᠤᠯᠤᠭᠰᠠᠨ ᠲᠦᠷᠢᠮ | ᠭᠤᠴᠢᠨ ᠳᠣᠯᠣᠳᠤᠭᠠᠷ ᠵᠦᠢᠯ ᠲᠤᠰ ᠠᠷᠭ᠎ᠠ ᠶᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠂ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |