ᠰᠤᠷᠪᠤᠯᠵᠢᠯᠠᠭᠴᠢ ᠶᠢᠨ ᠲᠦᠷᠦᠭᠦᠬᠡᠨ ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠬᠤᠲᠠ ᠣᠶᠢᠵᠢᠭᠤᠯᠤᠯᠲᠠ ᠶᠢᠨ ᠦᠶᠯᠡᠳᠪᠦᠷᠢᠯᠡᠯ ᠤᠨ ᠶᠡᠷᠦᠩᠬᠡᠶ | ᠡᠭᠦᠷᠭᠡ ᠶᠢ 61.9 ᠲᠦᠮᠡᠨ ᠮᠥ ᠪᠡᠶᠡᠯᠡᠭᠦᠯᠵᠦ᠂ 130 ᠲᠦᠮᠡᠨ ᠮᠥ ᠬᠥᠮᠦᠨ ᠤ ᠬᠦᠴᠦ ᠪᠠᠷ ᠡᠪᠡᠰᠦ ᠳᠠᠷᠢᠬᠤ ᠡᠭᠦᠷᠭᠡ ᠶᠢ ᠪᠡᠶᠡᠯᠡᠭᠦᠯᠵᠦ᠂ 106 ᠬᠥᠳᠡᠭᠡ | ᠲᠣᠰᠬᠤᠨ ᠢ ᠥᠨᠳᠥᠷ ᠡᠬᠢᠯᠡᠯᠲᠡ ᠲᠠᠢ ᠪᠠᠷ ᠨᠣᠭᠤᠭᠠᠷᠠᠭᠤᠯᠤᠨ ᠭᠤᠶᠣᠯᠠᠵᠤ᠂ 270 ᠲᠦᠮᠡᠨ ᠰᠠᠭᠤᠷᠢ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ | ᠠᠵᠢᠯ ᠢ ᠳᠣᠭᠢᠷᠠᠭᠤᠯᠵᠤ᠂ ᠬᠠᠷᠢᠭᠤᠴᠠᠯᠭ᠎ᠠ ᠪᠠᠨ ᠭᠦᠶᠴᠡᠳᠬᠡᠬᠦ ᠨᠣᠷᠮ᠎ᠠ ᠶᠢ 95% ᠳᠤ ᠬᠦᠷᠭᠡᠬᠦ ᠪᠠᠷ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ᠂ | ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠰᠤᠮᠤ᠂ ᠲᠣᠰᠬᠤᠨ ᠳᠤᠭᠤᠶᠢᠯᠠᠩ ᠭᠠᠴᠠᠭ᠎ᠠ ᠳᠥᠷᠪᠡᠨ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ | ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠪᠠ ᠬᠠᠷᠢᠭᠤᠴᠠᠯᠭ᠎ᠠ ᠶᠢ ᠱᠠᠲᠤ ᠱᠠᠲᠤ ᠪᠠᠷ ᠵᠠᠳᠠᠯᠤᠨ ᠨᠠᠶᠢᠳᠠᠪᠤᠷᠢᠵᠢᠭᠤᠯᠪᠠ᠃ ︽13 · 5︾ ᠶᠢᠨ | ᠬᠤᠭᠤᠴᠠᠭᠠᠨ ᠳᠤ᠂ ᠮᠠᠨ ᠤ ᠬᠤᠲᠠ ᠶᠢᠨ ᠣᠶᠢᠵᠢᠭᠤᠯᠬᠤ ᠠᠵᠢᠯ ᠤᠨ ᠲᠠᠯᠠᠪᠠᠶ 397.03 ᠲᠦᠮᠡᠨ ᠮᠥ ᠳᠤ ᠬᠦᠷᠴᠦ᠂ ᠲᠥᠯᠥᠪᠯᠡᠭᠰᠡᠨ ᠡᠭᠦᠷᠭᠡ 390 ᠲᠦᠮᠡᠨ | ᠮᠥ ᠶᠢᠨ 101.8% ᠪᠠᠶᠢᠵᠤ᠂ 54.1 ᠲᠦᠮᠡᠨ ᠮᠥ ᠶᠢᠨ ᠭᠤᠤᠯᠳᠠᠯᠭ᠎ᠠ ᠲᠠᠢ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠪᠥᠬᠦ ᠬᠤᠲᠠ ᠶᠢᠨ ᠣᠶ ᠰᠢᠭᠤᠶ ᠶᠢᠨ | ᠪᠦᠷᠬᠦᠴᠡ ᠶᠢᠨ ᠨᠣᠷᠮ᠎ᠠ 8.5% ᠳᠤ ᠬᠦᠷᠴᠦ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠶᠢ 1734 ᠲᠦᠮᠡᠨ ᠰᠠᠭᠤᠷᠢ ᠪᠡᠶᠡᠯᠡᠭᠦᠯᠵᠦ᠂ | ᠲᠥᠯᠥᠪᠯᠡᠭᠰᠡᠨ ᠡᠭᠦᠷᠭᠡ ᠶᠢᠨ 109% ᠳᠤ ᠬᠦᠷᠴᠦ᠂ ᠠᠯᠪᠠᠨ ᠵᠢᠷᠤᠮ ᠤᠨ ᠮᠣᠳᠣ ᠳᠠᠷᠢᠬᠤ ᠳᠤ ᠨᠡᠶᠢᠲᠡ 433.49 ᠲᠦᠮᠡᠨ ᠬᠥᠮᠦᠨ ᠤᠳᠠᠭ᠎ᠠ ᠣᠷᠣᠯᠴᠠᠵᠤ᠂ | ᠬᠠᠷᠢᠭᠤᠴᠠᠯᠭ᠎ᠠ ᠪᠠᠨ ᠭᠦᠶᠴᠡᠳᠬᠡᠭᠰᠡᠨ ᠨᠣᠷᠮ᠎ᠠ 94% ᠳᠤ ᠬᠦᠷᠴᠡᠶ᠃ | ᠠᠯᠪᠠᠨ ᠵᠢᠷᠤᠮ ᠤᠨ ᠮᠣᠳᠣ ᠳᠠᠷᠢᠬᠤ ᠬᠤᠭᠤᠴᠠᠭᠠᠨ ᠳᠤ᠂ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢ᠊ ᠡᠶ᠎ᠡ ᠵᠠᠰᠠᠭ ᠤᠨ | ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠤᠯᠠᠨ ᠲᠦᠮᠡᠨ ᠣᠷᠣᠯᠴᠠᠬᠤ ᠵᠠᠷᠴᠢᠮ ᠶᠣᠰᠣᠭᠠᠷ᠂ ᠤᠯᠠᠨ ᠲᠦᠮᠡᠨ ᠤ ᠭᠤᠣᠯ ᠴᠣᠭᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠨ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ︽ᠡᠷᠤᠭᠡ ᠳᠤ ᠮᠢᠩᠭᠠᠨ ᠰᠠᠭᠤᠷᠢ ᠮᠣᠳᠣ ᠳᠠᠷᠢᠬᠤ︾ ᠪᠠ | ᠬᠦᠷᠢᠶ᠎ᠡ ᠬᠠᠰᠢᠶ᠎ᠠ ᠶᠢ ᠨᠣᠭᠤᠭᠠᠷᠠᠭᠤᠯᠤᠨ ᠭᠤᠶᠤᠵᠢᠭᠤᠯᠬᠤ ᠠᠵᠢᠯ ᠥᠷᠨᠢᠭᠦᠯᠵᠦ᠂ ᠣᠨᠴᠠᠭᠠᠶᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂ | ᠤᠯᠠᠨ ᠢᠶᠠᠷ ᠢᠶᠠᠨ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢ ᠰᠡᠳᠬᠢᠯ ᠤᠨ ᠤᠭ ᠠᠴᠠ ᠪᠠᠨ ᠬᠦᠷᠢᠶᠡᠯᠡᠨ ᠬᠠᠮᠵᠢᠯᠴᠠᠭᠤᠯᠬᠤ ᠬᠡᠷᠡᠭᠲᠡᠢ᠃ ᠬᠡᠷᠡᠭᠵᠢᠭᠦᠯᠬᠦ | ᠶᠠᠪᠤᠴᠠ ᠳᠤ ᠤᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠲᠠᠢ ᠤᠶᠠᠯᠳᠤᠭᠤᠯᠵᠤ᠂ ᠨᠣᠭᠤᠭᠠᠷᠠᠭᠤᠯᠤᠯᠲᠠ ᠶᠢᠨ ᠦᠷ᠎ᠡ ᠪᠦᠲᠦᠮᠵᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠤᠯᠠᠨ ᠲᠦᠮᠡᠨ ᠥᠪᠡᠰᠦᠪᠡᠨ ᠠᠵᠤ | ᠠᠬᠤᠶ ᠶᠢᠨ ᠤᠢ ᠮᠣᠳᠣᠨ ᠤ ᠲᠦᠷᠦᠯ ᠢ ᠰᠣᠩᠭᠤᠵᠤ᠂ ᠤᠯᠠᠨ ᠲᠦᠮᠡᠨ ᠤ ᠢᠳᠡᠪᠬᠢᠵᠢᠯ ᠢ ᠲᠦᠢᠯ ᠤᠨ ᠶᠡᠭᠡ ᠪᠠᠷ ᠲᠠᠶᠢᠴᠢᠯᠠᠵᠦ᠂ ᠡᠯ᠎ᠡ ᠭᠠᠵᠠᠷ ᠤᠨ ᠤᠯᠠᠨ ᠲᠦᠮᠡᠨ | ᠬᠤᠶᠢᠨ᠎ᠠ ᠬᠤᠶᠢᠨ᠎ᠠ ᠠᠴᠠ ᠪᠠᠨ ᠰᠠᠨᠠᠭᠠᠴᠢᠯᠠᠭ᠎ᠠ ᠠᠴᠠ ᠪᠠᠨ ᠬᠦᠴᠦ ᠬᠥᠳᠡᠯᠮᠦᠷᠢ ᠣᠷᠣᠭᠤᠯᠵᠤ᠂ ᠬᠥᠮᠦᠨ ᠭᠠᠷᠭᠠᠵᠤ ᠠᠯᠪᠠᠨ ᠵᠢᠷᠤᠮ ᠤᠨ ᠮᠣᠳᠣ ᠲᠠᠷᠢᠵᠦ᠂ ᠠᠶᠢᠯ | ᠲᠣᠰᠬᠤᠨ ᠤ ᠨᠣᠭᠤᠭᠠᠷᠠᠭᠤᠯᠤᠯᠲᠠ ᠳᠤ ᠣᠷᠣᠯᠴᠠᠪᠠ᠃ | ᠤᠳᠤᠷᠢᠳᠤᠯᠭ᠎ᠠ ᠠᠴᠠ ᠬᠡᠰᠡᠭ ᠢ ᠳᠠᠭᠠᠭᠠᠴᠢᠯᠠᠬᠤ᠂ ᠬᠤᠶᠠᠳᠤᠭᠠᠷ ᠳᠡᠰ ᠤᠨ ᠨᠢᠭᠡᠴᠡ ᠨᠢ ᠬᠤᠰᠢᠭᠤ ᠰᠢᠶᠠᠨ ᠲᠣᠭᠤᠷᠢᠭ ᠯᠤᠭ᠎ᠠ ᠬᠠᠷᠢᠯᠴᠠᠵᠤ ᠦᠶᠯᠡᠴᠢᠯᠡᠬᠦ | ᠮᠡᠷᠭᠡᠵᠢᠯ ᠤᠨ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠥᠷᠭᠡᠨ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ | ᠵᠣᠬᠢᠶᠠᠨ ᠪᠠᠶᠢᠭᠤᠯᠤᠨ ᠦᠶᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ᠂ ᠨᠦᠬᠡ ᠮᠠᠯᠲᠠᠬᠤ᠂ ᠵᠠᠶᠢᠯᠠᠬᠤ᠂ ᠤᠰᠤᠯᠠᠬᠤ᠂ ᠴᠢᠬᠢ ᠲᠡᠳᠬᠦᠬᠦ᠂ | ᠬᠠᠮᠢᠶᠠᠷᠴᠤ ᠬᠠᠮᠠᠭᠠᠯᠠᠬᠤ ᠵᠡᠷᠭᠡ ᠣᠯᠠᠨ ᠭᠤᠭᠴᠤᠭ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠪᠠ ᠮᠡᠷᠭᠡᠵᠢᠯ ᠤᠨ ᠵᠢᠯᠣᠭᠤᠳᠣᠯᠭ᠎ᠠ ᠶᠢᠨ ᠠᠵᠢᠯ ᠢ | ᠪᠥᠬᠦ ᠶᠠᠪᠤᠴᠠ ᠪᠠᠷ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠠᠯᠪᠠᠨ ᠵᠢᠷᠤᠮ ᠤᠨ ᠮᠣᠳᠣ | ᠳᠠᠷᠢᠬᠤ ᠶᠢ ᠰᠢᠮᠳᠠᠭᠤᠯᠤᠨ ᠪᠠᠶᠢᠴᠠᠭᠠᠬᠤ ᠴᠢᠬᠤᠯᠠ ᠠᠭᠤᠯᠭ᠎ᠠ ᠳᠠᠭᠠᠨ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠴᠠᠭ | ᠲᠤᠬᠠᠶ ᠳᠤᠨᠢ ᠨᠡᠶᠢᠲᠡᠯᠡᠨ ᠮᠡᠳᠡᠭᠳᠡᠵᠦ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ | ᠭᠦᠶᠴᠡᠳᠬᠡᠭᠰᠡᠨ ᠠᠵᠢᠯ ᠤᠨ ᠲᠣᠭᠲᠠᠴᠠ ᠶᠢ ᠪᠣᠶ ᠪᠣᠯᠭᠠᠪᠠ᠃ | ᠡᠭᠦᠨ ᠠᠴᠠ ᠭᠠᠳᠠᠨ᠎ᠠ᠂ ᠪᠥᠬᠦ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠤᠨ ᠬᠢᠨ ᠰᠦᠯᠵᠢᠶ᠎ᠡ᠂ ᠰᠣᠨᠢᠨ᠂ ᠲᠧᠯᠸᠢᠰ ᠪᠠ ᠷᠠᠳᠢᠣ᠋ | ᠨᠡᠪᠲᠡᠷᠡᠭᠦᠯᠭᠡ ᠵᠡᠷᠭᠡ ᠡᠯ᠎ᠡ ᠵᠦᠶᠯ ᠤᠨ ᠰᠣᠨᠢᠨ ᠮᠡᠳᠡᠭᠡᠨ ᠤ ᠵᠠᠭᠤᠴᠢᠯᠠᠭᠤᠷ ᠢ ᠠᠰᠢᠭᠯᠠᠨ᠂ ᠠᠯᠪᠠᠨ ᠵᠢᠷᠤᠮ ᠤᠨ ᠮᠣᠳᠣ ᠳᠠᠷᠢᠬᠤ ᠠᠵᠢᠯ ᠲᠠᠢ ᠨᠢᠭᠲᠠ | ᠤᠶᠠᠯᠳᠤᠭᠤᠯᠤᠨ᠂ ᠰᠣᠨᠢᠨ ᠮᠡᠳᠡᠭᠡᠨ ᠤ ᠪᠣᠷᠣ ᠮᠠᠲ᠋ᠧᠷᠢᠶᠠᠯ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠠᠭᠤᠳᠠᠯᠵᠤ᠂ ᠲᠡᠷᠢᠭᠦᠨ ᠤ ᠲᠤᠷᠰᠢᠯᠭ᠎ᠠ᠂ ᠲᠡᠷᠢᠭᠦᠨ ᠤ | ᠨᠡᠶᠢᠲᠡᠯᠢᠭ ᠵᠢᠱᠢᠶ᠎ᠡ ᠪᠠ ᠲᠡᠷᠢᠭᠦᠨ ᠤ ᠬᠥᠮᠦᠰ ᠢ ᠶᠡᠭᠡ ᠪᠠᠷ ᠤᠬᠠᠭᠤᠯᠵᠤ᠂ ᠠᠯᠪᠠᠨ ᠵᠢᠷᠤᠮ ᠤᠨ ᠮᠣᠳᠣ ᠳᠠᠷᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ | ᠳᠥᠯᠭᠢᠨ ᠠᠬᠢᠭᠤᠯᠬᠤ ᠳᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | |