ᠬᠢᠲᠠᠳ ᠬᠡᠯᠡᠨ ᠤ ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ ᠦᠨᠡᠬᠡᠷ ᠬᠦᠷᠦᠭᠡᠳ ᠢᠷᠡᠵᠡᠢ︕
ᠨᠡᠶᠢᠲᠡᠯᠡᠭᠰᠡᠨ ᠴᠠᠭ᠄
2021/4/2

     ᠰᠤᠷᠭᠠᠨ  ᠬᠥᠮᠦᠵᠢᠯ ᠤᠨ ᠶᠠᠮᠤᠨ ᠤ ᠰᠦᠯᠵᠢᠶ᠎ᠡ ᠶᠢᠨ 3 ᠰᠠᠷ᠎ᠠ ᠶᠢᠨ 31 ᠤ   ᠡᠳᠦᠷ ᠤᠨ ᠮᠡᠳᠡᠭᠡ ᠶᠢ ᠦᠨᠳᠦᠰᠦᠯᠡᠪᠡᠯ᠂ ᠤᠯᠤᠰ ᠤᠨ ᠦᠭᠡ ᠬᠡᠯᠡ

ᠥᠰᠥᠭ  ᠪᠢᠴᠢᠭ ᠤᠨ  ᠵᠥᠪᠯᠡᠯ ᠤᠨ ᠦᠭᠡ ᠬᠡᠯᠡ ᠥᠰᠥᠭ  ᠪᠢᠴᠢᠭ ᠤᠨ ᠳᠦᠷᠢᠮᠵᠢᠯ ᠤᠨ ᠪᠠᠷᠢᠮᠵᠢᠶ᠎ᠠ ᠶᠢ ᠬᠢᠨᠠᠨ ᠲᠣᠭᠲᠠᠭᠠᠬᠤ ᠺᠣᠮᠢᠰ ᠠᠴᠠ ᠬᠢᠨᠠᠨ

ᠲᠣᠲᠠᠭᠠᠭᠰᠠᠨ ︽ᠣᠯᠠᠨ ᠤᠯᠤᠰ ᠤᠨ ᠬᠢᠲᠠᠳ ᠬᠡᠯᠡᠨ ᠤ  ᠰᠤᠷᠭᠠᠨ ᠬᠥᠮᠦᠵᠢᠯ ᠤᠨ ᠬᠢᠲᠠᠳ ᠬᠡᠯᠡᠨ ᠤ ᠬᠢᠷᠢ ᠲᠦᠪᠰᠢᠨ ᠤ ᠲᠠᠰ ᠤᠨ  ᠪᠠᠷᠢᠮᠵᠢᠶ᠎ᠠ︾  ︵

GF00252021︶ ᠶᠢ ᠣᠶᠢᠷ᠎ᠠ ᠳᠤ ᠰᠤᠷᠭᠠᠨ ᠬᠥᠮᠦᠵᠢᠯ ᠤᠨ ᠶᠮᠤᠨ᠂ ᠤᠯᠤᠰ ᠤᠨ  ᠦᠭᠡ ᠬᠡᠯᠡ ᠥᠰᠥᠭ  ᠪᠢᠴᠢᠭ ᠤᠨ ᠠᠵᠢᠯ ᠤᠨ ᠵᠥᠪᠯᠡᠯ ᠠᠴᠠ

ᠨᠡᠶᠢᠲᠡᠯᠡᠵᠦ᠂ ᠤᠯᠤᠰ ᠤᠨ ᠦᠭᠡ ᠬᠡᠯᠡ ᠥᠰᠥᠭ ᠪᠢᠴᠢᠭ ᠤᠨ ᠵᠥᠪᠯᠡᠯ ᠤᠨ ᠦᠭᠡ ᠬᠡᠯᠡ ᠥᠰᠥᠭ ᠪᠢᠴᠢᠭ ᠤᠨ ᠳᠦᠷᠢᠮᠵᠢᠯ ᠪᠣᠯᠭᠠᠨ 2021 ᠣᠨ ᠤ 7

ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠠᠷ ᠲᠣᠭᠲᠠᠭᠠᠪᠠ᠃        

     ︽ᠪᠠᠷᠢᠮᠵᠢᠶ᠎ᠠ︾ ᠳᠤ ᠰᠤᠷᠤᠯᠴᠠᠭᠴᠢ ᠶᠢᠨ ᠬᠢᠲᠠᠳ ᠬᠡᠯᠡᠨ ᠤ ᠬᠢᠷᠢ ᠬᠡᠮᠵᠢᠶ᠎ᠡ ᠶᠢ ︽ᠭᠤᠷᠪᠠᠨ ᠳᠡᠰ ᠶᠢᠰᠦᠨ ᠳᠡᠭᠲᠡᠷ︾ ᠭᠡᠵᠦ ᠬᠤᠪᠢᠶᠠᠬᠤ ᠶᠢᠨ ᠬᠠᠮᠲᠤ

ᠦᠶ᠎ᠡ᠂ ᠬᠢᠲᠠᠳ ᠦᠰᠦᠭ᠂ ᠦᠭᠡᠰ ᠤᠨ ᠰᠠᠩ᠂ ᠬᠡᠯᠡᠨ ᠤ ᠵᠦᠢ ᠵᠡᠷᠭᠡ ᠳᠥᠷᠪᠡᠨ ᠵᠦᠢᠯ ᠤᠨ ᠬᠡᠯᠡᠨ ᠤ ᠦᠨᠳᠦᠰᠦᠨ ᠡᠯᠧᠮᠧᠨ᠋ᠲ ᠢᠶᠠᠷ ︽ᠳᠥᠷᠪᠡᠨ ᠬᠡᠮᠵᠢᠯᠳᠦ

ᠰᠠᠭᠤᠷᠢ ᠪᠠᠷᠢᠮᠵᠢᠶ᠎ᠠ︾ ᠶᠢ ᠪᠦᠷᠢᠯᠳᠦᠭᠦᠯᠵᠦ᠂ ᠦᠭᠡ  ᠬᠡᠯᠡᠨ ᠤ ᠬᠠᠷᠢᠯᠴᠠᠭᠠᠨ ᠤ  ᠴᠢᠳᠠᠪᠤᠷᠢ᠂ ᠶᠠᠷᠢᠶᠠᠨ ᠤ ᠰᠡᠳᠦᠪ ᠤᠨ ᠡᠭᠦᠷᠭᠡ ᠶᠢᠨ ᠠᠭᠤᠯᠭ᠎ᠠ  ᠪᠠ ᠦᠭᠡ

ᠬᠡᠯᠡᠨ ᠤ ᠬᠡᠮᠵᠢᠶᠡᠯᠡᠭᠰᠡᠨ ᠭᠦᠢᠴᠡᠳᠬᠡᠯ ᠲᠤᠭ᠎ᠠ ᠪᠠᠷ ᠭᠤᠷᠪᠠᠨ ᠦᠨᠡᠯᠡᠯᠲᠡ ᠶᠢᠨ ᠬᠠᠷᠠᠭᠠᠰᠤ ᠶᠢ ᠪᠦᠷᠢᠯᠳᠦᠭᠦᠯᠵᠦ᠂ ᠬᠢᠲᠠᠳ ᠬᠡᠯᠡᠨ ᠤ ᠰᠣᠨᠣᠰᠬᠤ᠂ ᠬᠡᠯᠡᠬᠦ᠂

ᠤᠩᠰᠢᠬᠤ᠂ ᠪᠢᠴᠢᠬᠦ᠂ ᠣᠷᠴᠢᠭᠤᠯᠬᠤ ᠪᠠᠷ ᠲᠠᠪᠤᠨ ᠵᠦᠢᠯ ᠤᠨ ᠬᠡᠯᠡᠨ ᠤ ᠮᠡᠷᠭᠡᠵᠢᠯ ᠴᠢᠳᠠᠪᠤᠷᠢ ᠪᠣᠯᠭᠠᠵᠤ᠂ ᠡᠭᠦᠨ ᠤ ᠤᠯᠠᠮ ᠠᠴᠠ ᠰᠤᠷᠤᠯᠴᠠᠭᠴᠢ ᠶᠢᠨ ᠬᠢᠲᠠᠳ

ᠬᠡᠯᠡᠨ ᠤ ᠬᠢᠷᠢ ᠬᠡᠮᠵᠢᠶ᠎ᠡ ᠶᠢ ᠣᠨᠣᠪᠴᠢᠲᠠᠶ ᠲᠣᠭᠲᠠᠭᠠᠪᠠ᠃        

     ︽ᠪᠠᠷᠢᠮᠵᠢᠶ᠎ᠠ︾ ᠪᠣᠯ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ  ᠵᠥᠪᠯᠡᠯ ᠤᠨ ᠭᠠᠳᠠᠭᠠᠳᠤ ᠤᠯᠤᠰ ᠤᠨ ᠬᠢᠲᠠᠳ ᠬᠡᠯᠡ

ᠰᠤᠷᠤᠯᠴᠠᠭᠴᠢ ᠳᠤ ᠬᠠᠨᠳᠤᠭᠤᠯᠤᠭᠰᠠᠨ᠂ ᠰᠤᠷᠤᠯᠴᠠᠭᠴᠢ ᠶᠢᠨ ᠬᠢᠲᠠᠳ ᠬᠡᠯᠡᠨ ᠤ ᠬᠡᠯᠡᠨ ᠤ ᠤᠷ᠎ᠠ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠵᠢᠷᠤᠭᠯᠠᠨ

ᠦᠨᠡᠯᠡᠭᠰᠡᠨ ᠠᠩᠬᠠᠳᠠᠭᠴᠢ ᠵᠢᠷᠤᠮᠵᠢᠯ ᠤᠨ ᠪᠠᠷᠢᠮᠵᠢᠶ᠎ᠠ  ᠮᠥᠨ᠂ ᠲᠡᠷᠡ ᠨᠢ ᠤᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠰᠤᠷᠤᠯᠴᠠᠯᠭ᠎ᠠ᠂

ᠵᠢᠭᠠᠨ ᠰᠤᠷᠭᠠᠯᠲᠠ᠂ ᠰᠢᠯᠭᠠᠯᠲᠠ ᠪᠠ ᠦᠨᠡᠯᠡᠨ ᠵᠢᠱᠢᠯᠲᠡ ᠳᠤ ᠲᠤᠬᠢᠷᠠᠵᠤ᠂ ᠤᠯᠠᠨ ᠤᠯᠤᠰ ᠤᠨ ᠬᠢᠲᠠᠳ ᠬᠡᠯᠡᠨ ᠤ ᠰᠤᠷᠭᠠᠨ  ᠬᠥᠮᠦᠵᠢᠯ ᠢ ᠥᠷᠨᠢᠭᠦᠯᠬᠦ  ᠡᠯ᠎ᠡ

ᠲᠦᠷᠦᠯ ᠤᠨ ᠰᠤᠷᠭᠠᠭᠤᠯᠢ᠂ ᠪᠠᠶᠢᠭᠤᠯᠤᠮᠵᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ  ᠵᠢᠷᠤᠮᠵᠢᠯ ᠤᠨ  ᠴᠢᠨᠠᠷᠲᠠᠢ ᠯᠠᠪᠯᠠᠯᠲᠠ ᠬᠠᠩᠭᠠᠭᠰᠠᠨ ᠪᠠᠶᠢᠨ᠎ᠠ

ᠢᠷᠡᠯᠲᠡ᠄ ᠠᠷᠠᠳ ᠤᠨ ᠰᠦᠯᠵᠢᠶ᠎ᠡ