ᠬᠠᠪᠤᠷ ᠤᠨ ᠲᠠᠷᠢᠶᠠᠯᠠᠭ᠎ᠠ ᠪᠠ ᠲᠦᠯ ᠲᠤᠰᠴᠦ ᠪᠤᠶᠢᠵᠢᠭᠤᠯᠬᠤ ᠠᠵᠢᠯ ᠤᠷᠤᠭᠰᠢᠳᠠᠢ ᠶᠠᠪᠤᠭᠳᠠᠵᠤ ᠮᠠᠨ ᠤ ᠣᠷᠣᠨ ᠪᠦᠬᠦ ᠵᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠳᠤ ᠰᠠᠶᠢᠨ ᠰᠠᠭᠤᠷᠢ ᠶᠢ ᠲᠠᠯᠪᠢᠯ᠎ᠠ
ᠨᠡᠶᠢᠲᠡᠯᠡᠭᠰᠡᠨ ᠴᠠᠭ᠄
2021/5/10
     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠤᠶᠢᠢᠯᠠᠭᠠᠭᠰᠠᠠ ᠢᠶᠠᠷ᠂ ᠮᠠᠨ ᠤ ᠣᠷᠣᠨ ᠤ ᠲᠦᠷᠦᠭᠦᠦ ᠤᠯᠠᠷᠢᠯ ᠤᠨ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠪᠦᠬᠦ ᠵᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠳᠤ ᠰᠠᠶᠢᠨ ᠰᠠᠭᠤᠷᠢ ᠶᠢ ᠲᠠᠯᠪᠢᠵᠤ ᠥᠭᠬᠦᠭᠰᠡᠨ ᠪᠠᠶᠢᠨ᠎ᠠ᠃        ᠡᠨᠡ ᠵᠢᠯ ᠪᠥᠬᠦ ᠣᠷᠣᠨ ᠤ ᠲᠠᠷᠢᠮᠠᠯ ᠤᠨ ᠶᠡᠷᠦᠩᠬᠡᠶ ᠲᠠᠯᠠᠪᠠᠶ ᠵᠢᠱᠢᠯᠲᠡ ᠪᠠᠷ 1.36 ᠳ᠋ᠦᠩᠰᠢᠭᠤᠷ ᠮᠥ ᠳᠤ ᠬᠦᠷᠴᠦ᠂ ᠨᠢᠳᠤᠨᠤᠨ ᠤ ᠬᠢ ᠠᠴᠠ 90 ᠲᠦᠮᠡᠨ ᠮᠥ ᠨᠡᠮᠡᠭᠳᠡᠨ᠎ᠠ᠃ ᠡᠬᠦᠨ ᠳᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ 1.09 ᠳ᠋ᠦᠩᠰᠢᠭᠤᠷ ᠮᠥ ᠳᠤ ᠬᠦᠷᠴᠦ᠂ ᠨᠢᠳᠤᠨᠤᠨ ᠤ ᠬᠢ ᠠᠴᠠ 123 ᠲᠦᠮᠡᠨ ᠮᠥ ᠨᠡᠮᠡᠭᠳᠡᠬᠦ ᠪᠤᠯᠤᠨ᠎ᠠ᠃ ᠣᠳᠣᠬᠠᠨ ᠪᠣᠯᠲᠠᠯ᠎ᠠ᠂ ᠮᠠᠨ ᠤ ᠣᠷᠣᠨ 476.6 ᠲᠦᠮᠡᠨ ᠮᠥ ᠠᠮᠤ ᠪᠤᠳᠠᠭᠠᠨ ᠤ ᠲᠠᠷᠢᠮᠠᠯ ᠳᠠᠷᠢᠵᠤ᠂ ᠡᠭᠦᠨ ᠳᠤ ᠪᠣᠭᠤᠳᠠᠶ 226.8 ᠲᠦᠮᠡᠨ ᠮᠥ᠂ ᠡᠷᠳᠡᠨᠢ ᠰᠢᠰᠢ 452.5 ᠲᠦᠮᠡᠨ ᠮᠥ᠂ ᠲᠥᠮᠥᠰᠥ 22.5 ᠲᠦᠮᠡᠨ ᠮᠥ ᠳᠠᠷᠢᠪᠠ᠃      ᠮᠠᠨ ᠤ ᠣᠷᠣᠨ ᠤ ᠲᠠᠷᠢᠶᠠᠯᠠᠩ ᠤᠨ ᠮᠠᠲ᠋ᠧᠷᠢᠶᠠᠯ ᠤᠨ ᠲᠡᠭᠡᠭᠡᠪᠦᠷᠢᠯᠡᠯᠳᠡ ᠪᠠ ᠨᠥᠭᠡᠴᠡᠯᠡᠯᠳᠡ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠪᠥᠬᠦ ᠣᠷᠣᠨ ᠤ ᠡᠯ᠎ᠡ ᠭᠠᠵᠠᠷ ᠤᠨ ᠪᠠᠷᠠᠭᠠᠨ ᠤ ᠢᠷᠡᠯᠲᠡ ᠶᠢᠨ ᠬᠠᠩᠭᠠᠯᠭ᠎ᠠ ᠭᠦᠢᠴᠡᠳ᠂ ᠲᠡᠭᠡᠭᠡᠪᠦᠷᠢ ᠶᠢᠨ ᠵᠠᠮ ᠰᠠᠭᠠᠳ ᠥᠬᠡᠶ ᠨᠡᠪᠲᠡᠷᠡᠵᠤ ᠪᠠᠶᠢᠨ᠎ᠠ᠃ ᠡᠷᠳᠡᠨᠢ ᠰᠢᠰᠢ ᠵᠡᠷᠭᠡ ᠭᠤᠤᠯ ᠪᠣᠯᠬᠤ ᠠᠮᠤ ᠪᠤᠳᠠᠭᠠᠨ ᠤ ᠲᠠᠷᠢᠮᠠᠯ ᠤᠨ ᠦᠷ᠎ᠡ ᠶᠢᠨ ᠬᠠᠳᠠᠭᠠᠯᠠᠯᠲᠠ ᠶᠢᠨ ᠬᠡᠮᠵᠢᠶ᠎ᠡ ᠴᠥᠮ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡᠨ ᠤ 96.9% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠠᠪᠠᠪᠠ᠃ ᠬᠢᠮᠢ ᠶᠢᠨ ᠪᠤᠷᠳᠤᠭᠤᠷ ᠢ 106.4 ᠲᠦᠮᠡᠨ ᠲᠣᠨ᠂ ᠰᠦᠯᠢᠶᠣᠣ ᠪᠦᠷᠬᠦᠪᠴᠢ ᠶᠢ 4.9 ᠲᠦᠮᠡᠨ ᠲᠣᠨ᠂ ᠲᠠᠷᠢᠶᠠᠨ ᠡᠮ ᠢ 2639 ᠲᠣᠨ ᠨᠦᠭᠡᠴᠡᠯᠡᠵᠦ᠂ ᠴᠥᠮ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡᠨ ᠤ 60% ᠠᠴᠠ ᠳᠡᠭᠡᠭᠰᠢᠬᠢ ᠶᠢ ᠡᠵᠡᠯᠡᠪᠡ᠃ ᠲᠠᠷᠢᠶᠠᠯᠠᠩ ᠤᠨ ᠮᠠᠰᠢᠨ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠪᠡᠯᠡᠳᠬᠡᠯ ᠭᠦᠢᠴᠡᠳ ᠪᠠᠶᠢᠵᠤ᠂ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠭᠤᠯᠵᠤ ᠪᠣᠯᠬᠤ ᠲᠷᠠᠺᠲ᠋ᠣᠷ 102.2 ᠲᠦᠮᠡ᠂ ᠢᠵᠢ ᠪᠥᠷᠢᠳᠦᠭᠰᠡᠨ ᠲᠠᠷᠢᠶᠠᠯᠠᠩ ᠤᠨ ᠮᠠᠰᠢᠨ ᠪᠠᠭᠠᠵᠢ 150 ᠲᠦᠮᠡ ᠶᠢ ᠲᠠᠪᠠᠪᠠ᠃ 4.3 ᠲᠦᠮᠡᠡ ᠲᠠᠷᠢᠶᠠᠯᠠᠩ ᠤᠨ ᠮᠠᠰᠢᠨᠴᠢᠨ᠂ ᠰᠡᠯᠪᠢᠨ ᠵᠠᠰᠠᠬᠤ ᠠᠵᠢᠯᠴᠢᠨ ᠢ ᠪᠣᠯᠪᠠᠰᠤᠷᠠᠭᠤᠯᠵᠤ᠂ 146.9 ᠲᠦᠮᠡ ᠭᠠᠷᠤᠢ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠵᠤ᠂ ᠪᠠᠶᠢᠴᠠᠭᠠᠨ ᠵᠠᠰᠠᠭᠰᠠᠨ ᠨᠣᠷᠮ᠎ᠠ ᠨᠢ 88.3% ᠳᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠪᠣᠯᠵᠠᠢ᠃      ᠲᠥᠯ ᠲᠤᠰᠴᠤ ᠪᠤᠶᠢᠵᠢᠭᠤᠯᠬᠤ ᠠᠵᠢᠯ ᠤᠷᠤᠭᠰᠢᠲᠠᠢ ᠶᠠᠪᠤᠭᠳᠠᠪᠠ᠃ ᠮᠠᠨ ᠤ ᠣᠷᠣᠨ ᠪᠠᠷᠢᠮᠵᠢᠶᠠᠵᠢᠭᠰᠠᠨ ᠦᠢᠯᠡᠳᠪᠦᠷᠢᠯᠡᠯ ᠢ ᠢᠳᠡᠪᠬᠢᠲᠡᠶ ᠠᠬᠢᠭᠤᠯᠵᠤ᠂ ᠡᠬᠡ ᠮᠠᠯ ᠪᠠ ᠲᠥᠯ ᠮᠠᠯ ᠢ ᠠᠷᠠᠴᠢᠯᠠᠵᠤ ᠬᠠᠮᠢᠶᠠᠷᠬᠤ ᠪᠠᠨ ᠴᠢᠩᠭᠠᠳᠬᠠᠨ᠂ ᠮᠠᠯᠵᠢᠬᠤ ᠣᠷᠣᠨ ᠳᠤ ᠦᠷᠡᠵᠢᠭᠦᠯᠦᠨ ᠪᠤᠶᠢᠵᠢᠭᠤᠯᠵᠤ ᠲᠠᠷᠢᠶᠠᠯᠠᠬᠤ ᠣᠷᠣᠨ ᠳᠤ ᠪᠣᠷᠳᠣᠨ ᠲᠠᠷᠭᠤᠯᠠᠭᠤᠯᠬᠤ ᠦᠢᠯᠡᠳᠪᠦᠷᠢᠯᠡᠯ ᠤᠨ ᠵᠠᠭᠪᠤᠷ ᠢ ᠢᠳᠡᠪᠬᠢᠲᠡᠶ ᠶᠠᠪᠤᠭᠤᠯᠵᠤ᠂ ᠣᠷᠣᠨ ᠨᠤᠲᠤᠭ ᠤᠨ ᠡᠭᠦᠯᠳᠡᠷ ᠢ ᠰᠣᠩᠭᠤᠨ ᠪᠤᠶᠢᠵᠢᠭᠤᠯᠵᠤ ᠳᠡᠭᠡᠭᠰᠢᠯᠡᠭᠦᠯᠬᠦ ᠶᠢ ᠴᠢᠩᠭᠠᠳᠬᠠᠨ᠂ ᠲᠠᠷᠢᠶᠠᠯᠠᠬᠤ ᠣᠷᠣᠨ ᠳᠤ ᠬᠤᠶᠠᠷ ᠵᠢᠯ ᠳᠤ ᠭᠤᠷᠪᠠᠨ ᠲᠥᠯ᠂ ᠨᠢᠭᠡ ᠤᠳᠠᠭ᠎ᠠ ᠳᠤ ᠣᠯᠠᠨ ᠲᠥᠯ ᠪᠤᠶᠢᠵᠢᠭᠤᠯᠬᠤ ᠮᠡᠷᠭᠡᠵᠢᠯ ᠢ ᠳᠡᠯᠭᠡᠷᠡᠭᠦᠯᠪᠠ᠃ ᠠᠵᠢᠯ ᠲᠥᠷᠥᠯ ᠤᠨ ᠲᠣᠬᠢᠷᠠᠭᠤᠯᠤᠯᠲᠠ ᠠᠴᠠ ᠦᠵᠡᠪᠡᠯ᠂ ᠪᠥᠬᠦ ᠣᠷᠣᠨ ᠤ ᠪᠣᠳᠠ ᠪᠣᠭ ᠮᠠᠯ ᠤᠨ ᠲᠥᠯ 2802.3 ᠲᠦᠮᠡ ᠪᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 30.2 ᠲᠦᠮᠡ ᠨᠡᠮᠡᠭᠳᠡᠪᠡ᠃ ᠡᠭᠦᠨ ᠤ ᠬᠠᠮᠲᠤ᠂ ᠲᠡᠵᠢᠭᠡᠨ ᠦᠷᠡᠵᠢᠭᠦᠯᠬᠦ ᠡᠷᠦᠬᠡ ᠶᠢ ᠵᠢᠯᠣᠭᠤᠳᠴᠤ ᠪᠠᠶᠢᠭᠠᠳ ᠪᠣᠷᠣᠯᠠᠭᠤᠯᠭ᠎ᠠ ᠶᠢ ᠲᠦᠷᠭᠡᠳᠬᠡᠵᠦ᠂ ᠭᠠᠭ᠋ᠠᠶ ᠦᠬᠡᠷ ᠬᠤᠨᠢ ᠶᠢ ᠨᠡᠶᠢᠲᠡ 789.1 ᠲᠦᠮᠡ ᠪᠤᠷᠤᠯᠠᠭᠤᠯᠤᠨ᠂ ᠬᠡᠷ ᠤᠨ ᠵᠢᠭᠦᠷᠲᠡᠨ ᠢ 1219.8 ᠲᠦᠮᠡ ᠪᠣᠷᠣᠯᠠᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 33.3% ᠪᠠ 37.1% ᠨᠡᠮᠡᠭᠳᠡᠵᠦ᠂ ᠨᠡᠮᠡᠭᠳᠡᠯ ᠤᠨ ᠬᠠᠨᠳᠤᠰᠢ ᠪᠠᠨ ᠦᠷᠭᠦᠯᠵᠢᠯᠡᠨ ᠪᠠᠲᠤᠯᠠᠪᠠ᠃ ᠠᠮᠢᠳᠤ ᠭᠠᠭ᠋ᠠᠶ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠨᠡ ᠵᠢᠯ ᠤᠨ ᠲᠦᠷᠦᠭᠦᠦ ᠤᠯᠠᠷᠢᠯ ᠳᠤ᠂ ᠠᠮᠢᠳᠤ ᠭᠠᠭ᠋ᠠᠶ ᠪᠠ ᠮᠡᠭᠡᠵᠢ ᠶᠢᠨ ᠲᠤᠭ᠎ᠠ ᠲᠣᠰ ᠪᠥᠷᠢ 543.7 ᠲᠦᠮᠡ ᠪᠠ 67.6 ᠲᠦᠮᠡ ᠪᠣᠯᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 22 .5% ᠪᠠ 23.9% ᠨᠡᠮᠡᠭᠳᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ