ᠦᠶᠤᠸᠠᠨ ᠰᠢᠶᠠᠨ ᠤ ᠠᠷᠠᠳ ᠤᠨ ᠵᠠᠰᠠᠭ ᠤᠨᠤᠷᠳᠤᠨ | ︽ᠦᠶᠤᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠭᠡᠰᠢᠭᠦᠨ ᠤ ᠳᠦ᠋ᠷᠢᠮ ᠬᠢᠭᠡᠳ ᠠᠵᠢᠯ ᠤᠨ ᠳᠦ᠋ᠷᠢᠮ︾ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠷᠠᠳ ᠤᠨ | ᠪᠦᠯᠬᠦᠮ᠂ ᠰᠢᠶᠠᠨ ᠳᠤ ᠰᠠᠭᠤᠭ᠎ᠠ ᠡᠯ᠎ᠡ ᠨᠢᠭᠡᠴᠢ ᠳᠤ᠄ | ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠠᠳ᠂ ᠤᠳᠤ ︽ᠦᠶᠤᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠭᠡᠰᠢᠭᠦᠨ ᠤ | ᠲᠦᠷᠢᠮ ᠬᠢᠭᠡᠳ ᠠᠵᠢᠯ ᠤᠨ ᠲᠦᠷᠢᠮ︾ ᠢ ᠲᠠᠨᠠᠷ ᠲᠤ ᠳᠠᠷᠤᠮᠠᠯᠯᠠᠨ ᠲᠠᠷᠬᠠᠭᠠᠬᠤ ᠪᠠᠷ ᠪᠣᠯᠪᠠ᠂ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ | 2021 ᠣᠨ ᠤ 4 ᠰᠠᠷ᠎ᠠ ᠶᠢᠨ 25 ᠡᠳᠦᠷ | ᠦᠶᠤᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠭᠡᠰᠢᠭᠦᠨ ᠤ ᠳᠦ᠋ᠷᠢᠮ ᠬᠢᠭᠡᠳ ᠠᠵᠢᠯ ᠤᠨ ᠳᠦ᠋ᠷᠢᠮ | ᠨᠢᠭᠡ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠭᠡᠰᠢᠭᠦᠳ ᠤᠨ ᠪᠦᠷᠢᠯᠳᠦᠬᠦᠨ ᠨᠢᠭᠡᠴᠢ | ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠬᠤᠷᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ︵ᠬᠠᠤᠯᠢ ᠳᠦᠷᠢᠮ ᠤᠨ | ᠠᠯᠪᠠᠨ ᠭᠡᠷ︶᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠰᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ | ᠬᠡᠷᠡᠭ ᠶᠠᠪᠤᠳᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠬᠡᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ | ᠵᠢᠭᠤᠯᠴᠢᠯᠠᠯ ᠤᠨ ᠦᠢᠯᠡᠴᠢᠯᠡᠭᠡᠨ ᠤ ᠲᠥᠪ᠂ ᠬᠠᠮ ᠵᠠᠭᠤᠴᠢᠯᠠᠭᠤᠷ ᠤᠨ ᠲᠥᠪ᠂ ᠱᠠᠰᠢᠨ ᠰᠤᠷᠲᠠᠬᠤᠨ ᠤ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠲᠠᠷᠢᠶᠠᠯᠠᠩ ᠬᠤᠳᠠᠯᠳᠤᠭᠠᠨ ᠤ ᠪᠠᠩᠬᠢ | ᠂ ᠡᠯ᠎ᠡ ᠰᠤᠮᠤ ᠪᠠᠯᠭᠠᠰᠤ᠃ | ᠬᠤᠶᠠᠷ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠭᠡᠰᠢᠭᠦᠨ ᠨᠢᠭᠡᠴᠢ ᠶᠢᠨ ᠭᠤᠣᠯ ᠲᠤᠰᠢᠶᠠᠯ ᠬᠠᠷᠢᠭᠤᠴᠠᠯᠭ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠵᠦ᠂ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ | ᠰᠠᠶᠢᠵᠢᠷᠠᠭᠤᠯᠬᠤ ᠪᠠᠷ ᠭᠤᠣᠯ ᠰᠢᠵᠢᠮ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠶᠠᠷᠢᠶᠠᠨ ᠤ ᠲᠤᠬᠠᠶ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠶᠡᠭᠡ | ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠦᠨᠳᠦᠰᠦᠲᠡᠨ ᠤ | ᠠᠵᠢᠯ ᠤᠨ ᠭᠤᠣᠯ ᠰᠡᠳᠦᠪ ᠤᠨ ᠲᠣᠭᠤᠷᠢᠨ ᠳᠤ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ | ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ ᠲᠤᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ ᠶᠢ ᠦᠨᠳᠦᠰᠦᠯᠡᠨ᠂ ᠭᠦᠨᠵᠡᠭᠡᠶ | ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ | ᠳᠤᠪᠤᠶᠢᠮ᠎ᠠ ᠠᠰᠠᠭᠤᠳᠠᠯ ᠪᠠ ᠣᠨᠴᠠᠭᠠᠶ ᠬᠦᠴᠢᠷᠳᠡᠯ ᠢ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠭ᠎ᠠ | ᠭᠠᠴᠠᠭ᠎ᠠ ᠳᠤᠭᠤᠶᠢᠯᠠᠩ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠴᠥᠭᠡᠨ ᠲᠣᠭᠠᠲᠤ ᠦᠨᠳᠦᠰᠦᠲᠡᠨ ᠤ ᠪᠦᠬᠦ ᠰᠢᠶᠠᠨ ᠲᠠᠢ ᠵᠡᠷᠭᠡ ᠪᠠᠷ ᠴᠢᠨᠡᠭᠡᠯᠢᠭ | ᠨᠡᠶᠢᠭᠡᠮ ᠢ ᠪᠠᠶᠢᠭᠤᠯᠤᠨ ᠪᠦᠲᠦᠭᠡᠬᠦ ᠶᠢ ᠦᠨᠡᠨ ᠬᠦ ᠪᠠᠲᠤᠯᠠᠨ᠎ᠠ᠃ | ︵ᠨᠢᠭᠡ︶ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ᠃ ᠨᠠᠮ ᠪᠠ ᠤᠯᠤᠰ ᠤᠨ ᠦᠨᠳᠦᠰᠦᠲᠡᠨ ᠤ ᠠᠵᠢᠯ ᠤᠨ ᠲᠤᠬᠠᠶ ᠴᠢᠭᠯᠡᠯᠲᠡ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠰᠢᠶᠠᠨ ᠤ ᠦᠨᠳᠦᠰᠦᠲᠡᠨ ᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠤᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠴᠥᠭᠡᠨ | ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠭ᠎ᠠ ᠭᠠᠴᠠᠭ᠎ᠠ ᠳᠤᠭᠤᠶᠢᠯᠠᠩ ᠤᠨ ᠲᠦᠷᠭᠡᠪᠴᠢᠯᠡᠨ ᠬᠥᠭᠵᠢᠬᠦ ᠶᠢ ᠶᠡᠭᠡ ᠪᠠᠷ ᠠᠬᠢᠭᠤᠯᠤᠨ᠎ᠠ᠃ | ᠴᠥᠭᠡᠨ ᠲᠣᠭᠠᠲᠤ ᠦᠨᠳᠦᠰᠦᠲᠡᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠬᠦ᠃ ᠬᠤᠳᠠ ᠶᠢᠨ ᠪᠠ ᠲᠠᠷᠬᠠᠨ ᠰᠠᠭᠤᠵᠤ ᠪᠠᠶᠢᠭ᠎ᠠ ᠴᠥᠭᠡᠨ ᠲᠣᠭᠠᠲᠤ | ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ᠎ᠠ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠠ ᠪᠤᠯᠪᠠᠰᠤᠷᠠᠯ | ᠬᠥᠮᠦᠵᠢᠯ ᠢ ᠴᠢᠩᠭᠠᠳᠬᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠶᠢ ᠰᠢᠯᠭᠠᠷᠠᠭᠤᠯᠤᠨ ᠬᠥᠬᠢᠭᠦᠯᠬᠦ ᠠᠵᠢᠯ ᠢ ᠥᠷᠨᠢᠭᠦᠯᠪᠡ᠃ | ︵ᠬᠤᠶᠠᠷ︶ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠃ ᠦᠨᠳᠦᠰᠦᠲᠡᠨ ᠤ ᠲᠠᠯ᠎ᠠ ᠳᠤ ᠬᠤᠯᠪᠣᠭᠳᠠᠬᠤ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠢᠯᠢ ᠶᠢᠨ ᠳᠣᠲᠣᠨ᠎ᠠ ᠭᠠᠳᠠᠨᠠᠬᠢ ᠡᠯ᠎ᠡ ᠵᠦᠢᠯ ᠤᠨ ᠳᠠᠶᠢᠰᠤᠩᠨᠠᠭᠴᠢ ᠬᠦᠴᠦᠨ ᠤ ᠬᠠᠭᠠᠴᠠᠭᠤᠯᠬᠤ | ᠂ ᠨᠡᠪᠴᠢᠯᠲᠡ ᠬᠢᠬᠦ᠂ ᠡᠪᠳᠡᠬᠦ ᠠᠵᠢᠯᠯᠠᠭ᠎ᠠ ᠬᠢᠵᠦ ᠪᠠᠶᠢᠭ᠎ᠠ ᠪᠠᠶᠢᠳᠠᠯ ᠤᠨ ᠮᠡᠳᠡᠭᠡ ᠵᠠᠩᠭᠢ ᠶᠢ ᠡᠵᠡᠮᠰᠢᠵᠦ᠂ ᠦᠨᠳᠦᠰᠦᠲᠡᠨ᠂ ᠱᠠᠰᠢᠨ ᠰᠤᠷᠲᠠᠬᠤᠨ ᠢ ᠠᠰᠢᠭᠯᠠᠨ | ᠬᠢᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠤᠨ ᠳᠤᠮᠳᠠᠬᠢ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ | ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠦᠨᠳᠦᠰᠦᠲᠡᠨ ᠤ ᠪᠦᠷᠢᠯᠳᠦᠬᠦᠨ ᠢ ᠥᠭᠡᠷᠡᠴᠢᠯᠡᠬᠦ ᠠᠵᠢᠯ ᠤᠨ ᠳᠤᠮᠳᠠᠬᠢ ᠬᠤᠯᠪᠣᠭᠳᠠᠯ | ᠪᠦᠬᠦᠢ ᠣᠨᠴᠠᠭᠠᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠭᠤᠷᠪᠠ︶ ᠡᠳ᠋ ᠤᠨ ᠵᠠᠰᠠᠭ ᠤᠨ ᠲᠣᠪᠴᠢᠶ᠎ᠠ᠃ ᠴᠥᠭᠡᠨ ᠲᠣᠭᠠᠲᠤ ᠦᠨᠳᠦᠰᠦᠲᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠬᠦ ᠡᠳ᠋ ᠤᠨ | ᠵᠠᠰᠠᠭ᠂ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠵᠢᠴᠢ ᠬᠤᠯᠪᠣᠭᠳᠠᠯ ᠪᠦᠬᠦᠢ ᠰᠠᠨᠠᠭᠤᠯᠭ᠎ᠠ ᠶᠢ ᠲᠤᠭᠤᠷᠪᠢᠨ ᠲᠣᠭᠲᠠᠭᠠᠵᠤ᠂ ᠤᠯᠤᠰ ᠠᠴᠠ | ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠵᠡᠷᠭᠡ ᠴᠥᠭᠡᠨ ᠲᠣᠭᠠᠲᠤ ᠦᠨᠳᠦᠰᠦᠲᠡᠨ ᠤ ᠠᠵᠤ ᠠᠬᠤᠶ ᠶᠢᠨ | ᠬᠥᠭᠵᠢᠯᠲᠡ ᠶᠢ ᠳᠡᠮᠵᠢᠬᠦ ᠭᠠᠶᠢᠯᠢ ᠲᠠᠲᠠᠪᠤᠷᠢ ᠶᠢᠨ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠲᠣᠭᠲᠠᠭᠠᠭᠰᠠᠨ | ᠴᠥᠭᠡᠨ ᠲᠣᠭᠠᠲᠤ ᠦᠨᠳᠦᠰᠦᠲᠡᠨ ᠤ ᠡᠳ᠋ ᠤᠨ ᠵᠠᠰᠠᠭ ᠠᠴᠠ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ | ᠵᠠᠷᠤᠳᠠᠯ ᠢ ᠪᠠᠲᠤᠯᠠᠨ᠎ᠠ᠃ | ︵ᠳᠥᠷᠪᠡ︶ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠃ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠴᠢᠬᠤᠯᠠ ᠶᠡᠭᠡ ᠪᠠᠶᠢᠯᠳᠤᠬᠤ ᠪᠤᠳᠤᠯᠭ᠎ᠠ ᠬᠢᠭᠡᠳ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠪᠦᠬᠦ | ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠣᠨ ᠤ | ᠲᠥᠯᠥᠪᠯᠡᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠳᠠᠭᠠᠨ ᠦᠨᠳᠦᠰᠦᠲᠡᠨ ᠤ ᠠᠵᠢᠯ ᠪᠠ ᠦᠨᠳᠦᠰᠦᠲᠡᠨ ᠤ ᠲᠥᠪᠯᠡᠷᠡᠨ ᠰᠠᠭᠤᠭ᠎ᠠ ᠭᠠᠴᠠᠭ᠎ᠠ | ᠳᠤᠭᠤᠶᠢᠯᠠᠩ ᠢ ᠬᠦᠨᠳᠦᠳᠬᠡᠨ ᠦᠵᠡᠵᠦ ᠪᠠᠶᠢᠬᠤ ᠶᠢ ᠭᠦᠢᠴᠡᠳ ᠬᠠᠷᠠᠭᠤᠯᠬᠤ ᠬᠡᠷᠡᠭᠲᠡᠶ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠭᠠᠴᠠᠭ᠎ᠠ ᠳᠤᠭᠤᠶᠢᠯᠠᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠣᠨᠴᠠᠭᠠᠶ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠳᠤᠭᠤᠶᠢᠯᠠᠩ ᠤᠨ ᠪᠦᠬᠦᠯᠢ ᠴᠣᠭᠴᠠ ᠶᠢᠨ | ᠬᠥᠭᠵᠢᠯᠲᠡ ᠶᠢ ᠲᠡᠮᠵᠢᠵᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠮᠢ ᠠᠬᠤᠶ ᠶᠢᠨ ᠣᠷᠴᠢᠨ ᠨᠥᠬᠦᠴᠡᠯ ᠤᠨ ᠪᠦᠳᠦᠭᠡᠨ ᠪᠠᠶᠢᠭᠤᠯᠤᠯᠲᠠ ᠪᠠ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠲᠣᠬᠢᠷᠠᠭᠤᠯᠬᠤ ᠵᠡᠷᠭᠡ ᠲᠠᠯ᠎ᠠ ᠪᠠᠷ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ | ᠳᠤᠭᠤᠶᠢᠯᠠᠩ ᠲᠡᠶᠢᠰᠢ ᠬᠡᠯᠪᠠᠶᠢᠯᠭᠡᠨ᠎ᠡ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠳᠤᠭᠤᠶᠢᠯᠠᠩ ᠤᠨ | ᠤᠨᠴᠠᠯᠢᠭᠳᠤ ᠠᠵᠤ ᠦᠢᠯᠡᠰ᠂ ᠳᠠᠪᠠᠭᠤᠯᠢᠭ ᠠᠵᠤ ᠦᠢᠯᠡᠰ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ | ᠲᠥᠪᠯᠡᠷᠡᠨ ᠰᠠᠭᠤᠷᠢᠰᠢᠭᠰᠠᠨ ᠲᠣᠰᠬᠤᠨ ᠤ ᠳᠤᠭᠤᠶᠢᠯᠠᠩ ᠤᠨ ᠠᠵᠤ ᠦᠢᠯᠡᠰ ᠤᠨ ᠲᠠᠰ ᠳᠡᠪᠰᠢᠬᠦ ᠶᠢ ᠳᠥᠯᠭᠢᠨ ᠠᠬᠢᠭᠤᠯᠵᠤ᠂ ᠥᠪᠡᠷ ᠢ ᠪᠠᠨ ᠬᠥᠭᠵᠢᠭᠦᠯᠬᠦ | ᠴᠢᠳᠠᠪᠤᠷᠢ ᠶᠢ ᠴᠢᠩᠭᠠᠷᠠᠭᠤᠯᠤᠨ᠎ᠠ᠃ | ︵ᠲᠠᠪᠤ︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠃ ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠲᠣᠰᠬᠤᠨ ᠳᠤᠭᠤᠶᠢᠯᠠᠩ ᠤᠨ ᠠᠵᠤ ᠦᠢᠯᠡᠳᠪᠦᠷᠢᠵᠢᠯᠲᠡ ᠪᠣᠯᠤᠨ ᠮᠡᠳᠡᠭᠡ ᠵᠠᠩᠭᠢᠵᠢᠯᠲᠠ ᠶᠢᠨ ᠠᠭᠤᠰᠤᠯᠴᠠᠯ ᠢ ᠠᠬᠢᠭᠤᠯᠬᠤ ᠬᠠᠮᠢᠶ᠎ᠠ ᠪᠦᠬᠦᠢ | ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ | ᠲᠣᠰᠬᠤᠨ ᠳᠤᠭᠤᠶᠢᠯᠠᠩ ᠤᠨ ᠤᠨᠴᠠᠯᠢᠭᠳᠤ ᠠᠵᠤ ᠦᠢᠯᠡᠳᠪᠦᠷᠢ ᠶᠢᠨ ᠬᠥᠭᠵᠢᠯᠲᠡ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠭᠦᠨᠵᠡᠭᠡᠶ | ᠡᠳ᠋ᠰᠢᠭᠦᠯᠦᠨ ᠬᠥᠭᠵᠢᠭᠦᠯᠬᠦ ᠶᠢ ᠵᠢᠯᠣᠭᠤᠳᠤᠨ ᠳᠡᠮᠵᠢᠵᠦ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠠᠵᠤ | ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠠᠯ᠎ᠠ ᠪᠠ ᠣᠨ ᠤ ᠠᠵᠢᠯ ᠲᠥᠷᠥᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ | ᠶᠠᠪᠤᠴᠠ ᠳᠤ ᠳᠡᠮᠵᠢᠯᠭᠡ ᠦᠵᠡᠭᠦᠯᠦᠨ᠎ᠡ᠃ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠳᠤᠭᠤᠶᠢᠯᠠᠩ ᠤᠨ ᠠᠵᠤ ᠦᠢᠯᠡᠳᠪᠦᠷᠢ ᠶᠢᠨ ᠬᠥᠭᠵᠢᠯᠲᠡ ᠪᠠ | ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠵᠢᠷᠭᠤᠭ᠎ᠠ︶ ᠰᠤᠷᠭᠠᠨ ᠬᠥᠮᠦᠵᠢᠯ ᠤᠨ ᠲᠣᠪᠴᠢᠶ᠎ᠠ᠃ ᠦᠨᠳᠦᠰᠦᠲᠡᠨ ᠤ ᠰᠤᠷᠭᠠᠨ ᠬᠥᠮᠦᠵᠢᠯ ᠢ ᠬᠥᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠵᠤ᠂ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂ | ᠡᠯ᠎ᠡ ᠲᠦᠷᠦᠯ ᠤᠨ ᠰᠤᠷᠭᠠᠭᠤᠯᠢ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠬᠥᠮᠦᠵᠢᠯ ᠢ ᠥᠷᠨᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ | ᠵᠢᠴᠢ ᠲᠡᠭᠦᠨ ᠤ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠨᠡᠶᠢᠭᠡᠮ ᠤᠨ ᠠᠮᠢᠳᠤᠷᠠᠯ | ᠳᠤᠮᠳᠠᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ︽ᠬᠤᠣᠰ ᠬᠡᠯᠡ︾ ᠶᠢᠨ ᠰᠤᠷᠭᠠᠨ ᠬᠥᠮᠦᠵᠢᠯ ᠤᠨ ᠠᠵᠢᠯ ᠢ | ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ᠰᠣᠷᠣᠭᠴᠢ ᠡᠯᠰᠡᠬᠦ ᠳᠤᠮᠳᠠ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠲᠤ ᠬᠠᠷᠠᠭᠠᠯᠵᠠᠯ ᠦᠵᠡᠭᠦᠯᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠲᠡᠨ ᠤ ᠰᠤᠷᠭᠠᠭᠤᠯᠢ ᠶᠢ ᠰᠠᠶᠢᠲᠤᠷ ᠡᠷᠭᠢᠯᠡᠬᠦ ᠶᠢ ᠳᠡᠮᠵᠢᠵᠦ᠂ ᠦᠨᠳᠦᠰᠦᠲᠡᠨ ᠤ ᠰᠤᠷᠭᠠᠭᠤᠯᠢ ᠶᠢᠨ | ᠪᠠᠭᠰᠢ ᠶᠢᠨ ᠲᠣᠬᠢᠷᠠᠭᠤᠯᠤᠯᠲᠠ ᠪᠠ ᠪᠣᠯᠪᠠᠰᠤᠷᠠᠭᠤᠯᠤᠯ ᠢ ᠴᠢᠩᠭᠠᠳᠬᠠᠨ᠎ᠠ᠃ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ | ᠬᠥᠮᠦᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠬᠤ ᠪᠠ ᠲᠡᠭᠦᠨ ᠳᠤ ᠣᠷᠣᠯᠴᠠᠨ᠎ᠠ᠃ | ︵ᠲᠤᠯᠤᠭ᠎ᠠ︶ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠺᠣᠮᠢᠰ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠭ᠎ᠠ | ᠭᠠᠴᠠᠭ᠎ᠠ ᠳᠤᠭᠤᠶᠢᠯᠠᠩ ᠢ ᠵᠢᠯᠣᠭᠤᠳᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠴᠥᠭᠡᠨ | ᠲᠣᠭᠠᠲᠤ ᠦᠨᠳᠦᠰᠦᠲᠡᠨ ᠤ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠢᠳᠡᠪᠬᠢᠲᠡᠶ ᠪᠠᠷ ᠲᠡᠳᠬᠦᠨ ᠳᠡᠮᠵᠢᠨ᠎ᠡ᠃ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠰᠠᠶᠢᠵᠢᠷᠠᠭᠤᠯᠬᠤ ᠲᠦᠷᠦ ᠶᠢᠨ | ᠪᠤᠳᠤᠯᠭ᠎ᠠ᠂ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠰᠢᠶᠠᠨ᠂ ᠰᠢᠶᠠᠩ᠂ ᠲᠣᠰᠬᠤᠨ ᠤ ᠡᠮᠨᠡᠯᠭᠡ ᠶᠢᠨ ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ | ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠪᠣᠯᠤᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ | ᠴᠢᠬᠤᠯᠠ ᠶᠡᠭᠡ ᠲᠦᠷᠦᠯ ᠵᠦᠢᠯ ᠢ ᠲᠣᠬᠢᠷᠠᠭᠤᠯᠬᠤ ᠳᠠᠭᠠᠨ ᠴᠥᠭᠡᠨ ᠲᠣᠭᠠᠲᠤ ᠦᠨᠳᠦᠰᠦᠲᠡᠨ ᠳᠤ ᠵᠣᠬᠢᠬᠤ ᠬᠡᠮᠵᠢᠶᠡᠨ ᠤ ᠬᠠᠷᠠᠭᠠᠯᠵᠠᠯ ᠦᠵᠡᠭᠦᠯᠵᠦ᠂ ᠬᠢᠲᠠᠳ ︵ | ᠮᠣᠩᠭᠤᠯ︶ ᠡᠮ ᠡᠮᠨᠡᠯᠭᠡ ᠶᠢᠨ ᠬᠥᠭᠵᠢᠯᠲᠡ ᠶᠢ ᠲᠡᠳᠬᠦᠬᠦ ᠡᠷᠴᠢᠮ ᠢ ᠨᠡᠮᠡᠭᠳᠡᠭᠦᠯᠦᠨ᠂ ᠦᠨᠳᠦᠰᠦᠲᠡᠨ ᠤ ᠡᠮ ᠡᠮᠨᠡᠯᠭᠡ ᠶᠢᠨ ᠴᠢᠳᠠᠪᠤᠷᠢᠲᠠᠨ ᠬᠥᠮᠦᠵᠢᠭᠦᠯᠬᠦ ᠶᠢ | ᠴᠢᠩᠭᠠᠳᠬᠠᠨ᠎ᠠ᠃ | ︵ᠨᠠᠢᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠠᠳᠠᠯ ᠦᠶ᠋ᠯᠡᠰ | ᠴᠣᠭᠴᠠᠯᠠᠨ ᠠᠵᠢᠯ ᠤᠯᠬᠤ ᠶᠢ ᠳᠡᠮᠵᠢᠵᠦ᠂ ᠲᠡᠳᠡᠨ ᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠵᠡᠷᠭᠡ ᠶᠢ ᠭᠦᠶ᠋ᠴᠡᠳᠬᠡᠬᠦ ᠳᠤᠨᠢ ᠲᠥᠬᠦᠮ | ᠦᠵᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠨᠡᠷᠡᠳᠦ ᠰᠢᠯᠢᠳᠡᠭ ᠦᠢᠯᠡᠳᠬᠦᠨ ᠪᠠ ᠲᠠᠸᠠᠷ ᠤᠨ ᠲᠡᠮᠳᠡᠭ ᠤᠨ ᠨᠡᠷᠡᠳᠦ ᠲᠡᠮᠳᠡᠭᠲᠦ ᠶᠢ ᠬᠠᠮᠠᠭᠠᠯᠠᠨ᠎ᠠ᠃ ᠡᠯ᠎ᠡ | ᠲᠥᠷᠥᠯ ᠤᠨ ᠦᠨᠳᠦᠰᠦᠲᠡᠨ ᠤ ᠠᠵᠤ ᠠᠬᠤᠶᠢᠯᠠᠯ᠂ ᠴᠥᠭᠡᠨ ᠲᠣᠭᠠᠲᠤ ᠦᠨᠳᠦᠰᠦᠲᠡᠨ ᠤ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠪᠠ ᠦᠨᠳᠦᠰᠦᠲᠡᠨ ᠤ | ᠠᠷᠠᠯᠵᠢᠶ᠎ᠠ ᠠᠷᠠᠳ ᠤᠨ ᠬᠡᠷᠡᠭᠯᠡᠭᠡᠨ ᠤ ᠡᠳ᠋ ᠤᠨ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠬᠦ ᠳᠤ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ | ᠳᠢᠭᠯᠢᠮ ᠢ ᠬᠠᠤᠯᠢ ᠶᠣᠰᠣᠭᠠᠷ ᠵᠢᠷᠤᠮᠵᠢᠭᠤᠯᠤᠨ ᠬᠠᠮᠠᠭᠠᠯᠠᠵᠤ᠂ ᠬᠤᠳᠠᠯ ᠬᠠᠭᠤᠷᠮᠠᠭ ᠴᠢᠨᠠᠷ ᠮᠠᠭᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠦᠨᠳᠦᠰᠦᠲᠡᠨ ᠤ ᠠᠵᠤ ᠠᠬᠤᠶᠢᠯᠠᠯ᠂ ᠴᠥᠭᠡᠨ ᠲᠣᠭᠠᠲᠤ ᠦᠨᠳᠦᠰᠦᠲᠡᠨ ᠤ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠵᠢᠴᠢ ᠲᠡᠭᠦᠨ ᠤ ᠠᠵᠢᠯ ᠡᠷᠬᠢᠯᠡᠭᠰᠡᠳ ᠤᠨ ᠦᠢᠯᠡᠳᠪᠦᠷᠢᠯᠡᠯ ᠡᠵᠡᠩᠨᠡᠯᠲᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠯᠠᠯᠤ ᠶᠢᠨ ᠢᠳᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ | ︵ᠶᠢᠰᠦ︶ ᠬᠠᠤᠯᠢ ᠴᠠᠭᠠᠵᠠ ᠶᠢᠨ ᠲᠣᠪᠴᠢᠶ᠎ᠠ ︵ᠬᠠᠤᠯᠢ ᠳᠦᠷᠢᠮ ᠤᠨ ᠠᠯᠪᠠᠨ ᠭᠡᠷ︶᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠦᠨᠳᠦᠰᠦᠲᠡᠨ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ | ᠴᠠᠭᠠᠵᠠ ᠶᠢ ᠲᠦᠭᠡᠮᠡᠯᠵᠢᠭᠦᠯᠬᠦ ᠭᠤᠤᠯᠳᠠᠯᠭ᠎ᠠ ᠳᠤ ᠣᠷᠣᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠪᠠᠲᠤᠯᠠᠭ᠎ᠠ ᠪᠠ ᠬᠠᠤᠯᠢ | ᠲᠦᠷᠢᠮ ᠤᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠨ᠎ᠠ᠃ | ︵ᠠᠷᠪᠠ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠲᠣᠪᠴᠢᠶ᠎ᠠ᠃ ᠦᠨᠳᠦᠰᠦᠲᠡᠨ ᠨᠦᠭᠦᠳ ᠤᠨ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠠᠯᠳᠠᠭᠰᠠᠳ ᠪᠠ ᠳᠡᠭᠡᠳᠦ ᠰᠤᠷᠭᠠᠭᠤᠯᠢ ᠲᠡᠭᠦᠰᠦᠭᠰᠡᠳ ᠤᠨ | ᠲᠠᠩᠰᠠ ᠡᠪᠬᠡᠮᠡᠯ ᠢ ᠣᠷᠣᠯᠠᠨ ᠬᠠᠮᠢᠶᠠᠷᠬᠤ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢ ᠳᠠᠭᠠᠭᠠᠨ ᠭᠦᠶ᠋ᠴᠡᠳᠬᠡᠬᠦ᠂ ᠬᠤᠲᠠ ᠬᠥᠳᠡᠭᠡ ᠶᠢᠨ ᠬᠥᠮᠦᠰ ᠤᠨ ᠠᠵᠢᠯ | ᠣᠯᠵᠤ ᠠᠳᠠᠯ ᠦᠢᠯᠡᠰ ᠴᠣᠭᠴᠠᠯᠠᠬᠤ ᠦᠶ᠋ᠯᠡᠴᠢᠯᠡᠭᠡ᠂ ᠠᠵᠢᠯ ᠣᠯᠭᠤᠯᠲᠠ ᠶᠢᠨ ᠲᠤᠰᠠᠯᠠᠮᠵᠢ ᠵᠡᠷᠭᠡ ᠠᠵᠢᠯ ᠢ ᠴᠢᠩᠭᠠᠳᠬᠠᠨ᠎ᠠ᠃ ᠦᠨᠳᠦᠰᠦᠲᠡᠨ ᠨᠦᠭᠦᠳ ᠤᠨ | ᠬᠤᠳᠠ ᠬᠥᠳᠡᠭᠡ ᠶᠢᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠡᠮ ᠡᠮᠨᠡᠯᠭᠡ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠵᠡᠷᠭᠡ ᠨᠡᠶᠢᠭᠡᠮ ᠤᠨ | ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠥᠭᠡᠨ ᠲᠣᠭᠠᠲᠤ | ᠦᠨᠳᠦᠰᠦᠲᠡᠨ ᠤ ᠬᠥᠯᠥᠰᠥᠨ ᠠᠵᠢᠯᠴᠢᠨ ᠤ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠦᠷᠦ ᠶᠢᠨ ᠪᠤᠳᠤᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ | ᠂ ᠬᠥᠯᠥᠰᠥᠨ ᠠᠵᠢᠯᠴᠢᠨ ᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠥᠳᠡᠯᠮᠦᠷᠢ ᠶᠢᠨ | ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠳᠡᠭᠡᠳᠦ ᠱᠠᠲᠤᠨ ᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠴᠥᠭᠡᠨ ᠲᠣᠭᠠᠲᠤ | ᠦᠨᠳᠦᠰᠦᠲᠡᠨ ᠤ ᠠᠵᠢᠯᠲᠠᠨ ᠢ ᠲᠥᠯᠥᠪᠯᠡᠭᠡ ᠲᠠᠢ ᠪᠠᠷ ᠡᠯᠰᠡᠨ ᠬᠥᠮᠦᠵᠢᠭᠦᠯᠬᠦ ᠲᠦᠷᠦ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ | ︵ᠠᠷᠪᠠᠨ ᠨᠢᠭᠡ︶ ᠤᠰᠤᠨ ᠠᠰᠢᠭᠯᠠᠯᠲᠠ ᠶᠢᠨ ᠲᠣᠪᠴᠢᠶ᠎ᠠ᠃ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠬᠡᠷᠡᠭᠵᠢᠭᠦᠯᠬᠦ | ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠳᠡᠭᠡᠨ᠂ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠤᠨ ᠪᠠᠶᠢᠳᠠᠯ ᠳᠣᠤᠷ᠎ᠠ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠲᠣᠰᠬᠤᠨ ᠳᠤᠭᠤᠶᠢᠯᠠᠩ ᠳᠤ ᠬᠡᠯᠪᠠᠶᠢᠯᠭᠡᠬᠦ ᠬᠡᠷᠡᠭᠲᠡᠶ᠃ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠳᠤᠭᠤᠶᠢᠯᠠᠩ ᠤᠨ ᠤᠰᠤᠨ ᠤ | ᠡᠬᠢ ᠪᠠᠶᠠᠯᠢᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠨᠥᠬᠦᠴᠡᠯ ᠪᠦᠷᠢᠯᠳᠦᠭᠰᠡᠨ ᠦᠶ᠎ᠡ ᠳᠤ ᠤᠷᠢᠳᠠᠪᠠᠷ ᠨᠡᠭᠡᠭᠡᠨ ᠠᠰᠢᠭᠯᠠᠨ᠎ᠠ᠃ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠴᠤ᠂ ᠬᠥᠳᠡᠭᠡ ᠲᠣᠰᠬᠤᠨ ᠤ ᠠᠶᠤᠯᠭᠦᠶ ᠤᠤᠭᠤᠬᠤ | ᠤᠰᠤᠨ ᠤ ᠠᠮᠢ ᠠᠬᠤᠶ ᠶᠢᠨ ᠤᠰᠤ ᠬᠠᠩᠭᠠᠬᠤ ᠵᠡᠷᠭᠡ ᠠᠵᠢᠯ ᠳᠤ ᠭᠤᠣᠯᠳᠠᠯᠭ᠎ᠠ ᠲᠠᠢ ᠪᠠᠷ ᠳᠡᠮᠵᠢᠯᠭᠡ ᠦᠵᠡᠭᠦᠯᠦᠨ᠎ᠡ᠃ | ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠃ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠭᠠᠴᠠᠭ᠎ᠠ ᠳᠤᠭᠤᠶᠢᠯᠠᠩ ᠤᠨ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠪᠠ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠬᠠᠷᠠᠭᠠᠯᠵᠠᠯᠳᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠲᠣᠰᠬᠤᠨ ᠳᠤᠭᠤᠶᠢᠯᠠᠩ ᠢ ᠵᠢᠯᠣᠭᠤᠳᠤᠨ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠳᠤ | ᠰᠠᠭᠤᠷᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠴᠢᠨᠠᠭᠰᠢᠳᠠ ᠲᠣᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ | ᠠᠬᠤᠶ ᠶᠢᠨ ᠣᠳᠣᠬᠢᠴᠢᠯᠠᠯᠲᠠ ᠶᠢᠨ ᠠᠬᠢᠴᠠ ᠶᠢ ᠲᠥᠯᠬᠢᠨ ᠠᠬᠢᠭᠤᠯᠵᠤ᠂ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠰᠬᠤᠨ ᠳᠤᠭᠤᠶᠢᠯᠠᠩ ᠤᠨ ᠤᠨᠴᠠᠯᠢᠬᠳᠤ | ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠬᠦ᠂ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢ ᠲᠥᠯᠬᠢᠨ ᠠᠬᠢᠭᠤᠯᠬᠤ᠂ ᠠᠵᠤ ᠦᠢᠯᠡᠰᠵᠢᠭᠦᠯᠦᠨ ᠡᠵᠡᠩᠨᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ᠂ ᠰᠢᠨ᠎ᠡ ᠮᠠᠶ᠋ᠢᠭ ᠤᠨ ᠲᠠᠷᠢᠶᠠᠴᠢᠳ ᠢ ᠬᠥᠮᠦᠵᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠢ | ᠨᠡᠭᠡᠭᠡᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠳᠥᠭᠡᠨ ᠪᠠᠶᠢᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠮᠠᠯ | ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠲᠡᠳᠬᠦᠬᠦ ᠬᠡᠷᠡᠭᠲᠡᠶ᠃ ᠬᠡᠷᠡᠭᠯᠡᠭᠡᠨ ᠤ ᠮᠡᠷᠭᠡᠵᠢᠯ ᠢ ᠣᠷᠣᠭᠤᠯᠤᠨ | ᠠᠪᠴᠢᠷᠠᠵᠤ ᠨᠡᠭᠡᠭᠡᠨ ᠬᠥᠭᠵᠢᠭᠦᠯᠬᠦ ᠪᠠ ᠳᠡᠯᠭᠡᠷᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠺᠠᠳ᠋ᠷ ᠢ ᠪᠣᠯᠪᠠᠰᠤᠷᠠᠭᠤᠯᠤᠨ ᠬᠥᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠢ ᠬᠥᠭᠵᠢᠭᠦᠯᠬᠦ ᠵᠡᠷᠭᠡ ᠲᠠᠯ᠎ᠠ ᠪᠠᠷ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠳᠤᠭᠤᠶᠢᠯᠠᠩ ᠳᠤ | ᠭᠤᠣᠯᠳᠠᠯᠭ᠎ᠠ ᠲᠠᠢ ᠬᠡᠯᠪᠠᠶᠢᠯᠭᠡᠨ᠎ᠡ᠃ | ︵ᠠᠷᠪᠠᠨ ᠭᠤᠷᠪᠠ︶ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠃ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠳᠤ ᠬᠤᠯᠪᠣᠭᠳᠠᠭᠰᠠᠨ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠥᠭᠡᠨ | ᠲᠣᠭᠠᠲᠤ ᠦᠨᠳᠦᠰᠦᠲᠡᠨ ᠤ ᠤᠯᠠᠨ ᠲᠦᠮᠡᠨ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢ ᠡᠮᠬᠢᠳᠬᠡᠨ ᠵᠠᠳᠠᠯᠬᠤ ᠲᠣᠭᠲᠠᠴᠠ᠂ | ᠤᠷᠢᠳᠴᠢᠯᠠᠨ ᠰᠡᠷᠡᠮᠵᠢᠯᠡᠭᠦᠯᠵᠦ ᠰᠤᠳᠤᠯᠤᠨ ᠮᠠᠭᠠᠳᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠰᠢᠶᠠᠨ ᠤ ᠴᠥᠭᠡᠨ ᠲᠣᠭᠠᠲᠤ ᠦᠨᠳᠦᠰᠦᠲᠡᠨ ᠤ | ᠤᠯᠠᠨ ᠲᠦᠮᠡᠨ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠰᠢᠶᠠᠨ ᠤ ᠳᠣᠲᠣᠷ᠎ᠠ | ᠭᠠᠳᠠᠨᠠᠬᠢ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ᠂ ᠬᠠᠤᠯᠢ ᠶᠢᠨ ᠬᠥᠮᠦᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠬᠢᠳᠠᠯ᠂ ᠡᠯᠧᠺᠲᠷᠣᠨ | ᠰᠢᠦᠳᠠᠨ ᠤ ᠵᠦᠢᠯ᠂ ᠹᠠᠺᠰ᠂ ᠳ᠋ᠢᠶᠠᠩᠬᠤᠸᠠ᠂ ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠶ ᠳᠤᠨᠢ | ᠰᠢᠶ᠋ᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ | ᠠᠯᠤᠰᠯᠠᠭᠰᠠᠨ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠶᠡᠷᠦᠩᠬᠡᠶᠢᠯᠡᠨ ᠵᠣᠬᠢᠴᠠᠭᠤᠯᠵᠤ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ | ᠵᠠᠬᠢᠳᠠᠯ ᠰᠤᠷᠪᠤᠯᠵᠢᠯᠠᠭ᠎ᠠ ᠬᠢᠭᠰᠡᠳ ᠲᠤ ᠬᠤᠯᠪᠣᠭᠳᠠᠬᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ ᠶᠢᠨ ᠪᠣᠳᠤᠯᠭ᠎ᠠ ᠶᠢᠨ ᠯᠠᠪᠯᠠᠯᠭ᠎ᠠ | ᠬᠠᠩᠭᠠᠨ᠎ᠠ᠃ | ︵ᠠᠷᠪᠠᠨ ᠲᠦᠷᠪᠡ︶ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠲᠣᠰᠬᠤᠨ ᠤ ᠣᠶ ᠰᠢᠭᠤᠶ ᠡᠪᠡᠰᠦ ᠪᠡᠯᠴᠢᠭᠡᠷ ᠤᠨ ᠠᠵᠤ ᠠᠬᠤᠶ ᠶᠢᠨ ᠬᠥᠭᠵᠢᠯᠲᠡ᠂ ᠣᠶ ᠰᠢᠭᠤᠶ ᠡᠪᠡᠰᠦ ᠪᠡᠯᠴᠢᠭᠡᠷ ᠤᠨ ᠠᠵᠤ | ᠦᠢᠯᠡᠰᠵᠢᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠤᠢ ᠰᠢᠭᠤᠶ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠤ | ᠰᠤᠳᠤᠯᠤᠯ᠂ ᠮᠡᠷᠭᠡᠵᠢᠯ ᠢ ᠳᠡᠯᠭᠡᠷᠡᠭᠦᠯᠬᠦ᠂ ᠮᠣᠳᠣ ᠲᠠᠷᠢᠵᠤ ᠣᠶᠢᠵᠢᠭᠤᠯᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ᠂ ᠪᠠᠶᠢᠭᠠᠯᠢ ᠶᠢᠨ ᠤᠢ | ᠰᠢᠭᠤᠶ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠬᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠦᠨᠳᠦᠰᠦᠲᠡᠨ ᠤ ᠲᠥᠪᠯᠡᠷᠡᠨ ᠰᠠᠭᠤᠭᠰᠠᠨ ᠭᠠᠴᠠᠭ᠎ᠠ ᠳᠤᠭᠤᠶᠢᠯᠠᠩ ᠢ ᠭᠤᠣᠯᠳᠠᠯᠭ᠎ᠠ ᠲᠠᠢ ᠪᠠᠷ ᠲᠡᠳᠬᠦᠨ ᠲᠡᠮᠵᠢᠵᠤ᠂ | ᠦᠨᠳᠦᠰᠦᠲᠡᠨ ᠤ ᠲᠥᠪᠯᠡᠷᠡᠨ ᠰᠠᠭᠤᠭᠰᠠᠨ ᠭᠠᠴᠠᠭ᠎ᠠ ᠳᠤᠭᠤᠶᠢᠯᠠᠩ ᠤᠨ ᠬᠤᠳᠠ ᠬᠥᠳᠡᠭᠡ ᠶᠢᠨ ᠨᠣᠭᠤᠭᠠᠷᠠᠭᠤᠯᠤᠯᠲᠠ ᠪᠠ ᠠᠮᠢ ᠠᠬᠤᠶ ᠬᠡᠪᠡᠷᠡᠭ ᠭᠠᠵᠠᠷ ᠣᠷᠣᠨ ᠤ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠵᠢᠯᠣᠭᠤᠳᠤᠨ ᠲᠡᠮᠵᠢᠨ᠎ᠠ᠃ | ︵ᠠᠷᠪᠠᠨ ᠲᠠᠪᠤ︶ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠦᠷᠢᠮ ᠪᠣᠯᠤᠨ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠢ ᠤᠯᠠᠮ | ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠪᠥᠬᠦ ᠠᠷᠠᠳ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠭᠰᠡᠨ ᠣᠯᠠᠨ ᠲᠠᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ | ᠪᠣᠯᠬᠤ ᠶᠢ ᠦᠨᠡᠨᠬᠦ ᠪᠠᠲᠤᠯᠠᠵᠤ᠂ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡ ᠶᠢ ᠬᠤᠯᠪᠣᠯᠳᠤᠭᠤᠯᠬᠤ︾ | ᠥᠭᠡᠷᠡᠴᠢᠯᠡᠯᠲᠡ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ | ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ | ︵ᠠᠷᠪᠠᠨ ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠃ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠳᠤᠭᠤᠶᠢᠯᠠᠩ ᠤᠨ | ᠭᠠᠵᠠᠷ ᠰᠢᠷᠣᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠲᠠᠯ᠎ᠠ ᠪᠠᠷ ᠬᠢ ᠣᠨᠴᠠᠭᠠᠶ ᠠᠰᠠᠭᠤᠳᠠᠯ ᠢ ᠰᠢᠢᠳᠪᠦᠷᠢᠯᠡᠵᠦ᠂ | ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠳᠤᠭᠤᠶᠢᠯᠠᠩ ᠤᠨ ᠭᠠᠵᠠᠷ ᠰᠢᠷᠣᠶ ᠪᠠ ᠪᠡᠯᠴᠢᠭᠡᠷ ᠵᠡᠷᠭᠡ ᠡᠬᠢ ᠪᠠᠶᠠᠯᠢᠭ ᠢ ᠨᠡᠭᠡᠭᠡᠨ ᠠᠰᠢᠭᠯᠠᠬᠤ ᠳᠠᠭᠠᠨ | ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠳᠤᠭᠤᠶᠢᠯᠠᠩ ᠤᠨ ᠠᠰᠢᠭ ᠲᠤᠰᠠ ᠶᠢ ᠦᠨᠡᠨ ᠬᠦ ᠪᠠᠲᠤᠯᠠᠬᠤ | ᠬᠡᠷᠡᠭᠲᠡᠶ᠃ | ︵ᠠᠷᠪᠠᠨ ᠳᠣᠯᠤᠭ᠎ᠠ︶ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠃ ᠦᠨᠳᠦᠰᠦᠲᠡᠨ ᠤ ᠭᠠᠴᠠᠭ᠎ᠠ ᠳᠤᠭᠤᠶᠢᠯᠠᠩ ᠤᠨ ᠭᠤᠣᠯ ᠪᠣᠯᠬᠤ ᠪᠣᠬᠢᠷᠲᠤᠯ | ᠪᠣᠳᠠᠰ ᠢ ᠰᠡᠷᠭᠡᠶᠢᠯᠡᠨ ᠵᠠᠰᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠦᠨᠳᠦᠰᠦᠲᠡᠨ ᠤ | ᠲᠣᠰᠬᠤᠨ ᠳᠤᠭᠤᠶᠢᠯᠠᠩ ᠤᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠴᠢᠬᠤᠯᠠ ᠠᠮᠢ ᠠᠬᠤᠶ ᠶᠢᠨ ᠣᠷᠴᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠳᠤᠭᠤᠶᠢᠯᠠᠩ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠳᠤᠭᠤᠶᠢᠯᠠᠩ ᠤᠨ ᠠᠮᠢ ᠠᠬᠤᠶ ᠶᠢᠨ | ᠬᠠᠮᠠᠭᠠᠯᠠᠯᠲᠠ ᠶᠢᠨ ᠠᠵᠢᠯ ᠢ ᠵᠢᠯᠣᠭᠤᠳᠬᠤ ᠪᠠ ᠵᠣᠬᠢᠴᠠᠭᠤᠯᠵᠤ᠂ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠳᠤᠭᠤᠶᠢᠯᠠᠩ ᠤᠨ ᠣᠷᠴᠢᠨ | ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠠᠢᠮᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠃ ᠦᠨᠳᠦᠰᠦᠲᠡᠨ ᠤ ᠲᠥᠪᠯᠡᠷᠡᠨ | ᠰᠠᠭᠤᠭᠰᠠᠨ ᠭᠠᠴᠠᠭ᠎ᠠ ᠳᠤᠭᠤᠶᠢᠯᠠᠩ ᠤᠨ ᠪᠦᠳᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠲᠣᠭᠲᠠᠭᠠᠬᠤ ᠶᠢ ᠵᠢᠯᠣᠭᠤᠳᠤᠨ᠎ᠠ᠃ ᠦᠨᠳᠦᠰᠦᠲᠡᠨ ᠤ | ᠲᠥᠪᠯᠡᠷᠡᠨ ᠰᠠᠭᠤᠷᠢᠰᠢᠭᠰᠠᠨ ᠲᠣᠰᠬᠤᠨ ᠳᠤᠭᠤᠶᠢᠯᠠᠩ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠵᠣᠬᠢᠴᠠᠭᠤᠯᠤᠨ | ᠳᠡᠮᠵᠢᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠪᠠᠯᠭᠠᠰᠤ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ | ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠳᠤᠭᠤᠶᠢᠯᠠᠩ ᠤᠨ ᠶᠡᠷᠦᠩᠬᠡᠶᠢᠯᠡᠭᠰᠡᠨ ᠬᠤᠭᠤᠯᠠᠶ ᠲᠣᠤᠷ ᠪᠠ ᠨᠣᠭᠤᠭᠠᠷᠠᠭᠤᠯᠤᠯᠲᠠ ᠶᠢᠨ ᠪᠥᠲᠥᠭᠡᠨ | ᠪᠠᠶᠢᠭᠤᠯᠤᠯᠲᠠ ᠶᠢ ᠵᠣᠬᠢᠴᠠᠭᠤᠯᠤᠨ ᠳᠡᠮᠵᠢᠨ᠎ᠡ᠃ ᠬᠤᠲᠠ ᠪᠠᠯᠭᠠᠰᠤ ᠶᠢᠨ ᠴᠥᠭᠡᠨ ᠲᠣᠭᠠᠲᠤ ᠦᠨᠳᠦᠰᠦᠲᠡᠨ ᠤ ᠣᠷᠣᠨ ᠰᠠᠭᠤᠴᠠ ᠶᠢᠨ ᠬᠦᠴᠢᠷᠳᠡᠯ ᠲᠠᠢ ᠬᠡᠷ ᠪᠦᠯᠢ | ᠪᠣᠯᠤᠨ ᠬᠥᠳᠡᠭᠡ ᠲᠣᠰᠬᠤᠨ ᠠᠴᠠ ᠰᠢᠯᠵᠢᠭᠰᠡᠨ ᠬᠥᠮᠦᠨ ᠠᠮᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠣᠬᠢᠴᠠᠭᠤᠯᠵᠤ᠂ ᠨᠥᠬᠦᠴᠡᠯ ᠳᠤ ᠨᠡᠶᠢᠴᠡᠬᠦ | ᠴᠥᠭᠡᠨ ᠲᠣᠭᠠᠲᠤ ᠦᠨᠳᠦᠰᠦᠲᠡᠨ ᠳᠤ ᠨᠡᠶᠢᠲᠡ ᠶᠢᠨ ᠲᠦᠷᠢᠶᠡᠰᠦᠯᠡᠯ ᠤᠨ ᠬᠡᠷ ᠪᠠᠶᠢᠰᠢᠩ ᠤᠨ ᠬᠠᠮᠢᠶ᠎ᠠ ᠪᠥᠬᠦᠶ ᠭᠠᠷᠳᠠᠮ ᠢ ᠭᠦᠶ᠋ᠴᠡᠳᠬᠡᠵᠦ᠂ ᠤᠷᠢᠳᠠᠪᠠᠷ | ᠨᠥᠬᠦᠴᠡᠯ ᠳᠤ ᠨᠡᠶᠢᠴᠡᠬᠦ ᠶᠢ ᠨᠢ ᠤᠷᠢᠳᠠᠪᠠᠷ ᠪᠣᠳᠠᠲᠤ ᠶᠠᠭᠤᠮ᠎ᠠ ᠪᠠᠷ ᠲᠦᠷᠢᠶᠡᠰᠦᠯᠡᠨ᠎ᠡ᠃ | ︵ᠠᠷᠪᠠ ᠶᠢᠰᠦ︶ ᠠᠷᠠᠳ ᠤᠨ ᠶᠠᠪᠤᠳᠠᠯ ᠤᠨ ᠲᠣᠪᠴᠢᠶ᠎ᠠ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠭ᠎ᠠ ᠭᠠᠴᠠᠭ᠎ᠠ | ᠳᠤᠭᠤᠶᠢᠯᠠᠩ ᠤᠨ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠦᠨᠳᠦᠰᠦᠨ | ᠱᠠᠲᠤᠨ ᠤ ᠠᠷᠠᠳᠴᠢᠯᠠᠯ ᠪᠠ ᠨᠡᠶᠢᠭᠡᠮ ᠤᠨ ᠪᠠᠶᠢᠭᠤᠯᠤᠯᠲᠠ ᠵᠢᠴᠢ ᠭᠠᠵᠠᠷ ᠤᠨ ᠨᠡᠷ᠎ᠡ᠂ ᠣᠷᠣᠰᠢᠭᠤᠯᠭ᠎ᠠ ᠶᠢᠨ ᠬᠠᠮᠢᠶᠠᠷᠤᠯᠲᠠ᠂ ᠨᠠᠰᠤᠲᠠᠶᠢᠴᠤᠳ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠲᠤᠰᠬᠠᠶ ᠵᠦᠢᠯ ᠤᠨ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ | ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠬᠤᠷᠢ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ | ᠰᠠᠭᠤᠭ᠎ᠠ ᠭᠠᠴᠠᠭ᠎ᠠ ᠳᠤᠭᠤᠶᠢᠯᠠᠩ ᠤᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠵᠣᠬᠢᠴᠠᠭᠤᠯᠤᠨ | ᠰᠢᠶ᠋ᠳᠪᠦᠷᠢᠯᠡᠨ᠎ᠡ᠃ | ︵ᠬᠤᠷᠢᠨ ᠨᠢᠭᠡ︶ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ | ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠳᠤᠭᠤᠶᠢᠯᠠᠩ ᠤᠨ ᠡᠯ᠎ᠡ ᠵᠦᠢᠯ ᠤᠨ ᠰᠣᠶᠣᠯ ᠤᠨ ᠦᠢᠯᠡᠰ ᠤᠨ | ᠬᠥᠭᠵᠢᠯᠲᠡ ᠶᠢ ᠢᠳᠡᠪᠬᠢᠲᠡᠢ ᠲᠡᠳᠬᠦᠵᠦ᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠳᠤᠭᠤᠶᠢᠯᠠᠩ ᠤᠨ | ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠳᠤ ᠭᠤᠣᠯᠳᠠᠯᠭ᠎ᠠ ᠲᠠᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠨ᠎ᠡ᠃ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠦᠨᠳᠦᠰᠦᠲᠡᠨ ᠤ | ᠪᠦᠯᠬᠦᠮᠳᠡᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠬᠡᠷᠡᠭᠲᠡᠶ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠪᠦᠲᠦᠭᠡᠯ ᠪᠠ ᠬᠡᠪᠯᠡᠭᠳᠡᠬᠦᠨ ᠤ ᠳᠣᠲᠣᠷᠠᠬᠢ ᠦᠨᠳᠦᠰᠦᠲᠡᠨ ᠤ | ᠲᠦᠷᠦ ᠶᠢᠨ ᠪᠤᠳᠤᠯᠭ᠎ᠠ ᠶᠢ ᠵᠥᠷᠢᠴᠡᠭᠰᠡᠨ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠦᠨᠳᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ | ︵ᠬᠤᠷᠢᠨ ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠃ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠳᠤᠭᠤᠶᠢᠯᠠᠩ ᠤᠨ ᠵᠠᠮ | ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ | ᠳᠤᠭᠤᠶᠢᠯᠠᠩ ᠤᠨ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠣᠨᠴᠠᠭᠠᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠬᠤᠷᠢᠨ ᠭᠤᠷᠪᠠ︶ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠃ ᠴᠥᠭᠡᠨ ᠲᠣᠭᠠᠲᠤ ᠦᠨᠳᠦᠰᠦᠲᠡᠨ ᠤ ᠴᠡᠷᠢᠭ ᠠᠴᠠ | ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ᠂ | ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠢ ᠰᠢᠯᠵᠢᠭᠦᠯᠦᠨ | ᠲᠤᠰᠢᠶᠠᠵᠤ ᠲᠥᠪᠬᠢᠨᠡᠭᠦᠯᠬᠦ ᠠᠵᠢᠯ ᠪᠠ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠠᠵᠢᠯ ᠤᠯᠬᠤ ᠪᠠ ᠴᠡᠷᠢᠭ ᠤᠨ ᠠᠯᠪᠠᠨ ᠠᠴᠠ ᠪᠠᠭᠤᠭᠰᠠᠳ ᠲᠤ ᠦᠶ᠋ᠯᠡᠴᠢᠯᠡᠬᠦ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠴᠥᠭᠡᠨ ᠲᠣᠭᠠᠲᠤ ᠦᠨᠳᠦᠰᠦᠲᠡᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶ᠎ᠠ ᠪᠥᠬᠦᠢ ᠬᠠᠤᠯᠢ | ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠯᠲᠠ | ᠲᠠᠯᠪᠢᠨ ᠪᠠᠶᠢᠴᠠᠭᠠᠵᠤ᠂ ᠴᠥᠭᠡᠨ ᠲᠣᠭᠠᠲᠤ ᠦᠨᠳᠦᠰᠦᠲᠡᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠥᠬᠦᠢ | ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | ︵ᠬᠤᠷᠢᠨ ᠲᠦᠷᠪᠡ︶ ᠲᠤᠭ᠎ᠠ ᠪᠦᠷᠢᠳᠬᠡᠯ ᠤᠨ ᠲᠣᠪᠴᠢᠶ᠎ᠠ᠃ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠶᠢᠨ ᠲᠤᠭ᠎ᠠ ᠪᠦᠷᠢᠳᠬᠡᠯ᠂ ᠴᠥᠭᠡᠨ | ᠲᠣᠭᠠᠲᠤ ᠦᠨᠳᠦᠰᠦᠲᠡᠨ ᠤ ᠶᠠᠳᠠᠭᠤ ᠬᠦᠴᠢᠷᠳᠡᠯ ᠢ ᠬᠢᠨᠠᠨ ᠬᠡᠮᠵᠢᠬᠦ ᠪᠠ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠳᠤᠭᠤᠶᠢᠯᠠᠩ ᠤᠨ ᠠᠵᠤ | ᠠᠬᠤᠶ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠬᠤ ᠠᠵᠢᠯ ᠢ ᠬᠠᠮᠵᠢᠨ ᠰᠠᠶᠢᠲᠤᠷ ᠬᠢᠨ᠎ᠠ᠃ ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ ᠤᠨ ᠲᠤᠭ᠎ᠠ ᠪᠦᠷᠢᠳᠬᠡᠯ ᠢ | ᠵᠣᠬᠢᠴᠠᠭᠤᠯᠤᠨ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ᠂ ᠶᠠᠳᠠᠭᠤ ᠬᠦᠴᠢᠷᠳᠡᠯᠲᠡᠶ ᠡᠷᠦᠬᠡ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠲᠠᠯ᠎ᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃ | ︵ᠬᠤᠷᠢᠨ ᠲᠠᠪᠤ︶ ᠶᠠᠳᠠᠭᠤ ᠶᠢ ᠲᠡᠳᠬᠦᠬᠦ ᠠᠯᠪᠠᠨ ᠬᠡᠷ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠭ᠎ᠠ ᠭᠠᠴᠠᠭ᠎ᠠ | ᠳᠤᠭᠤᠶᠢᠯᠠᠩ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠠᠬᠢᠭᠤᠯᠬᠤ ᠬᠠᠷᠠᠭᠠᠯᠵᠠᠯᠳᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠨ᠎ᠠ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠭ᠎ᠠ ᠭᠠᠴᠠᠭ᠎ᠠ ᠳᠤᠭᠤᠶᠢᠯᠠᠩ ᠤᠨ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠶᠠᠪᠤᠴᠠ ᠳᠠᠬᠢ ᠣᠨᠴᠠᠭᠠᠶ ᠬᠦᠴᠢᠷᠳᠡᠯ ᠪᠠ ᠣᠨᠴᠠᠭᠠᠶ ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠪᠠ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠳᠤᠭᠤᠶᠢᠯᠠᠩ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠡᠷᠴᠢᠮ ᠢ ᠤᠯᠠᠮ | ᠨᠢᠭᠡ ᠠᠯᠬᠤᠮ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ᠂ ᠭᠠᠳᠠᠭᠠᠳᠤ ᠶᠢᠨ ᠲᠤᠰᠠᠯᠠᠮᠵᠢ ᠶᠢᠨ ᠵᠦᠢᠯᠡᠰ ᠵᠡᠷᠭᠡ ᠲᠠᠯ᠎ᠠ ᠪᠠᠷ ᠴᠥᠭᠡᠨ ᠲᠣᠭᠠᠲᠤ | ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠳᠤᠭᠤᠶᠢᠯᠠᠩ ᠳᠤ ᠬᠠᠷᠠᠭᠠᠯᠵᠠᠯ ᠦᠵᠡᠭᠦᠯᠦᠨ᠎ᠡ᠃ | ︵ᠬᠤᠷᠢᠨ ᠵᠢᠷᠭᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠃ ᠰᠢᠶᠠᠨ ᠤ ᠲᠤᠰ ᠱᠠᠲᠤᠨ ᠤ ᠴᠥᠭᠡᠨ ᠲᠣᠭᠠᠲᠤ ᠦᠨᠳᠦᠰᠦᠲᠡᠨ ᠳᠤ | ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠰᠤᠮᠤ ᠪᠠᠯᠭᠠᠰᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ | ᠵᠢᠯᠣᠭᠤᠳᠴᠤ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ | ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠶᠠᠨ ᠤ ᠲᠣᠰ ᠱᠠᠲᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ | ᠶᠡᠭᠡ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠬᠢᠨ᠎ᠠ᠃ | ︵ᠬᠤᠷᠢᠨ ᠲᠤᠯᠤᠭ᠎ᠠ︶ ᠠᠵᠢᠯᠴᠢᠨ ᠤ ᠡᠪᠯᠡᠯ᠃ ᠠᠵᠢᠯᠳᠠᠨ ᠤ ᠳᠤᠮᠳᠠ ᠦᠨᠳᠦᠰᠦᠲᠡᠨ ᠤ ᠪᠦᠯᠬᠦᠮᠳᠡᠯ ᠤᠨ ᠬᠥᠮᠦᠵᠢᠯ᠂ ᠨᠠᠮ ᠤᠨ ᠦᠨᠳᠦᠰᠦᠲᠡᠨ ᠤ | ᠲᠦᠷᠦ ᠶᠢᠨ ᠪᠤᠳᠤᠯᠭ᠎ᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠮᠠᠷᠺᠰ ᠤᠨ ᠦᠵᠡᠯ ᠤᠨ ︽ᠲᠠᠪᠤᠨ ᠦᠵᠡᠯᠲᠡ︾᠂ ︽ᠲᠠᠪᠤᠨ ᠮᠡᠳᠡᠷᠡᠮᠵᠢ︾᠂ ︽ | ᠭᠤᠷᠪᠠᠨ ᠰᠠᠯᠵᠤ ᠴᠢᠳᠠᠬᠤ ᠦᠭᠡᠢ︾ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠠᠵᠢᠯᠳᠠᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠢᠯᠴᠢᠨ ᠡᠯᠰᠡᠵᠦ ᠬᠡᠷᠡᠭᠯᠡᠬᠦ ᠳᠡᠭᠡᠨ ᠴᠥᠭᠡᠨ ᠲᠣᠭᠠᠲᠤ ᠦᠨᠳᠦᠰᠦᠲᠡᠨ ᠢ ᠭᠠᠳᠠᠭᠤᠷᠴᠢᠯᠠᠵᠤ ᠪᠣᠯᠬᠤ ᠦᠭᠡᠢ᠃ | ᠶᠠᠳᠠᠭᠤ ᠬᠦᠴᠢᠷᠳᠡᠯᠲᠡᠢ ᠦᠨᠳᠦᠰᠦᠲᠡᠨ ᠤ ᠠᠵᠢᠯᠳᠠᠨ ᠢ ᠡᠷᠬᠢᠨ ᠦᠵᠡᠬᠦ ᠪᠠ ᠲᠣᠬᠤᠨᠢᠭᠤᠯᠵᠤ᠂ ᠡᠯ᠎ᠡ ᠦᠨᠳᠦᠰᠦᠲᠡᠨ ᠤ ᠠᠵᠢᠯᠳᠠᠨ ᠳᠤ ᠰᠠᠶᠢᠨ ᠶᠠᠪᠤᠳᠠᠯ᠂ | ᠪᠣᠳᠠᠲᠠᠢ ᠶᠠᠪᠤᠳᠠᠯ ᠬᠢᠵᠦ᠂ ᠲᠡᠳᠡᠨ ᠳᠤ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠶᠡᠭᠡ ᠭᠡᠷ ᠪᠦᠯᠢ ᠶᠢᠨ ᠮᠠᠶ᠋ᠢᠭ ᠤᠨ ᠬᠠᠶᠢᠷ᠎ᠠ ᠬᠠᠯᠠᠮᠵᠢ ᠶᠢ ᠬᠦᠷᠲᠡᠭᠡᠵᠡᠢ᠃ | ︵ᠬᠤᠷᠢᠨ ᠨᠠᠢᠮᠠ︶ ᠡᠪᠯᠡᠯ ᠤᠨ ᠬᠤᠷᠢᠶ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ ᠪᠠ | ᠵᠠᠯᠠᠭᠤᠴᠤᠳ ᠪᠠᠭᠠᠴᠤᠳ ᠤᠨ ᠠᠵᠢᠯ ᠤᠨ ᠪᠠᠶᠢᠳᠠᠯ ᠢ ᠪᠠᠶᠢᠴᠠᠭᠠᠵᠤ᠂ ᠵᠠᠯᠠᠭᠤᠴᠤᠳ ᠪᠠᠭᠠᠴᠤᠳ ᠤᠨ ᠠᠵᠢᠯ ᠤᠨ ᠤᠨᠤᠯ ᠪᠠ ᠦᠵᠡᠯ ᠰᠠᠨᠠᠭᠠᠨ ᠤ ᠬᠥᠮᠦᠵᠢᠯ ᠤᠨ | ᠠᠰᠠᠭᠤᠳᠠᠯ ᠢ ᠰᠤᠳᠤᠯᠵᠤ᠂ ᠵᠣᠬᠢᠴᠠᠩᠭᠤᠶ ᠠᠷᠭ᠎ᠠ ᠪᠤᠳᠤᠯᠭ᠎ᠠ ᠳᠤᠷᠠᠳᠤᠨ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠦᠨᠳᠦᠰᠦᠲᠡᠨ ᠤ | ᠪᠦᠯᠬᠦᠮᠳᠡᠯ ᠤᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠳᠤᠮᠳᠠᠳᠤ ᠪᠠᠨ ᠬᠠᠶᠢᠷᠠᠯᠠᠬᠤ ᠦᠷ᠎ᠡ ᠶᠢ ᠵᠠᠯᠠᠭᠤᠴᠤᠳ ᠪᠠᠭᠠᠴᠤᠳ ᠨᠢᠭᠡᠪᠦᠷᠢ ᠶᠢᠨ ᠰᠡᠳᠬᠢᠯ ᠤᠨ | ᠭᠦᠨ ᠳᠤ ᠪᠤᠯᠠᠵᠤ ᠲᠠᠯᠪᠢᠨ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ | ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠨ᠎ᠠ᠃ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠲᠡᠨ ᠤ ᠬᠠᠨᠳᠤᠰᠢ ᠪᠠ ᠢᠷᠡᠭᠡᠳᠦᠶ ᠶᠢ ᠬᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠭᠦᠨᠵᠡᠭᠡᠶ ᠲᠠᠨᠢᠭᠤᠯᠵᠤ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ | ︵ᠬᠤᠷᠢ ᠶᠢᠰᠦ︶ ᠡᠮᠡᠭᠲᠡᠶᠢᠴᠦᠳ ᠤᠨ ᠬᠤᠯᠪᠣᠭᠠᠲᠤ ᠬᠤᠷᠠᠯ᠃ ᠮᠠᠷᠺᠰ ᠤᠨ ᠦᠵᠡᠯ ᠤᠨ ᠡᠮᠡᠭᠲᠡᠶᠢᠴᠦᠳ ᠤᠨ ᠦᠵᠡᠯᠲᠡ ᠪᠣᠯᠤᠨ ᠡᠷᠡᠭᠲᠡᠶ ᠡᠮᠡᠭᠲᠡᠶ ᠡᠷᠬᠡ | ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠥᠷᠭᠡᠨ ᠤᠯᠠᠨ ᠴᠥᠭᠡᠨ ᠲᠣᠭᠠᠲᠤ ᠦᠨᠳᠦᠰᠦᠲᠡᠨ ᠤ ᠡᠮᠡᠭᠲᠡᠶᠢᠴᠦᠳ ᠢ ᠬᠥᠮᠦᠵᠢᠭᠦᠯᠦᠨ ᠬᠥᠲᠥᠯᠥᠨ | ᠵᠢᠯᠣᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ | ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠵᠤ᠂ ︽ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ | ᠬᠦᠴᠦᠷᠬᠡᠭᠵᠢᠭᠦᠯᠬᠦ︾ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠶᠠᠨ ᠤ ᠳᠣᠲᠣᠷᠠᠬᠢ ᠦᠨᠳᠦᠰᠦᠲᠡᠨ ᠨᠦᠭᠦᠳ ᠤᠨ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠲᠦᠭᠡᠮᠡᠯᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠡᠮᠡᠭᠲᠡᠶᠢᠴᠦᠳ | ᠬᠡᠦᠬᠡᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠪᠠ ᠭᠡᠷ ᠪᠦᠯᠢ ᠶᠢᠨ ᠬᠥᠮᠦᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨᠳᠦᠰᠦᠲᠡᠨ ᠨᠦᠭᠦᠳ ᠤᠨ | ᠡᠮᠡᠭᠲᠡᠶᠢᠴᠦᠳ ᠲᠤ ᠬᠢᠬᠦ ᠰᠢᠨᠵᠢᠯᠡᠬᠦ ᠤᠬᠠᠭᠠᠨ ᠰᠣᠶᠣᠯ ᠬᠢᠭᠡᠳ ᠦᠢᠯᠡᠳᠪᠦᠷᠢᠯᠡᠯ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠬᠥᠮᠦᠵᠢᠯ ᠢ ᠢᠳᠡᠪᠬᠢᠲᠡᠶ ᠪᠠᠷ | ᠲᠦᠯᠬᠢᠨ ᠠᠬᠢᠭᠤᠯᠬᠤ ᠪᠠ ᠥᠷᠨᠢᠭᠦᠯᠵᠦ᠂ ᠡᠮᠡᠭᠲᠡᠶᠢᠴᠦᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠮᠡᠭᠲᠡᠶᠢᠴᠦᠳ ᠬᠡᠦᠬᠡᠳ ᠲᠤ ᠬᠤᠯᠪᠣᠭᠳᠠᠬᠤ | ᠬᠠᠤᠯᠢ ᠴᠠᠭᠠᠵᠠ ᠪᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠭᠠᠳᠠᠭᠤᠷᠴᠢᠯᠠᠬᠤ᠂ ᠬᠠᠯᠳᠠᠬᠤ᠂ ᠴᠥᠭᠡᠨ ᠲᠣᠭᠠᠲᠤ | ᠦᠨᠳᠦᠰᠦᠲᠡᠨ ᠤ ᠡᠮᠡᠭᠲᠡᠶᠢᠴᠦᠳ ᠬᠡᠦᠬᠡᠳ ᠲᠤ ᠬᠠᠯᠳᠠᠬᠤ ᠠᠯᠢᠪᠠ ᠮᠠᠭᠤ ᠦᠵᠡᠭᠳᠡᠯ ᠢ ᠡᠰᠡᠷᠭᠦᠴᠡᠵᠦ᠂ ᠦᠨᠳᠦᠰᠦᠨ ᠱᠠᠲᠤᠨ ᠤ ᠴᠥᠭᠡᠨ ᠲᠣᠭᠠᠲᠤ | ᠦᠨᠳᠦᠰᠦᠲᠡᠨ ᠤ ᠪᠡᠯᠡᠳᠬᠡᠯ ᠡᠮᠡᠭᠲᠡᠶ ᠺᠠᠳ᠋ᠷ ᠢ ᠬᠥᠮᠦᠵᠢᠭᠦᠯᠬᠦ᠂ ᠲᠠᠨᠢᠯᠴᠠᠭᠤᠯᠬᠤ ᠠᠵᠢᠯ ᠢ ᠰᠠᠶᠢᠲᠤᠷ ᠬᠢᠨ᠎ᠡ᠃ | ︵ᠭᠤᠴᠢ︶ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠡᠯ᠎ᠡ ᠰᠤᠮᠤ ᠪᠠᠯᠭᠠᠰᠤ᠃ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ | ᠦᠨᠳᠦᠰᠦᠲᠡᠨ ᠤ ᠠᠵᠢᠯ ᠤᠨ ᠭᠤᠤᠯ ᠰᠡᠳᠦᠪᠲᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ | ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠡᠳᠬᠦᠬᠦ ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠴᠥᠭᠡᠨ ᠲᠣᠭᠠᠲᠤ | ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠵᠦ᠂ ᠬᠤᠳᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ | ᠥᠷᠭᠡᠨ ᠢᠶᠠᠷ ᠵᠣᠬᠢᠶᠠᠨ ᠪᠠᠶᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠤᠯᠠᠨ ᠵᠦᠢᠯ ᠤᠨ ᠬᠡᠯᠪᠡᠷᠢ ᠶᠢ ᠠᠪᠴᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ | ᠬᠠᠮᠠᠭᠠᠯᠠᠨ᠂ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠪᠣᠳᠠᠰ ᠤᠨ ᠪᠠ ᠰᠣᠶᠣᠯ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠰᠣᠯᠢᠯᠴᠠᠭ᠎ᠠ ᠠᠭᠤᠰᠤᠯᠴᠠᠯ ᠶᠠᠪᠤᠯᠴᠠᠭ᠎ᠠ ᠶᠢ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠪᠠ ᠨᠡᠶᠢᠭᠡᠮ ᠤᠨ | ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ︵ᠭᠤᠴᠢᠨ ᠨᠢᠭᠡ︶ ᠵᠢᠭᠤᠯᠴᠢᠯᠠᠯ ᠤᠨ ᠦᠢᠯᠡᠴᠢᠯᠡᠭᠡᠨ ᠤ ᠲᠥᠪ᠃ ᠦᠨᠳᠦᠰᠦᠲᠡᠨ ᠤ ᠣᠨᠴᠠᠯᠢᠭ ᠪᠦᠬᠦᠢ ᠭᠠᠴᠠᠭ᠎ᠠ ᠳᠤᠭᠤᠶᠢᠯᠠᠩ ᠤᠨ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠨ᠎ᠠ᠃ ᠦᠨᠳᠦᠰᠦᠲᠡᠨ ᠤ ᠣᠨᠴᠠᠯᠢᠭ ᠲᠠᠢ ᠵᠤᠭᠠᠴᠠᠯ ᠤᠨ | ᠵᠠᠬ᠎ᠠ ᠳᠡᠯᠭᠡᠭᠦᠷ ᠢ ᠪᠤᠶᠢᠵᠢᠭᠤᠯᠤᠨ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠤᠨᠴᠠᠯᠢᠭᠳᠤ ᠭᠠᠴᠠᠭ᠎ᠠ ᠳᠤᠭᠤᠶᠢᠯᠠᠩ ᠤᠨ ᠭᠤᠣᠯᠳᠠᠯᠭ᠎ᠠ ᠲᠠᠢ ᠵᠤᠭᠠᠴᠠᠯ ᠤᠨ ᠣᠷᠣᠨ | ᠪᠦᠰᠡ ᠶᠢ ᠲᠥᠯᠥᠪᠵᠢᠭᠦᠯᠦᠨ ᠨᠡᠭᠡᠭᠡᠨ ᠬᠥᠭᠵᠢᠭᠦᠯᠵᠦ ᠪᠦᠳᠦᠬᠡᠨ ᠪᠠᠶᠢᠭᠤᠯᠬᠤ ᠶᠢ ᠵᠢᠯᠣᠭᠤᠳᠴᠤ᠂ ᠦᠨᠳᠦᠰᠦᠲᠡᠨ ᠤ ᠵᠤᠭᠠᠴᠠᠯ᠂ ᠦᠨᠳᠦᠰᠦᠲᠡᠨ ᠤ ᠤᠨᠴᠠᠯᠢᠭᠳᠤ | ᠵᠤᠭᠠᠴᠠᠯ ᠢ ᠭᠤᠣᠯᠳᠠᠯᠭ᠎ᠠ ᠲᠠᠢ ᠠᠳᠠᠯᠢ ᠨᠥᠬᠦᠴᠡᠯ᠂ ᠡᠩ ᠲᠡᠷᠢᠭᠦᠨ ᠳᠤ ᠲᠡᠳᠬᠦᠬᠦ ᠵᠠᠷᠴᠢᠮ ᠤᠨ ᠶᠣᠰᠣᠭᠠᠷ᠂ ᠦᠨᠳᠦᠰᠦᠲᠡᠨ ᠤ ᠣᠨᠴᠠᠯᠢᠭ ᠪᠥᠬᠦᠢ | ᠵᠢᠭᠤᠯᠴᠢᠯᠠᠯ ᠤᠨ ᠬᠥᠮᠦᠵᠢᠯ᠂ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠎ᠠ᠃ | ︵ᠭᠤᠴᠢᠨ ᠬᠤᠶᠠᠷ︶ ᠬᠠᠮ ᠵᠠᠭᠤᠴᠢᠯᠠᠭᠤᠷ ᠤᠨ ᠲᠥᠪ᠃ ᠨᠠᠮ ᠪᠠ ᠤᠯᠤᠰ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠬᠤᠯᠪᠣᠭᠳᠠᠯ ᠪᠦᠬᠦᠢ | ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠦᠨᠳᠦᠰᠦᠲᠡᠨ ᠤ ᠮᠡᠳᠡᠯᠭᠡ ᠶᠢ ᠤᠯᠠᠮᠵᠢᠯᠠᠨ ᠳᠡᠯᠭᠡᠷᠡᠭᠦᠯᠵᠦ᠂ ᠦᠨᠳᠦᠰᠦᠲᠡᠨ ᠤ ᠠᠵᠢᠯ ᠤᠨ ᠴᠢᠬᠤᠯᠠ ᠰᠣᠨᠢᠨ | ᠮᠡᠳᠡᠭᠡ ᠶᠢ ᠮᠡᠳᠡᠭᠡᠯᠡᠨ᠎ᠡ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠰᠣᠨᠢᠨ ᠮᠡᠳᠡᠭᠡᠯᠡᠯ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ | ᠲᠧᠯᠸᠢᠰ ᠤᠨ ᠦᠢᠯᠡᠰ ᠤᠨ ᠬᠥᠭᠵᠢᠯᠲᠡ ᠶᠢ ᠢᠳᠡᠪᠬᠢᠲᠡᠶ ᠪᠠᠷ ᠲᠡᠳᠬᠦᠨ ᠳᠡᠮᠵᠢᠨ᠎ᠡ᠃ ᠰᠣᠨᠢᠨ ᠮᠡᠳᠡᠭᠡᠯᠡᠯ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ | ᠲᠠᠯ᠎ᠠ ᠪᠠᠷ ᠬᠢ ᠲᠦᠷᠦ ᠶᠢᠨ ᠪᠤᠳᠤᠯᠭ᠎ᠠ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠳᠠᠭᠠᠨ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ | ᠲᠥᠪᠯᠡᠷᠡᠨ ᠰᠠᠭᠤᠭ᠎ᠠ ᠭᠠᠴᠠᠭ᠎ᠠ ᠳᠤᠭᠤᠶᠢᠯᠠᠩ ᠤᠨ ᠣᠨᠴᠠᠭᠠᠶ ᠪᠠᠶᠢᠳᠠᠯ ᠢ ᠭᠦᠢᠴᠡᠳ ᠪᠣᠳᠣᠯᠬᠢᠯᠠᠬᠤ ᠬᠡᠷᠡᠭᠲᠡᠶ᠃ ᠨᠠᠮ ᠤᠨ ᠦᠨᠳᠦᠰᠦᠲᠡᠨ ᠤ ᠲᠦᠷᠦ ᠶᠢᠨ | ᠪᠤᠳᠤᠯᠭ᠎ᠠ ᠠᠴᠠ ᠵᠥᠷᠢᠴᠡᠭᠰᠡᠨ ᠪᠠ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠦᠨᠳᠡᠭᠰᠡᠨ ᠠᠭᠤᠯᠭ᠎ᠠ ᠲᠠᠢ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠪᠦᠲᠦᠭᠡᠯ ᠢ | ᠦᠢᠯᠡᠳᠴᠦ ᠨᠡᠪᠲᠡᠷᠡᠭᠦᠯᠬᠦ ᠶᠢ ᠴᠢᠩᠭ᠎ᠠ ᠬᠢᠨᠠᠨ ᠪᠠᠶᠢᠴᠠᠭᠠᠵᠤ᠂ ᠴᠠᠭᠠᠵᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠷᠠᠳᠢᠣ᠋ ᠨᠡᠪᠲᠡᠷᠡᠭᠦᠯᠭᠡ ᠺᠢᠨᠣ᠋ | ᠲᠧᠯᠸᠢᠰ ᠤᠨ ᠪᠦᠲᠦᠭᠡᠯ ᠪᠠ ᠬᠡᠪᠯᠡᠭᠳᠡᠬᠦᠨ ᠤ ᠳᠣᠲᠣᠷᠠᠬᠢ ᠨᠠᠮ ᠪᠠ ᠤᠯᠤᠰ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠠᠴᠠ ᠵᠥᠷᠢᠴᠡᠭᠰᠡᠨ᠂ | ᠦᠨᠳᠦᠰᠦᠲᠡᠨ ᠤ ᠬᠠᠶᠢᠷ᠎ᠠ ᠰᠡᠳᠬᠢᠯᠭᠡ ᠶᠢᠨ ᠠᠭᠤᠯᠭ᠎ᠠ ᠶᠢ ᠬᠦᠨᠳᠡᠭᠰᠡᠨ ᠬᠡᠷᠡᠭ ᠢ ᠲᠣᠬᠢᠲᠠᠶ ᠰᠢᠢᠳᠪᠦᠷᠢᠯᠡᠨ᠎ᠡ᠃ | ︵ᠭᠤᠴᠢᠨ ᠭᠤᠷᠪᠠ︶ ᠱᠠᠰᠢᠨ ᠰᠤᠷᠲᠠᠬᠤᠨ ᠤ ᠲᠣᠪᠴᠢᠶ᠎ᠠ᠃ ᠦᠨᠳᠦᠰᠦᠲᠡᠨ ᠤ ᠬᠠᠷᠢᠴᠠᠭ᠎ᠠ ᠪᠠ ᠱᠠᠰᠢᠨ ᠰᠤᠷᠲᠠᠬᠤᠨ ᠤ ᠲᠠᠯ᠎ᠠ ᠶᠢᠨ ᠬᠠᠷᠢᠴᠠᠭ᠎ᠠ ᠶᠢ | ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠱᠠᠰᠢᠨ ᠰᠢᠲᠦᠯᠭᠡ ᠶᠢᠨ | ᠲᠠᠯ᠎ᠠ ᠳᠤ ᠬᠤᠯᠪᠣᠭᠳᠠᠭᠰᠠᠨ ᠭᠡᠨᠡᠳᠲᠡ ᠶᠢᠨ ᠬᠡᠷᠡᠭ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠰᠠᠭᠤᠳᠠᠯ ᠢ ᠰᠢᠢᠳᠪᠦᠷᠢᠯᠡᠨ᠎ᠡ᠃ ᠱᠠᠰᠢᠨ | ᠰᠢᠲᠦᠯᠭᠡ ᠲᠠᠢ ᠴᠥᠭᠡᠨ ᠲᠣᠭᠠᠲᠤ ᠦᠨᠳᠦᠰᠦᠲᠡᠨ ᠤ ᠱᠠᠰᠢᠨ ᠰᠤᠷᠲᠠᠬᠤᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠬᠥᠮᠦᠵᠢᠯ ᠢ ᠬᠠᠷᠢᠭᠤᠴᠠᠵᠤ᠂ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ | ᠬᠡᠷᠡᠭᠵᠢᠭᠦᠯᠬᠦ ᠶᠢ ᠰᠢᠪᠠᠳᠠᠵᠤ᠂ ᠪᠠᠶᠢᠴᠠᠭᠠᠵᠤ᠂ ᠲᠦᠯᠬᠢᠨ ᠠᠬᠢᠭᠤᠯᠵᠤ᠂ ᠤᠯᠤᠰ ᠤᠨ ᠦᠨᠳᠦᠰᠦᠨ ᠬᠠᠤᠯᠢ ᠪᠠ ᠪᠤᠰᠤᠳ ᠬᠤᠯᠪᠣᠭᠳᠠᠯ ᠪᠦᠬᠦᠢ ᠬᠠᠤᠯᠢ | ᠴᠠᠭᠠᠵᠠ ᠶᠢ ᠦᠨᠳᠦᠰᠦᠯᠡᠨ᠂ ᠪᠦᠬᠦ ᠰᠢᠶᠠᠨ ᠤ ᠱᠠᠰᠢᠨ ᠰᠤᠷᠲᠠᠬᠤᠨ ᠤ ᠠᠵᠢᠯ ᠤᠨ ᠪᠣᠳᠠᠲᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ | ︵ᠭᠤᠴᠢᠨ ᠲᠥᠷᠪᠡ︶ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠃ ᠴᠥᠭᠡᠨ ᠲᠣᠭᠠᠲᠤ ᠦᠨᠳᠦᠰᠦᠲᠡᠨ ᠳᠤ ᠬᠤᠯᠪᠣᠭᠳᠠᠭᠰᠠᠨ | ᠬᠤᠳᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠴᠥᠭᠡᠨ ᠲᠣᠭᠠᠲᠤ ᠦᠨᠳᠦᠰᠦᠲᠡᠨ ᠢ | ᠬᠥᠲᠥᠯᠥᠨ ᠵᠢᠯᠣᠭᠤᠳᠴᠤ ᠵᠠᠮ ᠡᠵᠡᠯᠡᠬᠦ ᠦᠭᠡᠢ ᠪᠠᠷ ᠡᠵᠡᠩᠨᠡᠭᠦᠯᠵᠦ᠂ ᠠᠷᠠᠳ ᠲᠤ ᠲᠦᠬᠦᠮ ᠦᠵᠡᠭᠦᠯᠬᠦ ᠲᠦᠷ ᠴᠠᠭ ᠤᠨ ᠬᠥᠲᠥᠯᠥᠨ ᠵᠢᠯᠣᠭᠤᠳᠬᠤ ᠴᠡᠭ ᠲᠤ | ᠣᠷᠣᠵᠤ ᠵᠢᠷᠤᠮᠵᠢᠭᠤᠯᠤᠨ ᠡᠵᠡᠩᠨᠡᠭᠦᠯᠦᠨ᠎ᠡ᠃ | ︵ᠭᠤᠴᠢᠨ ᠲᠠᠪᠤ︶ ᠭᠠᠶᠢᠯᠢ ᠶᠢᠨ ᠶᠠᠪᠤᠳᠠᠯ ᠤᠨ ᠲᠣᠪᠴᠢᠶ᠎ᠠ᠃ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠥᠭᠡᠨ | ᠲᠣᠭᠠᠲᠤ ᠦᠨᠳᠦᠰᠦᠲᠡᠨ ᠳᠤ ᠬᠤᠯᠪᠣᠭᠳᠠᠬᠤ ᠡᠯ᠎ᠡ ᠲᠥᠷᠥᠯ ᠤᠨ ᠠᠵᠤ ᠠᠬᠤᠶᠢᠯᠠᠯ ᠪᠣᠯᠤᠨ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠡᠳ᠋ ᠤᠨ | ᠠᠵᠤ ᠠᠬᠤᠶᠢᠯᠠᠯ ᠤᠨ ᠪᠤᠵᠠᠭᠠᠶᠢᠷᠠᠨ ᠬᠥᠭᠵᠢᠬᠦ ᠶᠢ ᠶᠡᠬᠡᠪᠡᠷ ᠲᠡᠳᠬᠦᠨ ᠳᠡᠮᠵᠢᠵᠦ᠂ ᠴᠥᠭᠡᠨ ᠲᠣᠭᠠᠲᠤ ᠦᠨᠳᠦᠰᠦᠲᠡᠨ ᠤ ᠭᠠᠶᠢᠯᠢ ᠲᠤᠰᠢᠶᠠᠭᠴᠢ ᠶᠢᠨ ᠬᠠᠤᠯᠢ | ᠶᠣᠰᠣᠨ ᠤ ᠭᠠᠶᠢᠯᠢ ᠲᠠᠲᠠᠪᠤᠷᠢ ᠶᠢᠨ ᠡᠷᠬᠡ ᠠᠰᠢᠭ ᠢ ᠬᠠᠮᠠᠭᠠᠯᠠᠨ᠎ᠠ᠃ | ︵ᠭᠤᠴᠢᠨ ᠵᠢᠷᠭᠤᠭ᠎ᠠ︶ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ᠃ ᠬᠠᠷᠢᠶᠠᠲᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠣᠯᠠᠨ | ᠲᠦᠮᠡᠨ ᠳᠤ ᠬᠤᠯᠪᠣᠭᠳᠠᠭᠰᠠᠨ ᠵᠠᠮ ᠬᠠᠷᠢᠯᠴᠠᠭᠠᠨ ᠤ ᠠᠳᠡᠯ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠂ ᠡᠭᠦᠨ ᠳᠤ ᠵᠠᠮ ᠬᠠᠷᠢᠯᠴᠠᠭᠠᠨ ᠤ ᠠᠳᠡᠯ ᠢ | ᠭᠥᠯᠢᠶᠡᠨ ᠠᠪᠴᠤ ᠰᠢᠢᠳᠪᠦᠷᠢᠯᠡᠬᠦ᠂ ᠬᠡᠷᠡᠭ ᠪᠣᠯᠭᠠᠨ ᠳᠠᠩᠰᠠᠯᠠᠬᠤ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ᠂ ᠪᠠᠶᠢᠴᠠᠭᠠᠵᠤ ᠭᠡᠷᠡᠴᠢ ᠠᠪᠬᠤ᠂ ᠠᠳᠡᠯ ᠢ | ᠮᠠᠭᠠᠳᠯᠠᠨ ᠲᠣᠭᠲᠠᠭᠠᠬᠤ᠂ ᠬᠠᠷᠢᠭᠤᠴᠠᠯᠭ᠎ᠠ ᠲᠠᠢ ᠬᠥᠮᠦᠨ ᠢ ᠰᠢᠳᠬᠡᠬᠦ᠂ ᠬᠤᠬᠢᠷᠠᠯ ᠤᠨ ᠲᠥᠯᠥᠪᠦᠷᠢ ᠶᠢ ᠡᠶᠡᠳᠡᠭᠦᠯᠬᠦ ᠵᠡᠷᠭᠡ ᠠᠵᠢᠯ ᠪᠠᠭᠲᠠᠨ᠎ᠠ᠃ ᠵᠠᠮ | ᠬᠠᠷᠢᠯᠴᠠᠭᠠᠨ ᠤ ᠭᠡᠨᠡᠳᠡᠯ ᠤᠨ ᠲᠠᠯ᠎ᠠ ᠪᠠᠷ ᠬᠢ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠳᠤ ᠬᠤᠯᠪᠣᠭᠳᠠᠬᠤ᠂ ᠬᠦᠯᠢᠶᠡᠨ | ᠠᠪᠴᠤ ᠰᠢᠢᠳᠪᠦᠷᠢᠯᠡᠬᠦ ᠠᠵᠢᠯ ᠢ ᠬᠠᠪᠰᠤᠷᠤᠨ ᠰᠠᠶᠢᠲᠤᠷ ᠬᠢᠵᠦ᠂ ᠵᠠᠮ ᠬᠠᠷᠢᠯᠴᠠᠭᠠᠨ ᠤ ᠭᠡᠨᠡᠳᠡᠯ ᠠᠴᠠ ᠪᠣᠯᠤᠭᠰᠠᠨ ᠡᠯ᠎ᠡ ᠵᠦᠢᠯ ᠤᠨ ᠵᠥᠷᠢᠴᠡᠯ᠂ ᠵᠢᠭᠤᠷᠠᠯᠳᠤᠭᠠᠨ ᠢ | ᠠᠷᠢᠯᠭᠠᠵᠤ᠂ ᠠᠳᠡᠯ ᠭᠠᠷᠤᠭᠰᠠᠨ ᠲᠤᠬᠠᠶ ᠶᠢᠨ ᠬᠥᠮᠦᠨ ᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠲᠤᠬᠠᠶ ᠶᠢᠨ ᠬᠥᠮᠦᠨ ᠤ ᠳᠡᠭᠡᠭᠰᠢ ᠰᠤᠷᠪᠤᠯᠵᠢᠯᠠᠬᠤ᠂ ᠵᠠᠮ | ᠪᠥᠭᠯᠡᠬᠦ ᠠᠵᠢᠯᠯᠠᠭ᠎ᠠ ᠠᠴᠠ ᠵᠠᠶᠢᠯᠠᠰᠬᠢᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ᠃ ᠴᠥᠭᠡᠨ ᠲᠣᠭᠠᠲᠤ ᠦᠨᠳᠦᠰᠦᠲᠡᠨ ᠤ ᠴᠢᠬᠤᠯᠠ ᠶᠡᠭᠡ | ᠤᠯᠠᠮᠵᠢᠯᠠᠯᠲᠤ ᠪᠠᠶᠠᠷ ᠤᠨ ᠡᠳᠦᠷ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠰᠠᠶᠢᠶᠤᠷ ᠬᠢᠨ᠎ᠠ᠃ | ︵ᠭᠤᠴᠢᠨ ᠲᠤᠯᠤᠭ᠎ᠠ︶ ᠲᠠᠷᠢᠶᠠᠯᠠᠩ ᠬᠤᠳᠠᠯᠳᠤᠭᠠᠨ ᠤ ᠪᠠᠩᠬᠢ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠭ᠎ᠠ | ᠭᠠᠴᠠᠭ᠎ᠠ ᠳᠤᠭᠤᠶᠢᠯᠠᠩ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠴᠥᠭᠡᠨ ᠲᠣᠭᠠᠲᠤ ᠦᠨᠳᠦᠰᠦᠲᠡᠨ ᠤ ᠠᠵᠤ ᠠᠬᠤᠶᠢᠯᠠᠯ ᠪᠠ ᠦᠨᠳᠦᠰᠦᠲᠡᠨ ᠤ | ᠡᠳ᠋ᠯᠡᠯ ᠦᠢᠯᠡᠳᠪᠦᠷᠢᠯᠡᠬᠦ ᠠᠵᠤ ᠠᠬᠤᠶᠢᠯᠠᠯ ᠤᠨ ᠵᠦᠢ ᠵᠣᠬᠢᠰᠲᠠᠶ ᠪᠡᠯᠡ ᠮᠥᠩᠭᠦᠨ ᠤ ᠬᠡᠷᠡᠭᠴᠡᠭᠡ ᠶᠢ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠲᠣᠬᠢᠷᠠᠭᠤᠯᠤᠨ᠎ᠠ | ᠃ | ᠭᠤᠷᠪᠠ᠂ ᠠᠵᠢᠯ ᠤᠨ ᠲᠦᠷᠢᠮ | ︵ᠨᠢᠭᠡ︶ ᠭᠡᠰᠢᠭᠦᠨ ᠪᠠ ᠬᠤᠯᠪᠣᠭᠠᠴᠢᠨ ᠢ ᠰᠣᠩᠭᠤᠨ ᠲᠣᠮᠢᠯᠠᠬᠤ ᠲᠦᠷᠢᠮ᠃ ᠡᠯ᠎ᠡ ᠭᠡᠰᠢᠭᠦᠨ ᠨᠢᠭᠡᠴᠡ ᠨᠢ ᠪᠣᠳᠠᠲᠠᠶ ᠡᠭᠦᠷᠭᠡ ᠬᠠᠷᠢᠭᠤᠴᠠᠯᠭ᠎ᠠ ᠶᠢᠨ ᠢᠶᠠᠨ | ᠶᠣᠰᠣᠭᠠᠷ ᠨᠢᠭᠡ ᠤᠳᠤᠷᠢᠳᠬᠤ ᠪᠠᠭ ᠤᠨ ᠪᠦᠷᠢᠯᠳᠦᠬᠦᠨ ᠢ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠭᠡᠰᠢᠭᠦᠨ ᠢᠶᠠᠷ ᠲᠣᠭᠲᠠᠭᠠᠵᠤ᠂ | ᠲᠣᠰ ᠭᠡᠰᠢᠭᠦᠨ ᠨᠢᠭᠡᠴᠡ ᠶᠢᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠦᠨᠳᠦᠰᠦᠲᠡᠨ ᠤ ᠠᠵᠢᠯ ᠢ ᠲᠦᠷᠦᠭᠦᠯᠡᠨ ᠨᠠᠶᠢᠳᠠᠪᠤᠷᠢᠵᠢᠭᠤᠯᠬᠤ ᠶᠢ | ᠬᠠᠷᠢᠭᠤᠴᠠᠭᠤᠯᠤᠨ᠎ᠠ᠃ ᠡᠭᠦᠨ ᠤ ᠬᠠᠮᠲᠤ᠂ ᠦᠨᠳᠦᠰᠦᠲᠡᠨ ᠤ ᠠᠵᠢᠯ ᠲᠠᠢ ᠨᠢᠭᠲᠠ ᠬᠠᠷᠢᠴᠠᠭ᠎ᠠ ᠲᠠᠢ ᠨᠢᠭᠡᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠢ | ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠭᠡᠰᠢᠭᠦᠨ ᠨᠢᠭᠡᠴᠢ ᠶᠢᠨ ᠬᠤᠯᠪᠣᠭᠠᠴᠢᠨ ᠢᠶᠠᠷ ᠲᠣᠭᠲᠠᠭᠠᠵᠤ᠂ ᠪᠣᠳᠠᠲᠠᠶ ᠬᠠᠷᠢᠯᠴᠠᠵᠤ ᠵᠣᠬᠢᠴᠠᠭᠤᠯᠬᠤ ᠠᠵᠢᠯ ᠢ | ᠬᠠᠷᠢᠭᠤᠴᠠᠭᠤᠯᠤᠨ᠎ᠠ᠃ ᠡᠯ᠎ᠡ ᠭᠡᠰᠢᠭᠦᠨ ᠨᠢᠭᠡᠴᠡ ᠶᠢᠨ ᠭᠡᠰᠢᠭᠦᠨ᠂ ᠬᠤᠯᠪᠣᠭᠠᠴᠢᠨ ᠬᠡᠷᠪᠡ ᠠᠵᠢᠯ ᠳᠤ ᠬᠤᠪᠢᠷᠠᠯᠲᠠ ᠭᠠᠷᠪᠠᠯ᠂ ᠠᠵᠢᠯᠯᠠᠵᠤ ᠪᠠᠶᠢᠭ᠎ᠠ | ᠨᠢᠭᠡᠴᠡ ᠠᠴᠠ ᠨᠢ ᠲᠣᠬᠢᠷᠠᠭᠤᠯᠬᠤ ᠰᠠᠨᠠᠯ ᠳᠤᠷᠠᠳᠴᠤ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶᠠᠨ ᠤ ᠠᠯᠪᠠᠨ ᠭᠡᠷ ︵ᠰᠢᠶᠠᠨ ᠤ ᠦᠨᠳᠦᠰᠦᠲᠡᠨ ᠤ ᠬᠡᠷᠡᠭ | ᠡᠷᠬᠢᠯᠡᠬᠦ ᠬᠤᠷᠢᠶ᠎ᠠ︶ ᠳᠤ ᠮᠡᠳᠡᠭᠦᠯᠵᠦ ᠳᠠᠩᠰᠠᠯᠠᠭᠤᠯᠤᠨ᠎ᠠ᠃ | ︵ᠬᠤᠶᠠᠷ︶ ᠪᠥᠬᠦᠳᠡ ᠬᠤᠷᠠᠯ ᠤᠨ ᠲᠦᠷᠢᠮ᠃ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠭᠡᠰᠢᠭᠦᠳ ᠤᠨ ᠨᠢᠭᠡᠴᠡ ᠶᠢᠨ ᠪᠥᠬᠦᠳᠡ ᠬᠤᠷᠠᠯ ᠢ | ᠵᠠᠷᠴᠢᠮ ᠳᠡᠭᠡᠷ᠎ᠡ ᠪᠠᠨ ᠵᠢᠯ ᠪᠦᠷᠢ ᠳᠡᠭᠡᠷ᠎ᠡ ᠨᠢᠭᠡ ᠵᠢᠯ ᠤᠨ ᠡᠯ᠎ᠡ ᠭᠡᠰᠢᠭᠦᠨ ᠨᠢᠭᠡᠴᠡ ᠶᠢᠨ ᠦᠨᠳᠦᠰᠦᠲᠡᠨ ᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ ᠰᠢᠶᠠᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ | ᠳ᠋ᠦᠩᠨᠡᠵᠦ᠂ ᠳᠠᠷᠠᠭ᠎ᠠ ᠨᠢᠭᠡ ᠵᠢᠯ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠦᠨᠳᠦᠰᠦᠲᠡᠨ ᠤ ᠠᠵᠢᠯ ᠤᠨ | ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠡᠯ᠎ᠡ ᠭᠡᠰᠢᠭᠦᠨ ᠨᠢᠭᠡᠴᠡ ᠶᠢᠨ ᠬᠢᠨ ᠲᠤᠷᠰᠢᠯᠭ᠎ᠠ ᠬᠢᠳᠡᠯ ᠢᠶᠠᠨ ᠰᠣᠯᠢᠯᠴᠠᠵᠤ᠂ ᠰᠠᠨᠠᠯ | ᠰᠠᠨᠠᠭᠤᠯᠭ᠎ᠠ ᠪᠠᠨ ᠳᠤᠷᠠᠳᠪᠠ᠃ ᠬᠤᠷᠠᠯ ᠨᠢ ᠬᠤᠷᠠᠯ ᠤᠨ ᠲᠣᠪᠴᠢ ᠲᠡᠮᠳᠡᠭᠯᠡᠯ ᠢ ᠪᠦᠷᠢᠯᠳᠦᠭᠦᠯᠵᠦ᠂ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ | ︵ᠭᠤᠷᠪᠠ︶ ᠬᠤᠯᠪᠣᠭᠠᠴᠢᠳ ᠤᠨ ᠬᠤᠷᠠᠯᠳᠤᠭᠠᠨ ᠤ ᠲᠦᠷᠢᠮ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠭᠡᠷ ᠨᠢ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ ᠬᠤᠯᠪᠣᠭᠠᠴᠢᠨ ᠤ ᠬᠤᠷᠠᠯ ᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠤᠨ ᠬᠠᠷᠢᠯᠴᠠᠭ᠎ᠠ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ | ᠬᠠᠮᠲᠤᠷᠠᠯᠴᠠᠬᠤ ᠪᠠ ᠬᠠᠮᠵᠢᠯᠴᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ | ᠴᠢᠬᠤᠯᠠᠲᠠᠢ ᠬᠤᠯᠪᠣᠭᠳᠠᠯ ᠪᠦᠬᠦᠢ ᠵᠥᠪᠯᠡᠬᠦ ᠰᠡᠳᠦᠪ ᠢ ᠴᠤᠭᠯᠠᠭᠤᠯᠤᠨ ᠡᠮᠬᠢᠳᠬᠡᠨ᠎ᠡ᠃ | ︵ᠳᠥᠷᠪᠡ︶ ᠬᠡᠷᠡᠭ ᠵᠥᠪᠯᠡᠵᠦ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ᠃ ᠪᠦᠬᠦ ᠰᠢᠶᠠᠨ ᠤ ᠦᠨᠳᠦᠰᠦᠲᠡᠨ ᠤ ᠠᠵᠢᠯ ᠳᠤ ᠬᠤᠯᠪᠣᠭᠳᠠᠬᠤ | ᠠᠯᠤᠰ ᠬᠡᠳᠦ ᠶᠢᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠠᠵᠢᠯ ᠤᠨ ᠲᠥᠯᠥᠪᠯᠡᠭᠡ᠂ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ᠂ | ᠥᠭᠡᠷᠡᠴᠢᠯᠡᠯᠲᠡ ᠶᠢᠨ ᠴᠢᠬᠤᠯᠠ ᠠᠷᠭ᠎ᠠ ᠬᠡᠮᠵᠢᠶ᠎ᠡ ᠵᠢᠴᠢ ᠪᠤᠰᠤᠳ ᠴᠢᠬᠤᠯᠠ ᠶᠡᠭᠡ ᠬᠡᠷᠡᠭ ᠶᠠᠪᠤᠳᠠᠯ ᠢ ᠡᠷᠬᠡᠪᠰᠢ ᠭᠦᠢᠴᠡᠳ ᠶᠠᠷᠢᠯᠴᠠᠵᠤ᠂ ᠤᠯᠠᠨ ᠤ ᠰᠠᠨᠠᠯ ᠢ | ᠠᠪᠴᠤ ᠤᠯᠠᠨ ᠤ ᠤᠬᠠᠭᠠᠨ ᠢ ᠲᠥᠪᠯᠡᠷᠡᠭᠦᠯᠦᠨ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠠᠯᠪᠠᠨ ᠭᠡᠷ ᠠᠴᠠ ᠬᠠᠷᠢᠭᠤᠴᠠᠨ ᠰᠠᠨᠠᠯ ᠬᠤᠷᠢᠶᠠᠬᠤ ᠶᠢᠨ | ᠬᠠᠮᠲᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠪᠥᠬᠦᠳᠡ ᠬᠤᠷᠠᠯ ᠳᠤ ᠡᠮᠬᠢᠳᠬᠡᠨ ᠳᠡᠪᠰᠢᠭᠦᠯᠵᠦ ᠰᠢᠢᠳᠪᠦᠷᠢᠲᠦ ᠪᠤᠳᠤᠯᠭ᠎ᠠ ᠭᠠᠷᠭᠠᠭᠤᠯᠬᠤ ᠬᠡᠷᠡᠭᠲᠡᠶ᠃ | | ︵ᠲᠠᠪᠤ︶ ᠠᠵᠢᠯ ᠤᠨ ᠲᠥᠯᠥᠪᠯᠡᠭᠡ ᠶᠢᠨ ᠲᠦᠷᠢᠮ᠃ ᠡᠯ᠎ᠡ ᠭᠡᠰᠢᠭᠦᠨ ᠨᠢᠭᠡᠴᠡ ᠨᠦᠭᠦᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ | ᠵᠢᠯ ᠪᠦᠷᠢ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠴᠠᠭᠠᠨ ᠤ ᠵᠣᠬᠢᠶᠠᠨ ᠪᠠᠶᠢᠭᠤᠯᠤᠯᠲᠠ ᠳᠤ ᠬᠢᠵᠦ ᠥᠭᠬᠦ ᠪᠣᠳᠠᠲᠤ ᠶᠠᠪᠤᠳᠠᠯ᠂ | ᠰᠢᠢᠳᠪᠦᠷᠢᠯᠡᠵᠦ ᠥᠭᠬᠦ ᠠᠰᠠᠭᠤᠳᠠᠯ ᠢ ᠲᠤᠰ ᠨᠢᠭᠡᠴᠡ ᠶᠢᠨ ᠢᠶᠠᠨ ᠣᠨ ᠤ ᠠᠵᠢᠯ ᠤᠨ ᠲᠥᠯᠥᠪᠯᠡᠭᠡ ᠳᠡᠭᠡᠨ ᠣᠷᠣᠭᠤᠯᠵᠤ᠂ ᠵᠢᠯ ᠪᠦᠷᠢ ᠶᠢᠨ 3 ᠰᠠᠷ᠎ᠠ ᠶᠢᠨ 15 ᠤ | ᠡᠳᠦᠷ ᠠᠴᠠ ᠡᠮᠦᠨ᠎ᠡ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠠᠯᠪᠠᠨ ᠭᠡᠷ ︵ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ︶ ᠳᠤ ᠬᠠᠭᠤᠯᠤᠨ ᠬᠦᠷᠭᠡᠬᠦ | ᠬᠡᠷᠡᠭᠲᠡᠶ᠃ | ︵ᠵᠢᠷᠭᠤᠭ᠎ᠠ︶ ᠮᠡᠳᠡᠭᠡ ᠵᠠᠩᠭᠢ ᠶᠢ ᠮᠡᠳᠡᠭᠡᠯᠡᠬᠦ ᠲᠦᠷᠢᠮ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠭᠡᠷ ᠨᠢ ᠰᠠᠷ᠎ᠠ ᠪᠦᠷᠢ ᠭᠡᠰᠢᠭᠦᠨ | ᠨᠢᠭᠡᠴᠢ ᠳᠤ ᠪᠢᠴᠢᠭ ᠮᠠᠲ᠋ᠧᠷᠢᠶᠠᠯ ᠬᠠᠩᠭᠠᠵᠤ᠂ ᠡᠯ᠎ᠡ ᠭᠡᠰᠢᠭᠦᠨ ᠨᠢᠭᠡᠴᠢ ᠳᠤ ᠦᠨᠳᠦᠰᠦᠲᠡᠨ ᠤ ᠠᠵᠢᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠵᠢᠴᠢ ᠠᠵᠢᠯ ᠢᠶᠠᠨ | ᠥᠷᠨᠢᠭᠦᠯᠦᠭᠰᠡᠨ ᠪᠠᠶᠢᠳᠠᠯ ᠢ ᠮᠡᠳᠡᠭᠳᠡᠨ᠎ᠡ᠃ ᠡᠯ᠎ᠡ ᠭᠡᠰᠢᠭᠦᠨ ᠨᠢᠭᠡᠴᠡ ᠶᠢᠨ ᠬᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠭᠡᠷ ᠲᠤ ᠲᠤᠰ | ᠨᠢᠭᠡᠴᠡ ᠶᠢᠨ ᠢᠶᠠᠨ ᠦᠨᠳᠦᠰᠦᠲᠡᠨ ᠤ ᠠᠵᠢᠯ ᠤᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠢ ᠤᠯᠠᠷᠢᠯ ᠪᠦᠷᠢ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ | ᠭᠡᠷ ᠲᠤ ᠮᠡᠳᠡᠭᠳᠡᠨ᠎ᠡ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠭᠡᠷ ᠨᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠡᠯ᠎ᠡ | ᠭᠡᠰᠢᠭᠦᠨ ᠨᠢᠭᠡᠴᠢ ᠶᠢᠨ ᠦᠨᠳᠦᠰᠦᠲᠡᠨ ᠤ ᠠᠵᠢᠯ ᠤᠨ ᠲᠠᠯ᠎ᠠ ᠪᠠᠷ ᠠᠪᠤᠭᠰᠠᠨ ᠠᠷᠭ᠎ᠠ ᠬᠡᠮᠵᠢᠶ᠎ᠡ᠂ ᠣᠯᠤᠭᠰᠠᠨ ᠠᠮᠵᠢᠯᠲᠠ ᠪᠦᠲᠦᠮᠵᠢ ᠵᠢᠴᠢ ᠴᠥᠭᠡᠨ ᠲᠣᠭᠠᠲᠤ | ᠦᠨᠳᠦᠰᠦᠲᠡᠨ ᠪᠠ ᠦᠨᠳᠦᠰᠦᠲᠡᠨ ᠤ ᠭᠠᠴᠠᠭ᠎ᠠ ᠳᠤᠭᠤᠶᠢᠯᠠᠩ ᠢ ᠬᠠᠪᠰᠤᠷᠤᠨ ᠲᠡᠳᠬᠦᠭᠰᠡᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠰᠣᠨᠢᠨ | ᠮᠡᠳᠡᠭᠡᠨ ᠤ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠵᠡᠷᠭᠡ ᠪᠠᠷ ᠳᠠᠮᠵᠢᠭᠤᠯᠤᠨ ᠪᠦᠬᠦ ᠭᠡᠰᠢᠭᠦᠨ ᠨᠢᠭᠡᠴᠢ ᠵᠢᠴᠢ ᠪᠦᠬᠦ ᠨᠡᠶᠢᠭᠡᠮ ᠳᠤ ᠮᠡᠳᠡᠭᠳᠡᠬᠦ ᠬᠡᠷᠡᠭᠲᠡᠶ᠃ | ︵ᠳᠣᠯᠤᠭ᠎ᠠ︶ ᠬᠠᠮᠲᠤᠷᠠᠨ ᠪᠠᠶᠢᠴᠠᠭᠠᠨ ᠰᠤᠳᠤᠯᠬᠤ ᠲᠦᠷᠢᠮ᠃ ᠡᠯ᠎ᠡ ᠭᠡᠰᠢᠭᠦᠨ ᠨᠢᠭᠡᠴᠢ ᠵᠢᠯ ᠤᠨ ᠡᠬᠢᠨ ᠳᠤ ᠨᠢᠭᠡᠴᠢ ᠶᠢᠨ ᠢᠶᠠᠨ ᠪᠠᠶᠢᠴᠠᠭᠠᠨ | ᠰᠤᠳᠤᠯᠤᠯᠲᠠ ᠶᠢᠨ ᠰᠡᠳᠦᠪ᠂ ᠡᠯ᠎ᠡ ᠦᠨᠳᠦᠰᠦᠲᠡᠨ ᠢ ᠬᠠᠪᠰᠤᠷᠤᠨ ᠰᠢᠢᠳᠪᠦᠷᠢᠯᠡᠬᠦ ᠪᠠᠷ ᠪᠠᠶᠢᠭ᠎ᠠ ᠬᠦᠴᠢᠷᠳᠡᠯ ᠢ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ | ᠠᠯᠪᠠᠨ ᠭᠡᠷ ᠲᠤ ᠮᠡᠳᠡᠭᠦᠯᠪᠡ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠭᠡᠷ ᠨᠢ ᠬᠠᠮᠢᠶ᠎ᠠ ᠪᠦᠬᠦᠢ ᠭᠡᠰᠢᠭᠦᠨ ᠨᠢᠭᠡᠴᠡ ᠶᠢ ᠲᠦᠷᠦᠭᠦᠯᠡᠨ ᠵᠣᠬᠢᠶᠠᠨ | ᠪᠠᠶᠢᠭᠤᠯᠵᠤ ᠪᠠᠶᠢᠭᠠᠳ ᠦᠨᠳᠦᠰᠦᠲᠡᠨ ᠤ ᠲᠣᠰᠬᠤᠨ ᠤ ᠳᠤᠭᠤᠶᠢᠯᠠᠩ ᠳᠤ ᠬᠦᠷᠴᠦ ᠬᠠᠮᠲᠤᠷᠠᠭᠰᠠᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠰᠡᠷᠡᠯ ᠤᠨ | ᠲᠠᠨᠢᠯᠲᠠ ᠪᠠ ᠦᠨᠳᠦᠰᠦᠲᠡᠨ ᠤ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠵᠦ᠂ ᠡᠯ᠎ᠡ ᠦᠨᠳᠦᠰᠦᠲᠡᠨ ᠵᠢᠴᠢ ᠦᠨᠳᠦᠰᠦᠲᠡᠨ ᠤ ᠲᠣᠰᠬᠤᠨ ᠤ ᠳᠤᠭᠤᠶᠢᠯᠠᠩ ᠤᠨ | ᠬᠥᠭᠵᠢᠯᠲᠡ ᠳᠤ ︽ᠰᠤᠳᠠᠯ ᠪᠠᠷᠢᠵᠤ ᠬᠠᠮᠲᠤᠷᠠᠨ ᠣᠨᠣᠰᠢᠯᠠᠬᠤ︾᠂ ᠲᠡᠳᠡᠨ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠬᠦ ᠳᠤ ︽ᠲᠤᠬᠠᠢ ᠶᠢᠨ | ᠲᠠᠯᠠᠪᠠᠢ ᠳᠤ ᠠᠯᠪᠠᠯᠠᠬᠤ︾ ᠠᠵᠢᠯ ᠢ ᠬᠠᠷᠢᠭᠤᠴᠠᠨ᠎ᠠ᠃ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠭᠡᠰᠢᠭᠦᠨ ᠨᠢᠭᠡᠴᠢ ᠨᠦᠭᠦᠳ ᠴᠢᠨᠠᠷ ᠰᠠᠶᠢᠲᠠᠶ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠭᠠᠷᠭᠠᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠶ᠃ | ︵ᠨᠠᠢᠮᠠ︶ ᠬᠦᠴᠦᠨ ᠴᠢᠳᠠᠪᠤᠷᠢ ᠶᠢ ᠰᠢᠮᠳᠠᠭᠤᠯᠤᠨ ᠪᠠᠶᠢᠴᠠᠭᠠᠬᠤ ᠲᠦᠷᠢᠮ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠭᠡᠷ ᠠᠴᠠ | ᠬᠤᠯᠪᠣᠭᠳᠠᠯ ᠪᠦᠬᠦᠢ ᠭᠡᠰᠢᠭᠦᠨ ᠨᠢᠭᠡᠴᠡ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠦᠷᠦᠭᠦᠯᠡᠨ ᠵᠣᠬᠢᠶᠠᠨ ᠪᠠᠶᠢᠭᠤᠯᠵᠤ ᠪᠠᠶᠢᠭᠠᠳ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ ᠤᠨ ᠣᠨ ᠤ ᠠᠵᠢᠯ ᠤᠨ ᠲᠥᠯᠥᠪᠯᠡᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠦᠷ᠎ᠡ ᠪᠦᠲᠦᠮᠵᠢ ᠶᠢ ᠱᠠᠯᠠᠪᠳᠠᠭᠤᠯᠤᠨ | ᠪᠠᠶᠢᠴᠠᠭᠠᠬᠤ ᠶᠢ ᠥᠷᠨᠢᠭᠦᠯᠵᠦ᠂ ᠠᠬᠢᠴᠠ ᠶᠢ ᠱᠠᠯᠠᠪᠳᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠪᠠᠶᠢᠳᠠᠯ ᠢ ᠴᠠᠭ | ᠲᠤᠬᠠᠶ ᠳᠤᠨᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ᠎ᠡ᠃ | |