︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠨᠢᠭᠡ ᠤᠳᠠᠭ᠎ᠠ ᠶᠢᠨ ᠠᠯᠪᠠᠨ ᠬᠡᠷ︾ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠲᠠᠨ ᠢ ᠬᠠᠪᠰᠤᠷᠠᠬᠤ ᠠᠯᠪᠠᠨ ᠬᠡᠷ︾ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/5/7
                      ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ · ᠨᠢᠭᠡ ᠤᠳᠠᠭ᠎ᠠ ᠶᠢᠨ ᠠᠯᠪᠠᠨ ᠬᠡᠷ︾ ︽ᠥᠪᠥᠷ ᠮᠣᠩᠭᠤᠯ ᠤᠨ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠯᠪᠠᠨ ᠬᠡᠷ · ᠲᠠᠨ ᠢ ᠬᠠᠪᠰᠤᠷᠤᠨ ᠭᠦᠢᠴᠡᠳᠭᠡᠬᠦ︾ ᠠᠵᠢᠯ ᠤᠨ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠨᠢᠭᠡᠴᠡ ᠳᠤ᠄      ᠰᠢᠶᠠᠨ ᠤ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠭᠡᠳ᠂ ᠡᠳᠦᠭᠡ ︽ᠦᠶᠤᠸᠠᠨ ᠰᠢᠶᠠᠨ ᠤ ︿ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠨᠢᠭᠡ ᠤᠳᠠᠭ᠎ᠠ ᠶᠢᠨ ᠠᠯᠪᠠᠨ ᠬᠡᠷ﹀ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠪᠠ ︽ᠦᠶᠤᠸᠠᠨ ᠰᠢᠶᠠᠨ ᠤ ︿ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠲᠠᠨ ᠢ ᠬᠠᠪᠰᠤᠷᠤᠨ ᠭᠦᠶ᠋ᠴᠡᠳᠬᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                      ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ                                          2021 ᠣᠨ ᠤ 3 ᠰᠠᠷ᠎ᠠ ᠶᠢᠨ 25 ᠤ ᠡᠳᠦᠷ      ᠦᠶᠤᠸᠠᠨ ᠰᠢᠶᠠᠨ ᠤ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠨᠢᠭᠡ ᠯᠡ ᠤᠳᠠᠭ᠎ᠠ ᠳᠤ ᠠᠯᠪᠠᠨ ᠬᠡᠷ︾ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠨᠢᠭᠡ ᠤᠳᠠᠭ᠎ᠠ ᠶᠢᠨ ᠠᠯᠪᠠᠨ ᠬᠡᠷ﹀ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 8 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠩ ᠰᠠᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂ ︽ᠮᠣᠩᠭᠤᠯ ᠤᠨ ᠲᠦᠷᠭᠡᠨ ᠤ ᠠᠯᠪᠠᠨ ᠭᠡᠷ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠪᠤᠢ ᠪᠣᠯᠭᠠᠬᠤ ᠪᠠᠷ ᠭᠠᠷᠳᠠᠴᠠ ᠪᠣᠯᠭᠠᠨ᠂ ︽ᠮᠣᠩᠭᠤᠯ ᠤᠨ ᠲᠦᠷᠭᠡᠨ ᠤ ᠠᠯᠪᠠᠨ ᠭᠡᠷ · ᠨᠢᠭᠡ ᠤᠳᠠᠭ᠎ᠠ ᠶᠢᠨ ᠠᠯᠪᠠᠨ ᠭᠡᠷ︾ ᠤᠨ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠳᠠ ᠦᠬᠡᠢ ᠰᠢᠯᠢᠳᠡᠭᠵᠢᠭᠦᠯᠦᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃      ︵ᠬᠤᠶᠠᠷ︶ ᠭᠤᠣᠯ ᠬᠠᠷᠠᠯᠲᠠ          ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ 103 ᠵᠦᠢᠯ ᠤᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠤᠨ ᠲᠣᠭᠤᠷᠢᠨ ᠳᠤ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ︽ᠮᠠᠲ᠋ᠧᠷᠢᠶᠠᠯ ᠢ ᠪᠠᠭᠠᠰᠬᠠᠬᠤ᠂ ᠴᠤᠪᠤᠷᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ︾ ᠪᠠᠷ ᠳᠠᠮᠵᠢᠭᠤᠯᠤᠨ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠬᠦᠰᠦᠨᠦᠭᠲᠦ ᠶᠢᠨ ᠬᠠᠭᠤᠳᠠᠰᠤ᠂ ᠨᠢᠭᠡ ᠤᠳᠠᠭ᠎ᠠ ᠳᠤ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠬᠠᠮᠲᠤᠷᠠᠨ ᠭᠦᠢᠴᠡᠭᠡᠬᠦ᠂ ᠨᠢᠭᠡ ᠤᠳᠠᠭ᠎ᠠ ᠳᠤ ᠬᠢᠵᠦ ᠳᠠᠭᠤᠰᠬᠠᠬᠤ᠂ ᠨᠢᠭᠡ ᠴᠣᠩᠬᠤ ᠪᠠᠷ ᠦᠨᠡᠮᠯᠡᠯ ᠣᠯᠭᠤᠬᠤ︾ ᠪᠢᠲᠡᠭᠦᠦ ᠴᠠᠭᠠᠷᠢᠭ ᠤᠨ ᠠᠵᠢᠯᠯᠠᠭᠠᠨ ᠢ ᠬᠡᠷᠡᠭᠵᠢᠭᠦᠯᠵᠦ᠂ ᠠᠵᠤ ᠠᠬᠤᠶᠢᠯᠠᠯ᠂ ᠣᠯᠠᠨ ᠲᠦᠮᠡᠨ ᠳᠤ ᠢᠵᠢ ᠦᠢᠯᠡᠴᠢᠯᠡᠭᠡᠨ ᠤ ᠮᠠᠶ᠋ᠢᠭ ᠤᠨ᠂ ᠭᠤᠤᠯ ᠰᠡᠳᠦᠪᠲᠦ ᠮᠠᠶ᠋ᠢᠭ ᠤᠨ ᠬᠤᠷᠠᠮᠠᠯ ᠦᠢᠯᠡᠴᠢᠯᠡᠭᠡ ᠬᠠᠩᠭᠠᠵᠤ᠂ ᠠᠵᠢᠯ ᠶᠠᠪᠤᠳᠠᠯ ᠭᠦᠢᠴᠡᠳᠭᠡᠬᠦ ᠳᠤ ᠬᠦᠴᠢᠷ᠂ ᠠᠵᠢᠯ ᠶᠠᠪᠤᠳᠠᠯ ᠭᠦᠢᠴᠡᠳᠭᠡᠬᠦ ᠳᠤ ᠤᠳᠠᠭᠠᠨ᠂ ᠣᠯᠠᠨ ᠲᠠᠯ᠎ᠠ ᠠᠴᠠ ᠬᠦᠶᠦᠯᠭᠡᠬᠦ ᠵᠡᠷᠭᠡ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠨ᠎ᠡ᠃ ᠡᠯ᠎ᠡ ᠱᠠᠲᠤ ᠦᠶ᠎ᠡ ᠶᠢᠨ ᠠᠵᠢᠯ ᠤᠨ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ᠂ ᠰᠦᠯᠵᠢᠶᠡᠨ ᠠᠴᠠ ᠭᠠᠳᠠᠭᠤᠷᠬᠢ ᠴᠣᠩᠬᠤᠪᠴᠢ ᠶᠢ ᠪᠠᠶᠢᠷᠢᠯᠠᠭᠤᠯᠬᠤ᠂ ᠰᠦᠯᠵᠢᠶᠡᠨ ᠳᠡᠭᠡᠷᠡᠬᠢ ᠲᠤᠰᠬᠠᠶ ᠪᠤᠯᠤᠩ ᠢ ᠪᠠᠶᠢᠷᠢᠯᠠᠭᠤᠯᠬᠤ᠂ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠬᠤ ᠵᠡᠷᠭᠡ ᠶᠢ ᠨᠢᠭᠡᠳᠦᠯᠲᠡᠶ ᠨᠡᠶᠢᠲᠡᠯᠡᠵᠦ᠂ 2021 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠶ᠋ᠴᠡᠳᠬᠡᠬᠦ︾ ᠶᠢ ᠪᠥᠬᠦ ᠲᠠᠯ᠎ᠠ ᠪᠠᠷ ᠡᠬᠢᠯᠡᠭᠦᠯᠬᠦ ᠶᠢ ᠦᠨᠡᠨᠬᠦ ᠪᠠᠲᠤᠯᠠᠨ᠎ᠠ᠃ 2021 ᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ︽ᠨᠢᠭᠡ ᠶᠠᠪᠤᠳᠠᠯ︾ ᠢ ᠪᠦᠲᠦᠭᠡᠬᠦ ᠪᠠᠷ ᠪᠠᠷᠢᠮᠵᠢᠶ᠎ᠠ ᠪᠣᠯᠭᠠᠵᠤ᠂ ᠰᠦᠯᠵᠢᠶᠡᠨ ᠳᠡᠭᠡᠷ᠎ᠡ ᠪᠦᠬᠦ ᠤᠯᠤᠰ ᠤᠨ ᠨᠢᠭᠡ ᠴᠤᠭᠴᠠᠵᠢᠭᠰᠠᠨ ᠰᠦᠯᠵᠢᠶᠡᠨ ᠤ ᠲᠠᠪᠴᠠᠩ ᠳᠤ ᠲᠦᠰᠢᠭᠯᠡᠵᠦ᠂ ᠰᠦᠯᠵᠢᠶᠡᠨ ᠠᠴᠠ ᠭᠠᠳᠠᠨ᠎ᠠ ︽ᠨᠢᠭᠡ ᠤᠴᠢᠷ︾ ᠲᠤ ᠬᠤᠯᠪᠣᠭᠳᠠᠬᠤ ᠰᠠᠯᠠᠭ᠎ᠠ ᠮᠥᠴᠢᠷ ᠪᠦᠬᠦᠨ ᠢ ︽ᠹᠢᠽᠢᠺ ᠤᠨ ᠤᠬᠠᠭᠠᠨ ᠤ ᠲᠥᠪᠯᠡᠷᠡᠯ︾ ᠪᠣᠯᠭᠠᠵᠤ᠂ ︽ᠨᠢᠭᠡ ᠥᠷᠲᠡᠭᠡᠨ ᠤ ᠮᠠᠶ᠋ᠢᠭ︾ ᠢᠶᠠᠷ ᠭᠦᠢᠴᠡᠳᠭᠡᠬᠦ ᠶᠢ ᠪᠡᠶᠡᠯᠡᠭᠦᠯᠵᠦ᠂ ᠵᠦᠢᠯᠡᠰ ᠢ ᠬᠤᠯᠪᠣᠭᠳᠠᠭᠤᠯᠬᠤ᠂ ᠬᠦᠰᠦᠨᠦᠭ ᠬᠠᠭᠤᠳᠠᠰᠤ ᠶᠢ ᠡᠮᠬᠢᠯᠡᠨ ᠨᠡᠶᠢᠯᠡᠭᠦᠯᠬᠦ᠂ ᠰᠢᠰᠲ᠋ᠧᠮ ᠢ ᠵᠣᠯᠭᠠᠭᠤᠯᠬᠤ ᠪᠠ ᠴᠤᠪᠤᠷᠠᠯ ᠢ ᠳᠠᠬᠢᠨ ᠵᠣᠬᠢᠶᠠᠬᠤ ᠶᠢ ᠠᠬᠢᠭᠤᠯᠤᠨ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠤᠯᠪᠣᠭᠳᠠᠭᠤᠯᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠢ ᠨᠢᠭᠡᠳᠦᠯᠲᠡᠶ ᠭᠤᠶᠤᠴᠢᠯᠠᠨ ᠮᠡᠳᠡᠭᠦᠯᠬᠦ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠳᠣᠲᠣᠭᠠᠳᠤ ᠳᠠᠭᠠᠨ ᠡᠷᠭᠢᠯᠳᠦᠭᠦᠯᠬᠦ᠂ ᠨᠢᠭᠡᠳᠦᠯᠲᠡᠶ ᠬᠠᠷᠢᠭᠤ ᠲᠤᠰᠬᠠᠬᠤ ᠶᠢ ᠪᠡᠶᠡᠯᠡᠭᠦᠯᠵᠦ᠂ ᠠᠮᠢ ᠨᠠᠰᠤᠨ ᠤ ᠦᠶᠡᠯᠡᠯ ᠤᠨ ᠬᠤᠭᠤᠴᠠᠭ᠎ᠠ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠪᠠ ᠲᠠᠰ ᠳᠠᠪᠬᠤᠷᠭ᠎ᠠ ᠠᠯᠤᠰᠯᠠᠬᠤ ᠪᠠᠷ ᠭᠤᠤᠯ ᠪᠣᠯᠭᠠᠭᠰᠠᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠠᠵᠢᠯ ᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃      ᠬᠤᠶᠠᠷ᠂ ᠭᠤᠣᠯ ᠡᠭᠦᠷᠭᠡ      ︵ᠨᠢᠭᠡ︶ 103ᠵᠦᠢᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠤ ᠨᠢᠭᠡᠴᠡ ᠨᠦᠭᠦᠳ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ 103 ᠵᠦᠶ᠋ᠯ ᠤᠨ ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠤᠨ ᠨᠠᠷᠢᠨ ᠲᠠᠩᠰᠠ ︵ᠳᠠᠭᠠᠯᠳᠤᠭᠤᠯᠤᠯ 1 ᠶᠢ ᠦᠵᠡ︶ ᠳᠤ ᠬᠤᠯᠪᠣᠭᠳᠠᠬᠤ ᠦᠨᠳᠦᠰᠦᠯᠡᠯ᠂ ᠨᠥᠬᠦᠴᠡᠯ᠂ ᠲᠠᠰ ᠳᠠᠷᠠᠭᠠᠯᠠᠯ᠂ ᠴᠠᠭ ᠬᠤᠭᠤᠴᠠᠭ᠎ᠠ᠂ ᠭᠦᠢᠴᠡᠳᠭᠡᠬᠦ ᠠᠷᠭ᠎ᠠ ᠮᠠᠶ᠋ᠢᠭ᠂ ᠮᠡᠳᠡᠭᠦᠯᠬᠦ ᠮᠠᠲ᠋ᠧᠷᠢᠶᠠᠯ᠂ ᠭᠦᠢᠴᠡᠳᠭᠡᠬᠦ ᠴᠠᠭ ᠬᠤᠭᠤᠴᠠᠭ᠎ᠠ ᠵᠢᠴᠢ ᠠᠰᠠᠭᠤᠨ ᠯᠠᠪᠯᠠᠬᠤ ᠳ᠋ᠢᠶᠠᠩᠬᠤᠸᠠ ᠵᠡᠷᠭᠡ ᠬᠦᠴᠦᠨ ᠵᠦᠶ᠋ᠯ ᠲᠠᠢ ᠬᠠᠷᠢᠴᠠᠭᠤᠯᠤᠨ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠳᠠᠪᠬᠤᠷᠳᠠᠭᠰᠠᠨ ᠵᠦᠶ᠋ᠯ ᠢ ᠬᠠᠰᠤᠵᠤ᠂ ᠴᠠᠭ ᠬᠤᠭᠤᠴᠠᠭ᠎ᠠ ᠶᠢ ᠪᠣᠭᠤᠨᠢᠰᠬᠠᠵᠤ᠂ ᠪᠠᠷᠢᠮᠵᠢᠶ᠎ᠠ ᠶᠢ ᠨᠢᠭᠡᠳᠬᠡᠨ᠂ ᠭᠦᠶᠦᠯᠲᠡ ᠶᠢᠨ ᠤᠳᠠᠭ᠎ᠠ ᠶᠢ ᠪᠠᠭᠠᠰᠬᠠᠨ᠂ ᠠᠵᠢᠯ ᠶᠠᠪᠤᠳᠠᠯ  ᠭᠦᠢᠴᠡᠳᠭᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠬᠡᠷᠡᠭᠲᠡᠶ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠰᠢᠯᠵᠢᠮᠡᠯ ᠬᠤᠯᠪᠣᠭᠠᠨ ᠤ ᠦᠵᠦᠭᠦᠷ᠂ ᠸᠢᠴᠠᠲ ᠤᠨ ᠨᠡᠶᠢᠲᠡ ᠶᠢᠨ ᠳ᠋ᠤᠭᠠᠷ᠂ ᠶᠡᠭᠡ ᠲᠢᠩᠬᠢᠮ ᠤᠨ ᠵᠠᠷᠯᠠᠯ ᠤᠨ ᠫᠠᠶᠢᠰᠠ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠣᠯᠠᠨ ᠵᠦᠶ᠋ᠯ ᠤᠨ ᠬᠡᠯᠪᠡᠷᠢ ᠪᠠᠷ ︽ᠨᠢᠭᠡ ᠯᠡ ᠤᠳᠠᠭ᠎ᠠ ᠳᠤ ᠮᠡᠳᠡᠭᠳᠡᠨ᠎ᠡ︾᠃ ︵ᠲᠦᠷᠦᠭᠦᠯᠡᠬᠦ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ 3 ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶      ︵ᠬᠤᠶᠠᠷ︶ ᠰᠦᠯᠵᠢᠶᠡᠨ ᠠᠴᠠ ᠭᠠᠳᠠᠭᠤᠷᠬᠢ ᠶᠡᠷᠦᠩᠬᠡᠶᠢᠯᠡᠭᠰᠡᠨ ᠴᠣᠩᠬᠤ ᠶᠢ ᠳᠣᠭᠢᠷᠠᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠢ 2020 ᠣᠨ ᠤ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠨᠢᠭᠡ ᠥᠷᠲᠡᠭᠡᠨ ᠤ ᠮᠠᠶ᠋ᠢᠭ︾ ᠤᠨ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠲᠡᠮᠳᠡᠭ ᠢ ᠨᠢᠭᠡᠳᠦᠯᠲᠡᠶ ᠵᠢᠷᠤᠮᠯᠠᠨ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠴᠣᠩᠬᠤ ᠨᠡᠭᠡᠭᠡᠵᠦ᠂ ︽ᠨᠢᠭᠡ ᠤᠳᠠᠭ᠎ᠠ ᠳᠤ ᠭᠦᠢᠴᠡᠳᠭᠡᠬᠦ︾ ᠶᠢ ᠰᠤᠮᠤ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠭᠡᠬᠦ ᠴᠢᠬ ᠲᠤ ᠬᠦᠷᠲᠡᠯ᠎ᠡ ᠤᠷᠲᠤᠳᠬᠠᠬᠤ ᠶᠢ ᠵᠣᠷᠢᠭᠵᠢᠭᠤᠯᠤᠨ᠎ᠠ᠃ ︽ᠨᠢᠭᠡ ᠤᠴᠢᠷ ᠢ ᠨᠢᠭᠡ ᠤᠳᠠᠭ᠎ᠠ ᠳᠤ ᠰᠢᠢᠳᠪᠦᠷᠢᠯᠡᠬᠦ︾ ᠴᠣᠩᠬᠤᠨ ᠳᠤ ︽ᠡᠮᠦᠨ᠎ᠡ ᠲᠠᠪᠴᠠᠩ ᠳᠤ ᠠᠰᠠᠭᠤᠨ ᠯᠠᠪᠯᠠᠵᠤ ᠤᠷᠢᠳᠴᠢᠯᠠᠨ ᠬᠢᠨᠠᠬᠤ᠂ ᠳᠤᠮᠳᠠ ᠲᠠᠪᠴᠠᠩ ᠳᠤ ᠨᠢᠭᠡ ᠴᠣᠩᠬᠤᠨ ᠳᠤ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠨᠡᠶᠢᠯᠡᠭᠦᠯᠦᠨ ᠬᠢᠨᠠᠨ ᠵᠥᠪᠰᠢᠶᠡᠷᠡᠬᠦ᠂ ᠳᠣᠲᠣᠭᠠᠳᠤ ᠳᠠᠭᠠᠨ ᠡᠷᠭᠢᠯᠳᠦᠭᠦᠯᠦᠨ ᠣᠷᠣᠯᠠᠨ ᠭᠦᠢᠴᠡᠳᠭᠡᠬᠦ᠂ ᠨᠢᠭᠡᠳᠦᠯᠲᠡᠶ ᠴᠣᠩᠬᠤ ᠪᠠᠷ ᠮᠠᠲ᠋ᠧᠷᠢᠶᠠᠯ ᠭᠠᠷᠭᠠᠬᠤ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠦᠨᠳᠦᠰᠦᠨ ᠨᠥᠬᠦᠴᠡᠯ ᠢ ᠪᠦᠷᠢᠳᠦᠭᠦᠯᠦᠭᠰᠡᠨ᠂ ᠭᠤᠤᠯ ᠪᠣᠯᠬᠤ ᠮᠡᠳᠡᠭᠦᠯᠬᠦ ᠮᠠᠲ᠋ᠧᠷᠢᠶᠠᠯ ᠨᠢ ᠪᠦᠷᠢᠨ ᠭᠦᠶ᠋ᠴᠡᠳ ᠪᠥᠭᠡᠳ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ᠂ ᠳᠡᠳ᠋ᠯᠡᠬᠦ ᠨᠥᠬᠦᠴᠡᠯ ᠨᠢ ᠳᠤᠲᠠᠭᠳᠠᠵᠤ ᠪᠠᠶᠢᠭ᠎ᠠ ᠦᠢᠯᠡᠴᠢᠯᠡᠭᠡᠨ ᠤ ᠵᠦᠢᠯᠡᠰ ᠲᠤ᠂ ᠳᠤᠲᠠᠭᠳᠠᠵᠤ ᠪᠠᠶᠢᠬᠤ ᠶᠢ ᠪᠠᠭᠲᠠᠭᠠᠬᠤ ᠶᠢ ᠭᠦᠢᠴᠡᠳᠭᠡᠬᠦ ᠶᠢ ᠬᠡᠷᠡᠭᠵᠢᠭᠦᠯᠵᠦ᠂ ᠠᠵᠢᠯ ᠭᠦᠶ᠋ᠴᠡᠳᠬᠡᠭᠴᠢ ᠨᠢ ᠳᠤᠲᠠᠭᠳᠠᠵᠤ ᠪᠠᠶᠢᠬᠤ ᠶᠢ ᠪᠠᠭᠲᠠᠭᠠᠬᠤ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠠᠮᠠᠯᠳᠠᠭᠰᠠᠨ ᠴᠠᠭ ᠤᠨ ᠳᠣᠲᠣᠷ᠎ᠠ ᠵᠣᠬᠢᠬᠤ ᠮᠠᠲ᠋ᠧᠷᠢᠶᠠᠯ ᠢ ᠨᠥᠬᠦᠪᠥᠷᠢᠯᠡᠪᠡᠯ ᠪᠣᠯᠴᠢᠬᠠᠨ᠎ᠠ᠃ ᠰᠢᠢᠳᠪᠦᠷᠢᠯᠡᠭᠰᠡᠨ ᠦᠷ᠎ᠡ ᠳ᠋ᠦᠩ ᠢ ᠲᠤᠬᠠᠶ ᠶᠢᠨ ᠲᠠᠯᠠᠪᠠᠶ ᠪᠤᠶᠤ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠨᠢᠭᠡ ᠯᠡ ᠤᠳᠠᠭ᠎ᠠ ᠳᠤ ᠬᠦᠷᠭᠡᠵᠦ ︵ᠲᠦᠷᠦᠭᠦᠯᠡᠬᠦ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ 4 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶      ︵ᠭᠤᠷᠪᠠ︶ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠤᠰᠬᠠᠶ ᠪᠤᠯᠤᠩ ᠳᠣᠭᠢᠷᠠᠭᠤᠯᠬᠤ ᠬᠡᠷᠡᠭᠲᠡᠶ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ︵ᠪᠠᠶᠠᠨᠨᠠᠭᠤᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︶᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠰᠢᠯᠵᠢᠮᠡᠯ ᠦᠵᠦᠭᠦᠷ ᠲᠤ ᠰᠦᠯᠵᠢᠶᠡᠨ ᠳᠡᠭᠡᠷᠡᠬᠢ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠦᠢᠯᠡᠴᠢᠯᠡᠭᠡᠨ ᠤ ᠲᠤᠰᠬᠠᠶ ᠲᠣᠭᠤᠷᠢᠭ ᠳᠣᠭᠢᠷᠠᠭᠤᠯᠵᠤ᠂ 103 ᠬᠡᠷᠡᠭ ᠭᠦᠢᠴᠡᠳᠭᠡᠬᠦ ᠵᠦᠭᠯᠡᠭᠦᠷ ᠢ ᠪᠠᠶᠢᠴᠠᠭᠠᠨ ᠯᠠᠪᠯᠠᠬᠤ᠂ ᠭᠤᠶᠤᠴᠢᠯᠠᠬᠤ ᠬᠦᠰᠦᠨᠦᠭᠲᠦ ᠶᠢ ᠪᠠᠭᠤᠯᠭᠠᠬᠤ ᠵᠡᠷᠭᠡ ᠲᠠᠢ ᠤᠶᠠᠯᠳᠤᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠳᠠᠯᠢ ᠪᠠᠷᠢᠮᠵᠢᠶ᠎ᠠ᠂ ᠠᠳᠠᠯᠢ ᠴᠤᠪᠤᠷᠠᠯ᠂ ᠠᠳᠠᠯᠢ ᠴᠢᠨᠠᠷ ᠲᠤ ᠦᠢᠯᠡᠴᠢᠯᠡᠬᠦ᠂ ᠨᠢᠭᠡ ᠴᠤᠭᠴᠠᠵᠢᠭᠤᠯᠤᠨ ᠭᠦᠢᠴᠡᠳᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠡᠭᠦᠨ ᠤ ᠬᠠᠮᠲᠤ᠂ ᠨᠠᠰᠤᠲᠠᠶᠢᠴᠤᠳ ᠢ ᠬᠠᠮᠲᠤ ᠳᠤᠨᠢ ᠬᠠᠷᠠᠭᠠᠯᠵᠠᠵᠤ᠂ ᠨᠠᠰᠤᠲᠠᠶᠢᠴᠤᠳ ᠲᠤ ᠦᠢᠯᠡᠴᠢᠯᠡᠬᠦ ᠲᠤᠰᠬᠠᠶ ᠣᠷᠣᠨ ᠭᠠᠷᠭᠠᠵᠤ᠂ ᠬᠥᠮᠦᠨ ᠤ ᠬᠦᠴᠦᠨ ᠤ ᠵᠢᠯᠣᠭᠤᠳᠣᠯᠭ᠎ᠠ ᠪᠠ ᠦᠢᠯᠡᠴᠢᠯᠡᠭᠡ ᠬᠠᠩᠭᠠᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶      ︵ᠳᠥᠷᠪᠡ︶ ᠲᠤᠰᠬᠠᠶ ᠮᠡᠷᠭᠡᠵᠢᠯ ᠤᠨ ᠡᠩᠨᠡᠭᠡ  ᠶᠢ ᠵᠣᠬᠢᠶᠠᠨ ᠪᠠᠶᠢᠭᠤᠯᠤᠨ᠎ᠠ᠃ ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠢ ᠭᠦᠢᠴᠡᠳᠭᠡᠬᠦ ᠳᠤ ᠲᠤᠰᠬᠠᠶ ᠬᠥᠮᠦᠨ ᠤ ᠪᠥᠬᠦ ᠴᠤᠪᠤᠷᠠᠯ ᠢᠶᠠᠷ ᠮᠥᠷᠳᠡᠨ ᠦᠢᠯᠡᠴᠢᠯᠡᠬᠦ ᠶᠢ ᠬᠡᠷᠡᠭᠵᠢᠭᠦᠯᠵᠦ᠂ ᠭᠤᠤᠯᠳᠠᠭᠤ ︽ᠨᠢᠭᠡ ᠯᠡ ᠤᠳᠠᠭ᠎ᠠ ᠳᠤ ᠭᠦᠢᠴᠡᠳᠭᠡᠬᠦ  ᠵᠦᠢᠯᠡᠰ ᠤᠨ ᠠᠰᠠᠭᠤᠨ ᠯᠠᠪᠯᠠᠵᠤ ᠬᠥᠲᠥᠯᠦᠨ ᠵᠢᠯᠣᠭᠤᠳᠬᠤ᠂ ᠭᠥᠯᠢᠶᠡᠨ ᠠᠪᠤᠭᠰᠠᠨ ᠵᠦᠢᠯ ᠢ ᠭᠥᠯᠢᠶᠡᠨ ᠠᠪᠴᠤ ᠰᠢᠢᠳᠪᠦᠷᠢᠯᠡᠬᠦ᠂ ᠣᠷᠣᠯᠠᠨ ᠭᠦᠢᠴᠡᠳᠭᠡᠵᠦ ᠬᠠᠪᠰᠤᠷᠤᠨ ᠭᠦᠶ᠋ᠴᠡᠳᠬᠡᠬᠦ᠂ ᠮᠠᠲ᠋ᠧᠷᠢᠶᠠᠯ ᠢ ᠡᠷᠭᠢᠯᠳᠦᠭᠦᠯᠬᠦ᠂ ᠵᠣᠬᠢᠴᠠᠭᠤᠯᠤᠨ ᠵᠣᠯᠭᠠᠭᠤᠯᠬᠤ᠂ ᠦᠨᠡᠮᠯᠡᠯ ᠣᠯᠭᠤᠵᠤ ᠦᠨᠡᠮᠯᠡᠯ ᠠᠪᠬᠤ ᠵᠡᠷᠭᠡ ᠠᠵᠢᠯ ᠢ ᠬᠠᠷᠢᠭᠤᠴᠠᠨ᠎ᠠ᠃ ᠴᠣᠩᠬᠤᠨ ᠤ ᠠᠵᠢᠯᠲᠠᠨ ᠤ ᠲᠤᠭ᠎ᠠ ᠶᠢ ᠰᠢᠢᠳᠪᠦᠷᠢᠯᠡᠬᠦ ᠵᠦᠢᠯ ᠤᠨ ᠬᠡᠮᠵᠢᠶ᠎ᠡ ᠶᠢ ᠦᠨᠳᠦᠰᠦᠯᠡᠨ ᠬᠥᠳᠡᠯᠦᠩᠭᠦᠶ ᠪᠠᠷ ᠳᠣᠭᠢᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠳ᠋ ᠤᠨ ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠨᠢᠭᠡ ᠯᠡ ᠤᠳᠠᠭ᠎ᠠ ᠳᠤ ᠠᠯᠪᠠᠨ ᠬᠡᠷ︾ ᠤᠨ ᠠᠵᠢᠯ ᠢ ᠳᠥᠯᠭᠢᠨ ᠠᠬᠢᠭᠤᠯᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠤ᠂ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠬᠤ ᠬᠡᠷᠡᠭᠲᠡᠶ᠃ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠵᠤ᠂ ᠪᠡᠶ᠎ᠡ ᠪᠠᠷ ᠢᠶᠠᠨ ᠱᠠᠯᠠᠪᠳᠠᠭᠤᠯᠤᠨ ᠪᠠᠶᠢᠴᠠᠭᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠥᠷᠨᠢᠭᠦᠯᠬᠦ ᠳᠤ ᠬᠡᠷᠡᠭᠰᠡᠬᠦ ᠪᠠᠯᠠ ᠮᠥᠩᠭᠦ ᠶᠢ ᠲᠣᠰ ᠱᠠᠲᠤᠨ ᠤ ᠣᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠭᠦᠶ᠋ᠴᠡᠳ ᠵᠠᠷᠤᠳᠠᠯ ᠤᠨ ᠪᠠᠲᠤᠯᠠᠭ᠎ᠠ ᠣᠯᠭᠤᠬᠤ ᠬᠡᠷᠡᠭᠲᠡᠶ᠃      ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠢᠭᠲᠠ ᠬᠠᠮᠵᠢᠯᠴᠠᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠂ ᠪᠦᠬᠦᠯᠢ ᠴᠣᠭᠴᠠ ᠪᠠᠷ ᠨᠢ ᠠᠬᠢᠭᠤᠯᠬᠤ ᠬᠡᠷᠡᠭᠲᠡᠶ᠃ ᠬᠠᠷᠢᠭᠤᠴᠠᠯᠭᠠᠲᠤ ᠰᠠᠯᠠᠭ᠎ᠠ ᠮᠥᠴᠢᠷ ᠤᠳ ᠵᠣᠷᠢᠭᠲᠠᠶ ᠪᠠᠷ ᠡᠭᠦᠷᠭᠡᠯᠡᠵᠦ᠂ ᠵᠣᠷᠢᠭᠲᠠᠶ ᠪᠠᠷ ᠬᠠᠷᠢᠭᠤᠴᠠᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠢ ᠬᠠᠮᠵᠢᠨ ᠡᠨᠡᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠥᠪ ᠨᠢ ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠦᠢᠯᠡᠰ ᠢ ᠡᠮᠬᠢᠯᠡᠬᠦ᠂ ᠵᠦᠭᠯᠡᠭᠦᠷ ᠢ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠨᠢᠭᠡ ᠤᠳᠠᠭ᠎ᠠ ᠳᠤ ᠠᠯᠪᠠᠨ ᠬᠡᠷ︾ ᠤᠨ ᠠᠵᠢᠯ ᠢ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ ᠴᠢᠬᠤᠯᠠᠴᠢᠯᠠᠬᠤ ᠥᠬᠡᠶ᠂ ᠰᠠᠨᠠᠭᠠᠴᠢᠯᠠᠭ᠎ᠠ ᠲᠠᠢ ᠬᠢᠬᠦ ᠥᠬᠡᠶ᠂ ᠠᠵᠢᠯ ᠢᠶᠠᠨ ᠬᠦᠴᠦᠲᠡᠶ ᠠᠬᠢᠭᠤᠯᠤᠭᠰᠠᠨ ᠥᠬᠡᠶ ᠠᠴᠠ ᠪᠣᠯᠵᠣ ᠠᠵᠤ ᠠᠬᠤᠶᠢᠯᠠᠯ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ᠂ ︽ᠨᠢᠭᠡ ᠤᠳᠠᠭ᠎ᠠ ᠳᠤ ᠠᠯᠪᠠᠨ ᠬᠡᠷ︾ ᠤᠨ ᠠᠵᠢᠯ ᠢ ᠣᠨ ᠤ ᠪᠣᠳᠠᠲᠤ ᠠᠮᠵᠢᠯᠲᠠ ᠶᠢ ᠰᠢᠯᠭᠠᠨ ᠦᠨᠡᠯᠡᠬᠦ ᠬᠡᠪᠴᠢᠶᠡᠨ ᠳᠤ ᠣᠷᠣᠭᠤᠯᠬᠤ ᠬᠡᠷᠡᠭᠲᠡᠶ᠃      ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ᠎ᠠ᠃ ᠰᠣᠨᠢᠨ ᠰᠡᠳᠬᠦᠯ᠂ ᠷᠠᠳᠢᠣ᠋ ᠲᠧᠯᠸᠢᠰ᠂ ᠢᠨᠲ᠋ᠤᠷ ᠰᠦᠯᠵᠢᠶ᠎ᠡ ᠪᠠ ᠰᠢᠨ᠎ᠡ ᠵᠠᠭᠤᠴᠢᠯᠠᠭᠤᠷ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ ᠤᠬᠠᠭᠤᠯᠤᠨ ᠳᠡᠯᠭᠡᠷᠡᠭᠦᠯᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠨᠡᠶᠢᠭᠡᠮ ᠤᠨ ᠵᠢᠱᠢᠯᠲᠡ ᠶᠢ ᠵᠥᠪ ᠢᠶᠠᠷ ᠬᠥᠲᠥᠯᠦᠨ ᠵᠢᠯᠣᠭᠤᠳᠴᠤ᠂ ᠨᠡᠶᠢᠭᠡᠮ ᠤᠨ ᠠᠩᠬᠠᠷᠤᠯ ᠳᠤ ᠢᠳᠡᠪᠬᠢᠲᠡᠶ ᠬᠠᠷᠢᠭᠤᠯᠲᠠ ᠥᠭᠴᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠎ᠠ᠃    
ᠢᠷᠡᠯᠲᠡ᠄ ᠲᠣᠰ ᠰᠦᠯᠵᠢᠶ᠎ᠡ