ᠮᠠᠨ ᠤ ᠤᠯᠤᠰ ᠤᠨ ᠭᠠᠵᠠᠷ ᠵᠦᠶ ᠶᠢᠨ ᠢᠯᠡᠷᠬᠡᠶᠢᠯᠡᠯᠳᠦ ᠪᠦᠳᠦᠬᠡᠭᠳᠡᠬᠦᠨ ᠨᠡᠶᠢᠲᠡ 2473 ᠪᠤᠯᠪᠠ
ᠨᠡᠶᠢᠲᠡᠯᠡᠭᠰᠡᠨ ᠴᠠᠭ᠄
2021/5/9
     ᠰᠤᠷᠪᠤᠯᠵᠢᠯᠠᠭᠴᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠤᠨ ᠭᠠᠵᠠᠷ ᠵᠦᠶ ᠶᠢᠨ ᠢᠯᠡᠷᠬᠡᠶᠢᠯᠡᠯᠳᠦ ᠲᠡᠮᠳᠡᠭ ᠤᠨ ᠬᠠᠮᠠᠭᠠᠯᠠᠯᠲᠠ ᠶᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ 2021 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠤᠯᠤᠰ ᠨᠡᠶᠢᠲᠡ 2473 ᠭᠠᠵᠠᠷ ᠵᠦᠶ ᠶᠢᠨ ᠢᠯᠡᠷᠬᠡᠶᠢᠯᠡᠯᠳᠦ ᠪᠦᠳᠦᠬᠡᠭᠳᠡᠬᠦᠨ ᠢ ᠵᠥᠪᠰᠢᠶᠡᠷᠡᠵᠦ᠂ ᠭᠠᠵᠠᠷ ᠵᠦᠶ ᠶᠢᠨ ᠢᠯᠡᠷᠬᠡᠶᠢᠯᠡᠯᠳᠦ ᠲᠡᠮᠳᠡᠭ ᠤᠨ ᠬᠠᠮᠲᠤ ᠶᠢᠨ ᠲᠠᠸᠠᠷ ᠤᠨ ᠲᠡᠮᠳᠡᠭᠲᠦ ᠪᠠ ᠲᠠᠸᠠᠷ ᠤᠨ ᠲᠡᠮᠳᠡᠭᠲᠦ ᠶᠢᠨ ᠭᠡᠷᠡᠴᠢᠯᠡᠯ ᠢ 6209 ᠬᠤᠪᠢ ᠳᠠᠩᠰᠠᠯᠠᠭᠤᠯᠪᠠ᠃      ᠠᠨ ᠵᠢᠶ ᠶᠢᠨ ᠴᠠᠭᠠᠨ ᠴᠠᠶ᠂ ᠶᠠᠨᠲ᠋ᠠᠢ ᠶᠢᠨ ᠠᠯᠮᠤᠷᠠᠳ ᠁ ᠭᠠᠵᠠᠷ ᠵᠦᠶ ᠶᠢᠨ ᠢᠯᠡᠷᠬᠡᠶᠢᠯᠡᠯᠳᠦ ᠲᠡᠮᠳᠡᠭ ᠪᠣᠯ ᠣᠨᠴᠠ ᠲᠣᠭᠲᠠᠭᠰᠠᠨ ᠭᠠᠵᠠᠷ ᠣᠷᠣᠨ ᠤ ᠦᠶᠯᠡᠳᠬᠦᠨ ᠤ ᠣᠨᠴᠠᠯᠢᠭ ᠰᠢᠨᠵᠢ᠂ ᠨᠡᠷ᠎ᠡ ᠠᠯᠳᠠᠷ ᠪᠠ ᠪᠤᠰᠤᠳ ᠣᠨᠴᠠᠯᠢᠭ ᠢ ᠬᠠᠮᠠᠭᠠᠯᠠᠬᠤ ᠴᠢᠬᠤᠯᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠮᠥᠨ᠂ ᠲᠡᠷᠡ ᠨᠢ ᠦᠶᠯᠡᠳᠬᠦᠨ ᠤ ᠨᠡᠮᠡᠯᠲᠡ ᠥᠷᠲᠡᠭ ᠪᠠ ᠲᠠᠷᠢᠶᠠᠴᠢᠳ ᠤᠨ ᠣᠷᠣᠯᠭ᠎ᠠ ᠶᠢ ᠳᠡᠭᠡᠭᠰᠢᠯᠡᠭᠦᠯᠬᠦ᠂ ᠬᠡᠷᠡᠭᠯᠡᠭᠴᠢᠳ ᠤᠨ ᠡᠷᠬᠡ ᠠᠰᠢᠭ ᠢ ᠪᠠᠲᠤᠯᠠᠬᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠡᠷᠭᠡ ᠳᠤ ᠴᠢᠬᠤᠯᠠ ᠦᠶᠯᠡᠳᠦᠯ ᠲᠠᠢ ᠶᠤᠮ᠃      2021 ᠣᠨ ᠤ ᠨᠢᠭᠡᠳᠦᠭᠡᠷ ᠤᠯᠠᠷᠢᠯ ᠳᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠴᠠ ᠭᠠᠵᠠᠷ ᠵᠦᠶ ᠶᠢᠨ ᠢᠯᠡᠷᠬᠡᠶᠢᠯᠡᠯᠳᠦ ᠪᠦᠳᠦᠬᠡᠭᠳᠡᠬᠦᠨ ᠢ 99 ︵ᠬᠠᠷᠢᠯᠴᠠᠨ ᠮᠡᠳᠡᠷᠡᠵᠦ ᠬᠠᠷᠢᠯᠴᠠᠨ ᠪᠠᠲᠤᠯᠠᠬᠤ ᠭᠠᠵᠠᠷ ᠵᠦᠶ ᠶᠢᠨ ᠢᠯᠡᠷᠬᠡᠶᠢᠯᠡᠯᠳᠦ ᠪᠦᠳᠦᠬᠡᠭᠳᠡᠬᠦᠨ 96 ᠪᠠᠭᠲᠠᠨ᠎ᠠ︶᠂ ᠭᠠᠵᠠᠷ ᠵᠦᠶ ᠶᠢᠨ ᠢᠯᠡᠷᠬᠡᠶᠢᠯᠡᠯᠳᠦ ᠲᠡᠮᠳᠡᠭ ᠤᠨ ᠬᠠᠮᠲᠤ ᠶᠢᠨ ᠲᠠᠸᠠᠷ ᠤᠨ ᠲᠡᠮᠳᠡᠭᠲᠦ ᠪᠠ ᠲᠠᠸᠠᠷ ᠤᠨ ᠲᠡᠮᠳᠡᠭᠲᠦ ᠶᠢᠨ ᠭᠡᠷᠡᠴᠢᠯᠡᠯ ᠢ 124 ᠬᠤᠪᠢ ᠳᠠᠩᠰᠠᠯᠠᠪᠠ︔ 1461 ᠵᠠᠬ᠎ᠠ ᠳᠡᠯᠭᠡᠭᠦᠷ ᠤᠨ ᠭᠤᠤᠯ ᠴᠣᠭᠴᠠ ᠰᠢᠨ᠎ᠡ ᠪᠠᠷ ᠬᠢᠨᠠᠨ ᠵᠥᠪᠰᠢᠶᠡᠷᠡᠭᠰᠡᠨ ᠭᠠᠵᠠᠷ ᠵᠦᠶ ᠶᠢᠨ ᠢᠯᠡᠷᠬᠡᠶᠢᠯᠡᠯᠳᠤ ᠲᠡᠮᠳᠡᠭ ᠤᠨ ᠲᠤᠰᠬᠠᠶ ᠬᠡᠷᠡᠭᠯᠡᠭᠡᠨ ᠤ ᠲᠡᠮᠳᠡᠭ ᠢ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 669 % ᠪᠠᠷ ᠨᠡᠮᠡᠭᠳᠡᠪᠡ᠃      ᠣᠶᠢᠯᠠᠭᠠᠭᠰᠠᠨ ᠢᠶᠠᠷ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ 2020 ᠣᠨ ᠳᠤ ︽ᠭᠠᠵᠠᠷ ᠵᠦᠶ ᠶᠢᠨ ᠢᠯᠡᠷᠬᠡᠶᠢᠯᠡᠯᠳᠦ ᠲᠡᠮᠳᠡᠭ ᠤᠨ ᠲᠤᠰᠬᠠᠶ ᠬᠡᠷᠡᠭᠯᠡᠭᠡᠨ ᠤ ᠲᠡᠮᠳᠡᠭ ᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠭᠠᠵᠠᠷ ᠵᠦᠶ ᠶᠢᠨ ᠢᠯᠡᠷᠬᠡᠶᠢᠯᠡᠯᠳᠦ ᠲᠡᠮᠳᠡᠭ ᠢ ᠨᠢᠭᠡᠳᠦᠯᠲᠡᠶ ᠮᠠᠭᠠᠳᠯᠠᠨ ᠲᠣᠭᠲᠠᠭᠠᠬᠤ ᠶᠢ ᠠᠬᠢᠭᠤᠯᠵᠤ᠂ ᠭᠠᠵᠠᠷ ᠵᠦᠶ ᠶᠢᠨ ᠢᠯᠡᠷᠬᠡᠶᠢᠯᠡᠯᠳᠦ ᠲᠡᠮᠳᠡᠭ ᠵᠢᠴᠢ ᠲᠤᠰᠬᠠᠶ ᠬᠡᠷᠡᠭᠯᠡᠭᠡᠨ ᠤ ᠲᠡᠮᠳᠡᠭ ᠢ ᠬᠡᠷᠡᠭᠯᠡᠬᠦ ᠠᠵᠤ ᠠᠬᠤᠶᠢᠯᠠᠯ ᠤᠨ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠬᠤ ᠶᠢᠨ ᠬᠠᠮᠲᠤ᠂ ᠲᠤᠰᠬᠠᠶ ᠬᠡᠷᠡᠭᠯᠡᠭᠡᠨ ᠤ ᠲᠡᠮᠳᠡᠭ ᠢ ᠬᠡᠷᠡᠭᠯᠡᠬᠦ ᠬᠢᠨᠠᠨ ᠵᠥᠪᠰᠢᠶᠡᠷᠡᠬᠦ ᠴᠠᠭ ᠢ ᠶᠡᠭᠡ ᠪᠠᠷ ᠪᠣᠭᠤᠨᠢᠰᠬᠠᠵᠤ᠂ ᠭᠠᠵᠠᠷ ᠵᠦᠶ ᠶᠢᠨ ᠢᠯᠡᠷᠬᠡᠶᠢᠯᠡᠯᠳᠦ ᠲᠡᠮᠳᠡᠭ ᠢ ᠬᠠᠮᠠᠭᠠᠯᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ 2020 ᠣᠨ ᠳᠤ ᠭᠠᠵᠠᠷ ᠵᠦᠶ ᠶᠢᠨ ᠢᠯᠡᠷᠬᠡᠶᠢᠯᠡᠯᠳᠦ ᠲᠡᠮᠳᠡᠭ ᠤᠨ ᠲᠤᠰᠬᠠᠶ ᠬᠡᠷᠡᠭᠯᠡᠭᠡᠨ ᠤ ᠲᠡᠮᠳᠡᠭ ᠢ ᠬᠡᠷᠡᠭᠯᠡᠭᠰᠡᠨ ᠠᠵᠤ ᠠᠬᠤᠶᠢᠯᠠᠯ ᠤᠨ ᠰᠢᠭᠤᠳ ᠦᠢᠯᠡᠳᠭᠦᠨ ᠤ ᠥᠷᠲᠡᠭ ᠨᠢ ᠨᠡᠶᠢᠲᠡ 6398 ᠳ᠋ᠦᠩᠰᠢᠭᠤᠷ ᠲᠥᠭᠦᠷᠢᠭ ᠲᠤ ᠬᠦᠷᠴᠡᠶ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ