ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢᠨ ᠲᠤᠬᠢᠷᠠᠭᠤᠯᠭ᠎ᠠ ᠡᠵᠡᠮᠳᠡᠯ ᠤᠨ ᠲᠣᠭᠲᠠᠴᠠ ᠶᠢ ᠲᠦᠷᠭᠡᠪᠴᠢᠯᠡᠨ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2021/6/11
     ᠰᠤᠷᠪᠤᠯᠵᠢᠯᠠᠭᠴᠢ 9 ᠤ ᠡᠳᠦᠷ ᠣᠶᠢᠯᠠᠭᠠᠭᠰᠠᠨ ᠢᠶᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ ᠪᠥᠬᠦ ᠤᠯᠤᠰ ᠤᠨ ᠸᠢᠳᠢᠣ᠋ ᠬᠤᠷᠠᠯ ᠬᠤᠷᠠᠯᠳᠤᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢᠨ ᠲᠤᠬᠢᠷᠠᠭᠤᠯᠭ᠎ᠠ ᠡᠵᠡᠮᠳᠡᠯ ᠤᠨ ᠲᠣᠭᠲᠠᠴᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠪᠠ ᠦᠨ᠎ᠡ ᠬᠠᠩᠰᠢ ᠶᠢᠨ ᠬᠡᠯᠪᠡᠯᠵᠡᠯ ᠤᠨ ᠣᠯᠠᠨ ᠲᠦᠮᠡᠨ ᠤ ᠠᠮᠢᠳᠤᠷᠠᠯ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠨᠠᠮᠳᠠᠭᠤᠯᠬᠤ ᠬᠡᠷᠡᠭᠲᠡᠶ ᠭᠡᠵᠦ ᠱᠠᠭᠠᠷᠳᠠᠪᠠ᠃      ᠲᠠᠨᠢᠯᠴᠠᠭᠤᠯᠤᠭᠰᠠᠨ ᠢᠶᠠᠷ᠂ ︽ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢᠨ ᠲᠤᠬᠢᠷᠠᠭᠤᠯᠭ᠎ᠠ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠬᠦ ᠲᠤᠬᠠᠶ ᠰᠠᠨᠠᠯ︾ ᠢ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠠᠷᠪᠠᠨ ᠨᠠᠶᠢᠮᠠᠳᠤᠭᠠᠷ ᠬᠤᠷᠠᠯ ᠠᠴᠠ ᠬᠢᠨᠠᠨ ᠵᠦᠪᠯᠡᠵᠤ ᠪᠠᠳᠤᠯᠠᠭᠠᠳ᠂ ᠣᠶᠢᠷ᠎ᠠ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠡᠷᠭᠡ 6 ᠰᠠᠯᠠᠭ᠎ᠠ ᠮᠥᠴᠢᠷ ᠬᠠᠮᠲᠤᠷᠠᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃      ᠣᠶᠢᠷ᠎ᠠ ᠶᠢᠨ ᠵᠢᠯ ᠳᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢ ᠲᠤᠬᠢᠷᠠᠭᠤᠯᠭ᠎ᠠ ᠡᠵᠡᠮᠳᠡᠯ ᠤᠨ ᠲᠣᠭᠲᠠᠴᠠ ᠲᠠᠰᠤᠷᠠᠯᠲᠠ ᠥᠬᠡᠶ ᠲᠡᠭᠦᠯᠳᠡᠷᠵᠢᠵᠦ᠂ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠭᠡᠪᠡᠴᠦ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠢᠯᠡᠳᠪᠦᠷᠢᠯᠡᠯ ᠬᠠᠩᠭᠠᠯᠭ᠎ᠠ ᠨᠦᠬᠡᠴᠡᠯᠡᠯᠳᠡ ᠡᠳ᠋ᠰᠢᠭᠦᠯᠦᠯᠳᠡ ᠪᠣᠷᠣᠯᠠᠭᠤᠯᠭ᠎ᠠ ᠶᠢᠨ ᠬᠡᠯᠬᠢᠶ᠎ᠡ ᠣᠷᠳᠣ᠂ ᠭᠤᠭᠴᠤᠭ᠎ᠠ ᠣᠯᠠᠨ᠂ ᠬᠤᠯᠪᠣᠭᠳᠠᠬᠤ ᠬᠡᠪᠴᠢᠶ᠎ᠡ ᠥᠷᠭᠡᠨ ᠪᠠᠶᠢᠵᠤ᠂ ︽ᠵᠢᠵᠢᠭ ᠦᠢᠯᠡᠳᠪᠦᠷᠢᠯᠡᠯ᠂ ᠲᠣᠮᠣ ᠵᠠᠬ᠎ᠠ ᠳᠡᠯᠭᠡᠭᠦᠷ︾ ᠤᠨ ᠣᠨᠴᠠᠯᠢᠭ ᠲᠣᠪᠤᠶᠢᠮ᠎ᠠ ᠪᠠᠶᠢᠵᠤ ᠂ ᠪᠠᠶᠢᠭᠠᠯᠢ ᠶᠢᠨ ᠭᠠᠮᠰᠢᠭ᠂ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ᠂ ᠭᠡᠨᠡᠳᠲᠡ ᠶᠢᠨ ᠬᠡᠷᠡᠭ ᠲᠠᠭᠠᠷᠠᠯᠳᠤᠪᠠᠯ ᠦᠨ᠎ᠡ ᠬᠠᠩᠰᠢ ᠨᠢ ᠠᠮᠠᠷᠬᠠᠨ ᠶᠡᠭᠡ ᠪᠠᠷ ᠥᠰᠴᠦ ᠶᠡᠭᠡ ᠪᠠᠷ ᠪᠠᠭᠤᠷᠠᠨ᠎ᠠ᠃      ᠬᠤᠷᠠᠯ ᠠᠴᠠ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢᠨ ᠲᠤᠬᠢᠷᠠᠭᠤᠯᠭ᠎ᠠ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠬᠦ ᠳᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠷᠠᠳ ᠤᠨ ᠦᠨᠳᠦᠰᠦᠨ ᠠᠮᠢᠳᠤᠷᠠᠯ ᠳᠤ ᠬᠤᠯᠪᠣᠭᠳᠠᠬᠤ ᠴᠢᠬᠤᠯᠠ ᠲᠠᠸᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡ ᠵᠡᠷᠭᠡ ᠤᠯᠠᠨ ᠭᠤᠭᠴᠤᠭ᠎ᠠ ᠶᠢ ᠰᠢᠯᠤᠭᠤᠳᠬᠠᠬᠤ ᠲᠠᠢ ᠨᠢᠭᠲᠠ ᠤᠶᠠᠯᠳᠤᠭᠤᠯᠵᠤ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠢ᠂ ᠬᠠᠤᠯᠢ ᠴᠠᠭᠠᠵᠠ᠂ ᠵᠠᠰᠠᠭ ᠵᠠᠬᠢᠷᠭ᠎ᠠ ᠵᠡᠷᠭᠡ ᠤᠯᠠᠨ ᠵᠦᠢᠯ ᠤᠨ ᠠᠷᠭ᠎ᠠ ᠪᠠᠷᠢᠯ ᠢ ᠬᠡᠷᠡᠭᠯᠡᠵᠦ᠂ ᠦᠨ᠎ᠡ ᠬᠠᠩᠰᠢ ᠶᠢ ᠲᠤᠬᠢᠷᠠᠭᠤᠯᠤᠨ ᠡᠵᠡᠮᠳᠡᠬᠦ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠪᠦᠲᠦᠮᠵᠢᠲᠡᠢ ᠬᠠᠩᠭᠠᠯᠭ᠎ᠠ ᠪᠣᠯᠤᠨ ᠦᠨ᠎ᠡ ᠬᠠᠩᠰᠢ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠬᠦᠴᠦᠲᠡᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠨᠠᠶᠢᠳᠠᠪᠤᠷᠢᠳᠠᠢ ᠵᠠᠰᠠᠭ ᠤᠨ ᠣᠷᠳᠣᠨ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠦᠨ᠎ᠡ ᠬᠠᠩᠰᠢ ᠶᠢᠨ ᠬᠡᠪ ᠤᠨ ᠪᠤᠰᠤ ᠬᠡᠯᠪᠡᠯᠵᠡᠯ ᠢ ᠭᠤᠤᠯᠳᠠᠯᠭ᠎ᠠ ᠲᠠᠢ ᠠᠷᠭᠠᠴᠠᠭᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠨ᠎ᠡ ᠬᠠᠩᠰᠢ ᠶᠢ ᠬᠢᠨᠠᠨ ᠬᠡᠮᠵᠢᠵᠦ ᠲᠥᠰᠦᠭᠡᠯᠡᠵᠦ ᠰᠡᠷᠡᠮᠵᠢᠯᠡᠭᠦᠯᠬᠦ ᠰᠢᠰᠲ᠋ᠧᠮ᠂ ᠦᠨ᠎ᠡ ᠬᠠᠩᠰᠢ ᠶᠢ ᠲᠣᠭᠲᠠᠪᠤᠷᠢᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ᠂ ᠦᠨ᠎ᠡ ᠬᠠᠩᠰᠢ ᠶᠢᠨ ᠬᠡᠪ ᠤᠨ ᠪᠤᠰᠤ ᠬᠡᠯᠪᠡᠯᠵᠡᠯ ᠢ ᠰᠡᠷᠭᠡᠶᠢᠯᠡᠬᠦ ᠲᠤᠬᠢᠷᠠᠭᠤᠯᠭ᠎ᠠ ᠡᠵᠡᠮᠳᠡᠯ ᠤᠨ ᠲᠣᠭᠲᠠᠴᠠ᠂ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠲᠤᠬᠢᠷᠠᠭᠤᠯᠭ᠎ᠠ ᠡᠵᠡᠮᠳᠡᠯ ᠤᠨ ᠲᠣᠭᠲᠠᠴᠠ᠂ ᠪᠠᠷᠠᠭᠠᠨ ᠤ ᠦᠨ᠎ᠡ ᠶᠢᠨ ᠥᠰᠥᠯᠲᠡ ᠶᠢ ᠠᠷᠭᠠᠴᠠᠭᠠᠬᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠭᠲᠠᠴᠠ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠢᠨᠠᠨ ᠬᠠᠮᠢᠶᠠᠷᠬᠤ ᠲᠣᠭᠲᠠᠴᠠ ᠵᠡᠷᠭᠡ ᠲᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢ ᠲᠤᠬᠢᠷᠠᠭᠤᠯᠤᠨ ᠡᠵᠡᠮᠳᠡᠬᠦ ︽ᠨᠢᠷᠤᠭᠤ ᠲᠤᠯᠭᠠᠭᠤᠷᠢ︾ ᠪᠠᠶᠢᠭᠤᠯᠬᠤ ᠬᠡᠷᠡᠭᠲᠡᠶ᠃ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠰᠠᠶᠢᠳᠤᠷ ᠵᠣᠯᠭᠠᠭᠤᠯᠤᠨ᠂ ᠨᠥᠭᠡᠴᠡᠯᠡᠵᠦ ᠲᠣᠬᠢᠷᠠᠭᠤᠯᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠲᠣᠭᠲᠠᠭᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠱᠢᠯᠲᠡ ᠶᠢ ᠵᠦᠶ ᠵᠣᠬᠢᠰᠲᠠᠶ ᠬᠥᠲᠥᠯᠥᠨ ᠵᠢᠯᠣᠭᠤᠳᠴᠤ᠂ ᠦᠢᠯᠡᠳᠪᠦᠷᠢᠯᠡᠯ ᠬᠠᠩᠭᠠᠯᠭ᠎ᠠ ᠨᠥᠭᠡᠴᠡᠯᠡᠯᠳᠡ ᠡᠳ᠋ᠰᠢᠭᠦᠯᠦᠯᠳᠡ ᠪᠣᠷᠣᠯᠠᠭᠤᠯᠭ᠎ᠠ ᠵᠡᠷᠭᠡ ᠡᠯ᠎ᠡ ᠭᠤᠭᠴᠤᠭ᠎ᠠ ᠶᠢᠨ ᠶᠡᠷᠦᠩᠬᠡᠶᠢᠯᠡᠭᠰᠡᠨ ᠲᠣᠬᠢᠷᠠᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠠᠩᠭᠠᠯᠭ᠎ᠠ ᠶᠢ ᠲᠣᠭᠲᠠᠪᠤᠷᠢᠵᠢᠭᠤᠯᠬᠤ ᠪᠠᠷ ᠦᠨ᠎ᠡ ᠬᠠᠩᠰᠢ ᠶᠢᠨ ᠲᠣᠭᠲᠠᠭᠤᠨ ᠢ ᠪᠠᠲᠤᠯᠠᠵᠤ᠂ ᠦᠨ᠎ᠡ ᠬᠠᠩᠰᠢ ᠶᠢ ᠲᠣᠭᠲᠠᠪᠤᠷᠢᠵᠢᠭᠤᠯᠬᠤ ᠪᠠᠷ ᠬᠠᠩᠭᠠᠯᠭ᠎ᠠ ᠶᠢᠨ ᠲᠤᠭᠳᠠᠭᠤᠨ ᠢ ᠠᠬᠢᠭᠤᠯᠵᠤ᠂ ᠦᠨ᠎ᠡ ᠬᠠᠩᠰᠢ ᠶᠡᠭᠡ ᠪᠠᠷ ᠥᠰᠴᠦ ᠪᠠᠭᠤᠷᠠᠬᠤ ᠠᠴᠠ ᠪᠤᠯᠵᠥ ᠠᠷᠠᠳ ᠤᠨ ᠦᠨᠳᠦᠰᠦᠨ ᠠᠮᠢᠳᠤᠷᠠᠯ ᠢ ᠨᠥᠯᠥᠭᠡᠯᠡᠬᠦ ᠶᠢ ᠰᠡᠷᠭᠡᠶᠢᠯᠡᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠷᠠᠭᠤᠯᠵᠤ᠂ ᠨᠠᠷᠢᠨ ᠨᠢᠮᠪᠠᠢ ᠪᠠᠶᠢᠷᠢᠯᠠᠭᠤᠯᠤᠨ ᠲᠣᠬᠢᠷᠠᠭᠤᠯᠵᠤ᠂ ᠳᠡᠮᠵᠢᠯᠭᠡ ᠪᠠᠲᠤᠯᠠᠭ᠎ᠠ ᠶᠢ ᠴᠢᠩᠭᠠᠳᠬᠠᠨ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠤ ᠱᠠᠭᠠᠷᠳᠠᠵᠠᠢ᠃      ᠬᠤᠷᠠᠯ ᠠᠴᠠ ᠪᠠᠰᠠ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠠᠷᠠᠭᠠᠨ ᠤ ᠦᠨ᠎ᠡ ᠶᠢᠨ ᠪᠠᠶᠢᠳᠠᠯ ᠢ ᠵᠠᠳᠠᠯᠵᠤ᠂ ᠡᠨᠡ ᠵᠢᠯ ᠤᠨ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢ ᠲᠤᠬᠢᠷᠠᠭᠤᠯᠤᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠬᠦ ᠲᠠᠢ ᠤᠶᠠᠯᠳᠤᠭᠤᠯᠵᠤ᠂ ᠡᠷᠳᠡᠨᠢ ᠰᠢᠰᠢ᠂ ᠪᠤᠭᠤᠳᠠᠢ᠂ ᠢᠳᠡᠰᠢᠨ ᠲᠤᠰᠤ᠂ ᠭᠠᠭ᠋ᠠᠢ ᠶᠢᠨ ᠮᠢᠬ᠎ᠠ᠂ ᠢᠳᠡᠰᠢᠨ ᠨᠣᠭᠤᠭ᠎ᠠ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠬᠠᠩᠭᠠᠯᠭ᠎ᠠ ᠨᠥᠭᠡᠴᠡᠯᠡᠯᠲᠡ ᠡᠳ᠋ᠰᠢᠭᠦᠯᠦᠯᠳᠡ ᠪᠣᠷᠣᠯᠠᠭᠤᠯᠭ᠎ᠠ ᠡᠯ᠎ᠡ ᠭᠤᠭᠴᠤᠭ᠎ᠠ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠶᠢᠨ ᠬᠠᠮᠲᠤ ᠪᠦᠭᠡᠮ ᠲᠠᠸᠠᠷ ᠤᠨ ᠵᠠᠬ᠎ᠠ ᠳᠡᠯᠭᠡᠭᠦᠷ ᠢ ᠲᠤᠬᠢᠷᠠᠭᠤᠯᠤᠨ ᠡᠵᠡᠮᠳᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠪᠠᠷ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ