ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠬᠠᠮᠤᠭ ᠤᠨ ᠵᠠᠩᠭᠢᠯᠠᠭ᠎ᠠ ᠨᠢ ᠦᠨᠳᠦᠰᠦᠲᠡᠨ ᠤ ᠪᠦᠯᠬᠦᠮᠳᠡᠯ ᠢ ᠰᠠᠶᠢᠲᠤᠷ ᠬᠢᠵᠦ᠂ ᠬᠥᠮᠦᠰ ᠤᠨ ᠰᠡᠳᠬᠢᠯ ᠢ | ᠤᠯᠬᠤ ᠶᠠᠪᠤᠳᠠᠯ ᠪᠣᠯᠤᠨ᠎ᠠ᠃ ᠣᠳᠣᠬᠢᠴᠢᠯᠠᠯᠲᠠ ᠶᠢᠨ ᠰᠢᠨ᠎ᠡ ᠠᠶᠠᠨ ᠳᠤ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ | ᠬᠥᠭᠵᠢᠬᠦ ᠶᠢ ᠬᠡᠷᠬᠢᠨ ᠠᠬᠢᠭᠤᠯᠬᠤ ᠪᠤᠢ︖ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠠᠯᠪᠠᠨ ᠭᠡᠷ ᠤᠨ ᠳᠡᠳ᠋ ᠡᠷᠬᠢᠯᠡᠭᠴᠢ ᠡᠷᠳᠡᠨᠢᠴᠢᠯᠠᠭᠤ ᠶᠢ ᠰᠤᠷᠪᠤᠯᠵᠢᠯᠠᠪᠠ᠃ | ︽ᠰᠣᠶᠣᠯ ᠤᠨ ᠬᠠᠮᠲᠤ ᠶᠢᠨ ᠲᠠᠨᠢᠯᠲᠠ ᠪᠣᠯ ᠨᠢᠭᠡ ᠤᠯᠤᠰ ᠪᠠ ᠦᠨᠳᠦᠰᠦᠲᠡᠨ ᠤ ᠣᠷᠣᠰᠢᠨ ᠬᠥᠭᠵᠢᠬᠦ ᠶᠢᠨ ᠰᠠᠭᠤᠷᠢ ᠮᠥᠨ᠂ ᠨᠢᠭᠡ ᠦᠨᠳᠦᠰᠦᠲᠡᠨ ᠤ | ᠨᠢᠭᠲᠠᠷᠠᠯ ᠤᠨ ᠬᠦᠴᠦᠨ ᠲᠠᠢ ᠪᠠᠶᠢᠬᠤ ᠶᠢᠨ ᠪᠠᠲᠤᠯᠠᠭ᠎ᠠ ᠮᠥᠨ᠂ ᠭᠠᠭᠴᠠ ᠬᠦ ᠰᠣᠶᠣᠯ ᠤᠨ ᠬᠠᠮᠲᠤ ᠶᠢᠨ ᠲᠠᠨᠢᠯᠲᠠ ᠶᠢ ᠴᠢᠩᠭᠠᠳᠬᠠᠪᠠᠯ ᠰᠠᠶ᠋ᠢ | ᠦᠨᠳᠦᠰᠦᠲᠡᠨ ᠨᠦᠭᠦᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠶᠢ ᠠᠬᠢᠭᠤᠯᠵᠤ ᠴᠢᠳᠠᠨ᠎ᠠ᠃ ᠪᠢᠳᠠ ᠪᠦᠬᠦ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠳᠤᠮᠳᠠ ᠮᠠᠷᠺᠰ ᠤᠨ ᠦᠵᠡᠯ ᠤᠨ ᠦᠨᠳᠦᠰᠦᠲᠡᠨ ᠤ ᠦᠵᠡᠯᠲᠡ ᠶᠢᠨ ᠤᠬᠠᠭᠤᠯᠭ᠎ᠠ ᠬᠥᠮᠦᠵᠢᠯ ᠢ ᠬᠦᠨ | ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠢ ᠤᠬᠠᠭᠤᠯᠵᠤ᠂ ᠦᠨᠳᠦᠰᠦᠲᠡᠨ ᠤ | ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠳᠤ ᠬᠦᠴᠦᠨ ᠴᠢᠳᠠᠯ ᠢᠶᠠᠨ ᠡᠷᠭᠦᠬᠦ ᠬᠡᠷᠡᠭᠳᠡᠢ︾ ᠭᠡᠵᠦ ᠡᠷᠳᠡᠨᠢᠴᠢᠯᠠᠭᠤ ᠲᠠᠨᠢᠯᠴᠠᠭᠤᠯᠪᠠ᠃ | ᠡᠷᠳᠡᠨᠢᠴᠢᠯᠠᠭᠤ ᠶᠢᠨ ᠦᠵᠡᠬᠦ ᠪᠠᠷ᠂ ᠦᠭᠡ ᠬᠡᠯᠡ ᠨᠡᠪᠲᠡᠷᠡᠯᠴᠡᠬᠦ ᠪᠣᠯ ᠬᠥᠮᠦᠨ ᠬᠥᠮᠦᠨ ᠤ ᠬᠤᠭᠤᠷᠣᠨᠳᠣᠬᠢ ᠬᠠᠷᠢᠯᠴᠠᠭᠠᠨ ᠤ ᠴᠢᠬᠤᠯᠠ ᠭᠤᠭᠴᠤᠭ᠎ᠠ ᠮᠥᠨ᠂ | ᠦᠭᠡ ᠬᠡᠯᠡ ᠨᠡᠪᠲᠡᠷᠡᠯᠴᠡᠬᠦ ᠥᠬᠡᠶ ᠪᠣᠯ ᠤᠶᠢᠢᠯᠠᠭᠠᠯᠴᠠᠬᠤ ᠳᠤ ᠪᠡᠷᠬᠡ᠂ ᠨᠡᠪᠲᠡᠷᠡᠯᠴᠡᠬᠦ ᠥᠬᠡᠶ ᠪᠣᠯ ᠬᠠᠷᠢᠯᠴᠠᠨ ᠣᠶᠢᠯᠠᠭᠠᠯᠴᠠᠵᠤ ᠴᠢᠳᠠᠬᠤ ᠦᠬᠡᠢ ᠪᠦᠬᠡᠳ | ᠬᠠᠮᠳᠤ ᠶᠢᠨ ᠳᠠᠨᠢᠯᠳᠠ ᠲᠠᠢ ᠪᠣᠯᠬᠤ ᠳᠤ ᠪᠡᠷᠬᠡ ᠶᠤᠮ᠃ ᠦᠨᠳᠦᠰᠦᠲᠡᠨ ᠤ ᠭᠠᠵᠠᠷ ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠦᠨ ᠲᠦᠭᠡᠮᠡᠯᠵᠢᠭᠦᠯᠬᠦ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠭᠤᠳ ᠰᠢᠯᠤᠭᠤᠨ ᠥᠷᠭᠡᠨ ᠳᠡᠯᠭᠡᠷᠡᠩᠭᠦᠢ ᠪᠠᠷ ᠨᠡᠪᠲᠡᠷᠡᠯᠴᠡᠭᠡ ᠪᠠᠨ | ᠴᠢᠩᠭᠠᠳᠬᠠᠨ᠂ ᠣᠶᠢᠯᠠᠭᠠᠯᠲᠠ ᠲᠠᠢ ᠪᠤᠯᠵᠤ᠂ ᠡᠭᠦᠨ ᠤ ᠤᠯᠠᠮ ᠠᠴᠠ ᠬᠠᠶᠢᠷ᠎ᠠ ᠰᠡᠳᠬᠢᠯᠭᠡ᠂ ᠦᠵᠡᠯ ᠰᠠᠨᠠᠭ᠎ᠠ᠂ ᠰᠣᠶᠣᠯ ᠪᠠ ᠤᠯᠤᠰ ᠲᠦᠷᠦ ᠵᠡᠷᠭᠡ ᠲᠠᠯ᠎ᠠ ᠪᠠᠷ | ᠮᠡᠳᠡᠷᠡᠮᠵᠢ ᠲᠠᠢ ᠪᠣᠯᠬᠤ ᠳᠤ ᠠᠰᠢᠭᠲᠠᠢ ᠶᠤᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠠᠷᠭ᠎ᠠ | ᠵᠠᠮ ᠮᠥᠨ᠂ ︽ᠲᠠᠪᠤᠨ ᠬᠠᠮᠳᠤ ᠶᠢᠨ ᠳᠠᠨᠢᠯᠳᠠ︾ ᠶᠢ ᠲᠠᠰᠤᠷᠠᠯᠳᠠ ᠦᠭᠡᠢ ᠴᠢᠩᠭᠠᠳᠬᠠᠬᠤ ᠶᠢᠨ ᠤᠷᠢᠲᠠᠯ ᠪᠠ ᠰᠠᠭᠤᠷᠢ ᠪᠤᠯᠤᠨ᠎ᠠ᠃ | ᠡᠷᠳᠡᠨᠢᠴᠢᠯᠠᠭᠤ ᠤᠯᠠᠭᠠᠨᠬᠠᠳᠠ ᠬᠤᠳᠠ ᠶᠢᠨ ᠣᠩᠨᠢᠭᠤᠳ ᠬᠤᠰᠢᠭᠤᠨ ᠤ ᠭᠡᠷᠰᠡᠩ ᠰᠤᠮᠤᠨ ᠳᠤ ᠲᠦᠷᠦᠵᠤ᠂ ᠪᠠᠭ᠎ᠠ ᠰᠤᠷᠭᠠᠭᠤᠯᠢ ᠠᠴᠠ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠬᠦᠷᠲᠡᠯ᠎ᠡ᠂ ᠠᠩᠭᠢ ᠳᠤᠨᠢ ᠮᠣᠩᠭᠤᠯ ᠰᠤᠷᠤᠭᠴᠢ ᠪᠠᠶᠢᠬᠤ ᠪᠦᠬᠡᠳ ᠪᠠᠰᠠ ᠬᠢᠲᠠᠳ ᠰᠤᠷᠤᠭᠴᠢ ᠲᠠᠢ ᠪᠠᠶᠢᠵᠤ᠂ ᠰᠤᠷᠤᠭᠴᠢᠳ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠭᠰᠡᠨ ᠪᠠᠶᠢᠨ᠎ᠠ᠃ 1993 ᠣᠨ ᠳᠤ᠂ ᠡᠷᠳᠡᠨᠢᠴᠢᠯᠠᠭᠤ ᠥᠪᠥᠷ | ᠮᠣᠩᠭᠤᠯ ᠤᠨ ᠶᠡᠭᠡ ᠰᠤᠷᠭᠠᠭᠤᠯᠢ ᠳᠤ ᠰᠢᠯᠭᠠᠨ ᠤᠷᠤᠭᠰᠠᠨ ᠤ | ᠳᠠᠷᠠᠭ᠎ᠠ᠂ ᠪᠠᠭᠰᠢ ᠶᠢᠨ ᠬᠢᠴᠢᠶᠡᠯ ᠣᠷᠣᠬᠤ ᠠᠴᠠ ᠠᠪᠤᠭᠠᠳ ᠯᠠᠪᠯᠠᠬᠤ ᠰᠤᠷᠪᠤᠯᠵᠢ ᠪᠢᠴᠢᠭ ᠤᠩᠰᠢᠬᠤ᠂ ᠬᠢᠴᠢᠶᠡᠯ ᠤᠨ ᠭᠠᠳᠠᠨᠠᠬᠢ ᠬᠥᠳᠡᠯᠭᠡᠭᠡᠨ ᠳᠤ ᠣᠷᠣᠯᠴᠠᠬᠤ | ᠬᠦᠷᠲᠡᠯ᠎ᠡ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠵᠦ᠂ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠨᠡᠩ ᠰᠠᠶᠢᠳᠤᠷ | ᠡᠵᠡᠮᠰᠢᠬᠦ ᠳᠤ ᠮᠠᠰᠢ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ ︽ᠨᠢᠭᠡ ᠵᠦᠢᠯ ᠤᠨ ᠬᠡᠯᠡ ᠶᠢ ᠢᠯᠡᠭᠦᠦ ᠰᠤᠷᠪᠠᠯ ᠳᠠᠷᠤᠢ ᠢᠯᠡᠭᠦᠦ ᠨᠢᠭᠡ ᠵᠦᠢᠯ ᠤᠨ | ᠰᠣᠯᠢᠯᠴᠠᠭᠠᠨ ᠤ ᠪᠠᠭᠠᠵᠢ ᠲᠠᠢ ᠪᠤᠯᠵᠤ᠂ ᠰᠡᠳᠬᠢᠬᠦᠢ ᠶᠢᠨ ᠠᠷᠭ᠎ᠠ ᠮᠠᠶ᠋ᠢᠭ ᠢᠶᠠᠨ ᠪᠠᠶᠠᠯᠢᠭᠵᠢᠭᠤᠯᠵᠤ᠂ ᠬᠠᠷᠠᠭ᠎ᠠ ᠪᠠᠨ ᠥᠷᠭᠡᠳᠬᠡᠵᠦ᠂ ᠠᠰᠠᠭᠤᠳᠠᠯ ᠢ ᠤᠯᠠᠨ | ᠲᠠᠯ᠎ᠠ ᠠᠴᠠ ᠵᠠᠳᠠᠯᠤᠨ ᠰᠢᠢᠳᠪᠦᠷᠢᠯᠡᠬᠦ ᠳᠤ ᠠᠰᠢᠭᠲᠠᠢ ᠶᠤᠮ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠨᠢ ᠠᠵᠢᠯ ᠤᠯᠵᠤ | ᠦᠢᠯᠡᠰ ᠪᠤᠰᠬᠠᠬᠤ᠂ ᠤᠳᠤ ᠦᠶ᠎ᠡ ᠶᠢᠨ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠬᠦᠯᠢᠶᠡᠨ ᠠᠪᠬᠤ ᠵᠢᠴᠢ ᠨᠡᠶᠢᠭᠡᠮ ᠳᠤ ᠠᠭᠤᠰᠤᠯᠴᠠᠬᠤ ᠳᠤ ᠴᠥᠮ ᠮᠠᠰᠢ | ᠠᠰᠢᠭᠲᠠᠢ ᠶᠤᠮ︾ ᠭᠡᠵᠦ ᠡᠷᠳᠡᠨᠢᠴᠢᠯᠠᠭᠤ ᠬᠤᠪᠢ ᠬᠥᠮᠦᠨ ᠤ ᠦᠰᠦᠨ ᠪᠤᠶᠢᠵᠢᠭᠰᠠᠨ ᠥᠩᠭᠡᠷᠡᠯᠲᠡ ᠲᠠᠢ ᠪᠠᠨ ᠤᠶᠠᠯᠳᠤᠭᠤᠯᠤᠨ ᠮᠠᠰᠢ ᠭᠦᠨ ᠲᠥᠷᠥᠭᠳᠡᠯ ᠲᠠᠢ ᠪᠠᠷ | ᠬᠡᠯᠡᠪᠡ᠃ | ︽ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ᠂ ᠤᠯᠤᠰ ᠤᠨ ᠲᠥᠷᠥ ᠶᠢᠨ ᠪᠣᠳᠣᠯᠭ᠎ᠠ ᠶᠢ ᠰᠤᠷᠤᠯᠴᠠᠭᠰᠠᠨ ᠴᠤ ᠲᠡᠷᠡ᠂ ᠠᠵᠢᠯ ᠤᠨ ᠰᠣᠯᠢᠯᠴᠠᠭ᠎ᠠ | ᠥᠷᠨᠢᠭᠦᠯᠦᠭᠰᠡᠨ ᠴᠦ ᠲᠡᠷᠡ᠂ ᠪᠣᠯᠪᠠᠰᠤᠷᠠᠯ ᠭᠥᠷᠳᠡᠭᠰᠡᠨ ᠵᠡᠷᠭᠡ ᠳᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠡᠷᠡᠭᠯᠡᠵᠦ ᠪᠠᠶᠢᠨ᠎ᠠ᠂ | ᠭᠠᠭᠴᠠ ᠬᠦ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠠᠶᠢᠲᠤᠷ ᠡᠵᠡᠮᠰᠢᠪᠡᠯ ᠰᠠᠶ᠋ᠢ ᠨᠠᠮ ᠤᠨ ᠲᠥᠪ ᠬᠤᠷᠢᠶᠠᠨ ᠤ ᠡᠯ᠎ᠡ ᠵᠦᠶᠯ ᠤᠨ | ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠩ ᠰᠠᠶᠢᠲᠤᠷ ᠰᠤᠷᠤᠯᠴᠠᠨ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠶᠴᠡᠳᠬᠡᠵᠦ | ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠦᠶᠯᠡᠴᠢᠯᠡᠵᠦ ᠴᠢᠳᠠᠨ᠎ᠠ ᠭᠡᠳᠡᠭ ᠢ ᠪᠢ ᠭᠦᠨᠵᠡᠭᠡᠶ ᠤᠶᠢᠢᠯᠠᠭᠠᠯᠠ︾ ᠭᠡᠵᠦ ᠡᠷᠳᠡᠨᠢᠴᠢᠯᠠᠭᠤ ᠬᠡᠯᠡᠵᠦ | ᠪᠠᠶᠢᠪᠠ᠃ 2015 ᠣᠨ ᠠᠴᠠ 2016 ᠤᠨ ᠪᠣᠯᠲᠠᠯ᠎ᠠ᠂ ᠲᠡᠷᠡ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠪᠤᠰ | ᠪᠠᠯᠭᠠᠰᠤᠨ ᠤ ᠲᠠᠢ ᠫᠢᠩ ᠠᠭᠤᠯᠠ ᠭᠠᠴᠠᠭ᠎ᠠ ᠳᠤ ᠶᠠᠳᠠᠭᠤ ᠶᠢ ᠲᠡᠳᠬᠦᠬᠦ ᠠᠵᠢᠯ ᠥᠷᠨᠢᠭᠦᠯᠵᠦ᠂ ᠦᠷᠭᠦᠯᠵᠢ ᠲᠣᠰᠬᠤᠨ ᠡᠷᠦᠬᠡ ᠪᠠᠷ ᠬᠦᠷᠴᠦ ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠵᠠᠷᠢᠮ ᠮᠠᠯᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠥᠮ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠣᠷᠴᠢᠭᠤᠯᠤᠭᠠᠳ ᠮᠡᠳᠡᠭᠦᠯᠦᠯᠲᠡ ᠳᠡᠭᠡᠨ ᠪᠢᠴᠢᠵᠦ ᠣᠷᠣᠭᠤᠯᠬᠤ ᠴᠢᠬᠤᠯᠠᠲᠠᠢ ᠪᠠᠶᠢᠪᠠ᠃ ︽ᠬᠡᠷᠪᠡ ᠪᠢ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠭᠰᠡᠨ ᠦᠭᠡᠢ ᠪᠣᠯ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ | ᠰᠠᠨᠠᠯ ᠰᠠᠨᠠᠭᠤᠯᠭ᠎ᠠ ᠶᠢ ᠣᠨᠣᠪᠴᠢᠲᠠᠢ ᠢᠯᠡᠳᠬᠡᠬᠦ ᠳᠤ ᠪᠡᠷᠬᠡ᠂ ᠲᠠᠢ ᠫᠢᠩ ᠠᠭᠤᠯᠠ ᠭᠠᠴᠠᠭ᠎ᠠ ᠶᠢᠨ ᠰᠢᠨᠵᠢᠯᠡᠬᠦ ᠤᠬᠠᠭᠠᠨᠴᠢ ᠣᠨᠣᠪᠴᠢᠲᠠᠢ ᠶᠠᠳᠠᠭᠤ ᠶᠢ ᠲᠡᠳᠬᠦᠬᠦ | ᠲᠥᠯᠥᠪᠵᠢᠭᠦᠯᠭᠡ ᠲᠣᠭᠲᠠᠭᠠᠬᠤ ᠳᠤ ᠦᠨᠳᠦᠰᠦᠯᠡᠯ ᠬᠠᠩᠭᠠᠵᠤ ᠴᠢᠳᠠᠬᠤ ᠦᠭᠡᠢ ᠶᠤᠮ︾ ᠭᠡᠵᠦ ᠲᠡᠷᠡ ᠶᠠᠷᠢᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ | ᠤᠯᠠᠮᠵᠢᠯᠠᠯ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ | ᠪᠠᠲᠤᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠨᠠᠶᠢᠳᠠᠯᠭ᠎ᠠ ᠪᠣᠯᠤᠨ᠎ᠠ᠃ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠺᠠᠳ᠋ᠷ ᠪᠣᠯᠤᠭᠰᠠᠨ ᠤ ᠬᠤᠪᠢ ᠳᠤ᠂ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠶᠡᠷᠦᠩᠬᠡᠶ ᠱᠦᠵᠢ ᠶᠢᠨ | ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠵᠥᠪ ᠣᠨᠣᠪᠴᠢᠲᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠨᠠᠶᠢᠮᠠᠨ ᠪᠠᠷᠢᠮᠳᠠᠯᠠᠯ︾ ᠢ ᠪᠠᠲᠤ ᠴᠡᠭᠡᠵᠢᠯᠡᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ︽ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ | ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠡᠯ᠎ᠡ ᠴᠥᠭᠡᠨ ᠲᠣᠭᠠᠲᠤ ᠦᠨᠳᠦᠰᠦᠲᠡᠨ ᠬᠤᠭᠤᠷᠣᠨᠳᠣ ᠪᠠᠨ ᠴᠤ | ᠬᠠᠷᠢᠯᠴᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ | ᠵᠢᠯᠣᠭᠤᠳᠴᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠲᠠᠨᠢᠯᠲᠠ ᠶᠢ ᠴᠢᠩᠭᠠᠷᠠᠭᠤᠯᠵᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ | ᠭᠡᠵᠦ ᠡᠷᠳᠡᠨᠢᠴᠢᠯᠠᠭᠤ ᠢᠯᠡᠳᠬᠡᠵᠦ ᠪᠠᠶᠢᠪᠠ᠃ | |