ᠡᠷᠦᠬᠡ ᠶᠢᠨ ᠴᠡᠷᠢᠭ ᠤᠨ ᠠᠵᠢᠯ ᠤᠨ ᠲᠡᠷᠢᠭᠦᠨ ᠤ ᠨᠢᠭᠡᠴᠡ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/7/23
              ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ               ᠦᠶᠤᠸᠠᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ      ᠡᠷᠦᠬᠡ ᠶᠢᠨ ᠴᠡᠷᠢᠭ ᠤᠨ ᠠᠵᠢᠯ ᠤᠨ ᠲᠡᠷᠢᠭᠦᠨ ᠤ ᠨᠢᠭᠡᠴᠡ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠵᠠᠷᠯᠠᠯ      ᠡᠯ᠎ᠡ ᠰᠤᠮᠤ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      2020 ᠣᠨ᠂ ᠪᠦᠬᠦ ᠰᠢᠶᠠᠨ ᠤ ᠡᠷᠦᠬᠡ ᠶᠢᠨ ᠴᠡᠷᠢᠭ ᠤᠨ ᠠᠵᠢᠯ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠡᠭᠦᠷᠭᠡ ᠰᠢᠨ᠎ᠡ ᠡᠭᠦᠷᠭᠡ ᠳᠤ ᠢᠳᠡᠪᠬᠢᠲᠡᠶ ᠪᠠᠷ ᠵᠣᠬᠢᠴᠠᠵᠤ᠂ ᠭᠤᠣᠯᠯᠠᠭᠴᠢ ᠶᠢ ᠬᠠᠮᠠᠭᠠᠯᠠᠵᠤ ᠲᠡᠷᠢᠭᠦᠨ ᠪᠠᠶᠢᠷᠢ ᠶᠢ ᠠᠳᠬᠤᠬᠤ ᠶᠢ ᠪᠠᠷᠢᠮᠲᠠᠯᠠᠵᠤ᠂ ᠲᠠᠶᠢᠨ ᠳᠤ ᠪᠡᠯᠡᠳᠬᠡᠵᠦ ᠭᠤᠣᠯ ᠠᠵᠢᠯ ᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠬᠡᠪ ᠰᠤᠷᠲᠠᠯ ᠢ ᠬᠠᠤᠯᠢ ᠶᠣᠰᠣᠭᠠᠷ ᠴᠢᠩᠭ᠎ᠠ ᠠᠳᠬᠤᠵᠤ᠂ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠪᠢ ᠨᠡᠮᠡᠷᠢ ᠪᠠᠨ ᠦᠵᠡᠭᠦᠯᠪᠡ᠃ ᠢᠯᠠᠩᠭᠤᠶ᠎ᠠ ᠰᠢᠶᠠᠨ ᠤ ᠡᠷᠦᠭᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠰᠤᠮᠤ᠂ ᠡᠯ᠎ᠡ ᠴᠡᠷᠢᠭ ᠪᠠᠶᠢᠭᠤᠯᠤᠭᠰᠠᠨ ᠨᠢᠭᠡᠴᠢ ᠨᠦᠭᠦᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠠᠢ ᠰᠡᠳᠬᠢᠯ ᠵᠢᠷᠦᠬᠡ ᠪᠠᠨ ᠬᠤᠯᠪᠣᠵᠤ᠂ ᠡᠷᠦᠭᠡ ᠶᠢᠨ ᠴᠡᠷᠢᠭ ᠤᠨ ᠠᠵᠢᠯ ᠢ ᠶᠡᠬᠡᠪᠡᠷ ᠲᠡᠮᠵᠢᠵᠦ᠂ ᠭᠦᠨᠵᠡᠭᠡᠶ ᠨᠠᠶᠢᠳᠠᠪᠤᠷᠢᠵᠢᠭᠤᠯᠤᠭᠠᠳ ᠨᠢᠭᠡ ᠪᠦᠯᠦᠭ ᠲᠡᠷᠢᠭᠦᠨ ᠤ ᠨᠢᠭᠡᠴᠢ ᠴᠣᠯᠭᠤᠷᠠᠨ ᠭᠠᠷᠴᠠᠶ᠃ ᠪᠦᠬᠦ ᠰᠤᠮᠤᠨ ᠤ ᠳᠠᠷᠤᠭ᠎ᠠ ᠪᠠᠶᠢᠯᠳᠤᠭᠴᠢᠳ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠴᠡᠷᠢᠭ ᠪᠣᠯᠪᠠᠰᠤᠷᠠᠭᠤᠯᠵᠤ ᠵᠡᠪᠰᠡᠭ ᠮᠥᠷᠦ᠋ᠢᠴᠡᠬᠦ ᠵᠡᠷᠭᠡ ᠶᠡᠭᠡ ᠠᠵᠢᠯᠯᠠᠭ᠎ᠠ ᠶᠢᠨ ᠳᠤᠮᠳᠠ ᠳᠤᠪᠤᠶᠢᠮ᠎ᠠ ᠢᠯᠡᠷᠡᠯ ᠲᠠᠢ ᠪᠠᠶᠢᠵᠤ᠂ ᠨᠢᠭᠡ ᠪᠦᠯᠦᠭ ᠲᠡᠷᠢᠭᠦᠨ ᠤ ᠬᠤᠪᠢ ᠬᠥᠮᠦᠨ ᠴᠣᠯᠭᠤᠷᠠᠨ ᠭᠠᠷᠪᠠ᠂ ᠦᠯᠢᠭᠡᠷ ᠳᠠᠭᠤᠷᠢᠶᠠᠯ ᠪᠤᠯᠵᠤ᠂ ᠲᠡᠷᠢᠭᠦᠨ ᠤ ᠬᠢ ᠶᠢ ᠵᠣᠷᠢᠭᠵᠢᠭᠤᠯᠬᠤ ᠶᠢᠨ ᠲᠥᠯᠥᠭᠡ᠂ ᠰᠢᠶᠠᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠳᠣᠣᠷ᠎ᠠ ᠵᠢᠭᠰᠠᠭᠠᠭᠰᠠᠨ ᠨᠢᠭᠡᠴᠢ ᠪᠠ ᠬᠤᠪᠢ ᠬᠥᠮᠦᠨ ᠢ ᠵᠠᠷᠯᠠᠨ ᠬᠥᠬᠢᠭᠦᠯᠬᠦ ᠪᠠᠷ ᠲᠣᠭᠲᠠᠪᠠ᠃      ᠨᠢᠭᠡ᠂ ᠡᠷᠦᠭᠡ ᠶᠢᠨ ᠴᠡᠷᠢᠭ ᠤᠨ ᠠᠵᠢᠯ ᠤᠨ ᠲᠡᠷᠢᠭᠦᠨ ᠤ ᠨᠢᠭᠡᠴᠡ ︵2︶      ᠥᠪᠥᠷ ᠮᠣᠩᠭᠤᠯ ᠤᠨ ᠦᠶᠤᠸᠠᠨ ᠬᠥᠳᠡᠭᠡ ᠲᠣᠰᠬᠤᠨ ᠤ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ      ᠦᠶᠤᠸᠠᠨ ᠰᠢᠶᠠᠨ ᠤ ᠹᠦ᠋ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠤᠶᠠᠷ᠂ ᠡᠷᠦᠭᠡ ᠶᠢᠨ ᠴᠡᠷᠢᠭ ᠤᠨ ᠠᠵᠢᠯ ᠤᠨ ᠲᠡᠷᠢᠭᠦᠨ ᠤ ᠬᠤᠪᠢ ᠬᠥᠮᠦᠨ ︵6 ᠬᠥᠮᠦᠨ︶      ᠦᠶᠤᠸᠠᠨ ᠰᠢᠶᠠᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠰᠤᠮᠤᠨ ᠤ ᠳᠡᠳ᠋ ᠰᠤᠮᠤᠨ ᠳᠠᠷᠤᠭ᠎ᠠ           ᠴᠧᠨ ᠳ᠋ᠡ ᠲᠤᠤ      ᠦᠶᠤᠸᠠᠨ ᠰᠢᠶᠠᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠰᠤᠮᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠰᠠᠯᠠᠭ᠎ᠠ ᠶᠢᠨ ᠳᠠᠷᠤᠭ᠎ᠠ            ᠴᠧᠨ ᠯᠢ ᠴᠢ      ᠦᠶᠤᠸᠠᠨ ᠰᠢᠶᠠᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠰᠤᠮᠤᠨ ᠤ ᠰᠦᠷᠳᠡᠭᠦᠯᠦᠯ ᠢ ᠡᠰᠡᠷᠭᠦᠴᠡᠬᠦ ᠲᠣᠭᠲᠠᠭᠤᠨ ᠪᠠᠶᠢᠳᠠᠯ ᠢ ᠬᠠᠮᠠᠭᠠᠯᠠᠬᠤ ᠰᠠᠯᠠᠭ᠎ᠠ ᠶᠢᠨ ᠨᠢᠭᠡᠳᠦᠭᠡᠷ ᠲᠠᠰᠤᠭ ᠤᠨ ᠳᠡᠳ᠋ ᠳᠠᠷᠤᠭ᠎ᠠ                 ᠵᠢᠶᠠ ᠺᠠᠶ ᡁᠢ      ᠦᠶᠤᠸᠠᠨ ᠰᠢᠶᠠᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠰᠤᠮᠤᠨ ᠤ ᠰᠦᠷᠳᠡᠭᠦᠯᠦᠯ ᠢ ᠡᠰᠡᠷᠭᠦᠴᠡᠬᠦ ᠲᠣᠭᠲᠠᠭᠤᠨ ᠪᠠᠶᠢᠳᠠᠯ ᠢ ᠬᠠᠮᠠᠭᠠᠯᠠᠬᠤ ᠰᠠᠯᠠᠭ᠎ᠠ ᠶᠢᠨ ᠭᠤᠷᠪᠠᠳᠤᠭᠠᠷ ᠲᠠᠰᠤᠭ ᠤᠨ ᠳᠡᠳ᠋ ᠳᠠᠷᠤᠭ᠎ᠠ            ᠯᠢ ᠽᠤᠤ ᠯᠦᠩ      ᠦᠶᠤᠸᠠᠨ ᠰᠢᠶᠠᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠰᠤᠮᠤᠨ ᠤ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠰᠠᠯᠠᠭᠠᠨ ᠤ ᠰᠠᠯᠠᠭᠠᠨ ᠳᠠᠷᠤᠭ᠎ᠠ              ᠠᠨ ᠪᠥᠸᠧ ᠯᠦᠩ      ᠦᠶᠤᠸᠠᠨ ᠰᠢᠶᠠᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠰᠤᠮᠤᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠰᠠᠯᠠᠭ᠎ᠠ ᠶᠢᠨ ᠳᠠᠷᠤᠭ᠎ᠠ                  ᠭᠧ ᠯᠢᠶᠠᠩ      ᠬᠥᠬᠢᠭᠦᠯᠦᠨ ᠰᠠᠶᠢᠰᠢᠶᠠᠭᠳᠠᠭᠰᠠᠨ ᠨᠢᠭᠡᠴᠡ ᠪᠣᠯᠤᠨ ᠬᠤᠪᠢ ᠬᠥᠮᠦᠨ ᠢᠷᠠᠭᠤ ᠠᠯᠳᠠᠷ ᠢᠶᠠᠨ ᠨᠠᠨᠳᠢᠩᠨᠠᠵᠤ᠂ ᠪᠠᠷᠳᠠᠮᠨᠠᠬᠤ ᠤᠢᠭᠡᠢ ᠪᠠᠴᠢᠮᠳᠠᠬᠤ ᠤᠢᠭᠡᠢ ᠪᠠᠶᠢᠵᠤ ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠲᠡᠰᠦᠷᠡᠯᠳᠠ ᠤᠢᠭᠡᠢ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠪᠦᠬᠦ ᠰᠢᠶᠠᠨ ᠤ ᠡᠯ᠎ᠡ ᠨᠢᠭᠡᠴᠢ ᠪᠠ ᠥᠷᠭᠡᠨ ᠤᠯᠠᠨ ᠡᠷᠦᠭᠡ ᠶᠢᠨ ᠴᠡᠷᠢᠭ ᠬᠥᠬᠢᠭᠦᠯᠦᠯ ᠱᠠᠩᠨᠠᠯ ᠬᠦᠷᠳᠡᠭᠰᠡᠨ ᠨᠢᠭᠡᠴᠢ ᠪᠠ ᠬᠤᠪᠢ ᠬᠥᠮᠦᠨ ᠠᠴᠠ ᠳᠠᠷᠤᠤ ᠬᠢᠴᠢᠶᠡᠩᠭᠦᠶ ᠪᠠᠷ ᠰᠤᠷᠤᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠰᠢᠷᠭᠠᠭᠤ ᠬᠠᠲᠠᠭᠤᠵᠢᠯᠲᠠᠶ ᠪᠠᠷ ᠠᠵᠢᠯᠯᠠᠨ᠂ ᠢᠳᠡᠪᠬᠢᠲᠡᠶ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠴᠤᠭ ᠪᠠᠳᠠᠷᠠᠩᠭᠤᠶ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠵᠢᠯ ᠤᠨ ᠡᠯ᠎ᠡ ᠵᠦᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠮᠠᠨ ᠤ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠬᠥᠭᠵᠢᠯᠲᠡ ᠶᠢ ᠲᠦᠯᠬᠢᠨ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ︕                                 ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                 ᠦᠶᠤᠸᠠᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ                                 2021 ᠣᠨ ᠤ 7 ᠰᠠᠷ᠎ᠠ ᠶᠢᠨ 2 ᠤ ᠡᠳᠦᠷ
ᠢᠷᠡᠯᠲᠡ᠄ ᠲᠣᠰ ᠰᠦᠯᠵᠢᠶ᠎ᠡ