ᠰᠢᠨ᠎ᠠ ᠨᠢᠬᠡ ᠡᠬᠡᠯᠵᠢ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠤᠷᠢ ᠢᠷᠠᠯ᠎ᠠ
ᠨᠡᠶᠢᠲᠡᠯᠡᠭᠰᠡᠨ ᠴᠠᠭ᠄
2021/8/9
     — ᠮᠠᠯᠴᠢᠨ ᠲᠠᠷᠢᠶᠠᠴᠢᠨ ᠳᠤ ᠠᠰᠢᠬ ᠬᠦᠷᠳᠡᠭᠡᠬᠦ ᠲᠦᠷᠦ ᠶᠢᠨ ᠪᠤᠳᠤᠯᠭ᠎ᠠ ᠶᠢᠨ ᠲᠤᠬᠠᠢ ᠰᠢᠷᠢᠰ ᠰᠤᠷᠪᠤᠯᠵᠢᠯᠠᠭ᠎ᠠ ③      ᠮᠠᠨ ᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠮᠧᠬᠠᠨᠢᠭᠵᠢᠭᠤᠯᠤᠯᠳᠡ ᠶᠢ ᠪᠥᠬᠦ ᠶᠠᠪᠤᠴᠠ ᠳᠤ ᠪᠥᠬᠦ ᠲᠠᠯ᠎ᠠ ᠶᠢᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠲᠠᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠡ ᠶᠢ ᠲᠦᠷᠭᠡᠳᠭᠡᠬᠦ ᠶᠢᠨ ᠲᠦᠯᠦᠬᠡ᠂ 2021 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠰᠢᠨ᠎ᠡ ᠨᠢᠬᠡ ᠡᠭᠡᠯᠵᠢ ᠶᠢᠨ ᠭᠤᠷᠪᠠᠨ ᠵᠢᠯ ᠤᠨ ᠬᠤᠭᠤᠴᠠᠭ᠎ᠠ ᠲᠠᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠪᠤᠯᠤᠯ᠎ᠠ᠃      ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠤᠷᠢ ᠶᠢ ᠥᠪᠡᠷᠲᠡᠭᠡᠨ ᠵᠠᠰᠠᠬᠤ ᠣᠷᠣᠨ ᠤ ᠬᠠᠷᠢᠶᠠᠨ ᠳᠣᠲᠣᠷᠠᠬᠢ ᠮᠠᠯ ᠠᠵᠤ ᠠᠬᠤᠶ ᠲᠠᠷᠢᠶᠠᠯᠠᠩ ᠤᠨ ᠦᠢᠯᠡᠳᠪᠦᠷᠢᠯᠡᠯ ᠡᠷᠬᠢᠯᠡᠵᠦ ᠪᠠᠶᠢᠭ᠎ᠠ ᠬᠤᠪᠢ ᠬᠥᠮᠦᠨ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠬᠢᠵᠤ ᠪᠠᠶᠢᠭ᠎ᠠ ᠵᠣᠬᠢᠶᠠᠨ ᠪᠠᠶᠢᠭᠤᠯᠤᠯᠲᠠ ᠳᠤ ᠤᠯᠭᠤᠨ᠎ᠠ᠃ ᠡᠬᠦᠨ ᠳᠤ᠂ ᠲᠦᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠮᠠᠰᠢᠨ ᠪᠠᠭᠠᠵᠢ ᠶᠢᠨ ᠲᠦᠷᠦᠯ ᠵᠦᠢᠯ ᠤᠨ ᠬᠡᠪᠴᠢᠶ᠎ᠠ ᠨᠢ 12 ᠶᠡᠭᠡ ᠲᠥᠷᠥᠯ ᠤᠨ 27 ᠪᠠᠭ᠎ᠠ ᠲᠥᠷᠥᠯ ᠤᠨ 69 ᠲᠠᠧᠠᠷ ᠤᠨ ᠨᠡᠷ᠎ᠠ ᠲᠦᠷᠦᠯ ᠪᠤᠢ᠃      ᠥᠪᠡᠷᠲᠡᠭᠡᠨ ᠵᠠᠰᠠᠬᠤ ᠣᠷᠣᠨ ᠠᠴᠠ ᠮᠠᠯᠵᠢᠬᠤ ᠣᠷᠣᠨ ᠤ ᠮᠠᠯᠴᠢᠳ ᠮᠠᠯ ᠠᠵᠤ ᠠᠬᠤᠶ ᠶᠢᠨ ᠮᠠᠰᠢᠨ ᠬᠤᠳᠠᠯᠳᠤᠨ ᠠᠪᠬᠤ ᠳᠤ ᠨᠡᠮᠡᠵᠤ ᠨᠦᠬᠦᠪᠤᠷᠢ ᠦᠭᠬᠦ ᠪᠤᠶᠤ ᠲᠤᠰᠬᠠᠢ ᠨᠥᠬᠦᠪᠥᠷᠢ ᠥᠭᠬᠦ ᠶᠢ ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠤᠭᠰᠠᠨ ᠦᠭᠡᠶ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠨᠴᠠᠯᠢᠭᠲᠤ ᠬᠥᠭᠵᠢᠯᠲᠡ ᠳᠤ ᠬᠡᠷᠡᠭᠰᠡᠬᠦ ᠮᠠᠯ ᠠᠵᠤ ᠠᠬᠤᠶ ᠶᠢᠨ ᠮᠠᠰᠢᠨ ᠪᠠᠭᠠᠵᠢ ᠶᠢ ᠳᠡᠭᠡᠷ᠎ᠡ ᠵᠢᠯ ᠤᠨ ᠳᠤᠮᠳᠠᠴᠢ ᠪᠣᠷᠣᠯᠠᠭᠤᠯᠭ᠎ᠠ ᠶᠢᠨ ᠦᠨ᠎ᠡ ᠬᠠᠩᠰᠢ ᠶᠢᠨ 30 % ᠠᠴᠠ ᠲᠠᠪᠠᠭᠤᠯᠬᠤ ᠦᠬᠡᠢ ᠪᠠᠷ ᠲᠥᠰᠦᠭᠡᠯᠡᠨ ᠪᠤᠳᠤᠬᠤ ᠶᠤᠮ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢ ᠵᠥᠪᠬᠡᠨ 33 ᠮᠠᠯᠵᠢᠬᠤ ᠬᠤᠰᠢᠭᠤ ᠰᠢᠶᠠᠨ ᠪᠣᠯᠤᠨ 21 ᠬᠠᠭᠠᠰ ᠲᠠᠷᠢᠶᠠᠯᠠᠬᠤ ᠬᠠᠭᠠᠰ ᠮᠠᠯᠵᠢᠬᠤ ᠬᠤᠰᠢᠭᠤ ᠰᠢᠶᠠᠨ ᠤ ᠮᠠᠯᠴᠢᠳ ᠪᠣᠯᠤᠨ ᠮᠠᠯᠴᠢᠳ ᠤᠨ ᠡᠵᠡᠩᠨᠡᠵᠤ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠳᠤ ᠬᠠᠨᠳᠤᠭᠤᠯᠵᠡᠢ᠃      ᠮᠠᠨ ᠤ ᠤᠷᠤᠨ ᠤ ᠨᠦᠬᠦᠪᠤᠷᠢ ᠶᠢᠨ ᠬᠡᠪᠴᠢᠶᠡᠨ ᠳᠤ ᠤᠷᠤᠭᠤᠯᠤᠭᠰᠠᠨ ᠮᠠᠰᠢᠨ ᠮᠠᠰᠢ ᠤᠯᠠᠨ ᠪᠠᠶᠢᠨ᠎ᠠ᠃ ᠪᠤᠳᠠᠳᠡᠢ ᠨᠦᠬᠦᠪᠤᠷᠢ ᠶᠢᠨ ᠪᠡᠷᠢᠮᠵᠢᠶ᠎ᠠ ᠶᠢ ︽ᠦᠪᠡᠷᠳᠡᠭᠡᠨ ᠵᠠᠰᠠᠬᠤ ᠤᠷᠤᠨ ᠤ 2021 — 2023 ᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠤᠷᠢ ᠤᠯᠭᠤᠬᠤ ᠮᠠᠰᠢᠨ ᠪᠠᠭᠠᠵᠢ ᠶᠢᠨ ᠨᠦᠬᠦᠪᠤᠷᠢ ᠶᠢᠨ ᠵᠤᠭᠤᠰ ᠤᠨ ᠲᠤᠭ᠎ᠠ ᠶᠢᠨ ᠨᠠᠷᠢᠨ ᠬᠦᠰᠦᠨᠦᠭᠳᠤ︾ ᠠᠴᠠ ᠯᠠᠪᠯᠠᠵᠤ ᠪᠤᠯᠤᠨ᠎ᠠ᠃ ᠲᠡᠭᠡᠪᠡᠯ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠤᠷᠢ ᠨᠢ ᠲᠤᠭᠳᠠᠭᠰᠠᠨ ᠲᠤᠭᠠᠨ ᠤ ᠨᠦᠬᠦᠪᠤᠷᠢ ᠶᠢ ᠬᠡᠷᠡᠭᠵᠢᠬᠦᠯᠬᠦ ᠪᠠᠷ ᠪᠠᠷᠢᠮᠵᠢᠶᠠᠯᠠᠬᠤ ᠪᠤᠯᠤᠨ᠎ᠠ᠃ ᠮᠠᠨ ᠤ ᠣᠷᠣᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠲᠤᠭᠳᠠᠭᠠᠨ ᠨᠡᠶᠢᠲᠡᠯᠡᠭᠰᠡᠨ ᠪᠥᠬᠦ ᠤᠯᠤᠰ ᠤᠨ ᠨᠥᠬᠦᠪᠥᠷᠢ ᠶᠢᠨ ᠬᠡᠪᠴᠢᠶᠡᠨ ᠳᠠᠬᠢ ᠡᠯ᠎ᠡ ᠮᠠᠰᠢᠨ ᠪᠠᠭᠠᠵᠢ ᠪᠠᠷ ᠦᠨᠳᠦᠰᠦᠯᠡᠯ ᠪᠣᠯᠭᠠᠬᠤ ᠶᠢᠨ ᠬᠠᠮᠲᠤ᠂ ᠠᠳᠠᠯᠢ ᠲᠠᠰ ᠤᠨ ᠦᠢᠯᠡᠳᠬᠦᠨ ᠤ ᠳᠡᠭᠡᠷ᠎ᠡ ᠵᠢᠯ ᠤᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠳᠤᠮᠳᠠᠴᠢ ᠦᠨ᠎ᠡ ᠶᠢᠨ ᠲᠥᠰᠦᠭᠡᠯᠡᠨ ᠪᠤᠳᠤᠯᠲᠠ ᠶᠢ ᠦᠨᠳᠦᠰᠦᠯᠡᠨ ᠡᠯ᠎ᠡ ᠲᠠᠰ ᠤᠨ ᠨᠥᠬᠦᠪᠥᠷᠢ ᠶᠢᠨ ᠬᠡᠮᠵᠢᠶ᠎ᠠ ᠶᠢ ᠲᠣᠭᠲᠠᠭᠠᠵᠤ᠂ ᠥᠨᠳᠥᠷ ᠴᠢᠳᠠᠪᠬᠢᠲᠤ ᠬᠠᠭᠠᠯᠪᠤᠷᠢᠯᠠᠬᠤ ᠥᠬᠡᠶ ᠪᠠᠷ ᠳᠠᠷᠢᠬᠤ ᠮᠠᠰᠢᠨ᠂ ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠮᠠᠰᠢᠨ ᠤ ᠲᠥᠰᠦᠭᠡᠯᠡᠨ ᠪᠤᠳᠤᠬᠤ ᠬᠠᠷᠢᠴᠠᠯ ᠢ 35% ᠠᠴᠠ ᠲᠠᠪᠠᠭᠤᠯᠬᠤ ᠦᠬᠡᠢ᠂ ᠪᠤᠰᠤᠳ ᠮᠠᠰᠢᠨ ᠪᠠᠭᠠᠵᠢ ᠶᠢ ᠲᠥᠰᠦᠭᠡᠯᠡᠨ ᠪᠤᠳᠤᠬᠤ ᠬᠠᠷᠢᠴᠠᠯ ᠢ 30 % ᠠᠴᠠ ᠲᠠᠪᠠᠭᠤᠯᠬᠤ ᠦᠬᠡᠢ ᠬᠡᠵᠤ ᠲᠤᠭᠳᠠᠭᠠᠪᠠ᠃ ᠵᠢᠱᠢᠶᠡᠯᠠᠪᠠᠯ᠂ ᠡᠩ ᠤᠨ ᠮᠠᠰᠢᠨ ᠲᠦᠬᠦᠭᠡᠷᠤᠮᠵᠢ ᠶᠢᠨ ᠲᠠᠩ ᠮᠠᠰᠢᠨ ᠬᠤᠳᠠᠯᠳᠤᠨ ᠠᠪᠬᠤ ᠨᠦᠬᠦᠪᠤᠷᠢ ᠶᠢᠨ ᠬᠡᠮᠵᠢᠶ᠎ᠠ ᠨᠢ 5 ᠲᠦᠮᠡᠨ ᠲᠦᠬᠦᠷᠢᠭ ᠠᠴᠠ ᠲᠠᠪᠠᠵᠤ ᠪᠤᠯᠬᠤ ᠦᠬᠡᠢ︔ ᠰᠦ ᠰᠠᠭᠠᠬᠤ ᠮᠠᠰᠢᠨ᠂ ᠬᠠᠳᠠᠭᠠᠬᠤ ᠮᠠᠰᠢᠨ ᠤ ᠲᠠᠩ ᠮᠠᠰᠢᠨ ᠤ ᠨᠦᠬᠦᠪᠤᠷᠢ ᠶᠢᠨ ᠬᠡᠮᠵᠢᠶ᠎ᠠ ᠨᠢ 12 ᠲᠦᠮᠡᠨ ᠲᠦᠬᠦᠷᠢᠭ ᠠᠴᠠ ᠲᠠᠪᠠᠵᠤ ᠪᠤᠯᠬᠤ ᠦᠬᠡᠢ︔ 100 ᠮᠤᠷᠢᠨ ᠤ ᠬᠦᠴᠦᠨ ᠠᠴᠠ ᠲᠡᠭᠡᠭᠰᠢᠬᠢ ᠲᠤᠮᠤ ᠬᠡᠯᠪᠡᠷᠢ ᠶᠢᠨ ᠲᠷᠠᠺᠲ᠋ᠤᠷ᠂ ᠦᠨᠳᠤᠷ ᠴᠢᠳᠠᠪᠬᠢᠳᠤ ᠬᠦᠬᠡ ᠪᠠᠷ ᠲᠠᠷᠤᠰᠢᠭᠤᠯᠬᠤ ᠮᠠᠰᠢᠨ ᠲᠦᠬᠦᠭᠡᠷᠤᠮᠵᠢ᠂ ᠲᠤᠮᠤ ᠬᠡᠯᠪᠡᠷᠢ ᠶᠢᠨ ᠬᠠᠭᠠᠯᠪᠤᠷᠢᠯᠠᠵᠤ ᠲᠠᠷᠢᠬᠤ ᠮᠠᠰᠢᠨ᠂ ᠲᠤᠮᠤ ᠬᠡᠯᠪᠡᠷᠢ ᠶᠢᠨ ᠲᠠᠷᠢᠶ᠎ᠠ ᠬᠤᠷᠢᠶᠠᠬᠤ ᠮᠠᠰᠢᠨ᠂ ᠤᠰᠤᠨ ᠲᠤᠳᠤᠷᠭ᠎ᠠ ᠶᠢᠨ ᠲᠤᠮᠤ ᠬᠡᠯᠪᠡᠷᠢ ᠶᠢᠨ ᠤᠰᠤᠯᠠᠵᠤ ᠲᠠᠷᠢᠬᠤ ᠨᠡᠪᠴᠢᠬᠦᠯᠵᠤ ᠡᠵᠡᠮᠳᠡᠬᠦ ᠮᠠᠰᠢᠨ ᠵᠡᠷᠭᠡ ᠮᠠᠰᠢᠨ ᠤ ᠲᠠᠩ ᠮᠠᠰᠢᠨ ᠤ ᠨᠦᠬᠦᠪᠤᠷᠢ ᠶᠢᠨ ᠬᠡᠮᠵᠢᠶ᠎ᠠ ᠨᠢ 15 ᠲᠦᠮᠡᠨ ᠲᠦᠬᠦᠷᠢᠭ ᠠᠴᠠ ᠲᠠᠪᠠᠵᠤ ᠪᠤᠯᠬᠤ ᠦᠬᠡᠢ︔ 200 ᠮᠤᠷᠢᠨ ᠬᠦᠴᠦᠨ ᠠᠴᠠ ᠲᠡᠭᠡᠭᠰᠢᠬᠢ ᠲᠷᠠᠺᠲ᠋ᠤᠷ ᠤᠨ ᠲᠠᠩ ᠮᠠᠰᠢᠨ ᠬᠤᠳᠠᠯᠳᠤᠨ ᠠᠪᠬᠤ ᠨᠦᠬᠦᠪᠤᠷᠢ ᠶᠢᠨ ᠬᠡᠮᠵᠢᠶ᠎ᠠ ᠨᠢ 25 ᠲᠦᠮᠡᠨ ᠲᠦᠬᠦᠷᠢᠭ ᠠᠴᠠ ᠲᠠᠪᠠᠵᠤ ᠪᠤᠯᠬᠤ ᠦᠬᠡᠢ ᠬᠡᠪᠡ᠃ ᠶᠠᠷᠢᠶᠠᠨ ᠦᠬᠡᠢ᠂ ᠨᠥᠬᠦᠪᠥᠷᠢ ᠥᠭᠬᠦ ᠲᠠᠷᠢᠶᠠᠯᠠᠩ ᠤᠨ ᠮᠠᠰᠢᠨ ᠨᠢ ᠡᠷᠬᠡᠪᠰᠢ ᠨᠥᠬᠦᠪᠥᠷᠢ ᠥᠭᠬᠦ ᠬᠡᠪᠴᠢᠶᠡᠨ ᠳᠣᠲᠣᠷᠠᠬᠢ ᠦᠢᠯᠡᠳᠬᠦᠨ ᠪᠠᠶᠢᠬᠤ ᠪᠦᠭᠡᠳ ᠲᠤᠭᠳᠠᠭᠰᠠᠨ ᠱᠠᠭᠠᠷᠳᠠᠯᠭ᠎ᠠ ᠶᠢ ᠪᠦᠷᠢᠯᠳᠦᠬᠦᠯᠦᠭᠰᠡᠨ ᠪᠠᠶᠢᠬᠤ ᠬᠡᠷᠡᠭᠳᠡᠢ᠃ ᠮᠠᠯᠴᠢᠳ ᠨᠦᠬᠦᠪᠤᠷᠢ ᠡᠷᠡᠮᠡᠯᠵᠡᠯᠡᠨ ᠠᠪᠬᠤ ᠳᠤ ᠨᠤᠳᠤᠭ ᠪᠡᠯᠴᠢᠭᠡᠷ ᠲᠠᠭᠠᠭᠠᠴᠢᠯᠠᠬᠤ ᠦᠨᠡᠮᠯᠡᠯ ᠢᠶᠠᠨ ᠬᠠᠩᠭᠠᠬᠤ ᠴᠢᠬᠤᠯᠠᠳᠡᠢ ᠪᠠᠶᠢᠨ᠎ᠠ᠃      2021 ᠤᠨ ᠠᠴᠠ ᠡᠬᠢᠯᠡᠨ᠂ ᠮᠠᠨ ᠤ ᠣᠷᠣᠨ ᠮᠡᠷᠭᠡᠵᠢᠯ ᠬᠠᠷᠢᠴᠠᠩᠭᠤᠶ ᠪᠠᠷ ᠬᠤᠴᠣᠷᠤᠩᠭᠤᠶ ᠬᠦᠷᠳᠦᠲᠦ ᠲᠷᠠᠺᠲ᠋ᠤᠷ ᠵᠡᠷᠭᠡ ᠮᠠᠰᠢᠨ ᠪᠠᠭᠠᠵᠢ ᠳᠤ ᠨᠥᠬᠦᠪᠥᠷᠢ ᠥᠭᠬᠦ ᠪᠠᠷᠢᠮᠵᠢᠶ᠎ᠠ ᠶᠢ ᠪᠠᠭᠤᠷᠠᠭᠤᠯᠵᠤ᠂ 30 ᠮᠣᠷᠢᠨ ᠤ ᠬᠦᠴᠦ ︵ᠪᠠᠭᠲᠠᠬᠤ ᠥᠬᠡᠶ︶ ᠠᠴᠠ ᠳᠣᠷᠣᠭᠰᠢᠬᠢ ᠬᠦᠷᠳᠦᠲᠦ ᠲᠷᠠᠺᠲ᠋ᠣᠷ ᠢ ᠨᠥᠬᠦᠪᠥᠷᠢ ᠶᠢᠨ ᠬᠡᠪᠴᠢᠶ᠎ᠡ ᠠᠴᠠ ᠭᠠᠷᠭᠠᠵᠡᠢ᠃ 2023 ᠤᠨ ᠪᠤᠯᠬᠤ ᠳᠤ ᠨᠦᠬᠦᠪᠤᠷᠢ ᠦᠭᠬᠦ ᠮᠠᠰᠢᠨ ᠪᠠᠭᠠᠵᠢ ᠶᠢᠨ ᠨᠦᠬᠦᠪᠤᠷᠢ ᠶᠢᠨ ᠲᠤᠭ᠎ᠠ ᠶᠢ 15% ᠪᠤᠶᠤ ᠲᠡᠬᠦᠨ ᠠᠴᠠ ᠲᠤᠷᠤᠭᠰᠢ ᠪᠤᠯᠳᠠᠯ᠎ᠠ ᠪᠠᠭᠤᠷᠠᠭᠤᠯᠬᠤ ᠶᠢ ᠦᠨᠡᠨ ᠬᠦ ᠪᠠᠳᠤᠯᠠᠵᠤ᠂ ᠮᠡᠷᠭᠡᠵᠢᠯ ᠬᠠᠷᠢᠴᠠᠩᠭᠤᠶ ᠪᠠᠷ ᠬᠤᠴᠣᠷᠤᠩᠭᠤᠶ ᠮᠠᠰᠢᠨ ᠪᠠᠭᠠᠵᠢ ᠶᠢ ᠢᠳᠡᠭ ᠢᠳᠡᠭ ᠢᠶᠠᠷ ᠨᠦᠬᠦᠪᠤᠷᠢ ᠦᠭᠬᠦ ᠭᠡᠪᠴᠢᠶ᠎ᠠ ᠠᠴᠠ ᠭᠠᠷᠭᠠᠬᠤ ᠪᠤᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ