︽ᠦᠶᠤᠸᠠᠨ ᠰᠢᠶᠠᠨ ᠤ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠠᠯᠠ ᠴᠤᠭᠯᠠᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/9/3
                       ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ      ︽ᠦᠶᠤᠸᠠᠨ ᠰᠢᠶᠠᠨ ᠤ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠠᠯᠠ ᠴᠤᠭᠯᠠᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ᠂ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ ᠲᠤ᠄      ᠵᠠᠰᠠᠭ ᠤᠨ ᠣᠷᠳᠣᠨ ᠰᠤᠳᠤᠯᠤᠨ ᠵᠥᠪᠰᠢᠶᠡᠷᠡᠭᠡᠳ᠂ ᠡᠳᠦᠭᠡ ︽ᠦᠶᠤᠸᠠᠨ ᠰᠢᠶᠠᠨ ᠤ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠠᠯᠠ ᠴᠤᠭᠯᠠᠭᠤᠯᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                 ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ                                        2021 ᠣᠨ ᠤ 9 ᠰᠠᠷ᠎ᠠ ᠶᠢᠨ 1 ᠤ ᠡᠳᠦᠷ      ᠦᠶᠤᠸᠠᠨ ᠰᠢᠶᠠᠨ ᠤ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠠᠯᠠ ᠴᠤᠭᠯᠠᠭᠤᠯᠬᠤ ᠠᠵᠢᠯ ᠤᠨ ᠲᠥᠰᠦᠯ      ︽ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠭᠤᠷᠪᠠᠨ ᠰᠠᠯᠠᠭ᠎ᠠ ᠮᠥᠴᠢᠷ ᠤᠨ ︿2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ﹀ ᠢ ᠤᠯᠠᠮᠵᠢᠯᠠᠨ ᠶᠠᠪᠤᠭᠤᠯᠬᠤ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠥᠰᠥᠭ ︹ 2021 ︺ 56 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠮᠠᠨ ᠤ ᠰᠢᠶᠠᠨ ᠤ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠯᠠ ᠴᠤᠭᠯᠠᠭᠤᠯᠬᠤ ᠪᠣᠳᠠᠲᠠᠶ ᠠᠵᠢᠯ ᠤᠨ ᠲᠥᠰᠦᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠳᠠᠭᠠᠳᠬᠠᠯ ᠳᠤ ᠣᠷᠣᠭᠰᠠᠳ      ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠪᠴᠢᠶᠡᠨ ᠠᠴᠠ ᠭᠠᠳᠠᠨᠠᠬᠢ ᠬᠥᠳᠡᠭᠡ ᠲᠣᠰᠬᠤᠨ ᠤ ᠰᠠᠭᠤᠭᠠᠯᠢ ᠠᠷᠠᠳ᠂ ᠬᠤᠲᠠ ᠪᠠᠯᠭᠠᠰᠤ ᠶᠢᠨ ᠠᠵᠢᠯ ᠥᠬᠡᠶ ᠰᠠᠭᠤᠭᠠᠯᠢ ᠠᠷᠠᠳ᠂ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ᠂ ᠰᠤᠷᠬᠤ ᠨᠠᠰᠤᠨ ᠠᠴᠠ ᠡᠮᠦᠨᠡᠬᠢ ᠬᠡᠤᠬᠡᠳ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠪᠤᠰᠤᠳ ᠬᠥᠮᠦᠰ ᠢ ᠪᠠᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠴᠥᠮ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠣᠨᠳᠣᠣ ᠭᠠᠵᠠᠷ ᠳᠠᠭᠠᠳᠬᠠᠯ ᠳᠤ ᠣᠷᠣᠯᠴᠠᠬᠤ ᠲᠥᠷᠥ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠄ ᠪᠠᠶᠠᠨᠨᠠᠭᠤᠷ ᠬᠤᠳᠠ ᠶᠢᠨ ᠣᠷᠣᠰᠢᠨ ᠰᠠᠭᠤᠬᠤ ᠦᠨᠡᠮᠯᠡᠯ ᠣᠯᠤᠭᠰᠠᠨ ᠲᠤᠰ ᠬᠤᠳᠠ ᠶᠢᠨ ᠡᠷᠥᠭᠡ ᠠᠮᠠ ᠶᠢᠨ ᠪᠤᠰᠤ ᠬᠤᠳᠠ ᠬᠥᠳᠡᠭᠡ ᠶᠢᠨ ᠰᠠᠭᠤᠭᠠᠯᠢ ᠠᠷᠠᠳ ᠡᠷᠥᠭᠡ ᠠᠮᠠ ᠶᠢᠨ ᠪᠠᠶᠢᠭ᠎ᠠ ᠭᠠᠵᠠᠷ ᠪᠤᠶᠤ ᠣᠷᠣᠰᠢᠨ ᠰᠠᠭᠤᠭ᠎ᠠ ᠭᠠᠵᠠᠷ ᠢᠶᠠᠨ ᠰᠠᠶᠢᠨ ᠳᠤᠷ᠎ᠠ ᠠᠴᠠ ᠪᠠᠨ ᠰᠣᠩᠭᠤᠨ ᠳᠠᠭᠠᠳᠬᠠᠯ ᠳᠤ ᠣᠷᠣᠯᠴᠠᠵᠤ᠂ ᠣᠷᠣᠰᠢᠨ ᠰᠠᠭᠤᠭ᠎ᠠ ᠭᠠᠵᠠᠷ ᠤᠨ ᠳᠠᠭᠠᠳᠬᠠᠯ ᠳᠤ ᠣᠷᠣᠯᠴᠠᠭᠰᠠᠳ ᠲᠠᠢ ᠠᠳᠠᠯᠢᠬᠠᠨ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠬᠥᠷᠳᠡᠨ᠎ᠡ᠃ ᠳᠠᠭᠠᠳᠬᠠᠯ ᠳᠤ ᠣᠷᠣᠭᠰᠠᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠵᠡᠷᠭᠡᠪᠡᠷ ᠣᠷᠣᠯᠴᠠᠵᠤ ᠪᠣᠯᠬᠤ ᠥᠬᠡᠶ᠂ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠶᠢ ᠳᠠᠪᠬᠤᠷᠳᠠᠭᠤᠯᠤᠨ ᠭᠥᠷᠳᠡᠵᠦ ᠪᠣᠯᠬᠤ ᠥᠬᠡᠶ᠃      ᠬᠤᠶᠠᠷ᠂ ᠪᠡᠯᠡ ᠴᠤᠭᠯᠠᠭᠤᠯᠬᠤ ᠪᠠᠷᠢᠮᠵᠢᠶ᠎ᠠ      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ 2022 ᠣᠨ ᠤ ᠪᠠᠯᠠ ᠴᠤᠭᠯᠠᠭᠤᠯᠬᠤ ᠳᠤ ᠬᠤᠪᠢ ᠬᠥᠮᠦᠨ ᠤ ᠰᠦᠶ᠋ᠳᠬᠡᠯ ᠲᠤᠰᠢᠶᠠᠬᠤ ᠪᠠ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠪᠠᠷ ᠪᠦᠷᠢᠯᠳᠦᠨ᠎ᠡ᠃ 2022 ᠣᠨ ᠳᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢ ᠬᠥᠮᠦᠨ ᠪᠦᠷᠢ ᠳᠤ 360 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠡᠭᠦᠨ ᠤ ᠵᠡᠷᠭᠡ ᠳᠤ᠂ 2021 ᠣᠨ ᠳᠤ ᠮᠠᠨ ᠤ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠤᠰᠢᠶᠠᠬᠤ ᠵᠠᠷᠤᠳᠠᠯ ᠨᠢ ᠤᠯᠤᠰ ᠤᠨ ᠪᠠᠷᠢᠮᠵᠢᠶ᠎ᠠ ᠶᠢᠨ 320 ᠲᠥᠭᠦᠷᠢᠭ ᠤᠨ ᠪᠠᠷᠢᠮᠵᠢᠶ᠎ᠠ ᠳᠤ ᠭᠦᠷᠦᠭᠰᠡᠨ ᠥᠬᠡᠶ ᠪᠣᠯᠬᠤᠷ 2022 ᠣᠨ ᠤ ᠬᠤᠪᠢ ᠬᠥᠮᠦᠨ ᠤ ᠲᠤᠰᠢᠶᠠᠬᠤ ᠵᠠᠷᠤᠳᠠᠯ ᠢ ᠲᠠᠲᠠᠪᠤᠷᠢᠯᠠᠬᠤ ᠳᠠᠭᠠᠨ ᠬᠠᠮᠲᠤ ᠳᠤᠨᠢ 10 ᠲᠥᠭᠦᠷᠢᠭ / ᠬᠥᠮᠦᠨ ᠠᠴᠠ ᠨᠥᠬᠦᠨ ᠬᠤᠷᠢᠶᠠᠵᠤ᠂ ᠬᠤᠪᠢ ᠬᠥᠮᠦᠨ ᠤ ᠲᠤᠰᠢᠶᠠᠬᠤ ᠵᠠᠷᠤᠳᠠᠯ ᠢ ᠨᠡᠶᠢᠲᠡ 370 ᠲᠥᠭᠦᠷᠢᠭ / ᠬᠥᠮᠦᠨ ᠠᠴᠠ ᠬᠤᠷᠢᠶᠠᠨ ᠠᠪᠴᠠᠶ᠃      ᠭᠤᠷᠪᠠ᠂ ᠳᠠᠭᠠᠳᠬᠠᠯ ᠳᠤ ᠣᠷᠣᠯᠴᠠᠭᠰᠠᠨ ᠴᠠᠭ      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠨ ᠤ ᠤᠷᠢᠳᠴᠢᠯᠠᠨ ᠰᠦᠢᠳᠭᠡᠯ ᠲᠤᠰᠢᠶᠠᠬᠤ ᠲᠦᠷᠢᠮ ᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠵᠤ ᠰᠦᠶ᠋ᠳᠬᠡᠯ ᠲᠤᠰᠢᠶᠠᠬᠤ ᠴᠠᠭ ᠨᠢ 2021 ᠣᠨ ᠤ 9 ᠰᠠᠷ᠎ᠠ ᠶᠢᠨ 1 ᠤ ᠡᠳᠦᠷ ᠠᠴᠠ 2021 ᠣᠨ ᠤ 12 ᠰᠠᠷ᠎ᠠ ᠶᠢᠨ 25 ᠤ ᠡᠳᠦᠷ ᠪᠣᠯᠤᠨ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠲᠥᠪᠯᠡᠷᠡᠭᠦᠯᠦᠨ ᠣᠷᠣᠯᠴᠠᠬᠤ᠂ ᠰᠦᠶ᠋ᠳᠬᠡᠯ ᠲᠤᠰᠢᠶᠠᠬᠤ᠂ ᠳᠡᠩᠰᠡᠯᠡᠨ ᠲᠡᠮᠳᠡᠭᠯᠡᠬᠦ᠂ ᠮᠡᠳᠡᠭᠡ ᠵᠠᠩᠭᠢ ᠣᠷᠣᠭᠤᠯᠬᠤ ᠠᠵᠢᠯ ᠢ ᠪᠡᠶᠡᠯᠡᠭᠦᠯᠵᠦ᠂ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠬᠡᠪ ᠤᠨ ᠶᠣᠰᠣᠭᠠᠷ ᠭᠥᠷᠳᠡᠬᠦ ᠶᠢ ᠪᠠᠲᠤᠯᠠᠵᠤ᠂ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠣᠨᠴᠠᠭᠠᠶ ᠪᠠᠶᠢᠳᠠᠯ ᠲᠠᠢ ᠬᠥᠮᠦᠰ ᠲᠣᠭᠲᠠᠭᠰᠠᠨ ᠴᠠᠭ ᠤᠨ ᠳᠣᠲᠣᠷ᠎ᠠ ᠰᠦᠢᠳᠭᠡᠯ ᠲᠤᠰᠢᠶᠠᠬᠤ ᠪᠠᠷ ᠳᠡᠩᠰᠡᠯᠡᠵᠦ ᠳᠠᠭᠠᠳᠬᠠᠯ ᠳᠤ ᠣᠷᠣᠯᠴᠠᠭᠰᠠᠨ ᠥᠬᠡᠶ ᠪᠠᠶᠢᠪᠠᠯ᠂ 2022 ᠣᠨ ᠤ 2 ᠰᠠᠷ᠎ᠠ ᠶᠢᠨ 28 ᠤ ᠡᠳᠦᠷ ᠪᠣᠯᠲᠠᠯ᠎ᠠ ᠤᠷᠲᠤᠳᠬᠠᠵᠤ ᠪᠣᠯᠤᠨ᠎ᠠ᠃ 2022 ᠣᠨ ᠤ 3 ᠰᠠᠷ᠎ᠠ ᠶᠢᠨ 1 ᠤ ᠡᠳᠦᠷ᠂ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠣᠷᠣᠭᠤᠯᠬᠤ ᠬᠤᠭᠤᠴᠠᠭ᠎ᠠ ᠳᠠᠭᠤᠰᠴᠤ᠂ ᠳᠠᠭᠠᠳᠬᠠᠯ ᠳᠤ ᠣᠷᠣᠯᠴᠠᠭᠰᠠᠨ ᠰᠢᠰᠲ᠋ᠧᠮ ᠡᠭᠦᠳᠡ ᠪᠠᠨ ᠬᠠᠭᠠᠪᠠ᠂ ᠡᠨᠡ ᠬᠤᠭᠤᠴᠠᠭᠠᠨ ᠳᠤ ᠰᠦᠢᠳᠭᠡᠯ ᠲᠤᠰᠢᠶᠠᠬᠤ ᠳᠡᠩᠰᠡᠯᠡᠯᠲᠡ ᠬᠢᠯᠭᠡᠭᠰᠡᠨ ᠥᠬᠡᠶ ᠰᠠᠭᠤᠭᠠᠯᠢ ᠠᠷᠠᠳ ᠢ ᠣᠨ ᠤ ᠳᠠᠭᠠᠳᠬᠠᠯ ᠳᠤ ᠣᠷᠣᠯᠴᠠᠬᠤ ᠬᠢᠷᠢ ᠬᠡᠮ ᠢᠶᠠᠨ ᠠᠶᠠᠨᠳᠠᠭᠠᠨ ᠬᠠᠶᠠᠭᠰᠠᠨ ᠢᠶᠠᠷ ᠦᠵᠡᠨ᠎ᠡ᠃      ᠳᠥᠷᠪᠡ᠂ ᠳᠠᠭᠠᠳᠬᠠᠯ ᠳᠤ ᠣᠷᠣᠯᠴᠠᠬᠤ ᠠᠷᠭ᠎ᠠ ᠮᠠᠶ᠋ᠢᠭ      ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠲᠥᠪᠯᠡᠷᠡᠭᠦᠯᠦᠨ ᠲᠠᠲᠠᠪᠤᠷᠢᠯᠠᠬᠤ ᠪᠤᠶᠤ ᠲᠣᠰᠬᠤᠨ ︵ᠰᠠᠭᠤᠭᠠᠯᠢ ᠠᠷᠠᠳ ᠤᠨ ᠵᠥᠪᠯᠡᠯ︶᠂ ᠰᠤᠷᠭᠠᠭᠤᠯᠢ ᠳᠤ ᠨᠠᠶᠢᠳᠠᠬᠤ ᠵᠡᠷᠭᠡ ᠪᠠᠷ ᠲᠥᠪᠯᠡᠷᠡᠭᠦᠯᠦᠨ ᠣᠷᠣᠯᠠᠨ ᠬᠤᠷᠢᠶᠠᠬᠤ ᠠᠷᠭ᠎ᠠ ᠮᠠᠶ᠋ᠢᠭ ᠢ ᠠᠪᠴᠤ᠂ ᠡᠰᠡᠬᠦᠯ᠎ᠡ ᠡᠭᠦᠯᠡᠨ POS ᠮᠠᠰᠢᠨ᠂ ᠯᠠᠩᠭᠦᠶ ᠠᠴᠠ ᠲᠠᠲᠠᠪᠤᠷᠢᠯᠠᠬᠤ᠂ ᠭᠠᠷ ᠤᠲᠠᠰᠤ ᠪᠠᠷ ᠰᠦᠢᠳᠭᠡᠯ ᠲᠤᠰᠢᠶᠠᠬᠤ᠂ ᠥᠪᠡᠰᠦᠪᠡᠨ ᠦᠶ᠋ᠯᠡᠴᠢᠯᠡᠬᠦ ᠦᠵᠦᠭᠦᠷ ᠲᠥᠬᠦᠭᠡᠷᠦᠮᠵᠢ ᠵᠡᠷᠭᠡ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠰᠠᠳ ᠲᠤ ᠨᠠᠩ ᠳᠥᠭᠦᠮ ᠳᠥᠲᠡ ᠣᠯᠠᠨ ᠡᠰᠢᠴᠢᠯᠡᠭᠰᠡᠨ ᠰᠦᠶ᠋ᠳᠬᠡᠯ ᠲᠤᠰᠢᠶᠠᠬᠤ ᠠᠷᠭ᠎ᠠ ᠵᠠᠮ ᠢ ᠬᠠᠩᠭᠠᠨ᠎ᠠ᠃      ᠲᠠᠪᠤ᠂ ᠠᠵᠢᠯ ᠤᠨ ᠱᠠᠭᠠᠷᠳᠠᠯᠭ᠎ᠠ      ᠰᠢᠶᠠᠨ ᠤ ᠵᠠᠰᠠᠭ ᠤᠨ ᠣᠷᠳᠣᠨ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠰᠠᠭ ᠤᠨ ᠣᠷᠳᠣᠨ ᠤ ᠤᠳᠤᠷᠢᠳᠤᠮᠵᠢ ᠳᠣᠤᠷᠠᠬᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠤᠨ ᠣᠯᠠᠨ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠡᠯ᠎ᠡ ᠬᠤᠯᠪᠣᠭᠳᠠᠯ ᠪᠥᠬᠦᠶ ᠨᠢᠭᠡᠴᠡ ᠠᠴᠠ ᠲᠤᠰᠬᠠᠶ ᠬᠥᠮᠦᠨ ᠵᠢᠭᠠᠨ ᠲᠣᠭᠲᠠᠭᠠᠵᠤ ᠡᠨᠡ ᠬᠦ ᠠᠵᠢᠯ ᠢ ᠬᠠᠷᠢᠭᠤᠴᠠᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠢ ᠪᠡᠶᠡᠯᠡᠭᠦᠯᠵᠡᠶ᠃      ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠲᠠᠲᠠᠪᠤᠷᠢᠯᠠᠨ ᠲᠤᠰᠢᠶᠠᠬᠤ ᠠᠵᠢᠯ ᠵᠢᠴᠢ ᠲᠠᠲᠠᠪᠤᠷᠢᠯᠠᠬᠤ ᠠᠴᠠ ᠡᠮᠦᠨ᠎ᠡ ᠳᠠᠭᠠᠳᠬᠠᠯ ᠳᠤ ᠣᠷᠣᠯᠴᠠᠬᠤ ᠶᠢ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠰᠦᠢᠳᠭᠡᠯ ᠲᠤᠰᠢᠶᠠᠬᠤ ᠠᠵᠢᠯ ᠢ ᠰᠠᠶᠢᠲᠤᠷ ᠬᠢᠨ᠎ᠠ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠠᠮᠵᠢᠯᠴᠠᠨ ᠡᠷᠦᠬᠡ ᠠᠮᠠ ᠶᠢᠨ ᠲᠤᠭ᠎ᠠ᠂ ᠡᠷᠦᠬᠡ ᠠᠮᠠ ᠶᠢᠨ ᠨᠡᠷ᠎ᠡ ᠶᠢ ᠬᠠᠩᠭᠠᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠠᠪᠤᠨ ᠪᠠᠲᠤᠯᠠᠭ᠎ᠠ᠂ ︽ᠭᠤᠷᠪᠠ ᠥᠬᠡᠶ︾ ᠵᠡᠷᠭᠡ ᠬᠦᠴᠢᠷᠳᠡᠯᠲᠡᠶ ᠬᠥᠮᠦᠰ ᠤᠨ ᠨᠡᠷ᠎ᠡ ᠶᠢ ᠣᠯᠭᠤᠪᠠ᠃ ᠵᠡᠮᠳᠡᠭᠴᠦᠳ ᠤᠨ ᠬᠤᠯᠪᠣᠭ᠎ᠠ ᠠᠴᠠ ᠵᠡᠮᠳᠡᠭᠴᠦᠳ ᠤᠨ ᠬᠤᠯᠪᠣᠭ᠎ᠠ ᠶᠢᠨ ᠣᠷᠣᠯᠠᠨ ᠲᠤᠰᠢᠶᠠᠬᠤ ᠬᠥᠮᠦᠰ ᠤᠨ ᠨᠡᠷ᠎ᠡ ᠶᠢ ᠬᠠᠩᠭᠠᠬᠤ ᠶᠢᠨ ᠬᠠᠮᠲᠤ ᠪᠣᠳᠠᠲᠠᠢ ᠪᠠᠷ ᠵᠣᠭᠤᠰ ᠮᠥᠩᠭᠦ ᠪᠠᠷ ᠲᠤᠰᠠᠯᠠᠵᠤ ᠰᠦᠢᠳᠬᠡᠯ ᠲᠤᠰᠢᠶᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠠᠴᠠ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠢ ᠬᠥᠮᠦᠰ ᠤᠨ ᠨᠡᠷ᠎ᠡ ᠶᠢ ᠬᠠᠩᠭᠠᠬᠤ ᠶᠢᠨ ᠬᠠᠮᠲᠤ ᠪᠠᠷᠢᠮᠵᠢᠶ᠎ᠠ ᠶᠣᠰᠣᠭᠠᠷ ᠵᠣᠭᠤᠰ ᠮᠥᠩᠭᠦ ᠪᠠᠷ ᠲᠤᠰᠠᠯᠠᠵᠤ ᠰᠦᠢᠳᠬᠡᠯ ᠲᠤᠰᠢᠶᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠳᠠᠭᠠᠳᠬᠠᠯ ᠳᠤ ᠣᠷᠣᠯᠴᠠᠬᠤ ᠨᠥᠬᠦᠪᠥᠷᠢ ᠶᠢᠨ ᠪᠠᠯᠠ ᠮᠥᠩᠭᠦ ᠶᠢᠨ ᠪᠠᠲᠤᠯᠠᠭ᠎ᠠ ᠶᠢ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠳᠠᠭᠠᠳᠬᠠᠯ ᠳᠤ ᠣᠷᠣᠯᠴᠠᠭᠰᠠᠳ ᠢ ᠬᠢᠨᠠᠨ ᠲᠣᠭᠲᠠᠭᠠᠬᠤ ᠶᠢ ᠬᠠᠷᠢᠭᠤᠴᠠᠵᠤ᠂ ᠳᠠᠭᠠᠳᠬᠠᠯ ᠳᠤ ᠣᠷᠣᠭᠰᠠᠳ᠂ ᠳᠠᠭᠠᠳᠬᠠᠯ ᠳᠤ ᠣᠷᠤᠭ᠎ᠠ ᠥᠬᠡᠶ ᠬᠥᠮᠦᠰ ᠤᠨ ᠰᠠᠭᠤᠷᠢ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠨᠢᠭᠤᠷᠳᠠᠬᠤ ᠪᠠᠶᠢᠳᠠᠯ ᠢ ᠣᠨᠣᠪᠴᠢᠲᠠᠶ ᠲᠣᠭᠲᠠᠭᠠᠨ ᠥᠷᠭᠡᠳᠬᠡᠵᠦ᠂ ᠳᠠᠭᠠᠳᠬᠠᠯ ᠳᠤ ᠣᠷᠣᠯᠴᠠᠭᠰᠠᠳ ᠢ ᠬᠢᠨᠠᠨ ᠲᠣᠭᠲᠠᠭᠠᠬᠤ ᠠᠵᠢᠯ ᠵᠢᠴᠢ ᠬᠢᠨᠠᠨ ᠲᠣᠭᠲᠠᠭᠠᠭᠰᠠᠨ ᠲᠤᠭ᠎ᠠ ᠪᠠᠷᠢᠮᠲᠠ ᠶᠢ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶ᠋ᠯᠡᠴᠢᠯᠡᠭᠡᠨ ᠤ ᠲᠥᠪ ᠯᠦᠭᠡ ᠴᠠᠭ ᠲᠤᠬᠠᠶ ᠳᠤᠨᠢ ᠳᠠᠮᠵᠢᠭᠤᠯᠬᠤ ᠶᠢ ᠪᠣᠳᠠᠲᠠᠶᠢᠵᠢᠭᠤᠯᠤᠨ ᠨᠠᠷᠢᠯᠢᠭ ᠬᠢᠨ᠎ᠠ᠃      ᠰᠤᠮᠤ ᠪᠠᠯᠭᠠᠰᠤ᠂ ᠲᠣᠰᠬᠤᠨ ᠤ ᠳᠤᠭᠤᠶᠢᠯᠠᠩ ︵ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠰᠠᠭᠤᠭᠠᠯᠢ ᠠᠷᠠᠳ ᠤᠨ ᠵᠥᠪᠯᠡᠯ︶ ᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠠᠩᠭᠠᠭᠰᠠᠨ ᠡᠷᠦᠬᠡ ᠠᠮᠠ ᠶᠢᠨ ᠨᠡᠷ᠎ᠡ ᠶᠢᠨ ᠶᠣᠰᠣᠭᠠᠷ᠂ ᠬᠠᠷᠢᠶ᠎ᠠ ᠣᠷᠣᠨ ᠤ ᠳᠣᠲᠣᠷᠠᠬᠢ ᠳᠠᠭᠠᠳᠬᠠᠯ ᠳᠤ ᠣᠷᠣᠯᠴᠠᠭᠰᠠᠨ ᠡᠲᠡᠭᠡᠳ ᠤᠨ ᠪᠠᠶᠢᠳᠠᠯ ᠢ ᠣᠶᠢᠯᠠᠭᠠᠵᠤ᠂ ᠳᠠᠭᠠᠳᠬᠠᠯ ᠳᠤ ᠣᠷᠣᠯᠴᠠᠬᠤ ᠶᠢ ᠳᠠᠶᠢᠴᠢᠯᠠᠨ ᠰᠢᠮᠳᠠᠭᠤᠯᠵᠤ᠂ ᠴᠠᠭ ᠲᠤᠬᠠᠶ ᠳᠤᠨᠢ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠷᠢᠯᠴᠠᠵᠤ᠂ ᠡᠷᠦᠬᠡ ᠠᠮᠠ ᠶᠢᠨ ᠬᠠᠷᠢᠶ᠎ᠠ ᠲᠠᠢ ᠬᠥᠮᠦᠰ ᠤᠨ ᠪᠣᠳᠠᠲᠠᠶ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠡᠵᠡᠮᠰᠢᠨ᠂ ᠨᠠᠭᠠᠳᠤ ᠵᠠᠬ᠎ᠠ ᠶᠢᠨ ᠪᠠᠲᠤᠯᠠᠭ᠎ᠠ᠂ ᠲᠠᠪᠤᠨ ᠪᠠᠲᠤᠯᠠᠭ᠎ᠠ᠂ ᠭᠤᠷᠪᠠ ᠥᠬᠡᠶ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠰ ᠢ ᠡᠷᠬᠡᠪᠰᠢ 100% ᠪᠠᠷ ᠳᠠᠭᠠᠳᠬᠠᠯ ᠳᠤ ᠣᠷᠣᠯᠴᠠᠭᠤᠯᠬᠤ ᠬᠡᠷᠡᠭᠲᠡᠶ᠃ ᠰᠢᠶᠠᠨ ᠤ ᠭᠠᠳᠠᠨ᠎ᠠ ᠳᠠᠭᠠᠳᠬᠠᠯ ᠳᠤ ᠣᠷᠣᠯᠴᠠᠭᠰᠠᠳ ᠲᠤ ᠳᠠᠭᠠᠳᠬᠠᠯ ᠳᠤ ᠣᠷᠣᠯᠴᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ᠃      ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤ ︵ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ︶ ᠨᠢ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠥᠳᠡᠯᠦᠩᠭᠦᠶ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠡᠳ᠋ ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠣᠯᠴᠠᠭᠰᠠᠳ ᠲᠤ ᠬᠠᠷᠢᠶᠠᠯᠠᠭᠳᠠᠬᠤ ᠬᠥᠮᠦᠰ ᠢ ᠡᠳ᠋ ᠮᠥᠩᠭᠦ ᠪᠠᠷ ᠲᠤᠰᠠᠯᠠᠬᠤ ᠰᠠᠯᠠᠭ᠎ᠠ ᠮᠥᠴᠢᠷ ᠠᠴᠠ ᠰᠢᠭᠤᠳ ᠣᠷᠣᠯᠠᠨ ᠲᠤᠰᠢᠶᠠᠵᠤ᠂ ᠰᠦᠢᠳᠭᠡᠯ ᠲᠤᠰᠢᠶᠠᠬᠤ ᠴᠤᠪᠤᠷᠠᠯ ᠢ ᠪᠠᠭᠠᠰᠬᠠᠬᠤ ᠬᠡᠷᠡᠭᠲᠡᠶ᠃ ᠡᠳ᠋ ᠤᠨ ᠵᠠᠰᠠᠭ ᠤᠨ ᠨᠥᠬᠦᠪᠥᠷᠢ ᠶᠢᠨ ᠬᠡᠰᠡᠭ ᠢ ᠲᠥᠰᠦᠪ ᠲᠤ ᠣᠷᠣᠭᠤᠯᠤᠨ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ ᠦᠭᠡᠢ᠃      ᠰᠢᠶᠠᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠠᠴᠠ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠬᠡᠷᠡᠭᠲᠡᠶ᠃ ᠡᠭᠦᠨ ᠤ ᠬᠠᠮᠲᠤ ᠲᠣᠰ ᠠᠵᠢᠯ ᠢ ᠵᠢᠯ ᠤᠨ ᠡᠴᠦᠰ ᠲᠤ ᠡᠯ᠎ᠡ ᠨᠢᠭᠡᠴᠡ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠎ᠠ᠃
ᠢᠷᠡᠯᠲᠡ᠄ ᠲᠣᠰ ᠰᠦᠯᠵᠢᠶ᠎ᠡ