ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2021 ᠣᠨ ᠤ 3 ᠳ᠋ᠤᠭᠠᠷ ᠬᠤᠭᠤᠴᠠᠭ᠎ᠠ
ᠨᠡᠶᠢᠲᠡᠯᠡᠭᠰᠡᠨ ᠴᠠᠭ᠄
2021/9/30
                  ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ      ︽ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ      ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ᠄      ᠦᠨᠡᠮᠯᠡᠯ ᠢ ᠪᠠᠭᠠᠰᠬᠠᠨ ᠠᠷᠠᠳ ᠲᠤ ᠳᠥᠭᠦᠮ ᠦᠵᠡᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ︽ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠶᠣᠰᠣᠭᠠᠷ ︵ᠲᠥᠷᠥ ᠠᠯᠪᠠᠨ ᠲᠠᠷᠬᠠᠭᠠᠭᠰᠠᠨ ︹ 2020 ︺ 42 ᠳ᠋ᠤᠭᠠᠷ ᠲᠣᠭᠠᠲᠤ︶ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 51 ᠳ᠋ᠦ᠋ᠭᠡᠷ ᠲᠣᠭᠠᠲᠤ︶᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠵᠢᠭᠦᠯᠬᠦ ᠲᠥᠰᠦᠯ︾ ︵ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠵᠢᠭᠦᠯᠬᠦ ᠲᠥᠰᠦᠯ︾ ︵ᠪᠠᠶᠠᠨᠨᠠᠭᠤᠷ ᠠᠯᠪᠠᠨ ᠥᠰᠥᠭ ︹ 2021 ︺ 11 ᠳ᠋ᠦ᠋ᠭᠡᠷ ᠲᠣᠭᠠᠲᠤ︶᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠭᠡᠷᠡᠴᠢᠯᠡᠬᠦ ᠵᠦᠢᠯᠡᠰ ᠢ ᠪᠦᠬᠦ ᠲᠠᠯ᠎ᠠ ᠪᠠᠷ ᠬᠡᠷᠡᠭᠵᠢᠭᠦᠯᠬᠦ ᠠᠮᠠᠯᠠᠯᠲᠠ ᠶᠢᠨ ᠳᠦᠷᠢᠮ ᠢ ᠳᠠᠷᠤᠮᠠᠯᠯᠠᠨ ᠲᠠᠷᠬᠠᠭᠠᠬᠤ ᠲᠤᠬᠠᠶ ᠬᠡᠷᠡᠭᠵᠢᠭᠦᠯᠬᠦ ᠲᠥᠰᠦᠯ︾ ᠢ ᠲᠣᠭᠲᠠᠭᠠᠪᠠ᠂ ᠤᠳᠤ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ                                   2021 ᠣᠨ ᠤ 8 ᠰᠠᠷ᠎ᠠ ᠶᠢᠨ 13 ᠤ ᠡᠳᠦᠷ          ᠦᠶᠤᠸᠠᠨ ᠰᠢᠶᠠᠨ ᠳᠤ ᠭᠡᠷᠡᠴᠢᠯᠡᠬᠦ ᠤᠴᠢᠷ ᠶᠠᠪᠤᠳᠠᠯ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ      ︽ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠢ ᠦᠨᠳᠦᠰᠦᠯᠡᠪᠡᠯ ︵ᠲᠥᠷᠥ ᠠᠯᠪᠠᠨ ᠲᠠᠷᠬᠠᠭᠠᠭᠰᠠᠨ ︹ 2020 ︺ 42 ᠳ᠋ᠤᠭᠠᠷ ᠲᠣᠭᠠᠲᠤ︶ ᠪᠣᠯᠤᠨ ︽ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 51 ᠳ᠋ᠦ᠋ᠭᠡᠷ ᠲᠣᠭᠠᠲᠤ︶᠂ ︽ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠪᠠᠶᠠᠨᠨᠠᠭᠤᠷ ᠥᠰᠥᠭ ︹ 2021 ︺ 11 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡ ᠪᠠ ᠬᠠᠮᠢᠶᠠᠷᠤᠯᠲᠠ ᠶᠢᠨ ᠣᠶᠢᠯᠠᠭᠠᠭᠳᠠᠬᠤᠨ᠂ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠳᠤ ᠲᠥᠬᠦᠮ ᠦᠵᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠰᠢᠭᠤᠳ ᠬᠠᠨᠳᠤᠭᠤᠯᠤᠭᠰᠠᠨ᠂ ᠭᠤᠶᠤᠴᠢᠯᠠᠯ ᠶᠣᠰᠣᠭᠠᠷ ᠭᠦᠢᠴᠡᠳᠭᠡᠬᠦ ᠵᠠᠰᠠᠭ ᠵᠠᠬᠢᠷᠭᠠᠨ ᠤ ᠵᠦᠢᠯᠡᠰ ᠲᠤ ᠴᠢᠭᠯᠡᠭᠦᠯᠦᠨ᠂ ᠭᠡᠷᠡᠴᠢᠯᠡᠬᠦ ᠵᠦᠢᠯᠡᠰ ᠢ ᠬᠡᠯᠡᠵᠦ ᠠᠮᠠᠯᠳᠠᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ︽ᠠᠷᠤ ᠭᠠᠵᠠᠷ ᠤᠨ ᠵᠢᠶᠠᠩᠨᠠᠨ ᠭᠠᠵᠠᠷ᠂ ᠪᠣᠬᠢᠷᠲᠤᠯ ᠥᠬᠡᠶ ᠪᠠᠷ ᠬᠥᠭᠵᠢᠨ ᠮᠠᠨᠳᠤᠬᠤ︾ ᠶᠢ ᠪᠡᠶᠡᠯᠡᠭᠦᠯᠬᠦ ᠳᠤ ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃      ︵ᠬᠤᠶᠠᠷ︶ ᠠᠵᠢᠯ ᠤᠨ ᠬᠠᠷᠠᠯᠲᠠ᠃ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ︵ᠳᠣᠷᠣᠭᠰᠢ ᠵᠠᠰᠠᠭ ᠵᠠᠬᠢᠷᠭᠠᠨ ᠤ ᠪᠠᠶᠢᠭᠤᠯᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠳᠤ ᠭᠡᠷᠡᠴᠢᠯᠡᠬᠦ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠥᠭᠭᠦᠯᠲᠡ ᠵᠡᠷᠭᠡ ᠭᠤᠶᠤᠴᠢᠯᠠᠭᠰᠠᠨ ᠵᠠᠰᠠᠭ ᠵᠠᠬᠢᠷᠭᠠᠨ ᠤ ᠬᠡᠷᠡᠭ ᠶᠠᠪᠤᠳᠠᠯ ︵ᠳᠣᠷᠣᠭᠰᠢ ᠵᠠᠰᠠᠭ ᠵᠠᠬᠢᠷᠭᠠᠨ ᠤ ᠬᠡᠷᠡᠭ ᠶᠠᠪᠤᠳᠠᠯ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠪᠠᠷ ᠬᠠᠩᠭᠠᠬᠤ ᠭᠡᠷᠡᠴᠢ ᠮᠠᠲ᠋ᠧᠷᠢᠶᠠᠯ ᠢ ᠭᠦᠢᠴᠡᠳᠬᠡᠬᠦ ᠦᠶ᠎ᠡ ᠳᠤ᠂ ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠲᠣᠳᠣᠷᠬᠠᠢ ᠮᠡᠳᠡᠭᠳᠡᠬᠦ᠂ ᠠᠵᠤ ᠠᠬᠤᠶᠢᠯᠠᠯ ᠪᠠ ᠤᠯᠠᠨ ᠲᠦᠮᠡᠨ ᠦᠨᠡᠨᠴᠢ ᠢᠲᠡᠭᠡᠮᠵᠢᠲᠡᠢ ᠪᠠᠷ ᠠᠮᠠᠯᠠᠯᠲᠠ ᠪᠠᠨ ᠰᠠᠬᠢᠬᠤ ᠪᠠᠷ ᠭᠤᠣᠯᠳᠠᠯᠭ᠎ᠠ ᠪᠣᠯᠭᠠᠵᠤ᠂ ᠪᠠᠷᠢᠮᠵᠢᠶ᠎ᠠ ᠶᠢ ᠢᠯᠡ ᠪᠣᠯᠭᠠᠬᠤ᠂ ᠲᠦᠷᠢᠮ ᠢ ᠲᠥᠪ ᠭᠤᠣᠯᠴᠢ᠂ ᠵᠢᠱᠢᠯᠲᠡ ᠶᠢ ᠲᠣᠳᠣᠷᠬᠠᠢ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠢᠲᠡᠭᠡᠮᠵᠢ ᠶᠢ ᠬᠢᠨᠠᠨ ᠬᠠᠮᠢᠶᠠᠷᠬᠤ ᠵᠠᠰᠠᠯᠲᠠ ᠶᠢᠨ ᠵᠠᠭᠪᠤᠷ ᠢ ᠪᠦᠷᠢᠯᠳᠦᠭᠦᠯᠬᠦ ᠶᠢ ᠠᠬᠢᠭᠤᠯᠵᠤ᠂ ᠲᠦᠷᠢᠮ ᠤᠨ ᠲᠠᠯ᠎ᠠ ᠠᠴᠠ ᠠᠵᠤ ᠠᠬᠤᠶᠢᠯᠠᠯ ᠪᠠ ᠤᠯᠠᠨ ᠲᠦᠮᠡᠨ ᠤ ᠭᠦᠢᠴᠡᠳᠬᠡᠬᠦ ᠦᠨᠡᠮᠯᠡᠯ ᠤᠯᠠᠨ᠂ ᠤᠴᠢᠷ ᠶᠠᠪᠤᠳᠠᠯ ᠰᠢᠢᠳᠪᠦᠷᠢᠯᠡᠬᠦ ᠳᠤ ᠬᠦᠴᠢᠷ ᠵᠡᠷᠭᠡ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃      ᠬᠤᠶᠠᠷ᠂ ᠠᠵᠢᠯ ᠤᠨ ᠬᠡᠪᠴᠢᠶ᠎ᠡ ᠪᠠ ᠬᠡᠷᠡᠭᠯᠡᠬᠦ ᠡᠲᠡᠭᠡᠳ     ︵ᠨᠢᠭᠡ︶ ᠬᠡᠷᠡᠭᠵᠢᠭᠦᠯᠬᠦ ᠪᠠᠶᠢᠭᠤᠯᠭ᠎ᠠ᠃ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠰᠢᠶᠠᠨ ᠤ ᠬᠡᠪᠴᠢᠶᠡᠨ ᠳᠤ ᠨᠡᠶᠢᠳᠡᠮ ᠬᠡᠷᠡᠭᠵᠢᠭᠦᠯᠪᠡ᠃ ᠬᠡᠷᠡᠭᠵᠢᠭᠦᠯᠬᠦ ᠪᠠᠶᠢᠭᠤᠯᠭ᠎ᠠ ᠳᠤ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠢ᠂ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠤᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠪᠤᠰᠤᠳ ᠵᠣᠬᠢᠶᠠᠨ ᠪᠠᠶᠢᠭᠤᠯᠤᠯᠲᠠ ᠪᠠᠭᠲᠠᠨ᠎ᠠ᠃      ︵ᠬᠤᠶᠠᠷ︶ ᠲᠣᠮᠢᠶᠠᠯᠠᠯ ᠪᠠ ᠬᠦᠷᠢᠶ᠎ᠡ ᠬᠡᠪᠴᠢᠶ᠎ᠡ᠃ ᠲᠤᠰ ᠲᠥᠰᠦᠯ ᠳᠤ ᠬᠡᠯᠡᠵᠦ ᠪᠠᠶᠢᠭ᠎ᠠ ᠭᠡᠷᠡᠴᠢᠯᠡᠯ ᠭᠡᠳᠡᠭ ᠪᠣᠯ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠦᠷᠢᠯᠡᠭᠦᠯᠬᠦ ᠪᠠᠷ ᠭᠤᠶᠤᠴᠢᠯᠠᠬᠤ ᠦᠶ᠎ᠡ ᠳᠤ᠂ ᠬᠠᠩᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠪᠤᠰᠤᠳ ᠪᠠᠶᠢᠭᠤᠯᠤᠮᠵᠢ ᠠᠴᠠ ᠭᠠᠷᠭᠠᠵᠤ ᠥᠭᠬᠦ ᠴᠢᠬᠤᠯᠠᠲᠠᠶ ᠪᠥᠭᠡᠳ ᠪᠤᠰᠤᠳᠴᠢ ᠪᠣᠳᠠᠲᠤ ᠶᠠᠪᠤᠳᠠᠯ ᠢ ᠳᠦᠷᠰᠦᠯᠡᠬᠦ ᠪᠤᠶᠤ ᠣᠨᠴᠠᠭᠠᠶ ᠨᠥᠬᠦᠴᠡᠯ ᠳᠤ ᠨᠡᠶᠢᠴᠡᠬᠦ ᠶᠢ ᠢᠯᠡᠳᠬᠡᠬᠦ ᠳᠤ ᠬᠡᠷᠡᠭᠯᠡᠬᠦ ᠮᠠᠲ᠋ᠧᠷᠢᠶᠠᠯ ᠢ ᠵᠢᠭᠠᠵᠤ ᠪᠠᠶᠢᠨ᠎ᠠ᠃ ᠭᠡᠷᠡᠴᠢᠯᠡᠬᠦ ᠤᠴᠢᠷ ᠶᠠᠪᠤᠳᠠᠯ ᠢ ᠠᠮᠠᠯᠠᠯᠲᠠ ᠶᠢᠨ ᠳᠦᠷᠢᠮ ᠢ ᠬᠡᠯᠡᠵᠦ ᠥᠭᠭᠦᠨ᠎ᠡ᠂ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ  ᠰᠢᠢᠳᠪᠦᠷᠢᠯᠡᠭᠦᠯᠬᠦ ᠪᠠᠷ ᠭᠤᠶᠤᠴᠢᠯᠠᠬᠤ ᠦᠶ᠎ᠡ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠪᠢᠴᠢᠭ ᠤᠨ ᠬᠡᠯᠪᠡᠷᠢ ︵ᠡᠯᠧᠺᠲᠷᠣᠨ ᠪᠢᠴᠢᠭ ᠬᠠᠷ᠎ᠠ ᠶᠢ ᠪᠠᠭᠲᠠᠭᠠᠨ᠎ᠠ᠂ ᠳᠣᠷᠣᠭᠰᠢ ᠠᠳᠠᠯᠢ︶ ᠭᠡᠷᠡᠴᠢᠯᠡᠬᠦ ᠡᠭᠦᠷᠭᠡ᠂ ᠭᠡᠷᠡᠴᠢᠯᠡᠬᠦ ᠠᠭᠤᠯᠭ᠎ᠠ ᠵᠢᠴᠢ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠨ᠎ᠡ᠂ ᠭᠤᠶᠤᠴᠢᠯᠠᠭᠴᠢ ᠶᠢᠨ ᠪᠢᠴᠢᠭ ᠤᠨ ᠠᠮᠠᠯᠠᠯᠲᠠ ᠨᠢ ᠨᠢᠭᠡᠨᠲᠡ ᠮᠡᠳᠡᠭᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠳᠤᠷᠠᠲᠠᠶ᠎ᠠ ᠡᠭᠦᠷᠭᠡᠯᠡᠨ᠎ᠡ᠂ ᠵᠠᠰᠠᠭ ᠵᠠᠬᠢᠷᠭᠠᠨ ᠤ ᠪᠠᠶᠢᠭᠤᠯᠭ᠎ᠠ ᠳᠠᠬᠢᠵᠤ ᠬᠤᠯᠪᠣᠭᠳᠠᠯ ᠪᠦᠬᠦᠢ ᠭᠡᠷᠡᠴᠢ ᠶᠢ ᠨᠡᠬᠡᠨ ᠠᠪᠬᠤ ᠶᠢᠨ ᠬᠠᠮᠲᠤ ᠪᠢᠴᠢᠭ ᠤᠨ ᠠᠮᠠᠯᠠᠯᠲᠠ ᠶᠢ ᠦᠨᠳᠦᠰᠦᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠦᠷᠢᠯᠡᠬᠦ ᠠᠵᠢᠯ ᠤᠨ ᠲᠣᠭᠲᠠᠴᠠ ᠦᠭᠡᠢ᠃      ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠯᠡᠬᠦ ᠭᠡᠷᠡᠴᠢᠯᠡᠬᠦ ᠵᠦᠢᠯᠡᠰ ᠤᠨ ᠬᠡᠪᠴᠢᠶ᠎ᠡ ᠳᠤ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠠᠰᠢᠭᠲᠠᠶ ᠠᠷᠠᠳ ᠲᠤ ᠳᠥᠭᠦᠮ ᠦᠵᠡᠭᠦᠯᠬᠦ ᠵᠠᠷᠴᠢᠮ ᠶᠣᠰᠣᠭᠠᠷ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠬᠡᠷᠡᠭᠯᠡᠬᠦ ᠤᠳᠠᠭ᠎ᠠ ᠪᠠᠷ ᠨᠡᠯᠢᠶᠡᠳ ᠥᠨᠳᠥᠷ ᠪᠤᠶᠤ ᠤᠯᠬᠤ ᠳᠤ ᠨᠡᠯᠢᠶᠡᠳ ᠬᠦᠴᠢᠷᠲᠡᠶ ᠭᠡᠷᠡᠴᠢᠯᠡᠬᠦ ᠵᠦᠢᠯᠡᠰ ᠤᠨ ᠳᠣᠲᠣᠷ᠎ᠠ ᠠᠴᠠ ᠲᠣᠭᠲᠠᠭᠠᠨ᠎ᠠ᠂ ᠢᠯᠠᠩᠭᠤᠶ᠎ᠠ ᠡᠷᠦᠭᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠵᠡᠩᠨᠡᠯᠲᠡ ᠶᠢ ᠵᠥᠪᠰᠢᠶᠡᠷᠡᠬᠦ᠂ ᠬᠢᠷᠢ ᠬᠡᠮ ᠤᠨ ᠰᠢᠯᠭᠠᠯᠲᠠ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠡᠷᠡᠭᠦᠯ ᠮᠡᠨᠳᠤ ᠶᠢᠨ ᠪᠠᠶᠢᠴᠠᠭᠠᠯᠲᠠ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠱᠠᠯᠠᠪᠳᠠᠨ ᠬᠡᠷᠡᠭᠵᠢᠭᠦᠯᠵᠦ᠂ ᠲᠦᠷᠭᠡᠬᠡᠨ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠦᠢᠯᠡᠰ ᠤᠨ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠰᠢᠭᠤᠳ ᠬᠤᠯᠪᠣᠭᠳᠠᠵᠤ᠂ ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠢᠭᠤᠳ ᠬᠤᠯᠪᠣᠭᠳᠠᠬᠤ ᠵᠢᠴᠢ ᠴᠢᠬᠤᠯᠠ ᠭᠠᠳᠠᠭᠠᠳᠤ ᠳᠤ ᠬᠤᠯᠪᠣᠭᠳᠠᠬᠤ ᠵᠡᠷᠭᠡ ᠲᠦᠭᠰᠢᠭᠦᠷᠢ ᠪᠠᠷ ᠨᠡᠯᠢᠶᠡᠳ ᠶᠡᠭᠡ ᠪᠠᠶᠢᠵᠤ᠂ ᠵᠠᠯᠠᠷᠠᠭᠤᠯᠬᠤ ᠥᠪᠡᠷ ᠤᠨ ᠥᠷᠲᠡᠭ ᠨᠢ ᠨᠡᠯᠢᠶᠡᠳ ᠥᠨᠳᠥᠷ᠂ ᠬᠤᠬᠢᠷᠠᠯ ᠢ ᠡᠭᠡᠭᠦᠯᠵᠦ ᠠᠪᠴᠢᠷᠠᠬᠤᠶ᠎ᠠ ᠪᠡᠷᠬᠡ ᠭᠡᠷᠡᠴᠢᠯᠡᠬᠦ ᠵᠦᠢᠯᠡᠰ ᠲᠤ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠥᠬᠡᠶ᠃      ︵ᠭᠤᠷᠪᠠ︶ ᠬᠡᠷᠡᠭᠯᠡᠬᠦ ᠡᠲᠡᠭᠡᠳ᠃ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠢ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢ ᠬᠡᠷᠡᠭᠯᠡᠬᠦ ᠡᠰᠡᠬᠦ ᠪᠠᠨ ᠥᠪᠡᠰᠦᠪᠡᠨ ᠡᠵᠡᠨ ᠮᠡᠳᠡᠵᠤ ᠰᠢᠢᠳᠪᠦᠷᠢᠯᠡᠵᠦ ᠪᠣᠯᠤᠨ᠎ᠠ᠃ ᠭᠤᠶᠤᠴᠢᠯᠠᠭᠴᠢ ᠠᠮᠠᠯᠠᠬᠤ ᠳᠤᠷ᠎ᠠ ᠦᠭᠡᠢ ᠪᠤᠶᠤ ᠠᠮᠠᠯᠠᠬᠤ ᠶᠢᠨ ᠠᠷᠭ᠎ᠠ ᠦᠭᠡᠢ ᠪᠠᠶᠢᠪᠠᠯ᠂ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠱᠠᠭᠠᠷᠳᠠᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃ ᠭᠤᠶᠤᠴᠢᠯᠠᠭᠴᠢ ᠨᠢ ᠨᠡᠯᠢᠶᠡᠳ ᠬᠦᠨᠳᠦ ᠨᠣᠴᠢᠲᠠᠶ ᠢᠲᠡᠭᠡᠮᠵᠢ ᠶᠢᠨ ᠮᠠᠭᠤ ᠲᠡᠮᠳᠡᠭᠯᠡᠯ ᠲᠠᠢ ᠪᠤᠶᠤ ᠬᠤᠳᠠᠯ ᠬᠠᠭᠤᠷᠮᠠᠭ ᠠᠮᠠᠯᠠᠯᠲᠠ ᠬᠢᠵᠦ ᠥᠩᠭᠡᠷᠡᠭᠰᠡᠨ ᠵᠡᠷᠭᠡ ᠪᠠᠶᠢᠳᠠᠯ ᠲᠠᠢ ᠪᠠᠶᠢᠪᠠᠯ᠂ ᠢᠲᠡᠭᠡᠮᠵᠢ ᠶᠢ ᠰᠡᠷᠭᠦᠭᠡᠬᠦ ᠠᠴᠠ ᠡᠮᠦᠨ᠎ᠡ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠦᠭᠡᠢ᠃      ᠭᠤᠷᠪᠠ᠂ ᠭᠤᠣᠯ ᠡᠭᠦᠷᠭᠡ      ︵ᠨᠢᠭᠡ︶ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠢ ᠲᠣᠭᠲᠠᠭᠠᠬᠤ᠃ ᠡᠯ᠎ᠡ ᠬᠤᠯᠪᠣᠭᠳᠠᠯ ᠪᠦᠬᠦᠢ ᠨᠢᠭᠡᠴᠢ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠢ ᠦᠨᠳᠦᠰᠦᠯᠡᠨ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠭᠦᠢᠴᠡᠳ ᠨᠡᠪᠲᠡᠷᠡᠯᠴᠡᠭᠰᠡᠨ ᠤ ᠲᠠᠷᠠᠭ᠎ᠠ᠂ ᠲᠤᠰ ᠰᠢᠰᠲ᠋ᠧᠮ ᠤᠨ ᠢᠶᠠᠨ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠭᠠᠷᠴᠠᠭ ᠢ ᠲᠤᠭᠤᠷᠪᠢᠨ ᠲᠣᠭᠲᠠᠭᠠᠵᠤ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠡᠳ ᠰᠢᠶᠠᠨ ᠤ ᠲᠤᠰ ᠱᠠᠲᠤᠨ ᠤ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠭᠠᠷᠴᠠᠭ ᠢ ᠪᠦᠷᠢᠯᠳᠦᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠢ᠂ ᠬᠡᠷᠡᠭ ᠡᠷᠬᠢᠯᠡᠬᠦ ᠭᠠᠵᠠᠷ ᠨᠢ ᠲᠤᠰ ᠱᠠᠲᠤᠨ ᠤ ᠵᠠᠰᠠᠭ ᠤᠨ ᠣᠷᠳᠣᠨ ᠤ ᠭᠡᠷᠡᠴᠢᠯᠡᠬᠦ ᠵᠦᠢᠯᠡᠰ ᠢ ᠬᠡᠯᠡᠵᠦ ᠥᠭᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠭᠰᠡᠨ ᠭᠡᠷᠡᠴᠢᠯᠡᠬᠦ ᠵᠦᠢᠯᠡᠰ ᠤᠨ ᠭᠠᠷᠴᠠᠭ ᠢ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ ᠡᠯ᠎ᠡ ᠨᠢᠭᠡᠴᠡ ᠨᠦᠭᠦᠳ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠭᠰᠠᠨ ᠪᠠᠶᠢᠳᠠᠯ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠰᠢᠰᠲ᠋ᠧᠮ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠲᠤ ᠤᠤᠯ ᠤᠨ ᠬᠢᠨᠠᠨ ᠬᠠᠷᠭᠤᠭᠤᠯᠤᠭᠰᠠᠨ ᠲᠠᠰ ᠳᠠᠷᠠᠭᠠᠯᠠᠯ ᠢᠶᠠᠷ ᠴᠠᠭ ᠲᠤᠬᠠᠶ ᠳᠤᠨᠢ ᠬᠥᠳᠡᠯᠦᠩᠭᠦᠶ ᠲᠣᠬᠢᠷᠠᠭᠤᠯᠤᠯᠲᠠ ᠬᠢᠬᠦ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃      ︵ᠬᠤᠶᠠᠷ︶ ᠠᠮᠠᠯᠠᠯᠲᠠ ᠶᠢᠨ ᠲᠦᠷᠢᠮ ᠤᠨ ᠠᠵᠢᠯ ᠤᠨ ᠴᠤᠪᠤᠷᠠᠯ ᠢ ᠵᠢᠷᠤᠮᠵᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠪᠥᠬᠦ ᠲᠠᠯ᠎ᠠ ᠪᠠᠷ ᠣᠨᠣᠪᠴᠢᠲᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠬᠢᠯᠪᠠᠷ ᠣᠶᠢᠯᠠᠭᠠᠮᠵᠢᠲᠠᠶ ᠪᠠᠶᠢᠬᠤ ᠱᠠᠭᠠᠷᠳᠠᠯᠭ᠎ᠠ ᠶᠣᠰᠣᠭᠠᠷ᠂ ᠠᠮᠠᠯᠠᠯᠲᠠ ᠶᠢᠨ ᠲᠦᠷᠢᠮ ᠤᠨ ᠠᠵᠢᠯ ᠤᠨ ᠲᠦᠷᠢᠮ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠠᠵᠢᠯ ᠶᠠᠪᠤᠳᠠᠯ ᠭᠦᠶ᠋ᠴᠡᠳᠬᠡᠬᠦ ᠵᠦᠭᠯᠡᠭᠦᠷ ᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠮᠠᠯᠠᠯᠲᠠ ᠶᠢᠨ ᠪᠢᠴᠢᠭ ᠤᠨ ᠵᠠᠭᠪᠤᠷ ᠤᠨ ᠲᠣᠪᠬᠢᠮᠠᠯ ᠢ ᠵᠣᠬᠢᠶᠠᠬᠤ ᠬᠡᠷᠡᠭᠲᠡᠶ᠃ ᠠᠮᠠᠯᠠᠯᠲᠠ ᠶᠢᠨ ᠲᠦᠷᠢᠮ ᠤᠨ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠮᠡᠳᠡᠭᠳᠡᠵᠦ᠂ ᠠᠮᠠᠯᠠᠯᠲᠠ ᠶᠢᠨ ᠪᠢᠴᠢᠭ ᠤᠨ ᠵᠠᠭᠪᠤᠷ ᠤᠨ ᠲᠣᠪᠬᠢᠮᠠᠯ ᠢ ᠬᠠᠮᠢᠶ᠎ᠠ ᠪᠥᠬᠦᠶ ᠦᠢᠯᠡᠴᠢᠯᠡᠭᠡᠨ ᠤ ᠲᠠᠯᠠᠪᠤᠷ ᠭᠠᠵᠠᠷ᠂ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ᠂ ᠭᠤᠶᠤᠴᠢᠯᠠᠭᠴᠢ ᠶᠢᠨ ᠪᠠᠶᠢᠴᠠᠭᠠᠨ ᠦᠵᠡᠬᠦ᠂ ᠨᠡᠬᠡᠵᠦ ᠠᠪᠬᠤ ᠪᠤᠶᠤ ᠪᠠᠭᠤᠯᠭᠠᠨ ᠠᠪᠬᠤ ᠳᠤ ᠲᠥᠬᠦᠮ ᠦᠵᠡᠭᠦᠯᠦᠨ᠎ᠡ᠃ ᠪᠢᠴᠢᠭ ᠢᠶᠠᠷ ᠮᠡᠳᠡᠭᠳᠡᠬᠦ ᠠᠭᠤᠯᠭ᠎ᠠ ᠳᠤ ᠵᠦᠢᠯᠡᠰ ᠤᠨ ᠨᠡᠷᠡᠶᠢᠳᠦᠯ᠂ ᠲᠣᠭᠲᠠᠭᠠᠭᠰᠠᠨ ᠦᠨᠳᠦᠰᠦᠯᠡᠯ᠂ ᠭᠡᠷᠡᠴᠢᠯᠡᠬᠦ ᠠᠭᠤᠯᠭ᠎ᠠ ᠪᠤᠶᠤ ᠵᠥᠪᠰᠢᠶᠡᠷᠡᠬᠦ ᠨᠥᠬᠦᠴᠡᠯ ᠪᠠ ᠮᠠᠲ᠋ᠧᠷᠢᠶᠠᠯ ᠤᠨ ᠱᠠᠭᠠᠷᠳᠠᠯᠭ᠎ᠠ᠂ ᠠᠮᠠᠯᠠᠯᠲᠠ ᠶᠢᠨ ᠠᠷᠭ᠎ᠠ ᠮᠠᠶ᠋ᠢᠭ᠂ ᠦᠨᠡᠨ ᠪᠣᠳᠠᠲᠠᠶ ᠪᠤᠰᠤ ᠠᠮᠠᠯᠠᠯᠲᠠ ᠶᠢᠨ ᠡᠭᠦᠷᠭᠡᠯᠡᠵᠦ ᠮᠡᠳᠡᠬᠦ ᠢᠷᠭᠡᠨ ᠤ ᠬᠡᠷᠡᠭ᠂ ᠵᠠᠰᠠᠭ ᠵᠠᠬᠢᠷᠭᠠᠨ᠂ ᠡᠷᠡᠭᠦᠦ ᠶᠢᠨ ᠬᠠᠷᠢᠭᠤᠴᠠᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠡᠷᠬᠡ᠂ ᠠᠮᠠᠯᠠᠯᠲᠠ ᠶᠢᠨ ᠪᠢᠴᠢᠭ ᠢ ᠢᠯᠡ ᠪᠣᠯᠭᠠᠭᠰᠠᠨ ᠡᠰᠡᠬᠦ᠂ ᠢᠯᠡ ᠪᠣᠯᠭᠠᠭᠰᠠᠨ ᠬᠡᠪᠴᠢᠶ᠎ᠡ ᠵᠢᠴᠢ ᠴᠠᠭ ᠤᠨ ᠬᠢᠵᠠᠭᠠᠷ ᠵᠡᠷᠭᠡ ᠶᠢ ᠪᠠᠭᠲᠠᠭᠠᠬᠤ ᠬᠡᠷᠡᠭᠲᠡᠶ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠡᠮᠵᠢᠶᠡᠵᠢᠭᠦᠯᠵᠦ᠂ ᠬᠡᠷᠡᠭᠵᠢᠭᠦᠯᠬᠦ ᠳᠤ ᠬᠢᠯᠪᠡᠷ ᠪᠠᠶᠢᠯᠭᠠᠵᠤ᠂ ᠪᠠᠯᠠᠷᠬᠠᠶ ᠲᠣᠭᠠᠴᠢᠯᠲᠠ ᠪᠤᠶᠤ ᠦᠨᠳᠦᠰᠦᠨ ᠵᠦᠢᠯ ᠢ ᠪᠠᠲᠤᠯᠠᠬᠤ ᠵᠦᠢᠯ ᠵᠤᠷᠪᠤᠰ ᠢ ᠪᠠᠭᠲᠠᠭᠠᠬᠤ ᠦᠭᠡᠢ ᠪᠠᠶᠢᠬᠤ ᠬᠡᠷᠡᠭᠲᠡᠶ᠃ ᠪᠢᠴᠢᠭ ᠤᠨ ᠠᠮᠠᠯᠠᠯᠲᠠ ᠶᠢᠨ ᠠᠭᠤᠯᠭ᠎ᠠ ᠳᠤ ᠭᠤᠶᠤᠴᠢᠯᠠᠭᠴᠢ ᠶᠢᠨ ᠮᠡᠳᠡᠭᠳᠡᠭᠰᠡᠨ ᠵᠦᠢᠯᠡᠰ ᠢ ᠨᠢᠭᠡᠨᠲᠡ ᠮᠡᠳᠡᠭᠰᠡᠨ᠂ ᠬᠤᠯᠪᠣᠭᠳᠠᠯ ᠪᠦᠬᠦᠢ ᠨᠥᠬᠦᠴᠡᠯ ᠳᠤ ᠨᠢᠭᠡᠨᠲᠡ ᠨᠡᠶᠢᠴᠡᠭᠰᠡᠨ᠂ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠳᠤᠷᠠᠲᠠᠶ᠎ᠠ ᠡᠭᠦᠷᠭᠡᠯᠡᠬᠦ ᠵᠢᠴᠢ ᠠᠮᠠᠯᠠᠯᠲᠠ ᠶᠢᠨ ᠰᠠᠨᠠᠭᠠᠨ ᠤ ᠢᠯᠡᠳᠬᠡᠯᠲᠡ ᠨᠢ ᠦᠨᠡᠨ ᠪᠣᠳᠠᠲᠠᠶ ᠪᠠᠶᠢᠬᠤ ᠵᠡᠷᠭᠡ ᠶᠢ ᠪᠠᠭᠲᠠᠭᠠᠬᠤ ᠬᠡᠷᠡᠭᠲᠡᠶ᠃      ᠭᠤᠶᠤᠴᠢᠯᠠᠭᠴᠢ ᠭᠤᠶᠤᠴᠢᠯᠠᠯ ᠢᠶᠠᠨ ᠨᠢᠭᠤᠷᠳᠡᠨ ᠲᠤᠰᠢᠶᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠭᠳᠡᠬᠦ ᠠᠮᠠᠯᠠᠯᠲᠠ ᠶᠢᠨ ᠪᠢᠴᠢᠭ ᠢ ᠲᠤᠬᠠᠶ ᠶᠢᠨ ᠲᠠᠯᠠᠪᠤᠷ ᠲᠤᠨᠢ ᠣᠯᠭᠤᠬᠤ ᠬᠡᠷᠡᠭᠲᠡᠶ᠃ ᠭᠤᠶᠤᠴᠢᠯᠠᠭᠴᠢ ᠵᠠᠬᠢᠳᠠᠯ᠂ ᠹᠠᠺᠰ ᠪᠠ ᠡᠯᠧᠺᠲᠷᠣᠨ ᠰᠢᠦᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠭᠤᠶᠤᠴᠢᠯᠠᠯ ᠭᠠᠷᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠢ ᠣᠯᠤᠭᠰᠠᠨ ᠤ ᠲᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ ᠮᠡᠳᠡᠭᠳᠡᠬᠦ ᠠᠮᠠᠯᠠᠯᠲᠠ ᠶᠢᠨ ᠪᠢᠴᠢᠭ ᠢᠶᠠᠨ ᠭᠤᠶᠤᠴᠢᠯᠠᠭᠴᠢ ᠳᠤ ᠬᠦᠷᠭᠡᠵᠦ ᠥᠭᠬᠦ ᠬᠡᠷᠡᠭᠲᠡᠶ᠃ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠶᠢᠨ ᠪᠢᠴᠢᠭ ᠢ ᠣᠯᠤᠭᠰᠠᠨ ᠤ ᠲᠠᠷᠠᠭ᠎ᠠ᠂ ᠠᠮᠠᠯᠠᠯᠲᠠ ᠬᠢᠬᠦ ᠳᠤᠷᠠᠲᠠᠶ ᠪᠠᠶᠢᠪᠠᠯ᠂ ᠮᠡᠳᠡᠭᠳᠡᠭᠰᠡᠨ ᠬᠤᠭᠤᠴᠠᠭᠠᠨ ᠳᠤ ᠱᠠᠭᠠᠷᠳᠠᠯᠭ᠎ᠠ ᠶᠣᠰᠣᠭᠠᠷ ᠠᠮᠠᠯᠠᠯᠲᠠ ᠶᠢᠨ ᠪᠢᠴᠢᠭ ᠢ ᠲᠠᠭᠯᠠᠨ ᠪᠢᠴᠢᠬᠦ ᠶᠢᠨ ᠬᠠᠮᠲᠤ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠤ ᠲᠠᠷᠠᠭ᠎ᠠ᠂ ᠠᠮᠠᠯᠠᠯᠲᠠ ᠶᠢᠨ ᠪᠢᠴᠢᠭ ᠢᠶᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠤᠰᠢᠶᠠᠬᠤ ᠬᠡᠷᠡᠭᠲᠡᠶ᠃ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠰᠢᠶ᠋ᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠯᠪᠣᠭᠳᠠᠯ ᠪᠥᠬᠦᠶ ᠮᠡᠳᠡᠭᠳᠡᠬᠦ ᠠᠮᠠᠯᠠᠯᠲᠠ ᠶᠢᠨ ᠲᠦᠷᠢᠮ ᠤᠨ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠵᠠᠭᠠᠯᠳᠤᠯᠭ᠎ᠠ ᠶᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠪᠠᠶᠢᠴᠠᠭᠠᠨ ᠰᠢᠶ᠋ᠳᠪᠦᠷᠢᠯᠡᠬᠦ ᠶᠢᠨ ᠬᠠᠮᠲᠤ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ ᠮᠡᠳᠡᠭᠦᠯᠦᠭᠴᠢ ᠳᠤ ᠮᠡᠳᠡᠭᠳᠡᠬᠦ ᠬᠡᠷᠡᠭᠲᠡᠶ᠃      ︵ᠭᠤᠷᠪᠠ︶ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠤᠴᠢᠷ ᠶᠠᠪᠤᠳᠠᠯ ᠤᠨ ᠣᠨᠴᠠᠯᠢᠭ ᠵᠡᠷᠭᠡ ᠳᠤ ᠴᠢᠭᠯᠡᠭᠦᠯᠦᠨ ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠥᠷᠥᠯ ᠬᠤᠪᠢᠶᠠᠨ ᠲᠣᠭᠲᠠᠭᠠᠵᠤ᠂ ᠠᠮᠠᠯᠠᠭᠴᠢ ᠶᠢᠨ ᠢᠲᠡᠭᠡᠮᠵᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠣᠭᠲᠠᠭᠠᠬᠤ ᠴᠢᠬᠤᠯᠠ ᠬᠦᠴᠦᠨ ᠵᠦᠢᠯ ᠪᠣᠯᠭᠠᠵᠤ᠂ ᠬᠠᠷᠭᠤᠭᠤᠯᠤᠨ ᠪᠠᠶᠢᠴᠠᠭᠠᠬᠤ ᠴᠠᠭ᠂ ᠪᠠᠷᠢᠮᠵᠢᠶ᠎ᠠ᠂ ᠠᠷᠭ᠎ᠠ ᠮᠠᠶ᠋ᠢᠭ ᠵᠢᠴᠢ ᠬᠠᠷᠭᠤᠭᠤᠯᠤᠨ ᠪᠠᠶᠢᠴᠠᠭᠠᠬᠤ ᠠᠴᠠ ᠭᠡᠯᠳᠦᠷᠢᠭᠦᠯᠬᠦ ᠡᠰᠡᠬᠦ ᠶᠢ ᠲᠣᠳᠣᠷᠬᠠᠶᠢᠯᠠᠨ᠎ᠠ᠃ ᠬᠠᠷᠭᠤᠭᠤᠯᠤᠨ ᠪᠠᠶᠢᠴᠠᠭᠠᠬᠤ ᠠᠴᠠ ᠭᠡᠯᠳᠦᠷᠢᠭᠦᠯᠬᠦ ᠵᠦᠢᠯᠡᠰ ᠲᠤ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ᠂ ︽ᠢᠨᠲ᠋ᠤᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠂ ᠬᠡᠯᠡᠵᠦ ᠠᠮᠠᠯᠠᠭᠤᠯᠬᠤ ᠲᠦᠷᠢᠮ ᠤᠨ ᠠᠷᠭ᠎ᠠ ᠮᠠᠶ᠋ᠢᠭ ᠢᠶᠠᠷ ᠭᠦᠶ᠋ᠴᠡᠳᠬᠡᠭᠰᠡᠨ ᠠᠵᠤ ᠠᠬᠤᠶᠢᠯᠠᠯ ᠪᠠ ᠣᠯᠠᠨ ᠲᠦᠮᠡᠨ ᠳᠤ ᠭᠠᠳᠠᠭᠤᠷᠴᠢᠯᠠᠯ ᠤᠨ ᠴᠢᠨᠠᠷᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ ᠪᠣᠯᠬᠤ ᠥᠬᠡᠶ᠃ ᠬᠢᠨᠠᠨ ᠪᠠᠶᠢᠴᠠᠭᠠᠬᠤ ᠪᠤᠶᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠠᠮᠠᠯᠠᠯᠲᠠ ᠨᠢ ᠦᠨᠡᠨ ᠪᠣᠳᠠᠲᠠᠶ ᠪᠢᠰᠢ ᠪᠠᠶᠢᠬᠤ ᠶᠢ ᠣᠯᠵᠤ ᠮᠡᠳᠡᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠶᠣᠰᠣᠭᠠᠷ ᠭᠦᠢᠴᠡᠳᠭᠡᠬᠦ ᠪᠠᠨ ᠵᠣᠭᠰᠣᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠲᠣᠭᠲᠠᠭᠠᠯ ᠢ ᠬᠦᠴᠦᠨ ᠥᠬᠡᠶ ᠪᠣᠯᠭᠠᠬᠤ ᠪᠤᠶᠤ ᠵᠠᠰᠠᠭ ᠵᠠᠬᠢᠷᠭᠠᠨ ᠤ ᠰᠢᠳᠬᠡᠯ ᠥᠭᠬᠦ ᠶᠢᠨ ᠬᠠᠮᠲᠤ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠬᠤ ᠬᠡᠷᠡᠭᠲᠡᠶ᠃ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃      ᠡᠯ᠎ᠡ ᠨᠢᠭᠡᠴᠡ ᠨᠦᠭᠦᠳ ︽ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠤᠳ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠨᠢᠭᠡᠴᠡ ᠬᠠᠷᠢᠯᠴᠠᠨ ᠬᠠᠮᠵᠢᠯᠴᠠᠨ ᠬᠠᠮᠵᠢᠯᠴᠠᠵᠤ᠂ ᠲᠣᠰ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠤᠯᠤᠰ ᠤᠨ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠳᠤ ᠲᠦᠰᠢᠭᠯᠡᠨ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠳ᠋ᠠᠶᠢᠲ᠋ᠠ ᠶᠢ ᠬᠠᠮᠲᠤᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠶᠢ ᠪᠡᠶᠡᠯᠡᠭᠦᠯᠵᠦ᠂ ᠮᠡᠳᠡᠭᠳᠡᠵᠦ ᠠᠮᠠᠯᠠᠭᠤᠯᠬᠤ ᠲᠦᠷᠢᠮ ᠤᠨ ᠰᠦᠯᠵᠢᠶᠡᠨ ᠳᠡᠭᠡᠷᠡᠬᠢ ᠳ᠋ᠠᠶᠢᠲ᠋ᠠ ᠶᠢ ᠬᠠᠷᠭᠤᠭᠤᠯᠤᠨ ᠪᠠᠶᠢᠴᠠᠭᠠᠬᠤ ᠶᠢ ᠪᠠᠲᠤᠯᠠᠬᠤ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠬᠡᠷᠡᠭᠯᠡᠭᠴᠢ ᠶᠢᠨ ᠦᠵᠦᠭᠦᠷ ᠂ ᠣᠷᠣᠨ ᠬᠡᠰᠡᠭ ᠤᠨ ᠴᠥᠷᠬᠡᠯᠡᠭᠡ ᠶᠢᠨ ᠮᠡᠷᠭᠡᠵᠢᠯ ᠵᠡᠷᠭᠡ ᠶᠢ ᠠᠰᠢᠭᠯᠠᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠴᠤᠭᠯᠠᠭᠤᠯᠵᠤ᠂ ᠬᠠᠷᠢᠴᠠᠭᠤᠯᠤᠨ ᠬᠠᠷᠭᠤᠭᠤᠯᠵᠤ᠂ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠦᠨ᠎ᠡ᠂ ᠪᠠᠰᠠ ᠪᠠᠶᠢᠴᠠᠭᠠᠬᠤ᠂ ᠬᠠᠶᠢᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠬᠤ ᠶᠢ ᠥᠷᠨᠢᠭᠦᠯᠵᠦ ᠪᠣᠯᠤᠨ᠎ᠠ᠃ ᠲᠤᠬᠠᠶ ᠶᠢᠨ ᠲᠠᠯᠠᠪᠤᠷ ᠲᠤ ᠦᠨᠡᠨ ᠬᠦ ᠬᠠᠷᠭᠤᠭᠤᠯᠤᠨ ᠪᠠᠶᠢᠴᠠᠭᠠᠬᠤ ᠴᠢᠬᠤᠯᠠᠲᠠᠶ ᠪᠠᠶᠢᠪᠠᠯ᠂ ︽ᠢᠨᠲ᠋ᠤᠷ ᠰᠦᠯᠵᠢᠶ᠎ᠡ + ᠬᠢᠨᠠᠨ ᠬᠠᠮᠢᠶᠠᠷᠬᠤ︾ ᠲᠠᠪᠴᠠᠩ ᠪᠠ ᠬᠡᠷᠡᠭᠯᠡᠭᠡᠨ ᠤ ᠫᠷᠤᠭ᠍ᠷᠠᠮ ᠵᠡᠷᠭᠡ ᠳᠤ ᠲᠦᠰᠢᠭᠯᠡᠨ᠂ ᠠᠮᠠᠯᠠᠯᠲᠠ ᠶᠢᠨ ᠪᠠᠶᠢᠳᠠᠯ ᠢᠶᠠᠨ ᠬᠤᠯᠪᠣᠭᠳᠠᠯ ᠪᠥᠬᠦᠶ ᠬᠢᠨᠠᠨ ᠬᠠᠮᠢᠶᠠᠷᠬᠤ ᠠᠵᠢᠯᠲᠠᠨ ᠳᠤ ᠴᠠᠭ ᠲᠤᠬᠠᠶ ᠳᠤᠨᠢ ᠣᠨᠣᠪᠴᠢᠲᠠᠶ ᠬᠦᠷᠭᠡᠨ ᠥᠭᠴᠦ᠂ ᠨᠢᠭᠡᠳᠦᠭᠡᠷ ᠹᠷᠣᠨᠲ ᠤᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠳᠤ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠬᠤ ᠶᠢᠨ ᠬᠠᠮᠲᠤ᠂ ᠠᠵᠢᠯ ᠤᠨ ᠲᠠᠰ ᠳᠠᠷᠠᠭᠠᠯᠠᠯ ᠢᠶᠠᠨ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠨ᠂ ᠠᠵᠤ ᠠᠬᠤᠶᠢᠯᠠᠯ ᠢ ᠵᠣᠪᠠᠭᠠᠵᠤ ᠠᠷᠠᠳ ᠢ ᠦᠶ᠋ᠮᠡᠭᠦᠯᠬᠦ ᠠᠴᠠ ᠵᠠᠶᠢᠯᠠᠰᠬᠢᠬᠦ ᠬᠡᠷᠡᠭᠲᠡᠶ᠃ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠰᠦᠯᠵᠢᠶ᠎ᠡ ᠪᠠᠷ ᠬᠠᠮᠲᠤ ᠪᠠᠷ ᠡᠳ᠋ᠯᠡᠬᠦ ᠶᠢ ᠬᠠᠷᠠᠬᠠᠨ ᠪᠡᠶᠡᠯᠡᠭᠦᠯᠦᠭᠡᠳᠦᠶ᠂ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ ᠬᠢᠨᠠᠨ ᠪᠠᠶᠢᠴᠠᠭᠠᠬᠤ ᠳᠤ ᠪᠡᠷᠬᠡᠲᠡᠶ ᠪᠠᠶᠢᠪᠠᠯ᠂ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠬᠠᠪᠰᠤᠷᠤᠭᠤᠯᠤᠨ ᠬᠢᠨᠠᠨ ᠪᠠᠶᠢᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ᠂ ᠬᠠᠪᠰᠤᠷᠤᠭᠤᠯᠬᠤ ᠪᠠᠷ ᠭᠤᠶᠤᠴᠢᠯᠠᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠬᠠᠮᠵᠢᠯᠴᠠᠬᠤ ᠡᠭᠦᠷᠭᠡ ᠪᠠᠨ ᠴᠠᠭ ᠲᠤᠬᠠᠶ ᠳᠤᠨᠢ ᠭᠦᠢᠴᠡᠳᠬᠡᠬᠦ ᠬᠡᠷᠡᠭᠲᠡᠶ ᠂ ᠲᠦᠯᠬᠢᠯᠴᠡᠬᠦ ᠪᠤᠶᠤ ᠲᠡᠪᠴᠢᠵᠦ ᠪᠣᠯᠬᠤ ᠦᠭᠡᠢ᠃ ᠦᠨᠡᠬᠡᠷ ᠰᠢᠯᠲᠠᠭᠠᠨ ᠠᠴᠠ ᠪᠤᠯᠵᠤ ᠬᠠᠪᠰᠤᠷᠤᠯᠭ᠎ᠠ ᠬᠠᠩᠭᠠᠵᠤ ᠳᠡᠶᠢᠯᠬᠦ ᠦᠭᠡᠢ ᠪᠠᠶᠢᠪᠠᠯ᠂ ᠬᠠᠪᠰᠤᠷᠤᠭᠤᠯᠬᠤ ᠪᠠᠷ ᠭᠤᠶᠤᠴᠢᠯᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃      ︵ᠳᠥᠷᠪᠡ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠡᠳᠡᠭᠳᠡᠬᠦ ᠠᠮᠠᠯᠠᠯᠲᠠ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠳᠡᠬᠦ ᠠᠮᠠᠯᠠᠯᠲᠠ ᠶᠢᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠨ᠎ᠠ᠃ ᠠᠮᠠᠯᠠᠯᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠬᠦ᠂ ᠴᠤᠭᠯᠠᠭᠤᠯᠬᠤ᠂ ᠬᠦᠷᠭᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠮᠠᠯᠠᠭᠴᠢ ᠶᠢᠨ ᠠᠮᠠᠯᠠᠯᠲᠠ ᠪᠠᠨ ᠭᠦᠢᠴᠡᠳᠭᠡᠭᠰᠡᠨ ᠪᠠᠶᠢᠳᠠᠯ ᠢ ᠢᠲᠡᠭᠡᠮᠵᠢ ᠶᠢᠨ ᠲᠡᠮᠳᠡᠭᠯᠡᠯ ᠳᠤ ᠪᠥᠬᠦ ᠲᠠᠯ᠎ᠠ ᠪᠠᠷ ᠣᠷᠣᠭᠤᠯᠤᠨ᠂ ᠡᠯ᠎ᠡ ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠪᠠᠷ ᠭᠥᠷᠳᠡᠬᠦ ᠲᠠᠪᠴᠠᠩ ᠪᠠ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠬᠠᠮᠲᠤᠪᠠᠷ ᠭᠥᠷᠳᠡᠬᠦ ᠶᠢ ᠴᠢᠩᠭᠠᠳᠬᠠᠨ᠎ᠠ᠃ ᠢᠲᠡᠭᠡᠮᠵᠢ ᠶᠢᠨ ᠪᠠᠶᠢᠳᠠᠯ ᠢ ᠦᠨᠳᠦᠰᠦᠯᠡᠨ᠂ ᠲᠥᠷᠥᠯ ᠬᠤᠪᠢᠶᠠᠨ ᠨᠠᠷᠢᠯᠢᠭ ᠣᠨᠣᠴᠠᠲᠠᠶ ᠪᠠᠷ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠢᠲᠡᠭᠡᠮᠵᠢ ᠶᠢ ᠰᠡᠷᠭᠦᠭᠡᠬᠦ᠂ ᠣᠨᠳᠣᠤ ᠰᠠᠨᠠᠯ ᠢ ᠰᠢᠢᠳᠪᠦᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢ ᠬᠠᠤᠯᠢ ᠶᠣᠰᠣᠭᠠᠷ ᠴᠢᠩᠭᠠᠷᠠᠭᠤᠯᠵᠤ᠂ ᠬᠤᠳᠠᠯ ᠬᠠᠭᠤᠷᠮᠠᠭ ᠠᠮᠠᠯᠠᠯᠲᠠ ᠠᠴᠠ ᠪᠣᠯᠤᠭᠰᠠᠨ ᠨᠡᠶᠢᠭᠡᠮ ᠤᠨ ᠨᠥᠯᠥᠭᠡ ᠶᠢ ᠦᠨᠳᠦᠰᠦᠯᠡᠨ ᠢᠲᠡᠭᠡᠯ ᠠᠯᠳᠠᠭᠰᠠᠨ ᠬᠡᠮᠵᠢᠶ᠎ᠡ ᠶᠢ ᠲᠠᠰ ᠬᠤᠪᠢᠶᠠᠵᠤ᠂ ᠠᠳᠠᠯᠢ ᠪᠤᠰᠤ ᠢᠲᠡᠭᠡᠯ ᠠᠯᠳᠠᠭᠰᠠᠨ ᠪᠠᠶᠢᠳᠠᠯ ᠢ ᠢᠯᠭᠠᠨ ᠵᠣᠬᠢᠬᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠬᠤᠯᠪᠣᠭᠳᠠᠯ ᠪᠦᠬᠦᠢ ᠬᠤᠪᠢ ᠬᠥᠮᠦᠨ ᠤ ᠮᠡᠳᠡᠭᠡ ᠵᠠᠩᠭᠢ ᠪᠠ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃      ︵ᠲᠠᠪᠤ︶ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ ᠠᠵᠢᠯ ᠤᠨ ᠵᠠᠩᠭᠢᠯᠠᠭ᠎ᠠ ᠶᠢᠨ ᠲᠦᠭᠰᠢᠭᠦᠷᠢ ᠶᠢᠨ ᠴᠡᠭ ᠢ ᠡᠮᠬᠢᠯᠡᠨ ᠳᠢᠭᠯᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠵᠢᠯᠣᠭᠤᠳᠣᠯᠭ᠎ᠠ ᠶᠢ ᠴᠢᠩᠭᠠᠳᠬᠠᠵᠤ᠂ ᠮᠡᠳᠡᠭᠳᠡᠬᠦ ᠪᠠ ᠵᠢᠯᠣᠭᠤᠳᠬᠤ ᠡᠭᠦᠷᠭᠡ ᠶᠢ ᠴᠢᠩᠭᠠᠷᠠᠭᠤᠯᠤᠨ᠎ᠠ᠃ ᠠᠮᠠᠯᠠᠯᠲᠠ ᠪᠠᠨ ᠪᠤᠴᠠᠭᠠᠵᠤ ᠭᠠᠷᠭᠠᠬᠤ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠵᠦᠢᠯᠡᠰ ᠢ ᠰᠢᠶ᠋ᠳᠪᠦᠷᠢᠯᠡᠵᠦ ᠳᠠᠭᠤᠰᠬᠠᠬᠤ ᠠᠴᠠ ᠡᠮᠦᠨ᠎ᠡ᠂ ᠭᠤᠶᠤᠴᠢᠯᠠᠭᠴᠢ ᠨᠢ ᠵᠦᠢ ᠵᠣᠬᠢᠰᠲᠠᠶ ᠤᠴᠢᠷ ᠰᠢᠯᠲᠠᠭᠠᠨ ᠲᠠᠢ ᠪᠠᠶᠢᠪᠠᠯ᠂ ᠠᠮᠠᠯᠠᠯᠲᠠ ᠶᠢᠨ ᠭᠤᠶᠤᠴᠢᠯᠠᠯ ᠢᠶᠠᠨ ᠪᠤᠴᠠᠭᠠᠵᠤ ᠪᠣᠯᠤᠨ᠎ᠠ᠂ ᠪᠤᠴᠠᠭᠠᠭᠰᠠᠨ ᠤ ᠲᠠᠷᠠᠭ᠎ᠠ ᠤᠤᠯ ᠤᠨ ᠵᠢᠷᠤᠮ ᠢᠶᠠᠷ ᠭᠦᠢᠴᠡᠳᠬᠡᠬᠦ ᠬᠡᠷᠡᠭᠲᠡᠶ᠃ ᠨᠡᠶᠢᠭᠡᠮ ᠨᠡᠶᠢᠲᠡ ᠶᠢᠨ ᠠᠰᠢᠭ ᠲᠤᠰᠠ᠂ ᠭᠤᠷᠪᠠᠳᠠᠬᠢ ᠬᠥᠮᠦᠨ ᠤ ᠠᠰᠢᠭ ᠲᠤᠰᠠ ᠳᠤ ᠬᠤᠯᠪᠣᠭᠳᠠᠬᠤ ᠪᠤᠶᠤ ᠬᠠᠷᠭᠤᠭᠤᠯᠤᠨ ᠪᠠᠶᠢᠴᠠᠭᠠᠬᠤ ᠳᠤ ᠨᠡᠯᠢᠶᠡᠳ ᠬᠦᠴᠢᠷᠲᠡᠶ ᠭᠡᠷᠡᠴᠢᠯᠡᠬᠦ ᠵᠦᠶ᠋ᠯᠡᠰ ᠲᠤ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠥᠬᠦᠶ ᠦᠢᠯᠡᠴᠢᠯᠡᠭᠡᠨ ᠤ ᠲᠠᠯᠠᠪᠤᠷ ᠭᠠᠵᠠᠷ᠂ ᠰᠦᠯᠵᠢᠶᠡᠨ ᠥᠷᠲᠡᠭᠡ ᠪᠠ ᠪᠥᠬᠦ ᠤᠯᠤᠰ ᠤᠨ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠪᠠᠷ ᠳᠠᠮᠵᠢᠭᠤᠯᠤᠨ ᠨᠡᠶᠢᠭᠡᠮ ᠳᠤ ᠠᠮᠠᠯᠠᠯᠲᠠ ᠶᠢᠨ ᠪᠢᠴᠢᠭ ᠢᠶᠠᠨ ᠢᠯᠡ ᠪᠠᠷ ᠮᠡᠳᠡᠭᠳᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ ᠨᠥᠬᠦᠴᠡᠯ ᠪᠦᠷᠢᠳᠦᠭᠦᠯᠦᠭᠰᠡᠨ ᠰᠠᠯᠠᠭ᠎ᠠ ᠮᠥᠴᠢᠷ ᠨᠢ ᠬᠡᠷᠡᠭ ᠠᠴᠠ ᠡᠮᠦᠨᠡᠬᠢ ᠢᠲᠡᠭᠡᠮᠵᠢ ᠶᠢᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠭᠤᠶᠤᠴᠢᠯᠠᠭᠴᠢ ᠳᠤ ᠢᠲᠡᠭᠡᠮᠵᠢ ᠶᠢᠨ ᠦᠨᠡᠯᠡᠨ ᠵᠢᠱᠢᠯᠲᠡ ᠬᠢᠵᠦ᠂ ᠬᠡᠷᠡᠭ ᠠᠴᠠ ᠡᠮᠦᠨᠡᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ ᠠᠵᠤ ᠠᠬᠤᠶ ᠶᠢᠨ ᠠᠰᠢᠭ ᠲᠤᠰᠠ ᠶᠢᠨ ᠥᠷᠲᠡᠭ ᠢᠶᠠᠷ ᠨᠡᠯᠢᠶᠡᠳ ᠥᠨᠳᠥᠷ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠠᠷᠭᠤᠭᠤᠯᠤᠨ ᠪᠠᠶᠢᠴᠠᠭᠠᠬᠤ ᠳᠤ ᠨᠡᠯᠢᠶᠡᠳ ᠬᠦᠴᠢᠷᠲᠡᠶ ᠵᠦᠢᠯᠡᠰ ᠲᠤ ᠬᠠᠷᠢᠭᠤᠴᠠᠯᠭ᠎ᠠ ᠶᠢᠨ ᠳᠠᠭᠠᠳᠬᠠᠯ ᠤᠨ ᠲᠦᠷᠢᠮ ᠢ ᠣᠷᠣᠭᠤᠯᠤᠨ ᠠᠪᠴᠢᠷᠠᠬᠤ ᠶᠢ ᠰᠦᠪᠡᠭᠴᠢᠯᠡᠵᠦ᠂ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠠᠴᠠ ᠪᠣᠯᠵᠣ ᠮᠡᠳᠡᠬᠦ ᠵᠠᠰᠠᠭ ᠵᠠᠬᠢᠷᠭᠠᠨ ᠤ ᠲᠥᠯᠥᠪᠦᠷᠢ ᠶᠢᠨ ᠲᠦᠭᠰᠢᠭᠦᠷᠢ ᠶᠢ ᠪᠠᠭᠠᠰᠬᠠᠵᠤ ᠪᠣᠯᠤᠨ᠎ᠠ᠃      ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠨᠢᠭᠡᠴᠡ ᠨᠦᠭᠦᠳ ᠲᠣᠰ ᠲᠥᠰᠦᠯ ᠳᠤ ᠲᠣᠭᠲᠠᠭᠠᠭᠰᠠᠨ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠲᠥᠰᠦᠯ ᠲᠣᠭᠲᠠᠭᠠᠨ᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢᠶᠠᠨ ᠲᠣᠳᠣᠷᠬᠠᠶᠢᠯᠠᠵᠤ᠂ ᠠᠬᠢᠴᠠ ᠪᠠᠨ ᠵᠦᠶ ᠵᠣᠬᠢᠰᠲᠠᠶ ᠳᠣᠭᠢᠷᠠᠭᠤᠯᠤᠨ᠂ ᠨᠠᠷᠢᠨ ᠨᠢᠮᠪᠠᠶ ᠳᠣᠭᠢᠷᠠᠭᠤᠯᠤᠨ ᠬᠡᠷᠡᠭᠵᠢᠭᠦᠯᠵᠦ᠂ ᠭᠡᠷᠡᠴᠢᠯᠡᠬᠦ ᠵ‍‌ᠵᠦ᠋ᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃      ︵ᠬᠤᠶᠠᠷ︶ ᠬᠠᠮᠵᠢᠯᠴᠠᠨ ᠬᠠᠮᠲᠤᠷᠠᠨ ᠬᠥᠳᠡᠯᠦᠯᠴᠡᠵᠦ ᠠᠬᠢᠭᠤᠯᠤᠨ᠎ᠠ᠃ ᠡᠯ᠎ᠡ ᠨᠢᠭᠡᠴᠡ ᠶᠢᠨ ᠬᠢᠨ ᠠᠵᠢᠯ ᠤᠨ ᠵᠣᠯᠭᠠᠯᠴᠠᠭ᠎ᠠ ᠪᠠᠨ ᠴᠢᠩᠭᠠᠳᠬᠠᠵᠤ᠂ ᠳᠡᠭᠡᠳᠦ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠣᠭᠲᠠᠭᠠᠭᠰᠠᠨ ᠠᠮᠠᠯᠠᠯᠲᠠ ᠶᠢᠨ ᠲᠦᠷᠢᠮ ᠤᠨ ᠵᠦᠶ᠋ᠯᠡᠰ ᠲᠠᠢ ᠴᠢᠩᠭ᠎ᠠ ᠬᠠᠷᠢᠴᠠᠭᠤᠯᠤᠨ᠂ ᠮᠠᠨ ᠤ ᠰᠢᠶᠠᠨ ᠤ ᠭᠡᠷᠡᠴᠢᠯᠡᠬᠦ ᠵᠦᠢᠯᠡᠰ ᠢ ᠠᠮᠠᠯᠠᠯᠲᠠ ᠶᠢᠨ ᠲᠦᠷᠢᠮ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃      ︵ᠭᠤᠷᠪᠠ︶ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠨᠢᠭᠡᠴᠡ ᠨᠦᠭᠦᠳ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶᠡᠨ ᠤ ᠰᠢᠨ᠎ᠡ ᠵᠠᠭᠤᠴᠢᠯᠠᠭᠤᠷ ᠵᠡᠷᠭᠡ ᠲᠠᠪᠴᠠᠩ ᠢ ᠭᠦᠢᠴᠡᠳ ᠠᠰᠢᠭᠯᠠᠨ᠂ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠤᠨ ᠤᠬᠠᠭᠤᠯᠭ᠎ᠠ᠂ ᠲᠠᠶᠢᠯᠤᠮᠵᠢ ᠶᠢ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠴᠢᠩᠭᠠᠷᠠᠭᠤᠯᠵᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤ ᠥᠭᠴᠦ᠂ ᠣᠯᠠᠨ ᠨᠡᠶᠢᠲᠡ ᠶᠢᠨ ᠣᠶᠢᠯᠠᠭᠠᠬᠤ ᠬᠡᠮᠵᠢᠶ᠎ᠡ ᠪᠠ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠠᠵᠢᠯ ᠤᠨ ᠳᠤᠮᠳᠠᠬᠢ ᠰᠠᠶᠢᠨ ᠠᠷᠭ᠎ᠠ ᠰᠠᠶᠢᠨ ᠲᠤᠷᠰᠢᠯᠭ᠎ᠠ ᠶᠢ ᠢᠯᠡᠷᠡᠭᠦᠯᠦᠨ ᠳ᠋ᠦᠩᠨᠡᠬᠦ ᠳᠡᠭᠡᠨ ᠴᠢᠳᠠᠮᠠᠭᠠᠶ ᠪᠠᠶᠢᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠨ᠂ ᠤᠬᠠᠭᠤᠯᠤᠨ ᠲᠠᠨᠢᠯᠴᠠᠭᠤᠯᠵᠤ᠂ ᠪᠥᠬᠦ ᠨᠡᠶᠢᠭᠡᠮ ᠢᠶᠠᠷ ᠢᠶᠠᠨ ᠭᠡᠷᠡᠴᠢᠯᠡᠬᠦ ᠵᠦᠶ᠋ᠯᠡᠰ ᠢ ᠠᠮᠠᠯᠠᠯᠲᠠ ᠶᠢᠨ ᠲᠦᠷᠢᠮ ᠤᠨ ᠠᠵᠢᠯ ᠳᠤ ᠰᠡᠳᠬᠢᠯ ᠲᠠᠯᠪᠢᠵᠤ᠂ ᠳᠡᠮᠵᠢᠵᠦ᠂ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃      ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ     ︵ᠨᠢᠭᠡ︶ ᠪᠥᠬᠦ ᠲᠠᠯ᠎ᠠ ᠪᠠᠷ ᠡᠮᠬᠢᠯᠡᠨ ᠳᠢᠭᠯᠡᠨ᠎ᠡ ︵2021 ᠣᠨ ᠤ 6 ᠳ᠋ᠤᠭᠠᠷ ᠰᠠᠷ᠎ᠠ — 7 ᠳ᠋ᠤᠭᠠᠷ ᠰᠠᠷ᠎ᠠ︶᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠢ ᠡᠮᠬᠢᠯᠡᠨ ᠳᠢᠭᠯᠡᠵᠦ᠂ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠭᠠᠷᠴᠠᠭ ᠢ ᠱᠠᠭᠠᠷᠳᠠᠯᠭ᠎ᠠ ᠶᠣᠰᠣᠭᠠᠷ ᠲᠠᠭᠯᠠᠨ ᠪᠢᠴᠢᠬᠦ ᠶᠢᠨ ᠬᠠᠮᠲᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ︵ᠬᠤᠶᠠᠷ︶ ᠲᠦᠷᠢᠮ ᠲᠣᠭᠲᠠᠭᠠᠯ ᠲᠣᠭᠲᠠᠭᠠᠨ᠎ᠠ ︵2021 ᠣᠨ ᠤ 8 ᠰᠠᠷ᠎ᠠ︶᠃ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠬᠠᠮᠢᠶ᠎ᠠ ᠪᠥᠬᠦᠶ ᠲᠦᠷᠢᠮ ᠤᠨ ᠵᠢᠷᠤᠮᠵᠢᠯ ᠵᠢᠴᠢ ᠡᠯ᠎ᠡ ᠲᠥᠷᠥᠯ ᠤᠨ ᠨᠠᠷᠢᠨ ᠬᠠᠭᠤᠳᠠᠰᠤ᠂ ᠦᠢᠯᠡᠴᠢᠯᠡᠭᠡᠨ ᠤ ᠵᠦᠭᠯᠡᠭᠦᠷ ᠪᠠ ᠴᠤᠪᠤᠷᠠᠯ ᠵᠢᠷᠤᠭ ᠵᠡᠷᠭᠡ ᠶᠢ ᠪᠠᠶᠢᠭᠤᠯᠬᠤ ᠬᠡᠷᠡᠭᠲᠡᠶ᠃      ︵ᠭᠤᠷᠪᠠ︶ ᠪᠥᠬᠦ ᠲᠠᠯ᠎ᠠ ᠪᠠᠷ ᠬᠡᠷᠡᠭᠵᠢᠭᠦᠯᠦᠨ᠎ᠡ ︵2021 ᠣᠨ ᠤ 9 ᠳ᠋ᠦ᠋ᠭᠡᠷ ᠰᠠᠷ᠎ᠠ︶᠃ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠲᠣᠰ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ᠂ ᠬᠡᠷᠡᠭ ᠡᠷᠬᠢᠯᠡᠬᠦ ᠭᠠᠵᠠᠷ ᠤᠨ ᠠᠷᠠᠳ ᠤᠨ ᠵᠠᠰᠠᠭ ᠤᠨ ᠣᠷᠳᠣᠨ 2021 ᠣᠨ ᠤ 8 ᠰᠠᠷ᠎ᠠ ᠠᠴᠠ ᠡᠮᠦᠨ᠎ᠡ ᠠᠵᠢᠯ ᠢᠶᠠᠨ ᠥᠷᠨᠢᠭᠦᠯᠦᠨ᠎ᠡ᠃      ︵ᠳᠥᠷᠪᠡ︶ ᠲᠤᠷᠰᠢᠯᠭ᠎ᠠ ᠪᠠᠨ ᠳ᠋ᠦᠩᠨᠡᠨ᠎ᠡ ︵2021 ᠣᠨ ᠤ 6 ᠰᠠᠷ᠎ᠠ — 2021 ᠣᠨ ᠤ 9 ᠰᠠᠷ᠎ᠠ︶᠃ ᠡᠯ᠎ᠡ ᠨᠢᠭᠡᠴᠡ ᠨᠦᠭᠦᠳ 2021 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠭᠡᠷᠡᠴᠢᠯᠡᠬᠦ ᠵᠦᠢᠯᠡᠰ ᠲᠤ ᠠᠮᠠᠯᠠᠯᠲᠠ ᠪᠠᠨ ᠮᠡᠳᠡᠭᠳᠡᠬᠦ ᠠᠵᠢᠯ ᠢ ᠥᠷᠨᠢᠭᠦᠯᠦᠭᠰᠡᠨ ᠪᠠᠶᠢᠳᠠᠯ᠂ ᠭᠤᠤᠯ ᠠᠷᠭ᠎ᠠ ᠬᠢᠳᠡᠯ ᠪᠠ ᠠᠵᠢᠯ ᠤᠨ ᠦᠷ᠎ᠡ ᠪᠦᠲᠦᠮᠵᠢ᠂ ᠪᠠᠶᠢᠭᠤᠯᠤᠭᠰᠠᠨ ᠲᠦᠷᠢᠮ ᠪᠠ ᠵᠢᠷᠤᠮᠵᠢᠯ᠂ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠭᠤᠯᠭ᠎ᠠ ᠵᠡᠷᠭᠡ ᠶᠢ ᠳ᠋ᠦᠩᠨᠡᠵᠦ᠂ ᠪᠢᠴᠢᠭ ᠤᠨ ᠮᠠᠲ᠋ᠧᠷᠢᠶᠠᠯ ᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃      ︵ᠲᠠᠪᠤ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠭᠡᠷᠡᠴᠢᠯᠡᠬᠦ ᠵᠦᠢᠯᠡᠰ ᠢ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠢ ᠬᠠᠤᠯᠢ ᠶᠣᠰᠣᠭᠠᠷ ᠰᠢᠶᠠᠨ ᠢ ᠵᠠᠰᠠᠬᠤ ᠶᠢ ᠰᠢᠯᠭᠠᠨ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮ ᠳᠤ ᠣᠷᠣᠭᠤᠯᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃ ᠠᠵᠢᠯ ᠤᠨ ᠳᠤᠮᠳᠠ ᠢᠯᠡᠷᠡᠯ ᠢᠶᠠᠷ ᠲᠤᠪᠤᠶᠢᠮ᠎ᠠ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠦᠨᠡᠯᠡᠯᠲᠡ ᠶᠢᠨ ᠬᠠᠨᠤᠮᠵᠢ ᠶᠢᠨ ᠬᠡᠮᠵᠢᠶ᠎ᠡ ᠪᠠᠷ ᠥᠨᠳᠥᠷ ᠠᠵᠢᠯ ᠲᠦᠷᠦᠯ ᠬᠢᠭᠡᠳ ᠰᠠᠯᠠᠭ᠎ᠠ ᠮᠥᠴᠢᠷ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠬᠤ ᠪᠠ ᠱᠠᠩᠨᠠᠬᠤ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢ ᠮᠡᠳᠡᠭᠡᠯᠡᠬᠦ ᠲᠦᠷᠢᠮ ᠢ ᠪᠠᠶᠢᠭᠤᠯᠵᠤ᠂ ᠠᠵᠢᠯ ᠤᠨ ᠳᠤᠮᠳᠠᠬᠢ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠨᠢᠭᠡᠴᠡ ᠵᠢᠴᠢ ᠠᠵᠢᠯᠳᠠᠨ ᠠᠴᠠ ᠬᠠᠤᠯᠢ ᠴᠠᠭᠠᠵᠠ ᠰᠠᠬᠢᠯᠭ᠎ᠠ ᠪᠠᠲᠤ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ︽ᠡᠷᠬᠡ ᠬᠠᠷᠢᠭᠤᠴᠠᠯᠭ᠎ᠠ ᠶᠢ ᠨᠢᠭᠡᠳᠬᠡᠬᠦ᠂ ᠲᠤᠰᠢᠶᠠᠯ ᠢᠶᠠᠨ ᠭᠦᠢᠴᠡᠳᠬᠡᠪᠡᠯ ᠬᠠᠷᠢᠭᠤᠴᠠᠯᠭ᠎ᠠ ᠠᠴᠠ ᠬᠡᠯᠲᠦᠷᠢᠭᠦᠯᠬᠦ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠶᠣᠰᠣᠭᠠᠷ᠂ ᠪᠤᠷᠤᠭᠤ ᠶᠢ ᠠᠭᠤᠴᠢᠯᠠᠨ ᠪᠠᠭᠲᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠤᠷᠤᠭᠤ ᠶᠢ ᠵᠦᠢ ᠵᠣᠬᠢᠰᠲᠠᠶ ᠠᠭᠤᠴᠢᠯᠠᠨ ᠪᠠᠭᠲᠠᠭᠠᠬᠤ ᠪᠠᠶᠢᠳᠠᠯ ᠳᠤ ᠲᠣᠭᠠᠴᠠᠭᠳᠠᠪᠠᠯ᠂ ᠬᠤᠯᠪᠣᠭᠳᠠᠯ ᠪᠦᠬᠦᠢ ᠨᠢᠭᠡᠴᠢ ᠵᠢᠴᠢ ᠠᠵᠢᠯᠳᠠᠨ ᠢ ᠬᠠᠤᠯᠢ ᠰᠠᠬᠢᠯᠭ᠎ᠠ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠠᠴᠠ ᠨᠢ ᠬᠡᠯᠲᠦᠷᠢᠭᠦᠯᠬᠦ ᠪᠤᠶᠤ ᠬᠥᠩᠭᠡᠷᠡᠭᠦᠯᠵᠦ᠂ ᠬᠦᠡᠭᠭᠡᠨ ᠢᠶᠠᠷ ᠰᠢᠶ᠋ᠳᠪᠦᠷᠢᠯᠡᠨ᠎ᠡ᠃      ᠡᠯ᠎ᠡ ᠨᠢᠭᠡᠴᠡ ᠨᠦᠭᠦᠳ ᠭᠡᠷᠡᠴᠢᠯᠡᠬᠦ ᠵᠦᠶ᠋ᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳᠠᠭᠠᠨ ᠴᠢᠭᠯᠡᠯ ᠢᠶᠠᠨ ᠲᠣᠳᠣᠷᠬᠠᠶ ᠪᠣᠯᠭᠠᠵᠤ᠂ ᠠᠯᠬᠤᠮ ᠲᠠᠷᠠᠭ᠎ᠠ ᠪᠠᠨ ᠯᠠᠪᠳᠠᠭᠤᠨ ᠪᠠᠲᠤᠲᠠᠶ ᠪᠠᠶᠢᠯᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠨᠢᠭᠡᠴᠢ ᠨᠦᠭᠦᠳ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠬᠤ ᠪᠠ ᠮᠥᠷᠳᠡᠨ ᠦᠨᠡᠯᠡᠨ ᠵᠢᠱᠢᠵᠦ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠬᠦ ᠬᠡᠷᠡᠭᠲᠡᠶ᠃     ᠵᠢᠷᠭᠤᠭ᠎ᠠ᠂ ᠠᠵᠢᠯ ᠤᠨ ᠱᠠᠭᠠᠷᠳᠠᠯᠭ᠎ᠠ      ᠲᠣᠰ ᠤᠳᠠᠭ᠎ᠠ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠬᠦ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠣᠯᠬᠤᠷ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ᠂ ᠬᠡᠷᠡᠭ ᠡᠷᠬᠢᠯᠡᠬᠦ ᠭᠠᠵᠠᠷ᠂ ᠰᠢᠶᠠᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠬᠡᠷᠡᠭᠵᠢᠭᠦᠯᠬᠦ ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ ᠲᠦᠷᠢᠮ ᠤᠨ ᠠᠵᠢᠯ ᠤᠨ ︽ᠨᠢᠭᠡᠳᠦᠭᠡᠷ ᠬᠠᠷᠢᠭᠤᠴᠠᠯᠭᠠᠲᠠᠨ︾ ᠪᠣᠯᠤᠭᠰᠠᠨ ᠤ ᠬᠤᠪᠢ ᠳᠤ᠂ ᠬᠠᠷᠢᠭᠤᠴᠠᠨ ᠵᠣᠬᠢᠴᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠨᠢᠭᠡᠴᠡ ᠨᠢ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠨ ᠲᠣᠳᠣᠷᠬᠠᠶᠢᠯᠠᠵᠤ᠂ ᠪᠣᠳᠠᠲᠠᠶ ᠠᠵᠢᠯᠲᠠᠨ ᠨᠢ ᠲᠣᠰᠪᠣᠷᠢ ᠨᠢᠭᠡ ᠬᠥᠮᠦᠨ ᠪᠠᠶᠢᠬᠤ ᠬᠡᠷᠡᠭᠲᠡᠶ᠃ ︽ᠬᠡᠯᠡᠵᠦ ᠥᠭᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠤᠨ ᠭᠠᠷᠴᠠᠭ ︵ᠵᠢᠱᠢᠶ᠎ᠡ ᠦᠵᠡᠭᠦᠯᠬᠦ︶ ᠢ ᠬᠡᠷᠡᠭᠵᠢᠭᠦᠯᠦᠨ᠎ᠡ︾ ︵ᠳᠠᠭᠠᠯᠳᠤᠭᠤᠯᠤᠯ 1︶᠂ ︽ᠭᠡᠷᠡᠴᠢᠯᠡᠬᠦ ᠵᠦᠢᠯᠡᠰ ᠢ ᠦᠯᠡᠳᠡᠭᠡᠬᠦ ᠭᠠᠷᠴᠠᠭ︾ ︵ᠳᠠᠭᠠᠯᠳᠤᠭᠤᠯᠤᠯ 2︶᠂ ︽ᠭᠡᠷᠡᠴᠢᠯᠡᠬᠦ ᠵᠦᠢᠯᠡᠰ ᠢ ᠬᠡᠯᠡᠵᠦ ᠥᠭᠬᠦ ᠠᠮᠠᠯᠠᠯᠲᠠ ᠶᠢᠨ ᠲᠦᠷᠢᠮ ᠤᠨ ᠬᠠᠷᠢᠭᠤᠴᠠᠯᠭᠠᠲᠠᠨ ᠤ ᠨᠡᠷᠡᠰ︾ ︵ᠳᠠᠭᠠᠯᠳᠤᠭᠤᠯᠤᠯ 4︶ ᠤᠨ ᠴᠠᠭᠠᠰᠤᠨ ᠬᠡᠪᠯᠡᠯ ᠢ 8 ᠰᠠᠷ᠎ᠠ ᠶᠢᠨ 20 ᠤ ᠡᠳᠦᠷ ᠠᠴᠠ ᠡᠮᠦᠨ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠷ ᠭᠠᠷ ᠤᠨ ᠥᠰᠥᠭ ᠵᠢᠷᠤᠬᠤ ᠶᠢᠨ ᠬᠠᠮᠲᠤ ᠨᠢᠭᠡᠴᠡ ᠶᠢᠨ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠤ ᠳᠠᠷᠠᠭ᠎ᠠ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︵ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠰᠢᠪᠠᠳᠠᠨ ᠪᠠᠶᠢᠴᠠᠭᠠᠬᠤ ᠲᠠᠰᠤᠭ︶ ᠳᠤ ᠮᠡᠳᠡᠭᠦᠯᠦᠨ ᠬᠦᠷᠭᠡᠵᠦ᠂ ᠡᠯᠧᠺᠲᠷᠣᠨ ᠬᠡᠪᠯᠡᠯ ᠢᠶᠠᠷ ᠰᠢᠤᠳᠠᠨ ᠤ ᠬᠠᠶᠢᠷᠴᠠᠭ ᠲᠤ ᠶᠠᠪᠤᠭᠤᠯᠤᠨ᠎ᠠ᠃      ᠬᠠᠷᠢᠯᠴᠠᠬᠤ ᠬᠥᠮᠦᠨ᠄ ᠵᠠᠶ ᠯᠢ ᠷᠦᠩ   ᠵᠢᠶᠠ ᠮᠢᠨ      ᠬᠠᠷᠢᠯᠴᠠᠬᠤ ᠤᠲᠠᠰᠤ᠄ 5226959 18004788368      ᠰᠢᠦᠳᠠᠨ ᠬᠠᠶᠢᠷᠴᠠᠭ᠄ wyxsfj@126.com
ᠢᠷᠡᠯᠲᠡ᠄ ᠲᠣᠰ ᠰᠦᠯᠵᠢᠶ᠎ᠡ