ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ | ︽ᠦᠶᠤᠸᠠᠨ ᠰᠢᠶᠠᠨ ᠤ ᠭᠦ᠋ ᠵᠢᠶᠦ᠋ᠨ ᠵᠡᠭᠡᠯᠢ ᠭᠤᠳᠤᠮᠵᠢ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠄ | ᠵᠠᠰᠠᠭ ᠤᠨ ᠣᠷᠳᠣᠨ ᠠᠴᠠ ᠰᠤᠳᠤᠯᠤᠭᠠᠳ ︽ᠦᠶᠤᠸᠠᠨ ᠰᠢᠶᠠᠨ ᠳᠤ ᠬᠦ᠋ ᠵᠢᠶᠦ᠋ᠨ ᠵᠡᠭᠡᠯᠢ ᠭᠤᠳᠤᠮᠵᠢ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ | ᠢ ᠲᠠ ᠨᠠᠷ ᠲᠤ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ | 2021 ᠣᠨ ᠤ 1 ᠰᠠᠷ᠎ᠠ ᠶᠢᠨ 19 ᠤ ᠡᠳᠦᠷ | ᠦᠶᠤᠸᠠᠨ ᠰᠢᠶᠠᠨ ᠤ ᠭᠦ᠋ ᠵᠢᠶᠦ᠋ᠨ ᠵᠡᠭᠡᠯᠢ ᠭᠤᠳᠤᠮᠵᠢ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ | ᠪᠦᠬᠦ ᠰᠢᠶᠠᠨ ᠤ ᠵᠠᠰᠠᠭ ᠵᠠᠬᠢᠷᠭᠠᠨ ᠤ ᠬᠤᠪᠢᠶᠠᠷᠢᠯᠠᠯ ᠤᠨ ᠪᠠᠶᠢᠷᠢᠰᠢᠯ ᠢ ᠤᠯᠠᠮ ᠨᠢᠭᠡ ᠠᠯᠬᠤᠮ ᠵᠣᠬᠢᠰᠲᠠᠶ ᠰᠢᠯᠢᠳᠡᠭᠵᠢᠭᠦᠯᠬᠦ ᠶᠢᠨ ᠲᠥᠯᠥᠭᠡ᠂ ᠬᠤᠲᠠ | ᠬᠥᠳᠡᠭᠡ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠯᠭᠠᠰᠤ᠂ ᠵᠡᠭᠡᠯᠢ ᠭᠤᠳᠤᠮᠵᠢ | ᠪᠠᠶᠢᠭᠤᠯᠬᠤ ᠪᠠᠷᠢᠮᠵᠢᠶ᠎ᠠ﹀ ︿ᠪᠠᠯᠭᠠᠰᠤ᠂ ᠵᠡᠭᠡᠯᠢ ᠭᠤᠳᠤᠮᠵᠢ ᠪᠠᠶᠢᠭᠤᠯᠬᠤ ᠳᠤ ᠮᠡᠳᠡᠭᠦᠯᠵᠦ ᠬᠢᠨᠠᠨ ᠬᠠᠷᠭᠤᠭᠤᠯᠬᠤ ᠲᠠᠰ ᠳᠠᠷᠠᠭᠠᠯᠠᠯ﹀ ᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ︹ 2020 ︺ 115 ᠳ᠋ᠤᠭᠠᠷ ᠲᠣᠭᠠᠲᠤ︶᠂ ︽ᠵᠠᠰᠠᠭ ᠵᠠᠬᠢᠷᠭᠠᠨ ᠤ ᠣᠷᠣᠨ ᠤ | ᠬᠤᠪᠢᠶᠠᠷᠢᠯᠠᠯ ᠢ ᠬᠤᠪᠢᠷᠠᠭᠤᠯᠬᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠲᠦᠷᠢᠮ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠦᠶᠤᠸᠠᠨ ᠰᠢᠶᠠᠨ ᠤ ᠪᠣᠳᠠᠲᠠᠶ ᠲᠠᠢ ᠤᠶᠠᠯᠳᠤᠭᠤᠯᠤᠨ᠂ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠬᠤ ᠦᠵᠡᠯ | ᠰᠠᠨᠠᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ | ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ | ᠲᠣᠬᠢᠷᠠᠭᠤᠯᠤᠯᠲᠠ ᠬᠢᠬᠦ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ | ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠦᠶᠤᠸᠠᠨ ᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠠᠬᠢᠴᠠ ᠶᠢ ᠠᠬᠢᠭᠤᠯᠬᠤ ᠪᠠᠷ | ᠬᠠᠷᠠᠯᠲᠠ ᠪᠣᠯᠭᠠᠵᠤ᠂ ᠬᠤᠲᠠ ᠶᠢᠨ ᠲᠣᠭᠤᠷᠢᠭ ᠤᠨ ᠠᠵᠤ ᠠᠬᠤᠶ ᠨᠡᠶᠢᠭᠡᠮ ᠤᠨ ᠪᠥᠬᠦ ᠲᠠᠯ᠎ᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠵᠤ ᠠᠬᠤᠶ | ᠴᠡᠴᠡᠭᠯᠡᠨ ᠬᠥᠭᠵᠢᠭᠰᠡᠨ᠂ ᠨᠡᠶᠢᠭᠡᠮ ᠡᠶ᠎ᠡ ᠵᠣᠬᠢᠴᠠᠯ ᠲᠠᠢ᠂ ᠣᠷᠴᠢᠨ ᠲᠣᠭᠤᠷᠢᠨ ᠭᠤᠶᠢᠳᠠ ᠰᠠᠶᠢᠬᠠᠨ ᠣᠳᠣᠬᠢᠴᠢᠯᠠᠭᠰᠠᠨ ᠰᠢᠨ᠎ᠡ ᠬᠤᠲᠠ ᠪᠠᠯᠭᠠᠰᠤ ᠶᠢ ᠴᠢᠷᠮᠠᠶᠢᠨ | ᠪᠠᠶᠢᠭᠤᠯᠤᠨ᠎ᠠ᠃ | ᠬᠤᠶᠠᠷ᠂ ᠭᠦ᠋ ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠬᠤ ᠶᠢᠨ ᠴᠢᠬᠤᠯᠠ ᠴᠢᠨᠠᠷ | ︵ᠨᠢᠭᠡ︶ ᠰᠢᠶᠠᠨ ᠤ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠨᠡᠮᠡᠭᠳᠡᠵᠦ᠂ ᠪᠠᠷᠢᠮᠵᠢᠶ᠎ᠠ ᠶᠢ | ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠦᠶ᠋ᠯᠡᠴᠢᠯᠡᠬᠦ ᠪᠣᠯ ᠨᠡᠶᠢᠭᠡᠮ ᠲᠣᠭᠤᠷᠢᠭ ᠤᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ | ᠪᠠ ᠲᠤᠬᠠᠶᠢᠯᠠᠭᠰᠠᠨ ᠠᠵᠢᠯ ᠮᠥᠨ᠂ ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠨᠡᠶᠢᠭᠡᠮ ᠲᠣᠭᠤᠷᠢᠭ ᠤᠨ ᠨᠠᠩ ᠰᠠᠶᠢᠨ ᠣᠯᠠᠨ | ᠨᠡᠶᠢᠲᠡ ᠶᠢᠨ ᠦᠶ᠋ᠯᠡᠴᠢᠯᠡᠭᠡ ᠲᠠᠢ ᠪᠣᠯᠬᠤ ᠨᠢ ᠪᠠᠰᠠ ᠴᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠪᠣᠯᠤᠨ᠎ᠠ᠃ ᠣᠳᠣᠬᠠᠨ ᠤ ᠪᠠᠶᠢᠳᠠᠯ ᠠᠴᠠ ᠦᠵᠡᠪᠡᠯ᠂ ᠰᠠᠭᠤᠭᠠᠯᠢ ᠠᠷᠠᠳ ᠤᠨ ᠠᠮᠢᠳᠤᠷᠠᠯ ᠤᠨ ᠦᠢᠯᠡᠴᠢᠯᠡᠭᠡ ᠳᠤ | ᠬᠤᠯᠪᠣᠭᠳᠠᠬᠤ ᠠᠭᠤᠯᠭ᠎ᠠ ᠤᠯᠠᠮ ᠠᠴᠠ ᠤᠯᠠᠮ ᠣᠯᠠᠰᠢᠷᠠᠵᠤ᠂ ᠶᠡᠭᠡ ᠠᠴᠠ ᠤᠯᠤᠰ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠠᠷᠠᠳ ᠤᠨ | ᠠᠮᠢᠳᠤᠷᠠᠯ ᠤᠨ ᠦᠢᠯᠡᠰ ᠤᠨ ᠨᠠᠶᠢᠳᠠᠪᠤᠷᠢᠵᠢᠭᠤᠯᠤᠯᠲᠠ᠂ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠢᠨᠵᠧᠨᠧᠷᠢᠩ᠂ ᠪᠠᠭ᠎ᠠ ᠠᠴᠠ | ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠰᠠᠭᠤᠭᠠᠯᠢ ᠠᠷᠠᠳ ᠤᠨ ᠣᠶᠤᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠬᠤᠲᠠ ᠪᠠᠯᠭᠠᠰᠤᠨ ᠤ ᠬᠦᠴᠢᠷᠳᠡᠯᠲᠡᠶ ᠬᠡᠷ ᠪᠦᠯᠢ ᠶᠢ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠵᠡᠷᠭᠡ | ᠬᠦᠷᠲᠡᠯ᠎ᠡ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠭᠤᠯᠭ᠎ᠠ᠂ ᠪᠠᠷᠢᠮᠵᠢᠶ᠎ᠠ ᠪᠠ ᠨᠠᠷᠢᠯᠢᠬᠵᠢᠭᠤᠯᠤᠯᠲᠠ ᠶᠢᠨ ᠬᠡᠮᠵᠢᠶ᠎ᠡ ᠶᠢ ᠴᠥᠮ ᠴᠢᠩᠭᠠᠳᠬᠠᠨ ᠳᠡᠭᠡᠭᠰᠢᠯᠡᠭᠦᠯᠬᠦ | ᠴᠢᠬᠤᠯᠠᠲᠠᠶ ᠪᠠᠶᠢᠨ᠎ᠠ᠃ ᠡᠷᠲᠡᠨ ᠤ ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠪᠠᠯ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ | ᠰᠠᠨᠠᠭ᠎ᠠ ᠶᠢ ᠨᠡᠩ ᠰᠠᠶᠢᠲᠤᠷ ᠦᠢᠯᠡᠳᠦᠯᠭᠡᠵᠢᠭᠦᠯᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ ᠴᠢᠳᠠᠨ᠎ᠠ᠃ | ︵ᠬᠤᠶᠠᠷ︶ ᠰᠢᠶᠠᠨ ᠤ ᠬᠤᠲᠠ ᠲᠣᠭᠤᠷᠢᠭ ᠤᠨ ᠬᠤᠲᠠ ᠪᠠᠯᠭᠠᠰᠤᠵᠢᠯᠲᠠ ᠲᠦᠷᠭᠡᠳᠴᠦ᠂ ᠠᠷᠠᠳ ᠤᠨ ᠠᠮᠢᠳᠤᠷᠠᠯ ᠤᠨ ᠠᠰᠠᠭᠤᠳᠠᠯ ᠲᠣᠪᠤᠶᠢᠮ᠎ᠠ ᠪᠣᠯᠪᠠ᠃ | ᠣᠶᠢᠷ᠎ᠠ ᠶᠢᠨ ᠵᠢᠯ ᠤᠳ ᠲᠤ ᠬᠤᠲᠠ ᠪᠠᠯᠭᠠᠰᠤᠵᠢᠯᠲᠠ ᠶᠢᠨ ᠠᠬᠢᠴᠠ ᠢᠯᠡᠳᠲᠡ ᠲᠦᠷᠭᠡᠳᠬᠦ ᠶᠢ ᠳᠠᠭᠠᠯᠳᠤᠨ᠂ ᠰᠢᠶᠠᠨ ᠤ ᠬᠤᠲᠠ ᠳᠤ ᠬᠡᠷ ᠪᠠᠶᠢᠰᠢᠩ ᠬᠤᠳᠠᠯᠳᠤᠨ | ᠠᠪᠴᠤ ᠰᠠᠭᠤᠬᠤ ᠬᠥᠳᠡᠭᠡ ᠲᠣᠰᠬᠤᠨ ᠤ ᠰᠠᠭᠤᠭᠠᠯᠢ ᠠᠷᠠᠳ ᠶᠠᠪᠤᠬᠤ ᠲᠤᠲᠤᠮ ᠣᠯᠠᠰᠢᠷᠠᠵᠤ᠂ ᠲᠠᠷᠢᠶᠠᠯᠠᠩ ᠤᠨ ᠰᠡᠯᠡᠭᠦᠤ ᠴᠠᠭ ᠲᠤ ᠡᠨᠡ ᠪᠦᠯᠦᠭ ᠬᠥᠮᠦᠰ | ᠬᠤᠲᠠ ᠳᠤ ᠰᠠᠭᠤᠵᠤ ᠪᠠᠶᠢᠬᠤ ᠶᠢ ᠣᠶᠢᠯᠠᠭᠠᠪᠠ᠃ ᠬᠥᠳᠡᠭᠡ ᠲᠣᠰᠬᠤᠨ ᠤ ᠵᠠᠯᠠᠭᠤᠴᠤᠳ ᠤᠨ ᠬᠠᠮᠲᠤᠯᠢᠭ᠂ ᠠᠶᠢᠯ ᠭᠡᠷ ᠪᠣᠯᠬᠤ᠂ ᠠᠵᠢᠯ ᠤᠯᠬᠤ ᠨᠢ | ᠣᠯᠠᠩᠬᠢ ᠳᠠᠭᠠᠨ ᠰᠢᠶᠠᠨ ᠤ ᠬᠤᠲᠠ ᠶᠢᠨ ᠳᠣᠲᠣᠷ᠎ᠠ ᠠᠴᠠ ᠰᠣᠩᠭᠤᠭᠳᠠᠳᠠᠭ ᠪᠥᠭᠡᠳ ᠣᠯᠠᠩᠬᠢ ᠬᠤᠲᠠ ᠶᠢᠨ ᠳᠣᠲᠣᠷᠠᠬᠢ ᠭᠠᠴᠠᠭᠠᠨ ᠤ ᠲᠠᠷᠢᠶᠠᠴᠢᠳ ᠭᠠᠵᠠᠷ | ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠠᠪᠤᠴᠠ ᠳᠠᠭᠠᠨ ᠬᠤᠲᠠ ᠶᠢᠨ ᠳᠣᠲᠣᠷᠠᠬᠢ ᠵᠢᠵᠢᠭ ᠲᠣᠭᠤᠷᠢᠭ ᠲᠤ ᠪᠤᠴᠠᠨ ᠣᠴᠢᠵᠤ᠂ ᠪᠣᠳᠠᠲᠠᠶ ᠬᠡᠷᠡᠭ ᠳᠡᠭᠡᠷᠡᠬᠢ | ᠬᠤᠲᠠ ᠪᠠᠯᠭᠠᠰᠤᠨ ᠤ ᠰᠠᠭᠤᠭᠠᠯᠢ ᠠᠷᠠᠳ ᠪᠣᠯᠳᠠᠭ᠃ ᠬᠥᠳᠡᠭᠡ ᠲᠣᠰᠬᠤᠨ ᠤ ᠬᠥᠮᠦᠨ ᠠᠮᠠ ᠶᠢᠨ ᠲᠠᠰᠤᠷᠠᠯᠲᠠ ᠦᠭᠡᠢ ᠰᠢᠶᠠᠨ ᠤ ᠬᠤᠲᠠ ᠵᠦᠭ ᠰᠢᠯᠵᠢᠬᠦ ᠶᠢ | ᠳᠠᠭᠠᠯᠳᠤᠨ᠂ ᠬᠤᠲᠠ ᠳᠤ ᠤᠷᠤᠭᠰᠠᠨ ᠲᠠᠷᠢᠶᠠᠴᠢᠳ ᠤᠨ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠤᠯᠠᠮ ᠠᠴᠠ ᠤᠯᠠᠮ ᠣᠯᠠᠰᠢᠷᠠᠵᠤ᠂ | ᠨᠡᠶᠢᠭᠡᠮ ᠤᠨ ᠵᠠᠰᠠᠯᠲᠠ ᠶᠢᠨ ᠳᠠᠷᠤᠯᠲᠠ ᠤᠯᠠᠮ ᠠᠴᠠ ᠤᠯᠠᠮ ᠶᠡᠬᠡᠳᠴᠦ ᠪᠠᠶᠢᠨ᠎ᠠ᠃ ᠭᠦ᠋ ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠪᠠᠯ ᠬᠤᠳᠠ | ᠪᠠᠯᠭᠠᠰᠤᠵᠢᠯᠳᠠ ᠶᠢᠨ ᠲᠦᠷᠭᠡᠨ ᠠᠬᠢᠴᠠ ᠶᠢ ᠢᠳᠡᠪᠬᠢᠲᠡᠶ ᠪᠠᠷ ᠠᠷᠭᠠᠴᠠᠵᠤ᠂ ᠬᠤᠳᠠ ᠪᠠᠯᠭᠠᠰᠤᠵᠢᠯᠳᠠ ᠶᠢ ᠲᠦᠷᠭᠡᠳᠬᠡᠬᠦ ᠠᠴᠠ ᠪᠣᠯᠤᠭᠰᠠᠨ ᠠᠯᠢ ᠤᠯᠠᠨ | ᠠᠰᠠᠭᠤᠳᠠᠯ ᠢ ᠨᠡᠩ ᠰᠠᠶᠢᠨ ᠰᠢᠶ᠋ᠳᠪᠦᠷᠢᠯᠡᠵᠦ ᠴᠢᠳᠠᠨ᠎ᠠ᠃ | ︵ᠭᠤᠷᠪᠠ︶ ᠨᠡᠶᠢᠭᠡᠮ ᠤᠨ ᠠᠵᠢᠯ ᠤᠨ ᠦᠶ᠋ᠯᠡᠴᠢᠯᠡᠭᠡᠨ ᠤ ᠲᠥᠪ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠷᠴᠢᠮ ᠪᠠᠭᠤᠷᠠᠶ ᠪᠠᠶᠢᠨ᠎ᠠ᠃ ᠬᠤᠲᠠ | ᠪᠠᠯᠭᠠᠰᠤᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠣᠯ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠰᠠᠭᠤᠷᠢ ᠪᠠ ᠴᠢᠬᠤᠯᠠ ᠪᠦᠷᠢᠯᠳᠦᠬᠦᠨ ᠬᠡᠰᠡᠭ ᠮᠥᠨ᠂ ᠬᠤᠲᠠ ᠪᠠᠯᠭᠠᠰᠤᠨ ᠤ ᠨᠡᠶᠢᠭᠡᠮ ᠤᠨ ᠲᠠᠯ᠎ᠠ ᠪᠦᠬᠦᠨ ᠳᠤ ᠬᠤᠯᠪᠣᠭᠳᠠᠵᠤ ᠪᠠᠶᠢᠳᠠᠭ᠃ | ᠬᠤᠲᠠ ᠪᠠᠯᠭᠠᠰᠤ ᠶᠢᠨ ᠵᠡᠭᠡᠯᠢ ᠭᠤᠳᠤᠮᠵᠢ ᠶᠢᠨ ᠨᠠᠮ ︵ᠠᠵᠤ ᠦᠶ᠋ᠯᠡᠳᠪᠦᠷᠢ︶ ᠤᠨ ᠵᠥᠪᠯᠡᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ | ᠬᠠᠷᠢᠶᠠᠨ ᠳᠠᠬᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠ ᠰᠠᠭᠤᠭᠠᠯᠢ ᠠᠷᠠᠳ ᠤᠨ ᠵᠥᠪᠯᠡᠯ ᠪᠣᠯ ᠬᠤᠲᠠ ᠪᠠᠯᠭᠠᠰᠤ ᠶᠢᠨ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠭᠤᠤᠯ ᠴᠣᠭᠴᠠ ᠪᠣᠯᠤᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ | ᠴᠢᠩᠭᠠᠳᠬᠠᠬᠤ ᠶᠢᠨ ᠲᠥᠯᠥᠭᠡ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠢ᠂ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠬᠤᠯᠠᠲᠠᠢ᠃ ᠭᠦ᠋ | ᠵᠢᠶᠦ᠋ᠨ ᠵᠡᠭᠡᠯᠢ ᠭᠤᠳᠤᠮᠵᠢ ᠶᠢ ᠪᠠᠶᠢᠭᠤᠯᠪᠠᠯ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠷᠴᠢᠮ ᠢᠶᠠᠨ ᠪᠦᠲᠦᠮᠵᠢᠲᠡᠢ ᠳᠡᠭᠡᠭᠰᠢᠯᠡᠭᠦᠯᠵᠦ᠂ ᠨᠡᠩ ᠤᠯᠠᠨ ᠡᠬᠢ | ᠪᠠᠶᠠᠯᠢᠭ ᠢ ᠨᠡᠶᠢᠳᠬᠡᠵᠦ᠂ ᠬᠤᠳᠠ ᠪᠠᠯᠭᠠᠰᠤᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠠᠲᠤᠯᠠᠬᠤ ᠶᠢ ᠴᠢᠩᠭᠠᠳᠬᠠᠵᠤ ᠪᠣᠯᠤᠨ᠎ᠠ᠃ | ︵ᠳᠥᠷᠪᠡ︶ ᠰᠢᠶᠠᠨ ᠤ ᠬᠤᠲᠠ ᠶᠢᠨ ᠲᠣᠭᠤᠷᠢᠭ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠷ ᠳᠤᠲᠠᠮᠠᠭ ᠪᠠᠶᠢᠨ᠎ᠠ᠃ ᠬᠤᠲᠠ ᠶᠢᠨ ᠬᠠᠮᠢᠶᠠᠷᠤᠯᠲᠠ ᠨᠢ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ | ᠵᠡᠷᠭᠡ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠣᠯᠬᠤ ᠪᠠᠷ ᠪᠠᠷᠠᠬᠤ ᠥᠬᠡᠶ᠂ ᠪᠠᠰᠠ ᠴᠤ ᠬᠤᠲᠠ ᠪᠠᠯᠭᠠᠰᠤ ᠶᠢᠨ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠪᠠ ᠨᠡᠶᠢᠭᠡᠮ ᠲᠣᠭᠤᠷᠢᠭ ᠤᠨ ᠡᠭᠦᠷᠭᠡ ᠴᠢᠳᠠᠪᠤᠷᠢ ᠪᠣᠯᠤᠨ᠎ᠠ᠃ ᠭᠡᠨᠡᠳᠲᠡ ᠡᠭᠦᠰᠦᠭᠰᠡᠨ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠠᠷᠭᠠᠴᠠᠬᠤ ᠳᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠴᠢᠬᠤᠯᠠ ᠴᠢᠨᠠᠷ ᠢ ᠳᠣᠪᠤᠶᠢᠯᠭᠠᠭᠰᠠᠨ ᠪᠠᠶᠢᠨ᠎ᠠ᠃ ᠨᠡᠶᠢᠭᠡᠮ ᠲᠣᠭᠤᠷᠢᠭ ᠨᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠯᠠᠭᠴᠢ ᠬᠦᠴᠦᠨ ᠪᠣᠯᠤᠭᠰᠠᠨ ᠤ ᠬᠤᠪᠢ ᠳᠤ᠂ ︽ᠲᠣᠣᠷᠵᠢᠭᠤᠯᠤᠭᠰᠠᠨ︾ ᠬᠠᠮᠢᠶᠠᠷᠤᠯᠲᠠ ᠪᠠᠷ ᠰᠠᠭᠤᠷᠢ ᠪᠣᠯᠭᠠᠵᠤ᠂ | ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠬᠠᠨᠳᠤᠭᠤᠯᠤᠨ ᠤᠬᠠᠭᠤᠯᠭ᠎ᠠ ᠬᠢᠵᠦ᠂ ᠭᠠᠳᠠᠨ᠎ᠠ ᠠᠴᠠ ᠢᠷᠡᠭᠰᠡᠨ ᠬᠥᠮᠦᠨ ᠠᠮᠠ ᠢᠯᠠᠩᠭᠤᠶ᠎ᠠ ᠳᠤᠮᠳᠠ ᠠᠶᠤᠯ | ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠢ ᠤᠨᠢᠨ ᠳᠡᠭᠡᠷ᠎ᠡ ᠨᠢ ᠵᠢᠭᠰᠠᠭᠠᠨ ᠪᠠᠶᠢᠴᠠᠭᠠᠬᠤ ᠵᠢᠴᠢ ᠪᠠᠭ᠎ᠠ ᠲᠣᠭᠤᠷᠢᠭ ᠤᠨ ᠵᠢᠵᠢᠭᠦᠷᠯᠡᠨ | ᠬᠠᠮᠢᠶᠠᠷᠤᠨ ᠡᠵᠡᠮᠳᠡᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠡᠭᠦᠨ ᠠᠴᠠ ᠦᠵᠡᠬᠦ ᠳᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠳᠤ ᠣᠯᠠᠨ ᠲᠦᠮᠡᠨ ᠲᠠᠢ ᠦᠨᠡᠨ ᠬᠦ ᠣᠶᠢᠷᠠᠲᠤᠭᠤᠯᠵᠤ᠂ ᠰᠢᠰᠲ᠋ᠧᠮ ᠪᠠ ᠬᠡᠰᠡᠭ ᠢ | ᠤᠶᠠᠯᠳᠤᠭᠤᠯᠤᠭᠰᠠᠨ ᠬᠠᠮᠢᠶᠠᠷᠤᠯᠲᠠ ᠶᠢᠨ ᠵᠠᠭᠪᠤᠷ ᠢᠶᠠᠷ ᠬᠤᠲᠠ ᠶᠢᠨ ᠬᠠᠮᠢᠶᠠᠷᠤᠯᠲᠠ ᠶᠢ ᠰᠦᠯᠵᠢᠶᠡᠨ ᠳᠡᠭᠡᠷ᠎ᠡ ᠪᠠ ᠥᠩᠭᠡᠨ ᠲᠠᠯ᠎ᠠ ᠠᠴᠠ ᠨᠠᠩ ᠨᠠᠷᠢᠯᠢᠬᠵᠢᠭᠤᠯᠵᠤ᠂ | ᠰᠠᠭᠤᠭᠠᠯᠢ ᠠᠷᠠᠳ ᠣᠯᠠᠨ ᠲᠦᠮᠡᠨ ᠳᠤ ᠦᠶ᠋ᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠶ᠂ ᠭᠦ᠋ ᠵᠢᠶᠦ᠋ᠨ ᠵᠡᠭᠡᠯᠢ ᠭᠤᠳᠤᠮᠵᠢ ᠶᠢ | ᠪᠠᠶᠢᠭᠤᠯᠪᠠᠯ ᠬᠤᠲᠠ ᠶᠢᠨ ᠬᠠᠮᠢᠶᠠᠷᠤᠯᠲᠠ ᠶᠢᠨ ᠵᠠᠭᠪᠤᠷ ᠢ ᠤᠯᠠᠮ ᠨᠢᠭᠡ ᠠᠯᠬᠤᠮ ᠨᠠᠷᠢᠯᠢᠬᠵᠢᠭᠤᠯᠵᠤ ᠪᠣᠯᠤᠨ᠎ᠠ᠃ | ︵ᠲᠠᠪᠤ︶ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠬᠢᠭᠡᠳ ᠡᠭᠦᠷᠭᠡᠯᠡᠬᠦ ᠡᠭᠦᠷᠭᠡ ᠴᠢᠳᠠᠪᠤᠷᠢ | ᠬᠠᠷᠢᠯᠴᠠᠨ ᠵᠣᠬᠢᠴᠠᠯᠳᠤᠬᠤ ᠥᠬᠡᠶ᠃ ᠦᠶᠤᠸᠠᠨ ᠰᠢᠶᠠᠨ ᠪᠣᠯ ᠤᠯᠠᠮᠵᠢᠯᠠᠯᠲᠤ ᠲᠠᠷᠢᠶᠠᠯᠠᠩ ᠤᠨ ᠲᠤᠮᠤ ᠰᠢᠶᠠᠨ ᠮᠥᠨ᠂ ᠲᠠᠷᠢᠶᠠᠯᠠᠩ᠂ ᠬᠥᠳᠡᠭᠡ ᠲᠣᠰᠬᠤᠨ ᠤ | ᠬᠥᠭᠵᠢᠯᠲᠡ ᠶᠢ ᠲᠡᠳᠬᠦᠨ ᠳᠡᠮᠵᠢᠬᠦ ᠳᠤ ᠶᠡᠭᠡ ᠬᠡᠮᠵᠢᠶᠡᠨ ᠤ ᠪᠡᠯᠡ ᠮᠥᠩᠭᠦ᠂ ᠤᠶᠤᠨ ᠴᠢᠳᠠᠯ ᠣᠷᠣᠭᠤᠯᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠪᠣᠯᠪᠠᠴᠤ | ᠪᠠᠰᠠ ᠬᠤᠳᠠ ᠪᠠᠯᠭᠠᠰᠤᠨ ᠤ ᠠᠵᠢᠯ ᠤᠨ ᠣᠷᠣᠭᠤᠯᠤᠯᠲᠠ ᠪᠠᠷ ᠬᠦᠷᠦᠯᠴᠡᠬᠦ ᠦᠭᠡᠢ ᠠᠰᠠᠭᠤᠳᠠᠯ ᠭᠠᠷᠤᠭᠰᠠᠨ ᠪᠠᠶᠢᠨ᠎ᠠ᠃ 2017 ᠣᠨ ᠤ ᠪᠡᠶ᠎ᠡ ᠪᠠᠨ ᠳᠠᠭᠠᠭᠠᠵᠤ | ᠥᠭᠡᠷᠡᠴᠢᠯᠡᠯᠲᠡ ᠬᠢᠬᠦ ᠶᠠᠪᠤᠴᠠ ᠳᠤ᠂ ᠤᠤᠯ ᠤᠨ ᠯᠦᠩ ᠰᠢᠩ ᠴᠠᠩ ᠪᠠᠯᠭᠠᠰᠤ ︵ᠰᠢᠶᠠᠨ ᠤ ᠬᠤᠲᠠ ᠶᠢᠨ ᠪᠠᠶᠢᠭ᠎ᠠ ᠭᠠᠵᠠᠷ ᠤᠨ ᠲᠥᠪ ᠪᠠᠯᠭᠠᠰᠤ︶ ᠳᠤ | ᠬᠠᠷᠢᠶᠠᠯᠠᠭᠳᠠᠵᠤ ᠪᠠᠶᠢᠭᠰᠠᠨ ᠬᠤᠲᠠ ᠪᠠᠯᠭᠠᠰᠤᠨ ᠤ ᠨᠡᠶᠢᠭᠡᠮ ᠲᠣᠭᠤᠷᠢᠭ ᠤᠨ ᠡᠭᠦᠷᠭᠡ ᠴᠢᠳᠠᠪᠤᠷᠢ ᠶᠢ ᠢᠯᠭᠠᠨ ᠰᠠᠯᠭᠠᠵᠤ᠂ ᠨᠡᠶᠢᠭᠡᠮ ᠲᠣᠭᠤᠷᠢᠭ ᠤᠨ | ᠬᠠᠮᠢᠶᠠᠷᠤᠯᠲᠠ ᠶᠢᠨ ᠦᠶ᠋ᠯᠡᠴᠢᠯᠡᠭᠡᠨ ᠤ ᠲᠥᠪ ︵ᠬᠤᠵᠢᠮ ᠨᠢ ᠨᠡᠶᠢᠭᠡᠮ ᠤᠨ ᠠᠵᠢᠯ ᠤᠦᠢᠯᠡᠴᠢᠯᠡᠭᠡᠨ ᠤ ᠲᠥᠪ ᠭᠡᠵᠦ ᠬᠠᠯᠠᠪᠠ︶ ᠪᠠᠶᠢᠭᠤᠯᠤᠨ᠎ᠠ᠃ ᠲᠥᠪ ᠨᠢ | ᠪᠠᠶᠢᠭᠤᠯᠤᠭᠳᠠᠭᠰᠠᠨ ᠤ ᠳᠠᠷᠠᠭ᠎ᠠ᠂ ᠣᠷᠣᠨ ᠲᠣᠭᠠᠨ ᠤ ᠠᠵᠢᠯᠲᠠᠨ ᠤ ᠲᠤᠭ᠎ᠠ ᠨᠡᠮᠡᠭᠳᠡᠭᠰᠡᠨ ᠦᠭᠡᠶ᠂ ᠭᠡᠪᠡᠴᠦ ᠰᠠᠭᠤᠭᠠᠯᠢ ᠠᠷᠠᠳ ᠤᠨ ᠲᠣᠭᠤᠷᠢᠭ ᠤᠨ | ᠬᠠᠮᠢᠶᠠᠷᠤᠯᠲᠠ᠂ ᠠᠳᠠᠯ ᠠᠬᠤᠶ ᠶᠢᠨ ᠦᠢᠯᠡᠴᠢᠯᠡᠭᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠰᠠᠭᠤᠭᠠᠯᠢ ᠠᠷᠠᠳ ᠤᠨ ᠥᠪᠡᠷᠲᠡᠭᠡᠨ | ᠵᠠᠰᠠᠬᠤ᠂ ᠲᠣᠣᠷᠵᠢᠭᠤᠯᠤᠭᠰᠠᠨ ᠬᠠᠮᠢᠶᠠᠷᠤᠯᠲᠠ᠂ ︽1+N︾ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ | ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠭᠡᠨ ᠤ ᠪᠠᠶᠢᠭᠤᠯᠤᠯᠲᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠰᠣᠶᠣᠯ ᠢᠶᠠᠷ ᠬᠥᠲᠥᠯᠥᠨ | ᠳᠠᠭᠠᠭᠤᠯᠬᠤ ᠵᠡᠷᠭᠡ ᠲᠠᠯ᠎ᠠ ᠪᠠᠷ ᠰᠢᠨ᠎ᠡ ᠬᠥᠭᠵᠢᠯᠲᠡ ᠶᠢᠨ ᠰᠡᠳᠬᠢᠮᠵᠢ ᠶᠢ ᠬᠠᠶᠢᠨ ᠰᠦᠪᠡᠭᠴᠢᠯᠡᠵᠦ᠂ ᠮᠡᠳᠡᠭᠳᠡᠬᠦ᠋ᠢᠴᠡ ᠠᠮᠵᠢᠯᠲᠠ ᠣᠯᠵᠤ᠂ ᠭᠡᠪᠡᠴᠦ ᠵᠠᠶᠢᠯᠠᠰᠢ | ᠦᠭᠡᠢ ᠪᠠᠰᠠ ᠵᠠᠷᠢᠮ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠰᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ᠨᠡᠶᠢᠭᠡᠮ ᠤᠨ ᠠᠵᠢᠯ ᠤᠨ ᠦᠢᠯᠡᠴᠢᠯᠡᠭᠡᠨ ᠤ | ᠲᠥᠪ ᠨᠢ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠡᠭᠦᠷᠭᠡᠯᠡᠬᠦ ᠦᠭᠡᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠢᠵᠦ ᠥᠭᠬᠦ ᠴᠢᠬᠤᠯᠠᠲᠠᠶ ᠭᠡᠷᠡᠴᠢ | ᠪᠢᠴᠢᠭ ᠢ ᠪᠠᠯᠭᠠᠰᠤᠨ ᠤ ᠵᠠᠰᠠᠭ ᠤᠨ ᠣᠷᠳᠣᠨ ᠲᠠᠮᠠᠭ᠎ᠠ ᠳᠠᠷᠤᠬᠤ ᠴᠢᠬᠤᠯᠠᠲᠠᠶ᠂ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠨᠠᠮ ᠤᠨ ᠲᠥᠯᠥᠭᠡᠯᠡᠭᠴᠢ ᠶᠢᠨ ᠨᠡᠶᠢᠭᠡᠮ ᠲᠣᠭᠤᠷᠢᠭ ᠤᠨ ᠬᠥᠭᠵᠢᠯᠲᠡ᠂ ᠤᠯᠠᠨ ᠲᠦᠮᠡᠨ ᠤ ᠬᠦᠰᠡᠯ ᠱᠠᠭᠠᠷᠳᠠᠯᠭ᠎ᠠ᠂ ᠰᠠᠨᠠᠭᠤᠯᠭ᠎ᠠ ᠰᠠᠨᠠᠯ ᠵᠡᠷᠭᠡ | ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠲᠠᠯ᠎ᠠ ᠶᠢᠨ ᠡᠷᠬᠡ ᠲᠤᠰᠢᠶᠠᠯ ᠨᠢ ᠯᠦᠩ ᠰᠢᠩ ᠴᠠᠩ ᠪᠠᠯᠭᠠᠰᠤᠨ ᠳᠤ ᠪᠠᠶᠢᠵᠤ᠂ ᠠᠵᠢᠯ ᠳᠤ | ᠰᠠᠯᠤᠩᠭᠢᠷᠠᠬᠤ ᠦᠵᠡᠭᠳᠡᠯ ᠣᠷᠣᠰᠢᠵᠤ ᠪᠠᠶᠢᠨ᠎ᠠ᠃ ᠡᠷᠲᠡᠨ ᠤ ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠪᠠᠯ ᠲᠠᠷᠢᠶᠠᠯᠠᠩ ᠤᠨ ᠬᠤᠰᠢᠭᠤ ᠰᠢᠶᠠᠨ ᠲᠣᠭᠤᠷᠢᠭ ᠤᠨ | ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠠᠵᠢᠯ ᠢ ᠴᠢᠬᠤᠯᠠᠴᠢᠯᠠᠵᠤ ᠪᠠᠶᠢᠭ᠎ᠠ ᠬᠡᠮᠵᠢᠶ᠎ᠡ ᠪᠠ ᠪᠠᠯᠠ ᠮᠥᠩᠭᠦ ᠣᠷᠣᠭᠤᠯᠬᠤ᠂ ᠣᠶᠤᠨ ᠴᠢᠳᠠᠯ ᠬᠦᠷᠦᠯᠴᠡᠬᠦ | ᠥᠬᠡᠶ ᠪᠠᠶᠢᠬᠤ ᠠᠰᠠᠭᠤᠳᠠᠯ ᠠᠴᠠ ᠪᠦᠲᠦᠮᠵᠢᠲᠡᠶ ᠪᠠᠷ ᠵᠠᠶᠢᠯᠠᠰᠬᠢᠵᠦ᠂ ᠲᠡᠳᠡᠨ ᠤ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠪᠠᠨ ᠨᠠᠩ ᠰᠠᠶᠢᠨ ᠬᠡᠷᠡᠭᠵᠢᠭᠦᠯᠬᠦ ᠶᠢ | ᠪᠠᠲᠤᠯᠠᠵᠤ ᠴᠢᠳᠠᠨ᠎ᠠ᠃ | ᠳᠡᠭᠡᠷᠡᠬᠢ ᠶᠢ ᠬᠤᠷᠢᠶᠠᠩᠭᠤᠶᠢᠯᠠᠪᠠᠯ᠂ ᠦᠶᠤᠸᠠᠨ ᠰᠢᠶᠠᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠯᠦᠩ ᠰᠢᠩ ᠴᠠᠩ ᠪᠠᠯᠭᠠᠰᠤ ᠪᠣᠯᠤᠨ ᠨᠡᠶᠢᠭᠡᠮ ᠤᠨ | ᠠᠵᠢᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠮᠵᠢ ᠶᠢᠨ ᠳᠦᠷᠢᠮ ᠪᠣᠯᠤᠨ ᠪᠠᠶᠢᠷᠢᠰᠢᠯ ᠢ ᠴᠠᠭ ᠲᠤᠨᠢ ᠲᠣᠬᠢᠷᠠᠭᠤᠯᠤᠨ ᠵᠦᠢ ᠵᠣᠬᠢᠰᠲᠠᠶ ᠲᠣᠬᠢᠷᠠᠭᠤᠯᠪᠠᠯ | ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠤᠲᠠ ᠪᠠᠯᠭᠠᠰᠤᠴᠢᠯᠠᠬᠤ ᠠᠬᠢᠴᠠ ᠶᠢ ᠲᠦᠷᠭᠡᠳᠬᠡᠵᠦ | ᠪᠣᠯᠤᠨ᠎ᠠ᠃ ᠡᠶᠢᠮᠦ ᠠᠴᠠ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠠᠴᠠ ᠠᠪᠴᠤ ᠦᠵᠡᠪᠡᠯ᠂ ᠦᠶᠤᠸᠠᠨ ᠰᠢᠶᠠᠨ ᠳᠤ ᠡᠷᠲᠡᠨ ᠤ ᠵᠢᠶᠦ᠋ᠨ ᠤ ᠵᠡᠭᠡᠯᠢ ᠭᠤᠳᠤᠮᠵᠢ ᠶᠢ | ᠪᠠᠶᠢᠭᠤᠯᠬᠤ ᠨᠢ ᠲᠦᠢᠯ ᠤᠨ ᠴᠢᠬᠤᠯᠠ ᠶᠤᠮ᠃ | ᠭᠤᠷᠪᠠ᠂ ᠠᠵᠢᠯ ᠤᠨ ᠵᠠᠷᠴᠢᠮ | ︵ᠨᠢᠭᠡ︶ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠶ ᠵᠣᠬᠢᠰᠲᠠᠶ ᠪᠠᠶᠢᠷᠢᠯᠠᠭᠤᠯᠤᠨ᠎ᠠ᠃ ᠠᠵᠤ ᠠᠬᠤᠶ ᠪᠠ ᠨᠡᠶᠢᠭᠡᠮ ᠤᠨ ᠵᠣᠬᠢᠴᠠᠩᠭᠤᠶ | ᠬᠥᠭᠵᠢᠯᠲᠡ ᠶᠢ ᠠᠬᠢᠭᠤᠯᠬᠤ ᠵᠣᠷᠢᠯᠭ᠎ᠠ ᠠᠴᠠ ᠡᠭᠦᠰᠴᠦ᠂ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠬᠤ ᠪᠠ ᠠᠰᠢᠭᠯᠠᠬᠤ ᠳᠤ ᠠᠰᠢᠭᠲᠠᠶ᠂ ᠬᠤᠲᠠ ᠪᠠᠯᠭᠠᠰᠤ | ᠬᠢᠭᠡᠳ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠳᠤ ᠠᠰᠢᠭᠲᠠᠶ᠂ ᠵᠠᠰᠠᠭ ᠵᠠᠬᠢᠷᠭᠠᠨ ᠤ ᠬᠠᠮᠢᠶᠠᠷᠤᠯᠲᠠ ᠶᠢ ᠴᠢᠩᠭᠠᠳᠬᠠᠬᠤ ᠪᠠ ᠦᠢᠯᠡᠴᠢᠯᠡᠭᠡᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠶ ᠪᠠᠶᠢᠯᠭᠠᠬᠤ ᠱᠠᠭᠠᠷᠳᠠᠯᠭ᠎ᠠ ᠶᠢᠨ ᠶᠣᠰᠣᠭᠠᠷ ᠲᠥᠯᠥᠪᠵᠢᠭᠦᠯᠵᠦ ᠲᠣᠬᠢᠷᠠᠭᠤᠯᠤᠨ᠎ᠠ᠃ | ︵ᠬᠤᠶᠠᠷ︶ ᠬᠠᠤᠯᠢ ᠶᠣᠰᠣᠭᠠᠷ ᠠᠵᠢᠯᠯᠠᠵᠤ᠂ ᠵᠢᠷᠤᠮ ᠢ ᠴᠢᠩᠳᠠᠯᠠᠬᠤ ᠬᠡᠷᠡᠭᠲᠡᠶ᠃ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠳ᠋ ᠤᠨ | ᠶᠠᠪᠤᠳᠠᠯ᠂ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠮᠡᠳᠡᠭᠦᠯᠦᠨ ᠵᠥᠪᠰᠢᠶᠡᠷᠡᠭᠦᠯᠬᠦ ᠲᠠᠰ | ᠳᠠᠷᠠᠭᠠᠯᠠᠯ ᠢ ᠴᠢᠩᠳᠠᠯᠠᠵᠤ᠂ ᠬᠠᠤᠯᠢ ᠶᠣᠰᠣᠭᠠᠷ ᠠᠵᠢᠯᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠡᠷᠡᠭᠲᠡᠶ᠃ | ︵ᠭᠤᠷᠪᠠ︶ ᠢᠳᠡᠪᠬᠢᠲᠡᠶ ᠪᠥᠭᠡᠳ ᠯᠠᠪᠳᠠᠭᠤᠨ ᠪᠠᠶᠢᠵᠤ᠂ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠢᠳᠡᠪᠬᠢᠲᠡᠶ ᠪᠥᠭᠡᠳ ᠯᠠᠪᠳᠠᠭᠤᠨ ᠲᠣᠭᠲᠠᠭᠤᠨ | ᠴᠢᠭᠯᠡᠯᠲᠡ ᠶᠢ ᠲᠤᠤᠱᠯᠠᠭᠤᠯᠤᠨ ᠬᠡᠷᠡᠭᠵᠢᠭᠦᠯᠬᠦ ᠳᠤ ᠢᠳᠡᠪᠬᠢᠲᠡᠶ ᠪᠠᠷ ᠲᠦᠯᠬᠢᠨ ᠠᠬᠢᠭᠤᠯᠬᠤ ᠮᠥᠷᠲᠡᠭᠡᠨ ᠪᠠᠰᠠ ᠭᠦᠨ ᠭᠦᠨᠵᠡᠭᠡᠶ ᠨᠠᠷᠢᠨ ᠨᠢᠮᠪᠠᠶ ᠪᠠᠶᠢᠵᠤ᠂ | ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠥᠷᠭᠡᠨ ᠢᠶᠠᠷ ᠰᠠᠨᠠᠯ ᠬᠤᠷᠢᠶᠠᠵᠤ᠂ ᠺᠠᠳ᠋ᠷ᠂ ᠤᠯᠠᠨ ᠲᠦᠮᠡᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ | ᠵᠠᠩᠭᠢᠯᠠᠭ᠎ᠠ ᠨᠢᠭᠡᠪᠦᠷᠢ ᠶᠢᠨ ᠪᠣᠳᠠᠲᠠᠶ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ᠃ | ᠳᠥᠷᠪᠡ᠂ ᠦᠨᠳᠦᠰᠦᠨ ᠲᠥᠰᠦᠯ | 1. ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤ ᠠᠴᠠ ᠰᠢ ᠬᠤᠸᠠᠨ᠂ ᠰᠢᠨ ᠶᠤᠸᠠᠨ᠂ ᠯᠢ ᠬᠤᠸᠠ ᠶᠤᠸᠠᠨ᠂ ᠰᠢᠶᠠᠩ | ᠾᠧ᠂ ᠶᠢᠨ ᠴᠢᠶᠣᠤ᠂ ᠰᠢᠩ ᠯᠦᠩ᠂ ᠳ᠋ᠦᠩ ᠬᠤᠸᠠᠨ᠂ ᠵᠥᠩ ᠱᠠᠨ᠂ ᠰᠢᠨ ᠬᠤᠸᠠ᠂ ᠹᠦ᠋ ᠶᠤᠸᠠᠨ᠂ ᠵᠢᠦ ᠴᠧᠩ᠂ ᠪᠸᠢ ᠬᠤᠸᠠᠨ ᠵᠡᠷᠭᠡ 12 ᠰᠠᠭᠤᠭᠠᠯᠢ | ᠠᠷᠠᠳ ᠤᠨ ᠵᠥᠪᠯᠡᠯ ᠢ ᠬᠤᠪᠢᠶᠠᠷᠢᠯᠠᠨ ᠭᠠᠷᠭᠠᠵᠤ᠂ ᠬᠥ᠋ ᠵᠢᠶᠦ᠋ᠨ ᠵᠡᠭᠡᠯᠢ ᠭᠤᠳᠤᠮᠵᠢ᠂ ᠬᠥ᠋ ᠵᠢᠶᠦ᠋ᠨ ᠵᠡᠭᠡᠯᠢ ᠭᠤᠳᠤᠮᠵᠢ ᠶᠢᠨ ᠬᠠᠷᠢᠶᠠᠨ ᠠᠴᠠ ᠳᠡᠭᠡᠭᠰᠢᠬᠢ 12 | ᠨᠡᠶᠢᠭᠡᠮ ᠲᠣᠭᠤᠷᠢᠭ ᠢ ᠪᠠᠶᠢᠭᠤᠯᠵᠤ᠂ ᠶᠡᠷᠦᠩᠬᠡᠶ ᠬᠥᠮᠦᠨ ᠠᠮᠠ ᠨᠢ ᠪᠠᠷᠤᠭ 113567 ᠬᠥᠮᠦᠨ ᠪᠠᠶᠢᠵᠤ᠂ ᠵᠡᠭᠡᠯᠢ ᠭᠤᠳᠤᠮᠵᠢ ᠶᠢᠨ ᠵᠠᠰᠠᠭ ᠤᠨ ᠣᠷᠳᠣᠨ ᠤ | ᠰᠠᠭᠤᠭ᠎ᠠ ᠭᠠᠵᠠᠷ ᠢ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠬᠤᠶᠢᠲᠤ ᠠᠰᠠᠷ ︵ᠰᠢ ᠬᠤᠸᠠᠨ ᠨᠡᠶᠢᠭᠡᠮ ᠲᠣᠭᠤᠷᠢᠭ︶ ᠲᠤ ᠭᠠᠷᠭᠠᠬᠤ ᠪᠠᠷ | ᠪᠠᠶᠢᠨ᠎ᠠ᠃ ᠵᠡᠭᠡᠯᠢ ᠭᠤᠳᠤᠮᠵᠢ ᠶᠢ ᠪᠠᠶᠢᠭᠤᠯᠤᠭᠰᠠᠨ ᠤ ᠳᠠᠷᠠᠭ᠎ᠠ ᠲᠡᠭᠦᠨ ᠤ ᠨᠡᠶᠢᠭᠡᠮ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠣᠳᠣᠬᠢ ᠨᠡᠶᠢᠭᠡᠮ ᠤᠨ | ᠠᠵᠢᠯ ᠤᠨ | 2. ᠦᠶᠤᠸᠠᠨ ᠰᠢᠶᠠᠨ ᠤ ᠭᠦ᠋ ᠵᠢᠶᠦ᠋ᠨ ᠵᠡᠭᠡᠯᠢ ᠭᠤᠳᠤᠮᠵᠢ ᠶᠢᠨ ᠬᠡᠷᠡᠭᠰᠡᠬᠦ ᠠᠵᠢᠯᠳᠠᠨ ᠢ ᠵᠠᠷᠴᠢᠮ ᠳᠡᠭᠡᠷ᠎ᠡ ᠪᠠᠨ ᠰᠢᠶᠠᠨ ᠤ ᠵᠠᠰᠠᠭ ᠤᠨ ᠣᠷᠳᠣᠨ ᠠᠴᠠ ᠪᠦᠬᠦ | ᠰᠢᠶᠠᠨ ᠤ ᠬᠡᠪᠴᠢᠶᠡᠨ ᠳᠤ ᠨᠢᠭᠡᠳᠦᠯᠲᠡᠶ ᠲᠣᠬᠢᠷᠠᠭᠤᠯᠵᠤ ᠲᠣᠬᠢᠷᠠᠭᠤᠯᠤᠨ᠎ᠠ᠂ ᠠᠵᠢᠯᠳᠠᠨ ᠢ ᠲᠣᠬᠢᠷᠠᠭᠤᠯᠬᠤ ᠳᠠᠭᠠᠨ ᠺᠠᠳ᠋ᠷ ᠤᠨ ᠲᠤᠰᠬᠠᠶ ᠮᠡᠷᠭᠡᠵᠢᠯ ᠤᠨ ᠴᠣᠯᠠ ᠪᠣᠯᠤᠨ | ᠠᠵᠢᠯ ᠤᠨ ᠪᠠᠶᠢᠷᠢ ᠶᠢᠨ ᠲᠤᠬᠢᠷᠠᠯᠴᠠᠭ᠎ᠠ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠨ᠎ᠠ᠃ ᠡᠷᠲᠡᠨ ᠤ ᠵᠢᠶᠦ᠋ᠨ ᠵᠡᠭᠡᠯᠢ ᠭᠤᠳᠤᠮᠵᠢ ᠶᠢ ᠪᠠᠶᠢᠭᠤᠯᠬᠤ ᠳᠤ ᠡᠳ᠋ ᠤᠨ | ᠵᠠᠰᠠᠭ ᠠᠴᠠ ᠠᠰᠠᠷᠠᠨ ᠲᠡᠵᠢᠭᠡᠬᠦ ᠬᠥᠮᠦᠰ ᠢ ᠨᠡᠮᠡᠬᠦ ᠦᠭᠡᠢ᠂ ᠵᠡᠭᠡᠯᠢ ᠭᠤᠳᠤᠮᠵᠢ ᠶᠢᠨ ᠠᠯᠪᠠᠨ ᠠᠰᠠᠷ ᠢ ᠰᠢᠨ᠎ᠡ ᠪᠠᠷ ᠪᠠᠶᠢᠭᠤᠯᠬᠤ ᠦᠭᠡᠢ | ᠲᠠᠪᠤ᠂ ᠠᠵᠢᠯ ᠤᠨ ᠠᠯᠬᠤᠮ ᠳᠠᠷᠠᠭ᠎ᠠ | ᠡᠷᠲᠡᠨ ᠤ ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠬᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ ᠳᠡᠭᠡᠷ᠎ᠡ ᠠᠴᠠ ᠳᠣᠷᠣᠭᠰᠢ᠂ ᠳᠡᠭᠡᠷ᠎ᠡ ᠳᠣᠣᠷᠠᠬᠢ ᠶᠢ | ᠤᠶᠠᠯᠳᠤᠭᠤᠯᠵᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠠᠴᠠ ᠡᠷᠲᠡᠨ ᠤ ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠬᠤ ᠲᠥᠰᠦᠯ ᠢ ᠳᠤᠷᠠᠳᠤᠨ | ᠭᠠᠷᠭᠠᠵᠤ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠢᠵᠦ᠂ ᠰᠢᠶᠠᠨ ᠤ ᠵᠠᠰᠠᠭ ᠤᠨ ᠣᠷᠳᠣᠨ ᠠᠴᠠ | ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠥᠰᠦᠯ ᠤᠨ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠷᠲᠡᠨ ᠤ ᠵᠢᠶᠦ᠋ᠨ ᠤ ᠵᠡᠭᠡᠯᠢ ᠭᠤᠳᠤᠮᠵᠢ ᠶᠢ | ᠪᠠᠶᠢᠭᠤᠯᠬᠤ ᠠᠵᠢᠯ ᠢ ᠨᠡᠶᠢᠳᠡ ᠲᠦᠷᠪᠡᠨ ᠱᠠᠳᠤ ᠬᠤᠪᠢᠶᠠᠨ᠎ᠠ᠄ | ᠨᠢᠭᠡᠳᠦᠭᠡᠷ ᠱᠠᠲᠤ᠂ ᠨᠠᠷᠢᠨ ᠨᠢᠭᠲᠠ ᠲᠥᠯᠥᠪᠵᠢᠭᠦᠯᠵᠦ᠂ ᠲᠥᠰᠦᠯ ᠲᠣᠭᠲᠠᠭᠠᠨ᠎ᠠ᠃ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠯᠦᠩ ᠰᠢᠩ | ᠴᠠᠩ ᠪᠠᠯᠭᠠᠰᠤᠨ ᠤ ᠬᠠᠷᠢᠶ᠎ᠠ ᠲᠣᠭᠤᠷᠢᠭ ᠤᠨ ᠠᠵᠤ ᠠᠬᠤᠶ ᠶᠢᠨ ᠬᠢᠷᠢ ᠬᠡᠮᠵᠢᠶ᠎ᠡ᠂ ᠰᠠᠭᠤᠭᠠᠯᠢ ᠠᠷᠠᠳ ᠤᠨ ᠠᠮᠢᠳᠤᠷᠠᠯ ᠤᠨ ᠣᠳᠣᠬᠢ ᠪᠠᠶᠢᠳᠠᠯ ᠵᠢᠴᠢ ᠭᠠᠵᠠᠷ | ᠵᠦᠢ ᠶᠢᠨ ᠨᠥᠬᠦᠴᠡᠯ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ᠂ ᠲᠡᠦᠬᠡ ᠶᠢᠨ ᠤᠯᠠᠷᠢᠯ ᠬᠤᠪᠢᠰᠤᠯ ᠪᠠ ᠤᠯᠠᠨ | ᠲᠦᠮᠡᠨ ᠤ ᠠᠮᠢᠳᠤᠷᠠᠯ ᠤᠨ ᠵᠠᠩ ᠳᠠᠳᠬᠠᠯ ᠵᠡᠷᠭᠡ ᠬᠦᠴᠦᠨ ᠵᠦᠢᠯ ᠢ ᠭᠦᠨᠵᠡᠭᠡᠶ ᠪᠠᠶᠢᠴᠠᠭᠠᠨ ᠰᠤᠳᠤᠯᠵᠤ᠂ ᠦᠨᠳᠦᠰᠦᠨ ᠱᠠᠲᠤᠨ ᠤ ᠺᠠᠳ᠋ᠷ᠂ ᠨᠠᠮ ᠤᠨ ᠭᠡᠰᠢᠭᠦᠨ ᠤ | ᠲᠥᠯᠥᠭᠡᠯᠡᠭᠴᠢ᠂ ᠤᠯᠠᠨ ᠲᠦᠮᠡᠨ ᠤ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠢ | ᠬᠤᠷᠠᠯᠳᠤᠭᠤᠯᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠴᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠡᠷᠡᠭᠵᠢᠭᠦᠯᠬᠦ ᠲᠥᠰᠦᠯ ᠢ | ᠲᠣᠭᠲᠠᠭᠠᠪᠠ᠃ ᠰᠢᠨ᠎ᠡ ᠪᠠᠷ ᠪᠠᠶᠢᠭᠤᠯᠤᠭᠰᠠᠨ ᠵᠡᠭᠡᠯᠢ ᠭᠤᠳᠤᠮᠵᠢ ᠶᠢ ᠨᠡᠷᠡᠶᠢᠳᠬᠦ ᠳᠤ ᠲᠠᠰ ᠳᠠᠷᠠᠭᠠᠯᠠᠯ ᠢ ᠵᠢᠷᠤᠮᠵᠢᠭᠤᠯᠵᠤ᠂ ᠰᠦᠯᠵᠢᠶ᠎ᠡ ᠵᠢᠴᠢ ᠰᠦᠯᠵᠢᠶᠡᠨ ᠠᠴᠠ | ᠭᠠᠳᠠᠭᠤᠷ ᠥᠷᠭᠡᠨ ᠢᠶᠠᠷ ᠡᠯᠰᠡᠨ ᠴᠤᠭᠯᠠᠭᠤᠯᠬᠤ ᠶᠢᠨ ᠬᠠᠮᠲᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠪᠠᠷ ᠳᠠᠮᠵᠢᠭᠤᠯᠤᠨ ᠰᠢᠶᠠᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠳᠤ ᠮᠡᠳᠡᠭᠦᠯᠦᠨ ᠵᠥᠪᠯᠡᠨ ᠲᠣᠭᠲᠠᠭᠠᠯᠭᠠᠬᠤ ᠬᠡᠷᠡᠭᠲᠡᠶ᠃ | ᠬᠤᠶᠠᠳᠤᠭᠠᠷ ᠱᠠᠳᠤ᠂ ᠰᠠᠨᠠᠯ ᠬᠤᠷᠢᠶᠠᠵᠤ᠂ ᠪᠠᠶᠢᠴᠠᠭᠠᠨ ᠰᠤᠳᠤᠯᠵᠤ ᠨᠤᠲᠠᠯᠠᠯᠲᠠ ᠬᠢᠨ᠎ᠠ᠃ ᠰᠢᠶᠠᠨ ᠤ ᠵᠠᠰᠠᠭ ᠤᠨ ᠣᠷᠳᠣᠨ ᠠᠴᠠ ᠨᠡᠶᠢᠭᠡᠮ ᠤᠨ ᠠᠵᠢᠯ ᠤᠨ | ᠦᠢᠯᠡᠴᠢᠯᠡᠭᠡᠨ ᠤ ᠲᠥᠪ ᠤᠨ ᠳᠡᠭᠡᠭᠰᠢ ᠮᠡᠳᠡᠭᠦᠯᠦᠭᠰᠡᠨ ᠡᠷᠲᠡᠨ ᠤ ᠵᠢᠶᠦ᠋ᠨ ᠵᠡᠭᠡᠯᠢ ᠭᠤᠳᠤᠮᠵᠢ ᠶᠢ ᠪᠠᠶᠢᠭᠤᠯᠬᠤ ᠪᠠᠷ ᠮᠡᠳᠡᠭᠦᠯᠬᠦ ᠲᠤᠬᠠᠶ ᠵᠢᠭᠠᠪᠤᠷᠢ ᠠᠪᠬᠤ | ᠮᠡᠳᠡᠭᠦᠯᠦᠯᠲᠡ ᠳᠤ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠪᠠ᠃ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ᠵᠢᠴᠢ | ᠬᠡᠰᠡᠭ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠦᠭᠰᠢᠭᠦᠷᠢ ᠶᠢ ᠦᠨᠡᠯᠡᠨ ᠵᠢᠱᠢᠬᠦ ᠨᠤᠲᠠᠯᠠᠯᠲᠠ ᠶᠢᠨ ᠬᠤᠷᠠᠯ ᠬᠤᠷᠠᠯᠳᠤᠨ᠎ᠠ᠃ ᠰᠢᠶᠠᠨ ᠤ ᠠᠷᠠᠳ ᠤᠨ | ᠶᠠᠪᠤᠳᠠᠯ ᠤᠨ ᠲᠣᠪᠴᠢᠶ᠎ᠠ ᠠᠴᠠ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠬᠤᠷᠠᠯᠳᠤᠨ᠎ᠠ᠃ | ᠭᠤᠷᠪᠠᠳᠤᠭᠠᠷ ᠱᠠᠲᠤ᠂ ᠮᠠᠲ᠋ᠧᠷᠢᠶᠠᠯ ᠢᠶᠠᠨ ᠬᠤᠷᠢᠶᠠᠩᠭᠤᠶᠢᠯᠠᠭᠠᠳ ᠱᠠᠳᠤ ᠱᠠᠳᠤ ᠪᠠᠷ ᠳᠡᠭᠡᠭᠰᠢ ᠮᠡᠳᠡᠭᠦᠯᠬᠦ ᠬᠡᠷᠡᠭᠲᠡᠶ᠃ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠯᠭᠠᠰᠤ᠂ ᠵᠡᠭᠡᠯᠢ ᠭᠤᠳᠤᠮᠵᠢ ᠪᠠᠶᠢᠭᠤᠯᠬᠤ ᠪᠠᠷᠢᠮᠵᠢᠶ᠎ᠠ﹀ ︿ᠪᠠᠯᠭᠠᠰᠤ᠂ ᠵᠡᠭᠡᠯᠢ ᠭᠤᠳᠤᠮᠵᠢ ᠪᠠᠶᠢᠭᠤᠯᠬᠤ ᠳᠤ ᠮᠡᠳᠡᠭᠦᠯᠵᠦ ᠬᠢᠨᠠᠨ | ᠬᠠᠷᠭᠤᠭᠤᠯᠬᠤ ᠲᠠᠰ ᠳᠠᠷᠠᠭᠠᠯᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ︹ 2020 ︺ 115 | ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠡᠭᠡᠯᠢ ᠭᠤᠳᠤᠮᠵᠢ ᠪᠠᠶᠢᠭᠤᠯᠬᠤ ᠬᠠᠮᠢᠶ᠎ᠠ ᠪᠥᠬᠦᠶ ᠮᠠᠲ᠋ᠧᠷᠢᠶᠠᠯ ᠢ ᠬᠤᠷᠢᠶᠠᠩᠭᠤᠶᠢᠯᠠᠵᠤ᠂ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ︽ᠭᠦ᠋ ᠵᠢᠶᠦ᠋ᠨ ᠵᠡᠭᠡᠯᠢ ᠭᠤᠳᠤᠮᠵᠢ ᠪᠠᠶᠢᠭᠤᠯᠬᠤ ᠲᠤᠬᠠᠶ ᠦᠶᠤᠸᠠᠨ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠵᠢᠭᠠᠪᠤᠷᠢ ᠠᠪᠬᠤ ᠮᠡᠳᠡᠭᠦᠯᠦᠯᠲᠡ︾ ᠶᠢ ᠳᠡᠭᠡᠭᠰᠢ ᠮᠡᠳᠡᠭᠦᠯᠦᠨ᠎ᠡ᠃ | ᠳᠥᠷᠪᠡᠳᠦᠭᠡᠷ ᠱᠠᠲᠤ᠂ ᠬᠢᠨᠠᠨ ᠵᠥᠪᠰᠢᠶᠡᠷᠡᠵᠦ ᠪᠠᠭᠤᠯᠭᠠᠬᠤ᠂ ᠫᠠᠶᠢᠰᠠ ᠡᠯᠭᠦᠨ ᠠᠵᠢᠯᠯᠠᠨ᠎ᠠ᠃ ᠬᠥ᠋ ᠵᠢᠶᠦ᠋ᠨ ᠵᠡᠭᠡᠯᠢ ᠭᠤᠳᠤᠮᠵᠢ ᠶᠢᠨ ᠵᠢᠭᠠᠪᠤᠷᠢ ᠠᠪᠬᠤ | ᠮᠠᠲ᠋ᠧᠷᠢᠶᠠᠯ ᠢ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠵᠦ | ᠪᠠᠭᠤᠯᠭᠠᠭᠰᠠᠨ ᠤ ᠳᠠᠷᠠᠭ᠎ᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠫᠠᠶᠢᠰᠠ ᠲᠠᠮᠠᠭ᠎ᠠ ᠣᠯᠭᠤᠵᠤ᠂ ᠵᠢᠩᠬᠢᠨᠢ ᠪᠠᠷ ᠫᠠᠶᠢᠰᠠ ᠡᠯᠭᠦᠨ ᠠᠵᠢᠯᠯᠠᠨ᠎ᠠ᠃ | ᠵᠢᠷᠭᠤᠭ᠎ᠠ᠂ ᠭᠤᠣᠯ ᠠᠷᠭ᠎ᠠ ᠬᠡᠮᠵᠢᠶ᠎ᠡ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠵᠡᠭᠡᠯᠢ ᠭᠤᠳᠤᠮᠵᠢ ᠪᠠᠶᠢᠭᠤᠯᠬᠤ ᠠᠵᠢᠯ ᠢ ᠦᠶᠤᠸᠠᠨ | ᠰᠢᠶᠠᠨ ᠳᠤ ᠬᠦ᠋ ᠵᠢᠶᠦ᠋ᠨ ᠵᠡᠭᠡᠯᠢ ᠭᠤᠳᠤᠮᠵᠢ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ ᠨᠢᠭᠡᠳᠦᠯᠲᠡᠶ ᠤᠳᠤᠷᠢᠳᠴᠤ᠂ ᠰᠢᠶᠠᠨ ᠤ ᠠᠷᠠᠳ ᠤᠨ | ᠶᠠᠪᠤᠳᠠᠯ ᠤᠨ ᠲᠣᠪᠴᠢᠶ᠎ᠠ ᠠᠴᠠ ᠪᠣᠳᠠᠲᠠᠶ ᠪᠠᠷ ᠬᠡᠷᠡᠭᠵᠢᠭᠦᠯᠦᠨ᠎ᠡ᠃ ᠦᠶᠤᠸᠠᠨ ᠰᠢᠶᠠᠨ ᠳᠤ ᠭᠦ᠋ ᠵᠢᠶᠦ᠋ᠨ ᠵᠡᠭᠡᠯᠢ ᠭᠤᠳᠤᠮᠵᠢ ᠶᠢᠨ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠵᠢᠯ ᠤᠨ ᠬᠠᠷᠢᠭᠤᠴᠠᠯᠭ᠎ᠠ ᠶᠢᠨ ᠵᠠᠳᠠᠯᠤᠯᠲᠠ ᠶᠢᠨ ᠬᠦᠰᠦᠨᠦᠭ ᠲᠣᠭᠲᠠᠭᠠᠵᠤ᠂ ᠡᠯ᠎ᠡ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂ ᠡᠭᠦᠷᠭᠡ᠂ ᠱᠠᠭᠠᠷᠳᠠᠯᠭ᠎ᠠ ᠪᠣᠯᠤᠨ ᠴᠠᠭ ᠤᠨ ᠲᠤᠬᠢᠷᠠᠭᠤᠯᠤᠯᠳᠠ ᠶᠢ ᠲᠣᠳᠣᠷᠬᠠᠶᠢᠯᠠᠪᠠ᠃ ᠰᠢᠶᠠᠨ ᠤ ᠵᠠᠰᠠᠭ ᠤᠨ | ᠣᠷᠳᠣᠨ ᠤ ᠠᠯᠪᠠᠨ ᠭᠡᠷ᠂ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠵᠣᠬᠢᠴᠠᠭᠤᠯᠬᠤ ᠪᠠ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠡᠷᠲᠡᠨ ᠤ ᠵᠢᠶᠦ᠋ᠨ | ᠵᠡᠭᠡᠯᠢ ᠭᠤᠳᠤᠮᠵᠢ ᠶᠢ ᠪᠠᠶᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠲᠦᠯᠬᠢᠨ ᠠᠬᠢᠭᠤᠯᠬᠤ ᠬᠡᠷᠡᠭᠲᠡᠶ᠃ | ︵ᠬᠤᠶᠠᠷ︶ ᠤᠬᠠᠭᠤᠯᠭ᠎ᠠ ᠪᠠᠨ ᠴᠢᠩᠭᠠᠷᠠᠭᠤᠯᠵᠤ᠂ ᠢᠳᠡᠪᠬᠢᠲᠡᠶ ᠪᠠᠷ ᠬᠥᠲᠥᠯᠦᠨ ᠵᠢᠯᠣᠭᠤᠳᠤᠨ᠎ᠠ᠃ ᠤᠬᠠᠭᠤᠯᠭ᠎ᠠ ᠪᠠᠷ ᠵᠠᠮ ᠨᠡᠭᠡᠭᠡᠬᠦ ᠶᠢ ᠬᠥᠲᠥᠯᠥᠨ | ᠵᠢᠯᠣᠭᠤᠳᠬᠤ ᠶᠢ ᠪᠠᠷᠢᠮᠲᠠᠯᠠᠵᠤ᠂ ᠤᠬᠠᠭᠤᠯᠭ᠎ᠠ ᠶᠢᠨ ᠠᠵᠢᠯ ᠢ ᠭᠦ᠋ ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠬᠤ ᠠᠵᠢᠯ ᠤᠨ ᠡᠬᠢᠨ ᠠᠴᠠ ᠠᠪᠤᠭᠠᠳ ᠠᠳᠠᠭ ᠲᠤ | ᠬᠦᠷᠲᠡᠯ᠎ᠡ ᠲᠤᠤᠱᠯᠠᠭᠤᠯᠵᠤ᠂ ᠡᠷᠲᠡᠨ ᠤ ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠬᠤ ᠶᠢᠨ ᠴᠢᠬᠤᠯᠠ ᠴᠢᠨᠠᠷ᠂ ᠴᠢᠬᠤᠯᠠ ᠴᠢᠨᠠᠷ᠂ ᠪᠣᠯᠤᠮᠵᠢᠲᠤ ᠴᠢᠨᠠᠷ ᠵᠢᠴᠢ | ᠡᠷᠲᠡᠨ ᠤ ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠬᠤ ᠦᠨᠳᠦᠰᠦᠨ ᠵᠠᠷᠴᠢᠮ᠂ ᠠᠷᠭ᠎ᠠ ᠮᠠᠶ᠋ᠢᠭ ᠠᠯᠬᠤᠮ ᠲᠠᠷᠠᠭ᠎ᠠ᠂ ᠴᠠᠭ ᠤᠨ ᠲᠤᠬᠢᠷᠠᠭᠤᠯᠤᠯᠳᠠ ᠵᠡᠷᠭᠡ ᠶᠢ | ᠭᠤᠣᠯᠳᠠᠯᠭ᠎ᠠ ᠲᠠᠢ ᠪᠠᠷ ᠤᠬᠠᠭᠤᠯᠬᠤ ᠬᠡᠷᠡᠭᠲᠡᠶ᠃ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠴᠠᠭ | ᠦᠶ᠎ᠡ ᠲᠠᠢ ᠵᠡᠷᠭᠡ ᠪᠠᠷ ᠤᠷᠤᠭᠰᠢᠯᠠᠭᠤᠯᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠷᠲᠡᠨ ᠤ ᠵᠢᠶᠦ᠋ᠨ ᠵᠡᠭᠡᠯᠢ ᠭᠤᠳᠤᠮᠵᠢ ᠶᠢ ᠪᠠᠶᠢᠭᠤᠯᠬᠤ ᠠᠵᠢᠯ ᠳᠤ | ᠬᠥᠭᠵᠢᠯᠲᠡ ᠶᠢᠨ ᠬᠠᠷᠠᠴᠠ ᠪᠠᠷ ᠵᠥᠪ ᠢᠶᠠᠷ ᠬᠠᠨᠳᠤᠭᠤᠯᠤᠨ᠎ᠠ᠃ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠬᠤᠯᠠᠴᠢᠯᠠᠵᠤ᠂ ᠡᠯ᠎ᠡ ᠵᠦᠢᠯ ᠤᠨ ᠵᠠᠭᠤᠴᠢᠯᠠᠭᠤᠷ ᠢ | ᠭᠦᠢᠴᠡᠳ ᠠᠰᠢᠭᠯᠠᠨ ᠵᠥᠪ ᠲᠠᠯ᠎ᠠ ᠶᠢᠨ ᠤᠬᠠᠭᠤᠯᠭ᠎ᠠ ᠪᠠ ᠲᠠᠶᠢᠴᠢᠯᠠᠯᠳᠠ ᠶᠢ ᠰᠠᠶᠢᠲᠤᠷ ᠬᠢᠵᠦ᠂ ᠤᠯᠠᠨ ᠲᠦᠮᠡᠨ ᠳᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠠᠨᠠᠭ᠎ᠠ ᠵᠣᠷᠢᠯᠲᠠ ᠶᠢ ᠦᠨᠡᠨ ᠬᠦ ᠣᠶᠢᠯᠠᠭᠠᠭᠤᠯᠵᠤ᠂ ᠢᠳᠡᠪᠬᠢᠲᠡᠶ ᠪᠠᠷ ᠲᠡᠮᠵᠢᠨ ᠣᠷᠣᠯᠴᠠᠭᠤᠯᠵᠤ᠂ ᠡᠷᠲᠡᠨ ᠤ ᠵᠢᠶᠦ᠋ᠨ ᠵᠡᠭᠡᠯᠢ ᠭᠤᠳᠤᠮᠵᠢ ᠶᠢ ᠨᠢᠭᠡ | ᠯᠡ ᠳᠡᠭᠡᠷ᠎ᠡ ᠪᠠᠶᠢᠭᠤᠯᠵᠤ᠂ ᠨᠢᠭᠡ ᠯᠡ ᠳᠡᠭᠡᠷ᠎ᠡ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠭᠤᠷᠪᠠ︶ ᠪᠣᠳᠠᠲᠠᠶ ᠳᠤ ᠰᠠᠭᠤᠷᠢᠯᠠᠨ᠂ ᠲᠥᠰᠦᠯ ᠢᠶᠠᠨ ᠨᠠᠷᠢᠯᠢᠬᠵᠢᠭᠤᠯᠤᠨ᠎ᠠ᠃ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠠᠷᠢᠶ᠎ᠠ ᠣᠷᠣᠨ ᠤ ᠪᠠᠨ ᠤᠯᠤᠰ ᠤᠨ ᠥᠮᠴᠢᠯᠡᠯ ᠤᠨ ᠪᠠ | ᠬᠠᠮᠲᠤ ᠶᠢᠨ ᠡᠳ᠋ ᠬᠦᠷᠦᠩᠭᠡ᠂ ᠠᠵᠤ ᠠᠬᠤᠶ ᠶᠢᠨ ᠪᠠᠶᠢᠳᠠᠯ ᠪᠠ ᠠᠵᠤ ᠦᠢᠯᠡᠰ ᠤᠨ ᠪᠦᠲᠦᠴᠡ᠂ ᠪᠠᠶᠢᠭᠤᠯᠤᠮᠵᠢ ᠶᠢᠨ ᠣᠷᠣᠨ ᠲᠤᠭ᠎ᠠ ᠪᠠ ᠠᠵᠢᠯᠳᠡᠠ ᠤ ᠪᠠᠶᠢᠳᠠᠯ | ᠵᠡᠷᠭᠡ ᠶᠢ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ ᠬᠡᠷᠡᠭᠲᠡᠶ᠃ ᠤᠯᠠᠨ ᠵᠦᠢᠯ ᠤᠨ ᠬᠡᠯᠪᠡᠷᠢ ᠶᠢᠨ ᠶᠠᠷᠢᠯᠴᠠᠬᠤ ᠬᠤᠷᠠᠯ ᠢ ᠬᠤᠷᠠᠯᠳᠤᠵᠦ᠂ ᠤᠯᠠᠨ ᠲᠦᠮᠡᠨ ᠤ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠬᠡᠷᠡᠭᠵᠢᠭᠦᠯᠬᠦ ᠲᠥᠰᠦᠯ ᠤᠨ ᠪᠣᠳᠠᠲᠠᠶ ᠲᠠᠢ ᠨᠡᠶᠢᠴᠡᠬᠦ᠂ ᠨᠡᠯᠢᠶᠡᠳ ᠴᠢᠩᠭ᠎ᠠ ᠵᠢᠯᠣᠭᠤᠳᠬᠤ ᠴᠢᠨᠠᠷ ᠪᠠ ᠬᠡᠷᠡᠭᠵᠢᠭᠦᠯᠬᠦ | ᠴᠢᠨᠠᠷ ᠲᠠᠢ ᠪᠠᠶᠢᠬᠤ ᠶᠢ ᠦᠨᠡᠨ ᠬᠦ ᠪᠠᠲᠤᠯᠠᠵᠤ᠂ ᠵᠥᠷᠢᠴᠡᠯ ᠪᠠ ᠠᠰᠠᠭᠤᠳᠠᠯ ᠢ ᠰᠢᠶ᠋ᠳᠪᠦᠷᠢᠯᠡᠬᠦ ᠶᠢ ᠦᠨᠡᠨ ᠬᠦ ᠲᠦᠯᠬᠢᠨ ᠠᠬᠢᠭᠤᠯᠬᠤ ᠬᠡᠷᠡᠭᠲᠡᠶ᠃ | ︵ᠲᠦᠷᠪᠡ︶ ᠭᠤᠣᠯᠳᠠᠯᠭ᠎ᠠ ᠶᠢ ᠠᠳᠬᠤᠵᠤ᠂ ᠵᠣᠬᠢᠴᠠᠩᠭᠤᠶ ᠪᠠᠷ ᠬᠥᠭᠵᠢᠭᠦᠯᠦᠨ᠎ᠡ᠃ ᠡᠯ᠎ᠡ ᠰᠠᠯᠠᠭ᠎ᠠ ᠮᠥᠴᠢᠷ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ | ᠲᠥᠪ ᠤᠳ ᠡᠷᠲᠡᠨ ᠤ ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠬᠤ ᠠᠵᠢᠯ ᠢ ᠡᠨᠡ ᠵᠢᠯ ᠤᠨ ᠨᠢᠭᠡᠨ ᠴᠢᠬᠤᠯᠠ ᠡᠭᠦᠷᠭᠡ ᠪᠣᠯᠭᠠᠨ ᠠᠳᠬᠤᠵᠤ᠂ ᠨᠠᠷᠢᠨ ᠨᠢᠮᠪᠠᠶ | ᠵᠣᠬᠢᠶᠠᠨ ᠪᠠᠶᠢᠭᠤᠯᠵᠤ᠂ ᠵᠦᠢ ᠵᠣᠬᠢᠰᠲᠠᠶ ᠪᠠᠷ ᠪᠠᠶᠢᠷᠢᠯᠠᠭᠤᠯᠵᠤ᠂ ᠲᠣᠭᠲᠠᠭᠰᠠᠨ ᠴᠠᠭ ᠲᠤᠨᠢ ᠪᠡᠶᠡᠯᠡᠭᠦᠯᠬᠦ ᠬᠡᠷᠡᠭᠲᠡᠶ᠃ ᠥᠷᠭᠡᠨ ᠤᠯᠠᠨ ᠺᠠᠳ᠋ᠷ ᠤᠯᠠᠨ ᠲᠦᠮᠡᠨ ᠢ | ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠴᠤᠭ ᠰᠦᠯᠳᠡ ᠶᠢ ᠨᠢ ᠤᠯᠠᠮ ᠨᠢᠭᠡ ᠠᠯᠬᠤᠮ ᠪᠠᠳᠠᠷᠠᠭᠤᠯᠤᠨ᠂ ᠦᠨᠡᠨ ᠢ ᠪᠠᠷᠢᠮᠲᠠᠯᠠᠨ ᠪᠣᠳᠠᠲᠤ | ᠠᠵᠢᠯᠯᠠᠭ᠎ᠠ ᠶᠢ ᠡᠷᠬᠢᠮᠯᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ᠃ | ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠳᠡᠭᠡᠳᠦ ᠬᠡᠮᠵᠢᠶᠡᠨ ᠠᠴᠠ ᠲᠣᠭᠲᠠᠭᠤᠨ ᠪᠠᠶᠢᠯᠭᠠᠬᠤ ᠠᠵᠢᠯ ᠢ ᠦᠨᠡᠨ ᠬᠦ ᠴᠢᠩᠭᠠᠳᠬᠠᠵᠤ᠂ ᠺᠠᠳ᠋ᠷ | ᠤᠯᠠᠨ ᠲᠦᠮᠡᠨ ᠤ ᠦᠵᠡᠯ ᠰᠠᠨᠠᠭᠠᠨ ᠤ ᠪᠠᠶᠢᠳᠠᠯ ᠢ ᠴᠠᠭ ᠲᠤᠬᠠᠶ ᠳᠤᠨᠢ ᠤᠢᠢᠯᠠᠭᠠᠨ ᠡᠵᠡᠮᠰᠢᠵᠦ᠂ ᠪᠠᠶᠢᠭᠤᠯᠤᠯ ᠤᠨ ᠥᠭᠡᠷᠡᠴᠢᠯᠡᠯᠲᠡ ᠶᠢᠨ ᠳᠤᠮᠳᠠ ᠢᠯᠡᠷᠡᠭᠰᠡᠨ | ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠢ ᠡᠷᠲᠡ ᠠᠴᠠ ᠣᠶᠢᠯᠠᠭᠠᠵᠤ᠂ ᠡᠷᠲᠡ ᠠᠴᠠ ᠮᠡᠳᠡᠭᠦᠯᠵᠦ᠂ ᠡᠷᠲᠡ ᠠᠴᠠ ᠰᠤᠳᠤᠯᠵᠤ᠂ | ᠡᠷᠲᠡ ᠠᠴᠠ ᠰᠢᠶ᠋ᠳᠪᠦᠷᠢᠯᠡᠵᠦ᠂ ᠬᠠᠷᠢᠶ᠎ᠠ ᠣᠷᠣᠨ ᠤ ᠪᠠᠨ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃ | ︵ᠲᠠᠪᠤ︶ ᠰᠠᠬᠢᠯᠭ᠎ᠠ ᠪᠠᠲᠤ ᠶᠢ ᠴᠢᠩᠳᠠᠯᠠᠵᠤ᠂ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠰᠠᠭᠤᠭᠠᠯᠢ ᠠᠷᠠᠳ ᠤᠨ ᠶᠠᠪᠤᠳᠠᠯ ᠢ ᠢᠯᠡ ᠪᠣᠯᠭᠠᠬᠤ ᠲᠦᠷᠢᠮ ᠢ | ᠬᠢᠨᠠᠮᠠᠭᠠᠶ ᠬᠡᠷᠡᠭᠵᠢᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠴᠠᠭ ᠲᠤᠬᠠᠶ ᠳᠤᠨᠢ ᠢᠯᠡ ᠪᠣᠯᠭᠠᠵᠤ᠂ | ᠬᠠᠮᠲᠤ ᠶᠢᠨ ᠡᠳ᠋ ᠬᠥᠷᠥᠩᠭᠡ ᠶᠢ ᠰᠢᠢᠳᠪᠦᠷᠢᠯᠡᠬᠦ ᠠᠷᠭ᠎ᠠ ᠵᠢᠴᠢ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠭᠰᠠᠨ ᠨᠠᠷᠢᠨ ᠲᠠᠩᠰᠠ ᠶᠢ ᠵᠢᠷᠤᠮᠵᠢᠯ ᠲᠠᠢ ᠢᠯᠡ | ᠪᠣᠯᠭᠠᠬᠤ ᠬᠡᠷᠡᠭᠲᠡᠶ᠃ ᠢᠯᠡ ᠪᠣᠯᠭᠠᠬᠤ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠺᠠᠳ᠋ᠷᠴᠤᠳ ᠤᠯᠠᠨ ᠲᠦᠮᠡᠨ ᠤ ᠳᠤᠮᠳᠠ | ᠭᠦᠨᠵᠡᠭᠡᠶᠢᠷᠡᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠤᠯᠠᠨ ᠲᠦᠮᠡᠨ ᠤ ᠮᠠᠳᠠᠭ ᠲᠠᠢ ᠠᠰᠠᠭᠤᠳᠠᠯ ᠳᠤ ᠴᠠᠭ ᠲᠤᠬᠠᠶ ᠳᠤᠨᠢ | ᠬᠠᠷᠢᠭᠤᠯᠲᠠ ᠥᠭᠬᠦ ᠬᠡᠷᠡᠭᠲᠡᠶ᠃ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠷᠲᠡᠨ ᠤ ᠵᠢᠶᠦ᠋ᠨ ᠵᠡᠭᠡᠯᠢ ᠭᠤᠳᠤᠮᠵᠢ ᠶᠢ ᠪᠠᠶᠢᠭᠤᠯᠬᠤ ᠶᠠᠪᠤᠴᠠ ᠳᠤ᠂ ᠰᠠᠬᠢᠯᠭ᠎ᠠ | ᠪᠠᠲᠤ ᠪᠠᠶᠢᠴᠠᠭᠠᠬᠤ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ | ᠪᠠ ᠨᠡᠶᠢᠭᠡᠮ ᠲᠣᠭᠤᠷᠢᠭ ᠤᠨ ᠬᠠᠮᠲᠤ ᠶᠢᠨ ᠡᠳ᠋ ᠬᠦᠷᠦᠩᠭᠡ ᠶᠢ ᠢᠯᠭᠠᠷᠠᠭᠤᠯᠤᠨ ᠲᠢᠭᠯᠡᠵᠦ ᠡᠳ᠋ ᠬᠦᠷᠦᠩᠭᠡ ᠶᠢ ᠬᠢᠨᠠᠬᠤ ᠠᠵᠢᠯ ᠢ ᠰᠠᠶᠢᠲᠤᠷ ᠬᠢᠵᠦ᠂ ᠡᠳ᠋ | ᠬᠦᠷᠦᠩᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠷᠲᠡᠨ ᠤ | ᠵᠢᠶᠦ᠋ᠨ ᠤ ᠵᠡᠭᠡᠯᠢ ᠭᠤᠳᠤᠮᠵᠢ ᠶᠢ ᠪᠠᠶᠢᠭᠤᠯᠬᠤ ᠵᠠᠪᠰᠢᠶᠠᠨ ᠢ ᠠᠰᠢᠭᠯᠠᠨ ᠬᠠᠮᠲᠤ ᠶᠢᠨ ᠡᠳ᠋ ᠬᠦᠷᠦᠩᠭᠡ ᠶᠢ ᠬᠤᠪᠢ ᠪᠠᠷ ᠢᠶᠠᠨ ᠬᠤᠪᠢᠶᠠᠵᠤ ᠪᠣᠯᠬᠤ ᠦᠭᠡᠢ᠂ | ᠠᠯᠪᠠᠯᠠᠬᠤ ᠭᠠᠵᠠᠷ ᠢ ᠳᠡᠭᠡᠳᠦ ᠲᠡᠰ ᠢᠶᠠᠷ ᠵᠠᠰᠠᠨ ᠴᠢᠮᠡᠭᠯᠡᠬᠦ ᠪᠠ ᠠᠯᠪᠠᠯᠠᠬᠤ ᠬᠡᠷᠡᠭᠰᠡᠯ ᠬᠤᠳᠠᠯᠳᠤᠨ ᠠᠪᠴᠤ ᠪᠣᠯᠬᠤ ᠦᠭᠡᠢ᠂ ᠲᠤᠮᠤ ᠬᠡᠯᠪᠡᠷᠢ ᠶᠢᠨ ᠪᠡᠯᠭᠡᠯᠡᠬᠦ | ᠠᠵᠢᠯᠯᠠᠭ᠎ᠠ ᠬᠢᠵᠦ ᠪᠣᠯᠬᠤ ᠦᠭᠡᠢ᠂ ᠶᠡᠭᠡ ᠪᠠᠷ ᠢᠳᠡᠵᠦ ᠤᠤᠭᠤᠬᠤ ᠵᠡᠷᠭᠡ ᠮᠠᠭᠤ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ |