ᠲᠠᠷᠬᠤ ᠪᠠᠯᠭᠠᠰᠤ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠨ ᠴᠡᠭᠴᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/11
      ᠣᠶᠢᠷ᠎ᠠ ᠳᠤ᠂ ᠲᠠᠷᠬᠤ ᠪᠠᠯᠭᠠᠰᠤ ᠰᠤᠪᠠᠭ᠂ ᠨᠠᠭᠤᠷ ᠲᠣᠭᠤᠷᠢᠮ ᠤᠨ ᠡᠷᠬᠢᠨ ᠲᠣᠭᠤᠷᠢᠨ ᠳᠤ ᠣᠷᠣᠰᠢᠵᠤ ᠪᠠᠶᠢᠭ᠎ᠠ ᠣᠷᠴᠢᠨ ᠲᠣᠭᠤᠷᠢᠨ ᠤ ᠠᠰᠠᠭᠤᠳᠠᠯ ᠳᠤ ᠴᠢᠭᠯᠡᠭᠦᠯᠦᠨ᠂ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃      ᠬᠦᠳᠡᠯᠭᠡᠭᠡᠨ ᠳᠤᠮᠳᠠ᠂ ᠪᠥᠬᠦ ᠪᠠᠯᠭᠠᠰᠤᠨ ᠤ ᠤᠳᠤᠷᠢᠳᠬᠤ ᠺᠠᠳ᠋ᠷ᠂ ᠨᠠᠮ ᠤᠨ ᠭᠡᠰᠢᠭᠦᠨ ᠣᠯᠠᠨ ᠲᠦᠮᠡᠨ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ᠂ ᠬᠢᠵᠢᠭ ᠢ ᠰᠡᠷᠭᠡᠶᠢᠯᠡᠬᠦ ᠠᠵᠢᠯᠲᠠᠨ ᠢᠳᠡᠪᠬᠢᠲᠡᠶ ᠣᠷᠣᠯᠴᠠᠵᠤ᠂ ᠪᠥᠬᠦ ᠪᠠᠯᠭᠠᠰᠤᠨ ᠤ ᠪᠣᠶ ᠪᠥᠬᠦᠶ ᠰᠤᠪᠠᠭ᠂ ᠭᠤᠤ᠂ ᠨᠠᠭᠤᠷ ᠲᠣᠭᠤᠷᠢᠮ ᠤᠨ ᠡᠷᠬᠢᠨ ᠲᠣᠭᠤᠷᠢᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠪᠥᠬᠦ ᠬᠡᠪᠴᠢᠶ᠎ᠡ ᠪᠠᠷ ᠵᠢᠭᠰᠠᠭᠠᠨ ᠪᠠᠶᠢᠴᠠᠭᠠᠵᠤ᠂ ᠪᠦᠬᠦᠨ ᠢ ᠬᠠᠮᠤᠷᠤᠨ ᠴᠡᠭᠴᠡᠯᠡᠨ ᠵᠠᠰᠠᠵᠤ᠂ ᠬᠥᠨᠳᠡᠯᠡᠨ ᠴᠢᠭᠯᠡᠯ ᠢᠶᠠᠷ ᠵᠠᠬ᠎ᠠ ᠬᠢᠵᠠᠭᠠᠷ ᠣᠷᠣᠨ ᠳᠤ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ᠂ ᠥᠨᠴᠥᠭ ᠪᠤᠯᠤᠩ ᠦᠯᠡᠳᠡᠭᠡᠬᠦ ᠥᠬᠡᠶ᠂ ᠪᠠᠯᠠᠶ ᠭᠠᠵᠠᠷ ᠦᠯᠡᠳᠡᠭᠡᠬᠦ ᠥᠬᠡᠶ ᠪᠠᠶᠢᠵᠤ᠂ ︽ᠳᠥᠷᠪᠡᠨ ᠵᠦᠢᠯ ᠤᠨ ᠡᠷᠦᠶ ᠬᠤᠷᠤᠶ ᠥᠬᠡᠶ︾ ᠶᠢᠨ ᠠᠰᠠᠭᠤᠳᠠᠯ ᠢ ᠪᠠᠶᠢᠴᠠᠭᠠᠨ ᠳᠣᠲᠣᠯᠠᠵᠤ᠂ ᠪᠠᠶᠢᠴᠠᠭᠠᠨ ᠳᠣᠲᠣᠯᠠᠵᠤ᠂ ᠪᠣᠳᠠᠲᠠᠶ ᠳᠤ ᠬᠦᠷᠲᠡᠯ᠎ᠡ ᠪᠠᠶᠢᠴᠠᠭᠠᠵᠠᠶ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠪᠠᠯᠭᠠᠰᠤᠨ ᠤ ᠰᠤᠪᠠᠭ᠂ ᠨᠠᠭᠤᠷ ᠴᠥᠭᠦᠷᠥᠮ ᠤᠨ ᠣᠷᠴᠢᠨ ᠠᠬᠤᠶ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠭ ᠨᠣᠪᠰᠢ᠂ ᠪᠤᠵᠠᠷ ᠡᠪᠡᠰᠦ ᠵᠡᠷᠭᠡ ᠶᠢ ᠪᠥᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠪᠥᠬᠦ ᠠᠷᠠᠳ ᠢᠶᠠᠷ ᠢᠶᠠᠨ ᠳᠠᠶᠢᠴᠢᠯᠠᠬᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠬᠥᠮᠦᠨ ᠪᠦᠬᠦᠨ ᠬᠠᠷᠢᠭᠤᠴᠠᠯᠭ᠎ᠠ ᠲᠠᠢ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠠᠬᠤᠶ ᠶᠢ ᠴᠡᠭᠴᠡᠯᠡᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠪᠠᠯᠭᠠᠰᠤᠨ ᠤ ᠣᠷᠴᠢᠨ ᠠᠬᠤᠶ ᠶᠢ ᠴᠣ᠋ ᠰᠢᠨ᠎ᠡ ᠪᠠᠶᠢᠳᠠᠯ ᠲᠠᠢ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠲᠠᠷᠬᠤ ᠪᠠᠯᠭᠠᠰᠤ ᠶᠢᠨ ᠬᠢᠨ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠢ ᠨᠠᠶᠢᠳᠠᠪᠤᠷᠢᠵᠢᠭᠤᠯᠬᠤ ᠶᠢ ᠭᠦᠨᠵᠡᠭᠡᠢ ᠰᠠᠶᠢᠲᠤᠷ ᠠᠳᠬᠤᠵᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠷᠢᠶᠠᠨ ᠳᠠᠬᠢ ᠭᠤᠣᠯ ᠮᠥᠷᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠶᠡᠷᠦ ᠪᠤᠰᠤ ᠶᠢᠨ ᠬᠦᠴᠦᠨ ᠴᠢᠳᠠᠯ᠂ ᠥᠨᠢᠳᠡ ᠶᠢᠨ ᠴᠢᠷᠮᠠᠶᠢᠯᠭ᠎ᠠ ᠪᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠰᠢᠯᠭᠠᠯᠲᠠ ᠶᠢᠨ ᠬᠠᠭᠤᠳᠠᠰᠤ ᠶᠢ ᠲᠤᠰᠢᠶᠠᠨ᠎ᠠ᠃
ᠢᠷᠡᠯᠲᠡ᠄ ᠠᠷᠠᠳ ᠤᠨ ᠰᠦᠯᠵᠢᠶ᠎ᠡ