ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2022 ᠣᠨ ᠤ 3 ᠳ᠋ᠤᠭᠠᠷ ᠬᠤᠭᠤᠴᠠᠭ᠎ᠠ
ᠨᠡᠶᠢᠲᠡᠯᠡᠭᠰᠡᠨ ᠴᠠᠭ᠄
2022/11/18
                    ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ      ︽ᠦᠶᠤᠸᠠᠨ ᠰᠢᠶᠠᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠵᠠᠯᠭᠠᠮᠵᠢᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄      ᠣᠷᠣᠨ ᠰᠠᠭᠤᠴᠠ ᠶᠢᠨ ᠭᠠᠵᠠᠷ ᠤᠨ ᠲᠤᠷᠰᠢᠯᠲᠠ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠠᠳ᠂ ︽ᠦᠶᠤᠸᠠᠨ ᠰᠢᠶᠠᠨ ᠤ ᠲᠠᠷᠢᠶᠠᠴᠢᠨ ᠤ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠵᠠᠯᠭᠠᠮᠵᠢᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃                               ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                               2022 ᠣᠨ ᠤ 9 ᠰᠠᠷ᠎ᠠ ᠶᠢᠨ 9 ᠤ ᠡᠳᠦᠷ      ᠦᠶᠤᠸᠠᠨ ᠰᠢᠶᠠᠨ ᠤ ᠬᠥᠳᠡᠭᠡ ᠲᠣᠰᠬᠤᠨ ᠤ ᠭᠡᠷ ᠪᠠᠶᠢᠰᠢᠩ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠵᠠᠯᠭᠠᠮᠵᠢᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶           ᠨᠢᠭᠡᠳᠦᠭᠡᠷ ᠵᠦᠢᠯ ᠦᠶᠤᠸᠠᠨ ᠰᠢᠶᠠᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠨ᠂ ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠲᠤᠰ ᠰᠢᠶᠠᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠵᠠᠯᠭᠠᠮᠵᠢᠯᠠᠬᠤ ᠭᠡᠳᠡᠭ ᠪᠣᠯ ᠥᠪ ᠵᠠᠯᠭᠠᠮᠵᠢᠯᠠᠭᠴᠢ ᠬᠠᠤᠯᠢ ᠶᠣᠰᠣᠭᠠᠷ ᠵᠠᠯᠭᠠᠮᠵᠢᠯᠠᠵᠤ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠣᠯᠬᠤ ᠶᠢᠨ ᠬᠠᠮᠲᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠶᠢ ᠵᠢᠭᠠᠵᠤ ᠪᠠᠶᠢᠨ᠎ᠠ᠃      ᠭᠤᠷᠪᠠᠳᠤᠭᠠᠷ ᠵᠦᠢᠯ ᠲᠤᠰ ᠠᠷᠭ᠎ᠠ ᠶᠢ ᠲᠤᠰ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠵᠠᠯᠭᠠᠮᠵᠢᠯᠠᠬᠤ ᠬᠠᠮᠢᠶᠠᠷᠤᠯᠲᠠ ᠳᠤ ᠬᠡᠷᠡᠭᠯᠡᠨ᠎ᠡ᠃      ᠳᠥᠷᠪᠡᠳᠦᠭᠡᠷ ᠵᠦᠢᠯ ᠵᠦᠢᠯᠰᠢᠶᠠᠨ ᠤ ᠦᠯᠦ ᠬᠥᠳᠡᠯᠬᠦ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠵᠠᠯᠭᠠᠮᠵᠢᠯᠠᠬᠤ ᠬᠤᠪᠢᠷᠠᠭᠤᠯᠬᠤ ᠳᠠᠩᠰᠠᠯᠠᠯᠲᠠ ᠶᠢᠨ ᠠᠵᠢᠯ ᠢ ᠬᠠᠷᠢᠭᠤᠴᠠᠨ᠎ᠠ᠃      ᠲᠠᠪᠤᠳᠤᠭᠠᠷ ᠵᠦᠢᠯ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠨᠢ ᠭᠠᠴᠠᠭᠠᠨ ᠤ ᠠᠷᠠᠳ ᠤᠨ ᠡᠷᠦᠬᠡ ᠶᠢᠨ ᠳᠣᠲᠣᠷᠠᠬᠢ ᠭᠡᠷ ᠪᠦᠯᠢ ᠶᠢᠨ ᠪᠦᠷᠢᠯᠳᠦᠭᠦᠨ ᠤ ᠴᠤᠭ ᠲᠠᠭᠠᠨ ᠬᠠᠮᠲᠤ ᠪᠠᠷ ᠥᠮᠴᠢᠯᠡᠬᠦ ᠳᠤ ᠬᠠᠷᠢᠶᠠᠯᠠᠭᠳᠠᠨ᠎ᠠ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠤ ᠳᠠᠩᠰᠠᠯᠠᠭᠤᠯᠤᠭᠰᠠᠨ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡᠲᠦ ᠬᠥᠮᠥᠨ ᠪᠣᠯ ᠵᠥᠪᠬᠡᠨ ᠭᠡᠷ ᠪᠦᠯᠢ ᠶᠢᠨ ᠲᠥᠯᠥᠭᠡᠯᠡᠭᠴᠢ ᠮᠥᠨ᠂ ᠲᠡᠷᠡ ᠨᠢ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠭᠠᠭᠴᠠᠭᠠᠷ ᠡᠵᠡᠮᠰᠢᠵᠦ ᠪᠣᠯᠬᠤ ᠦᠭᠡᠢ᠃ᠭᠡᠷ ᠪᠦᠯᠢ ᠶᠢᠨ ᠪᠦᠷᠢᠯᠳᠦᠭᠦᠨ ᠨᠢ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠳᠤ ᠠᠳᠠᠯᠢ ᠲᠡᠭᠰᠢ ᠡᠷᠬᠡ ᠶᠢ ᠡᠳ᠋ᠯᠡᠵᠦ᠂ ᠠᠳᠠᠯᠢ ᠲᠡᠭᠰᠢ ᠡᠭᠦᠷᠭᠡ ᠶᠢ ᠡᠭᠦᠷᠭᠡᠯᠡᠨ᠎ᠡ᠂ ᠭᠡᠷ ᠪᠦᠯᠢ ᠶᠢᠨ ᠪᠦᠷᠢᠯᠳᠦᠭᠦᠨ ᠨᠢ ᠬᠤᠭᠤᠷᠣᠨᠳᠤ ᠪᠠᠨ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠳᠤ ᠬᠤᠪᠢ ᠶᠢᠨ ᠬᠤᠪᠢᠶᠠᠷᠢᠯᠠᠯ ᠪᠠᠶᠢᠬᠤ ᠦᠭᠡᠢ᠃      ᠵᠢᠷᠭᠤᠳᠤᠭᠠᠷ ᠵᠦᠢᠯ ᠡᠷᠦᠭᠡ ᠪᠠᠷ ᠨᠢᠭᠡᠴᠢ ᠪᠣᠯᠭᠠᠭᠰᠠᠨ ᠭᠡᠷ ᠪᠦᠯᠢ ᠶᠢᠨ ᠬᠠᠷᠢᠴᠠᠭ᠎ᠠ ᠦᠷᠭᠦᠯᠵᠢᠯᠡᠨ ᠣᠷᠣᠰᠢᠵᠤ ᠪᠠᠶᠢᠬᠤ ᠬᠤᠭᠤᠴᠠᠭᠠᠨ ᠳᠤ᠂ ᠭᠡᠷ ᠪᠦᠯᠢ ᠶᠢᠨ ᠪᠦᠷᠢᠯᠳᠦᠭᠦᠨ ᠨᠢ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠬᠤᠪᠢᠳᠠᠨ ᠬᠤᠪᠢᠶᠠᠬᠤ ᠪᠠᠷ ᠭᠤᠶᠤᠴᠢᠯᠠᠵᠤ ᠪᠣᠯᠬᠤ ᠦᠭᠡᠢ᠃ ᠭᠡᠷ ᠪᠦᠯᠢ ᠶᠢᠨ ᠣᠨᠴᠠ ᠵᠠᠷᠢᠮ ᠪᠦᠷᠢᠯᠳᠦᠭᠦᠨ ᠤ ᠦᠬᠦᠯ ᠨᠢ ᠵᠠᠶᠢᠯᠠᠰᠢ ᠦᠭᠡᠢ ᠡᠷᠦᠬᠡ ᠠᠮᠠ ᠶᠢ ᠤᠰᠠᠳᠬᠠᠬᠤ ᠳᠤ ᠬᠦᠷᠦᠭᠦᠯᠬᠦ ᠪᠢᠰᠢ ᠶᠤᠮ᠃      ᠳᠣᠯᠣᠳᠤᠭᠠᠷ ᠵᠦᠢᠯ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠲᠠᠷᠢᠶᠠᠴᠢᠳ ᠤᠨ ︽ᠣᠷᠣᠰᠢᠨ ᠰᠠᠭᠤᠭᠰᠠᠳ ᠲᠤ ᠭᠡᠷ ᠪᠠᠶᠢᠰᠢᠩ ᠲᠠᠢ ᠪᠣᠯᠭᠠᠬᠤ︾ ᠶᠢ ᠪᠠᠲᠤᠯᠠᠬᠤ ᠶᠢᠨ ᠲᠥᠯᠥᠭᠡ ᠲᠣᠭᠲᠠᠭᠠᠳᠠᠭ᠂ ᠲᠡᠷᠡ ᠨᠢ ᠨᠡᠶᠢᠭᠡᠮ ᠤᠨ ᠪᠠᠲᠤᠯᠠᠭ᠎ᠠ ᠶᠢᠨ ᠡᠭᠦᠷᠭᠡ ᠴᠢᠳᠠᠪᠤᠷᠢ ᠲᠠᠢ ᠪᠠᠶᠢᠳᠠᠭ᠃ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢᠨ ᠣᠨᠴᠠᠭᠠᠶ ᠴᠢᠨᠠᠷ ᠢ ᠦᠨᠳᠦᠰᠦᠯᠡᠪᠡᠯ᠂ ᠬᠠᠮᠲᠤ ᠶᠢᠨ ᠪᠦᠷᠢᠯᠳᠦᠭᠦᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠣᠯᠬᠤ ᠨᠢ ᠲᠡᠭᠦᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠳᠤ ᠰᠠᠭᠤᠷᠢᠯᠠᠭᠰᠠᠨ ᠶᠤᠮ᠂ ᠬᠡᠷᠪᠡ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠨᠢ ᠦᠬᠦᠪᠡᠯ᠂ ᠲᠡᠭᠦᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠨᠢ      ᠨᠠᠢᠮᠠᠳᠤᠭᠠᠷ ᠵᠦᠢᠯ ᠭᠡᠷ ᠪᠠᠶᠢᠰᠢᠩ ᠭᠠᠵᠠᠷ ᠰᠢᠷᠣᠢ ᠶᠢ ᠨᠢᠭᠡ ᠴᠣᠭᠴᠠ ᠪᠣᠯᠭᠠᠬᠤ ᠵᠠᠷᠴᠢᠮ ᠶᠣᠰᠣᠭᠠᠷ᠂ ᠭᠠᠵᠠᠷ ᠳᠡᠭᠡᠷ᠎ᠡ ᠭᠡᠷ ᠪᠠᠶᠢᠰᠢᠩ ᠪᠠᠶᠢᠪᠠᠯ ᠰᠠᠶ᠋ᠢ ᠵᠠᠯᠭᠠᠮᠵᠢᠯᠠᠵᠤ ᠪᠣᠯᠣᠨ᠎ᠠ᠃       ᠶᠢᠰᠦᠳᠦᠭᠡᠷ ᠵᠦᠢᠯ ᠵᠦᠢᠯᠦᠪ ᠵᠠᠯᠭᠠᠮᠵᠢᠯᠠᠭᠤᠯᠤᠭᠴᠢ ᠨᠢ ᠤᠯᠠᠨ ᠦᠷ᠎ᠡ ᠬᠡᠦᠬᠡᠳ ᠲᠠᠢ᠃ ᠬᠡᠰᠡᠭ ᠦᠷ᠎ᠡ ᠬᠡᠦᠬᠡᠳ ᠨᠢ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠳᠤ ᠬᠠᠷᠢᠶᠠᠯᠠᠭᠳᠠᠬᠤ ᠮᠥᠷᠲᠡᠭᠡᠨ ᠡᠴᠢᠭᠡ ᠡᠬᠡ ᠲᠠᠢ ᠪᠠᠨ ᠨᠢᠭᠡ ᠯᠡ ᠲᠠᠷᠢᠶᠠᠴᠢᠨ ᠡᠷᠦᠬᠡ ᠶᠢᠨ ᠭᠡᠷ ᠪᠦᠯᠢ ᠪᠣᠯᠣᠨ᠎ᠠ᠂ ᠠᠰᠲᠠᠭᠠᠨ ᠣᠷᠣᠨ ᠰᠠᠭᠤᠴᠠ ᠶᠢᠨ ᠭᠠᠵᠠᠷ ᠣᠯᠣᠭᠰᠠᠨ ᠦᠭᠡᠢ ᠪᠠᠶᠢᠪᠠᠯ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠤᠰᠤ ᠪᠤᠰᠤᠳ ᠪᠦᠷᠢᠯᠳᠦᠭᠦᠨ ᠤ ᠦᠷ᠎ᠡ ᠬᠡᠦᠬᠡᠳ ᠨᠢ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠵᠠᠯᠭᠠᠮᠵᠢᠯᠠᠬᠤ ᠪᠠᠷ ᠵᠣᠷᠢᠵᠤ ᠪᠣᠯᠬᠤ ᠦᠭᠡᠢ᠂ ᠥᠪ ᠵᠠᠯᠭᠠᠮᠵᠢᠯᠠᠭᠴᠢ  ᠨᠢ ᠪᠦᠬᠦᠨ ᠢᠶᠠᠷ ᠢᠶᠠᠨ ᠬᠠᠮᠲᠤ ᠶᠢᠨ ᠠᠵᠤ ᠠᠬᠤᠢ ᠶᠢᠨ ᠪᠤᠰᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠤᠶᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠨᠢ ᠨᠢᠭᠡᠨᠲᠡ ᠣᠯᠣᠭᠰᠠᠨ ᠣᠷᠣᠨ ᠰᠠᠭᠤᠴᠠ ᠶᠢᠨ ᠭᠠᠵᠠᠷ ᠢ ᠪᠦᠷᠢᠨ ᠬᠡᠷᠡᠭᠯᠡᠭᠰᠡᠨ ᠪᠠᠶᠢᠪᠠᠯ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠵᠠᠯᠭᠠᠮᠵᠢᠯᠠᠬᠤ ᠪᠠᠷ ᠵᠣᠷᠢᠵᠤ ᠪᠣᠯᠬᠤ ᠦᠭᠡᠢ᠃ᠥᠪ ᠵᠠᠯᠭᠠᠮᠵᠢᠯᠠᠭᠤᠯᠤᠭᠴᠢ ᠶᠢᠨ ᠲᠠᠷᠢᠶᠠᠴᠢᠨ ᠤ ᠭᠡᠷ ᠪᠠᠶᠢᠰᠢᠩ ᠤᠨ ᠡᠳ᠋ ᠬᠥᠷᠥᠩᠭᠡ ᠶᠢᠨ ᠡᠷᠬᠡ ᠶᠢ ︽ᠢᠷᠭᠡᠨ ᠤ ᠬᠠᠤᠯᠢ ᠶᠢᠨ ᠪᠢᠴᠢᠭ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠵᠠᠯᠭᠠᠮᠵᠢᠯᠠᠨ᠎ᠠ᠃      ᠠᠷᠪᠠᠳᠤᠭᠠᠷ  ᠬᠥᠳᠡᠭᠡ ᠲᠣᠰᠬᠤᠨ ᠤ ᠡᠬᠢ ᠪᠠᠶᠠᠯᠢᠭ ᠤᠨ ᠠᠯᠳᠠᠭᠳᠠᠵᠤ ᠭᠡᠭᠡᠭᠳᠡᠬᠦ ᠠᠴᠠ ᠵᠠᠶᠢᠯᠠᠰᠬᠢᠬᠦ ᠶᠢᠨ ᠲᠥᠯᠥᠭᠡ᠂ ᠲᠤᠰ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠦᠭᠡᠢ ᠰᠢᠭᠤᠳ ᠴᠢᠰᠤᠨ ᠲᠦᠷᠦᠯ ᠪᠤᠰᠤ ᠲᠦᠷᠦᠯ ᠰᠠᠳᠤᠨ ᠨᠢ ᠭᠡᠷᠢᠶᠡᠰᠯᠡᠨ ᠬᠦᠷᠭᠡᠬᠦ ᠬᠡᠯᠪᠡᠷᠢ ᠪᠠᠷ ᠬᠥᠳᠡᠭᠡ ᠲᠣᠰᠬᠤᠨ ᠤ ᠭᠡᠷ ᠪᠠᠶᠢᠰᠢᠩ ᠤᠨ ᠥᠮᠴᠢᠯᠡᠬᠦ ᠡᠷᠬᠡ ᠪᠠ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠣᠯᠵᠤ ᠪᠣᠯᠬᠤ ᠦᠭᠡᠢ᠃      ᠠᠷᠪᠠᠨ ᠨᠢᠭᠡᠳᠦᠭᠡᠷ ᠵᠦᠢᠯ ᠥᠪ ᠵᠠᠯᠭᠠᠮᠵᠢᠯᠠᠭᠴᠢ ᠨᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠤᠰᠤ ᠪᠠᠶᠢᠪᠠᠯ᠂ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ᠂ ᠥᠷᠭᠡᠳᠬᠡᠨ ᠪᠠᠶᠢᠭᠤᠯᠵᠤ᠂ ᠲᠠᠬᠢᠨ ᠪᠠᠷᠢᠵᠤ ᠪᠣᠯᠬᠤ ᠦᠭᠡᠢ᠃      ᠠᠷᠪᠠᠨ ᠬᠤᠶᠠᠳᠤᠭᠠᠷ ᠵᠦᠢᠯ ᠲᠣᠰ ᠠᠷᠭ᠎ᠠ ᠶᠢ 2022 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠡᠷᠪᠡ ᠳᠡᠭᠡᠳᠦ ᠱᠠᠲᠤᠨ ᠤ ᠬᠤᠯᠪᠣᠭᠳᠠᠯ ᠪᠦᠬᠦᠢ ᠲᠣᠭᠲᠠᠭᠠᠯ ᠲᠠᠢ ᠬᠠᠷᠰᠢᠯᠳᠤᠪᠠᠯ᠂ ᠳᠡᠭᠡᠳᠦ ᠱᠠᠲᠤᠨ ᠤ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃
ᠢᠷᠡᠯᠲᠡ᠄ ᠲᠤᠰ ᠰᠦᠯᠵᠢᠶ᠎ᠡ