ᠤᠷᠠᠤᠨ ᠤᠨ ᠲᠤᠮᠳᠠᠳᠤ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠬᠢᠨ ᠪᠠᠭᠰᠢ ᠠᠵᠢᠯᠲᠠᠨ ᠢᠶᠠᠨ ᠵᠣᠬᠢᠶᠠᠨ ᠪᠠᠶᠢᠭᠤᠯᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠤᠨ ᠰᠢᠭᠤᠤᠨ ᠨᠡᠪᠳᠡᠷᠡᠬᠦᠯᠬᠡ ᠶᠢ ᠬᠦᠯᠢᠶᠠᠨ ᠠᠪᠴᠦ ᠦᠵᠡᠵᠡᠬᠡᠪᠡ
ᠨᠡᠶᠢᠲᠡᠯᠡᠭᠰᠡᠨ ᠴᠠᠭ᠄
2022/12/13
      2022 ᠣᠨ ᠤ 10 ᠰᠠᠷ᠎ᠠ ᠶᠢᠨ 16 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠪᠡᠭᠡᠵᠢᠩ ᠳᠤ ᠠᠮᠵᠢᠯᠲᠠ ᠲᠠᠢ ᠬᠤᠷᠠᠯᠳᠤᠪᠠ᠃ ᠦᠳᠡ ᠶᠢᠨ ᠡᠮᠦᠨᠡᠬᠢ 10 ᠴᠠᠭ ᠲᠤ᠂ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠪᠥᠬᠦ ᠨᠠᠮ ᠤᠨ ᠭᠡᠰᠢᠭᠦᠨ ᠵᠢᠴᠢ ᠺᠠᠳ᠋ᠷᠴᠤᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠪᠡᠳᠡᠭᠰᠢ ᠪᠠᠶᠢᠳᠠᠯ ᠤᠨ ᠰᠢᠭᠤᠳ ᠨᠡᠪᠲᠡᠷᠡᠭᠦᠯᠭᠡ  ᠶᠢ ᠭᠥᠯᠢᠶᠡᠨ ᠠᠪᠴᠤ ᠦᠵᠡᠪᠡ᠃ ᠤᠯᠠᠨ ᠢᠶᠠᠷ ᠢᠶᠠᠨ ᠰᠣᠨᠣᠰᠬᠤ ᠶᠢᠨ ᠳᠠᠭᠠᠤ ᠲᠡᠮᠳᠡᠭᠯᠡᠵᠦ᠂ ᠬᠠᠯᠠᠭᠤᠨ ᠰᠡᠳᠬᠢᠯᠭᠡ ᠨᠢ ᠦᠭᠡ ᠶᠠᠷᠢᠶᠠᠨ ᠳᠤ ᠪᠢᠯᠬᠠᠵᠤ᠂ ᠰᠡᠤᠨᠬᠢᠯ ᠲᠤᠭᠳᠤᠯᠤᠮ᠎ᠠ ᠠᠮᠵᠢᠯᠳᠠ ᠶᠢ ᠰᠤᠨᠤᠰᠬᠤ ᠪᠦᠷᠢ ᠨᠢᠵᠢᠭᠢᠨᠡᠲᠡᠯ᠎ᠡ ᠠᠯᠠᠭ᠎ᠠ ᠲᠠᠰᠢᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠦᠷ ᠬᠥᠭᠵᠢᠶᠡᠨ ᠲᠠᠢ ᠪᠠᠶᠢᠯ᠎ᠠ᠃ ᠤᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠡᠪ ᠬᠠᠮᠲᠤᠴᠤᠳ ᠤᠨ ᠤᠶᠤᠨ ᠰᠠᠨᠠᠭᠠᠨ ᠤ ᠠᠮᠢᠨ ᠰᠤᠳᠠᠰᠤ ᠶᠢ ᠵᠠᠯᠭᠠᠮᠵᠢᠯᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠬᠦᠴᠦᠯᠡᠨ ᠴᠢᠷᠮᠠᠶᠢᠵᠦ᠂ ᠡᠩ ᠤᠨ ᠠᠵᠢᠯ ᠤᠨ ᠪᠠᠢᠷᠢ ᠳᠡᠭᠡᠷ᠎ᠡ ᠶᠡᠷᠦ ᠪᠤᠰᠤ ᠶᠢᠨ ᠠᠮᠵᠢᠯᠲᠠ ᠭᠠᠷᠭᠠᠬᠤ ᠪᠠᠷ ᠬᠦᠴᠦ ᠪᠠᠨ ᠡᠷᠬᠦᠬᠦ ᠪᠠᠷ ᠢᠯᠡᠤᠨᠬᠡᠵᠡᠬᠡᠪᠡ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ