ᠤᠷᠠᠤᠨ ᠤᠨ ᠲᠤᠮᠳᠠᠳᠤ ᠬᠤᠰᠢᠭᠤᠨ ᠤ ᠮᠣᠩᠭᠤᠯ ᠬᠡᠦᠬᠡᠳ ᠤᠨ ᠴᠡᠴᠡᠷᠯᠢᠭ ᠤᠨ ᠬᠢᠨ ᠪᠠᠭᠰᠢ ᠨᠠᠷ ᠲᠤ ᠬᠡᠦᠬᠡᠳ ᠤᠨ ᠲᠦᠷᠭᠡᠨ ᠠᠪᠤᠷᠠᠯᠲᠠ ᠶᠢᠨ ᠮᠡᠳᠡᠯᠭᠡ ᠶᠢᠨ ᠪᠣᠯᠪᠠᠰᠤᠷᠠᠯ ᠬᠦᠷᠲᠡᠭᠡᠪᠡ
ᠨᠡᠶᠢᠲᠡᠯᠡᠭᠰᠡᠨ ᠴᠠᠭ᠄
2022/12/13
      ᠬᠡᠦᠬᠡᠳ ᠤᠨ ᠴᠡᠴᠡᠷᠯᠢᠭ ᠤᠨ ᠬᠡᠤᠬᠡᠤᠨ ᠨᠠᠰᠤ ᠪᠠᠭ᠎ᠠ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠷ ᠠᠨᠠᠶ ᠪᠠᠶᠢᠵᠤ᠂ ᠬᠡᠦᠬᠡᠳ ᠤᠨ ᠴᠡᠴᠡᠷᠯᠢᠭ ᠤᠨ ᠬᠠᠮᠲᠤ  ᠶᠢᠨ ᠠᠮᠢᠳᠤᠷᠠᠯ ᠤᠨ ᠳᠤᠮᠳᠠ ᠰᠠᠨᠠᠭᠠᠨ ᠳᠤ ᠥᠬᠡᠶ ᠭᠡᠮᠲᠦᠯ ᠭᠠᠷᠬᠤ ᠨᠢ ᠵᠠᠶᠢᠯᠠᠰᠢ ᠥᠬᠡᠶ ᠶᠤᠮ᠃ ᠬᠡᠦᠬᠡᠳ ᠤᠨ ᠴᠡᠴᠡᠷᠯᠢᠭ ᠲᠤ ᠪᠠᠶᠢᠬᠤ ᠬᠤᠭᠤᠴᠠᠭᠠᠨ ᠳᠠᠬᠢ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠮᠣᠩᠭᠤᠯ ᠬᠡᠦᠬᠡᠳ ᠤᠨ ᠴᠡᠴᠡᠷᠯᠢᠭ ᠡᠯ᠎ᠡ ᠵᠦᠶ᠋ᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ  ᠶᠢ ᠰᠠᠶᠢᠲᠤᠷ ᠬᠢᠵᠦ᠂ ᠬᠡᠦᠬᠡᠳ ᠢ ᠥᠪᠡᠷ ᠢ ᠪᠠᠨ ᠬᠠᠮᠠᠭᠠᠯᠠᠬᠤ ᠶᠢ ᠬᠥᠮᠦᠵᠢᠭᠦᠯᠬᠦ ᠠᠴᠠ ᠭᠠᠳᠠᠨ᠎ᠠ᠂ ᠪᠠᠰᠠ ᠪᠠᠭᠰᠢ ᠶᠢ ᠡᠷᠬᠡᠪᠰᠢ ᠵᠣᠬᠢᠬᠤ ᠭᠡᠨᠡᠳᠲᠡ ᠶᠢᠨ ᠭᠡᠮᠲᠦᠯ  ᠤᠨ ᠲᠦᠷᠭᠡᠨ ᠠᠪᠤᠷᠠᠯᠲᠠ ᠶᠢᠨ ᠮᠡᠳᠡᠯᠭᠡ ᠪᠠ ᠤᠷ᠎ᠠ ᠴᠢᠳᠠᠪᠤᠷᠢ ᠲᠠᠢ ᠪᠠᠶᠢᠬᠤ ᠶᠢ ᠱᠠᠭᠠᠷᠳᠠᠵᠦ ᠪᠠᠶᠢᠨ᠎ᠠ᠃ ᠡᠨᠡ ᠬᠦ ᠪᠠᠶᠢᠳᠠᠯ ᠳᠤ ᠴᠢᠭᠯᠡᠭᠦᠯᠦᠨ᠂ ᠬᠤᠰᠢᠭᠤᠨ ᠤ ᠮᠣᠩᠭᠤᠯ ᠬᠡᠦᠬᠡᠳ ᠤᠨ ᠴᠡᠴᠡᠷᠯᠢᠭ ᠨᠢ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠨᠠᠮ ᠤᠨ ᠡᠭᠦᠷ ᠤᠨ ᠱᠦᠵᠢ᠂ ᠲᠦᠷᠭᠡᠨ ᠡᠮᠨᠡᠬᠦ ᠰᠠᠯᠠᠭᠠᠨ ᠤ ᠡᠷᠬᠢᠯᠡᠭᠴᠢ ᠲᠢᠶᠠᠨ ᠠᠶ ᠵᠢᠶᠦ᠋ᠨ ᠢ ᠲᠤᠰᠬᠠᠶᠢᠯᠠᠨ ᠤᠷᠢᠵᠤ ᠴᠡᠴᠡᠷᠯᠢᠭ ᠤᠨ ᠪᠠᠭᠰᠢ ᠳᠤ ᠲᠦᠷᠭᠡᠨ ᠠᠪᠤᠷᠠᠯᠲᠠ  ᠶᠢᠨ ᠶᠡᠷᠦ ᠶᠢᠨ ᠮᠡᠳᠡᠯᠭᠡ ᠶᠢᠨ ᠪᠣᠯᠪᠠᠰᠤᠷᠠᠯ ᠬᠦᠷᠲᠡᠭᠡᠪᠡ᠃       ᠪᠤᠯᠪᠠᠰᠤᠷᠠᠯ ᠳᠤ ᠲᠢᠶᠠᠨ ᠡᠷᠬᠢᠯᠡᠭᠴᠢ ᠠᠴᠠ ᠬᠡᠦᠬᠡᠳ ᠤᠨ ᠴᠡᠴᠡᠷᠯᠢᠭ ᠤᠨ ᠡᠳᠦᠷ ᠲᠤᠲᠤᠮ ᠤᠨ ᠠᠮᠢᠳᠤᠷᠠᠯ ᠳᠤᠮᠳᠠ ᠬᠡᠦᠬᠡᠳ ᠤᠨ ᠭᠡᠨᠡᠳᠲᠡ ᠶᠢᠨ ᠭᠡᠮᠲᠦᠯ ᠡᠭᠦᠰᠬᠦ ᠶᠢ ᠬᠡᠷᠬᠢᠨ ᠰᠡᠷᠭᠡᠶᠢᠯᠡᠬᠦ ᠵᠢᠴᠢ ᠬᠡᠦᠬᠡᠳ ᠲᠤ ᠦᠷᠭᠦᠯᠵᠢ ᠲᠣᠬᠢᠶᠠᠯᠳᠤᠳᠠᠭ ᠬᠡᠳᠦᠨ ᠵᠦᠶ᠋ᠯ ᠤᠨ ᠭᠡᠮᠲᠦᠯ ᠤᠨ ᠠᠳᠡᠯ ᠢ ᠬᠡᠷᠬᠢᠨ ᠰᠢᠶ᠋ᠳᠪᠦᠷᠢᠯᠡᠬᠦ ᠲᠤᠬᠠᠶ ᠶᠠᠷᠢᠪᠠ᠂ ᠵᠢᠱᠢᠶᠡᠯᠡᠪᠡᠯ᠄ ᠬᠠᠮᠠᠷ ᠠᠴᠠ ᠴᠢᠰᠤ ᠭᠤᠭᠤᠵᠢᠬᠤ᠂ ᠬᠠᠮᠠᠷ ᠲᠤ ᠶᠠᠭᠤᠮ᠎ᠠ ᠣᠷᠣᠬᠤ᠂ ᠰᠢᠳᠠᠭᠠᠭᠳᠠᠬᠤ᠂ ᠭᠠᠳᠠᠷ ᠠᠷᠠᠰᠤ ᠨᠢ ᠪᠡᠷᠲᠡᠬᠦ᠂ ᠰᠢᠳᠡᠷᠡᠬᠦ᠂ ᠮᠥᠷᠭᠦᠭᠳᠡᠬᠦ᠂ ᠬᠡᠪᠡᠯᠢ ᠡᠪᠡᠳᠬᠦ᠂ ᠪᠥᠭᠡᠯᠵᠢᠬᠦ᠂ ᠮᠠᠨᠠᠷᠠᠬᠤ ᠵᠡᠷᠭᠡ ᠪᠠᠶᠢᠳᠠᠯ ᠲᠤᠬᠢᠶᠠᠯᠳᠤᠪᠠᠯ ᠬᠡᠷᠬᠢᠨ ᠲᠦᠷᠭᠡᠨ ᠠᠪᠤᠷᠠᠯᠳᠠ ᠬᠢᠬᠦ ᠲᠤᠬᠠᠢ ᠬᠢᠨᠠᠮᠠᠭᠠᠢ ᠲᠠᠶᠢᠯᠪᠤᠷᠢᠯᠠᠵᠦ ᠦᠭᠪᠡ᠃       ᠲᠣᠰ ᠤᠳᠠᠭᠠᠨ ᠤ ᠲᠦᠷᠭᠡᠨ ᠠᠪᠤᠷᠠᠯᠳᠠ ᠶᠢᠨ ᠪᠣᠯᠪᠠᠰᠤᠷᠠᠯ ᠢᠶᠠᠷ ᠳᠡᠮᠵᠢᠨ᠂ ᠪᠠᠭᠰᠢ ᠨᠠᠷ ᠬᠡᠦᠬᠡᠳ ᠤᠨ ᠬᠡᠨᠡᠤᠨᠳᠡ ᠶᠢᠨ ᠪᠠᠶᠢᠳᠠᠯ ᠢ ᠰᠢᠶ᠋ᠳᠪᠦᠷᠢᠯᠡᠬᠦ ᠦᠨᠳᠦᠰᠦᠨ ᠤᠷ᠎ᠠ ᠴᠢᠳᠠᠪᠤᠷᠢ ᠪᠠ ᠰᠠᠨᠠᠭᠠᠨ ᠳᠤ ᠥᠬᠡᠶ ᠭᠡᠮᠲᠦᠯ ᠤᠨ ᠲᠤᠬᠠᠶ ᠮᠡᠳᠡᠯᠭᠡ ᠶᠢ ᠤᠶᠢᠯᠠᠭᠠᠨ ᠡᠵᠡᠮᠰᠢᠵᠦ᠂ ᠬᠤᠶᠢᠰᠢᠳᠠ ᠶᠢᠨ ᠠᠵᠢᠯ᠂ ᠠᠮᠢᠳᠤᠷᠠᠯ ᠳᠤᠮᠳᠠ  ᠪᠠᠨ ᠡᠲᠡᠭᠡᠷ ᠲᠦᠷᠭᠡᠨ ᠠᠪᠤᠷᠠᠯᠳᠠ ᠶᠢᠨ ᠮᠡᠳᠡᠯᠭᠡ ᠶᠢ ᠨᠠᠩ ᠰᠠᠶᠢᠲᠤᠷ ᠬᠡᠷᠡᠭᠯᠡᠨ ᠬᠡᠨᠡᠤᠨᠳᠠ ᠶᠢᠨ ᠪᠠᠶᠢᠳᠠᠯ ᠭᠠᠷᠪᠠᠯ ᠬᠡᠦᠬᠡᠳ ᠢ ᠲᠦᠷᠬᠡᠨ ᠠᠪᠤᠷᠠᠨ ᠲᠤᠰᠠᠯᠠᠬᠤ ᠪᠤᠯᠤᠨ᠎ᠠ᠂ ᠲᠤᠰ ᠤᠳᠠᠭᠠᠨ ᠤ ᠪᠤᠯᠪᠠᠰᠤᠷᠠᠯ ᠨᠢ ᠪᠠᠭᠰᠢ ᠨᠠᠷ ᠤᠨ ᠶᠡᠷᠦᠩᠬᠡᠶ ᠬᠡᠪ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠠᠶᠤᠯ ᠲᠦᠭᠰᠢᠭᠦᠷᠢᠲᠦ ᠪᠠᠶᠢᠳᠠᠯ ᠭᠠᠷᠪᠠᠯ ᠬᠡᠷᠬᠢᠨ ᠠᠷᠭᠠᠴᠠᠭᠠᠬᠤ᠂ ᠪᠠᠴᠢᠮ ᠠᠪᠤᠷᠠᠯᠳᠠ ᠬᠢᠬᠦ ᠵᠢᠴᠢ ᠠᠶᠤᠯ ᠲᠦᠭᠰᠢᠭᠦᠷᠢ ᠶᠢᠨ ᠡᠮᠦᠨ᠎ᠡ ᠪᠠᠴᠢᠮᠳᠠᠬᠤ ᠦᠬᠡᠢ ᠪᠠᠶᠢᠬᠤ ᠴᠢᠳᠠᠪᠤᠷᠢ ᠶᠢ ᠪᠦᠳᠦᠮᠵᠢᠳᠡᠢ ᠲᠡᠭᠡᠭᠰᠢᠯᠡᠬᠦᠯᠦᠭᠰᠡᠨ ᠪᠠᠶᠢᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ