ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠨᠠᠷ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠤᠭᠤᠤᠨᠪᠠ
ᠨᠡᠶᠢᠲᠡᠯᠡᠭᠰᠡᠨ ᠴᠠᠭ᠄
2022/12/13
      ᠣᠶᠢᠷ᠎ᠠ ᠳᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠸᠧᠶ ᠫᠢᠩ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ  ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠠᠩ ᡁᠢ ᠨᠡᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠭᠤᠶᠢᠯᠠᠩ ᠢ ᠳᠠᠭᠠᠭᠤᠯᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ ᠬᠦᠨᠵᠡᠬᠡᠶᠢᠷᠡᠨ ᠪᠠᠶᠢᠴᠠᠭᠠᠯᠲᠠ ᠬᠢᠵᠦ ᠬᠢᠨᠠᠨ ᠵᠢᠯᠣᠭᠤᠳᠪᠠ᠃       ᠴᠡᠴᠡᠷᠯᠢᠭ ᠤᠨ ᠳᠠᠷᠤᠭ᠎ᠠ ᠬᠤᠸᠠᠷ᠂ ᠳᠡᠳ᠋ ᠴᠡᠴᠡᠷᠯᠢᠭ ᠤᠨ ᠳᠠᠷᠤᠭ᠎ᠠ ᠶᠦᠨ ᠲᠤᠶᠠᠭ᠎ᠠ᠂ ᠮᠸᠡᠭ ᠰᠠᠷᠠᠨ᠎ᠠ ᠶᠢᠨ ᠪᠠᠷ᠎ᠠ ᠪᠣᠯᠣᠯᠭ᠎ᠠ ᠲᠠᠢ ᠪᠠᠷ᠂ ᠪᠠᠶᠢᠴᠠᠭᠠᠬᠤ ᠳᠤᠭᠤᠶᠢᠯᠠᠩ ᠤᠨ ᠬᠢᠨ ᠬᠡᠦᠬᠡᠳ ᠤᠨ ᠴᠡᠴᠡᠷᠯᠢᠭ ᠤᠨ ᠵᠢᠵᠢᠬᠦᠷᠯᠡᠬᠦ ᠬᠡᠷ᠂ ᠴᠡᠴᠡᠷᠯᠢᠭ ᠲᠤ ᠣᠷᠣᠬᠤ ᠡᠬᠦᠳᠡᠨ ᠤ ᠪᠡᠶ᠎ᠡ ᠶᠢᠨ ᠬᠠᠯᠠᠭᠤᠨ ᠢ ᠰᠢᠯᠭᠠᠨ ᠪᠠᠶᠢᠴᠠᠭᠠᠬᠤ ᠴᠡᠭ᠂ ᠲᠤᠰᠠᠭᠠᠷᠯᠠᠬᠤ ᠲᠠᠰᠤᠭ᠂ ᠬᠢᠵᠢᠭ ᠢ ᠰᠡᠷᠭᠡᠶᠢᠯᠡᠬᠦ ᠡᠳ᠋ ᠪᠣᠳᠠᠰ ᠨᠥᠭᠡᠴᠡᠯᠡᠬᠦ ᠲᠠᠰᠤᠭ ᠵᠡᠷᠭᠡ ᠲᠠᠯᠠᠪᠤᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠮᠤᠩᠭᠤᠯ ᠦᠨᠳᠦᠰᠦᠳᠡᠨ ᠤ ᠬᠡᠤᠬᠡᠤᠨ ᠤᠨ ᠴᠡᠴᠡᠷᠯᠢᠭ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠠᠶᠢᠷᠢᠯᠠᠭᠤᠯᠤᠯᠲᠠ ᠵᠢᠴᠢ ᠬᠢᠵᠢᠭ ᠢ ᠰᠡᠷᠭᠡᠶᠢᠯᠡᠬᠦ ᠨᠠᠷᠢᠨ ᠨᠢᠭᠲᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠣᠨᠣᠰᠪᠠ᠃       ᠪᠠᠶᠢᠴᠠᠭᠠᠬᠤ ᠳᠤᠭᠤᠶᠢᠯᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠠᠷᠢᠨ ᠲᠠᠩᠰᠠ ᠡᠪᠬᠡᠮᠡᠯ᠂ ᠬᠡᠦᠬᠡᠳ ᠤᠨ ᠴᠡᠴᠡᠷᠯᠢᠭ ᠤᠨ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶᠠᠷᠤᠯᠲᠠ ᠡᠵᠡᠮᠳᠡᠯᠲᠡ᠂ ᠣᠷᠴᠢᠨ ᠲᠣᠭᠤᠷᠢᠨ ᠤ ᠠᠷᠢᠭᠤᠳᠬᠠᠯ ᠵᠡᠷᠭᠡ ᠲᠠᠯ᠎ᠠ ᠶᠢᠨ ᠠᠵᠢᠯ ᠢ ᠪᠦᠬᠦ ᠲᠠᠯ᠎ᠠ ᠪᠠᠷ ᠪᠠᠶᠢᠴᠠᠭᠠᠨ ᠦᠵᠡᠪᠡ᠃ ᠪᠠᠶᠢᠴᠠᠭᠠᠯᠳᠠ ᠶᠢᠨ ᠲᠠᠷᠠᠭ᠎ᠠ ᠮᠤᠩᠭᠤᠯ ᠦᠨᠳᠦᠰᠦᠳᠡᠨ ᠤ ᠬᠡᠦᠬᠡᠳ ᠤᠨ ᠴᠡᠴᠡᠷᠯᠢᠭ ᠲᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠭᠰᠡᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠢ ᠨᠢ ᠦᠨᠳᠦᠰᠦᠯᠡᠨ ᠵᠣᠬᠢᠴᠠᠩᠭᠤᠶ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃       ᠲᠣᠰ ᠤᠳᠠᠭᠠᠨ ᠤ ᠬᠢᠨᠠᠨ ᠪᠠᠶᠢᠴᠠᠭᠠᠯᠳᠠ ᠪᠠᠷ ᠳᠡᠮᠵᠢᠨ᠂ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠬᠢᠵᠢᠭ ᠢ ᠰᠡᠷᠭᠡᠶᠢᠯᠡᠬᠦ᠂ ᠠᠮᠤᠷ ᠲᠦᠪᠰᠢᠨ ᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠨ ᠨᠠᠷᠢᠯᠢᠬᠵᠢᠭᠤᠯᠵᠤ᠂ ᠪᠣᠭᠤᠮᠲᠠ ᠶᠢ ᠴᠢᠩᠭ᠎ᠠ ᠰᠠᠬᠢᠵᠤ᠂ ᠪᠠᠭᠰᠢ ᠬᠡᠦᠬᠡᠳ ᠤᠨ ᠥᠪᠡᠷ ᠢ ᠪᠠᠨ ᠬᠠᠮᠠᠭᠠᠯᠠᠬᠤ ᠬᠥᠮᠦᠵᠢᠯ ᠢ ᠴᠢᠩᠭᠠᠳᠬᠠᠬᠤ ᠶᠢᠨ ᠬᠠᠮᠲᠤ ᠲᠣᠰ ᠤᠳᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠨ᠂ ᠬᠡᠦᠬᠡᠳ ᠤᠨ ᠴᠡᠴᠡᠷᠯᠢᠭ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠳᠦᠷᠢᠮᠵᠢᠭᠦᠯᠤᠨ ᠪᠠᠶᠢᠩᠭᠤᠵᠢᠭᠤᠯᠵᠤ᠂ ᠪᠠᠭᠰᠢ ᠬᠡᠦᠬᠡᠳ ᠤᠨ ᠡᠷᠡᠭᠦᠯ ᠮᠡᠨᠳᠦ ᠠᠮᠤᠷ ᠲᠦᠪᠰᠢᠨ ᠢ ᠰᠠᠬᠢᠨ ᠬᠠᠮᠠᠭᠠᠯᠠᠬᠤ ᠪᠠᠷ ᠬᠦᠴᠦᠯᠡᠨ ᠴᠢᠷᠮᠠᠶᠢᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ