ᠤᠷᠠᠤᠨ ᠤᠨ ᠲᠤᠮᠳᠠᠳᠤ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠰᠢᠨ᠎ᠡ ᠪᠠᠷ ᠠᠵᠢᠯ ᠤᠨ ᠪᠠᠶᠢᠷᠢ ᠳᠤ ᠭᠠᠷᠤᠭᠰᠠᠨ ᠠᠰᠠᠷᠠᠭᠴᠢ  ᠳᠤ ᠪᠣᠯᠪᠠᠰᠤᠷᠠᠯ ᠬᠦᠷᠳᠡᠭᠡᠪᠡ
ᠨᠡᠶᠢᠲᠡᠯᠡᠭᠰᠡᠨ ᠴᠠᠭ᠄
2022/12/13
      ︽ᠠᠰᠠᠷᠠᠬᠤ ᠪᠠ ᠬᠥᠮᠦᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ︾ ᠪᠣᠯ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠵᠢᠷᠤᠮᠯᠠᠭᠰᠠᠭᠠᠷ ᠢᠷᠡᠭᠰᠡᠨ ᠰᠤᠷᠭᠠᠨ ᠬᠥᠮᠦᠵᠢᠯ ᠤᠨ ᠵᠠᠷᠴᠢᠮ ᠮᠥᠨ᠂ ᠠᠰᠠᠷᠠᠨ ᠬᠥᠮᠦᠵᠢᠭᠦᠯᠦᠭᠴᠢ ᠶᠢᠨ ᠲᠤᠰᠬᠠᠶ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠪᠣᠯ ᠪᠠᠰᠠ ᠴᠤ ᠨᠢᠭᠡᠨ ᠮᠠᠰᠢ ᠴᠢᠬᠤᠯᠠ ᠠᠵᠢᠯ ᠮᠥᠨ᠃ ᠰᠢᠨ᠎ᠡ ᠪᠠᠷ ᠠᠵᠢᠯ ᠳᠤ ᠭᠠᠷᠤᠭᠰᠠᠨ ᠠᠰᠠᠷᠠᠭᠴᠢ ᠶᠢᠨ ᠠᠵᠢᠯ ᠤᠨ ᠪᠠᠶᠢᠷᠢ ᠪᠠᠨ ᠲᠦᠷᠭᠡᠬᠡᠨ ᠣᠶᠢᠯᠠᠭᠠᠵᠤ᠂ ᠲᠡᠳᠡᠨ ᠤ ᠲᠤᠰᠬᠠᠶ ᠮᠡᠷᠭᠡᠵᠢᠯ ᠤᠨ ᠪᠤᠶᠢᠵᠢᠯᠲᠠ ᠶᠢ ᠠᠬᠢᠭᠤᠯᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠠᠰᠠᠷᠠᠨ ᠬᠥᠮᠦᠵᠢᠭᠦᠯᠬᠦ ᠠᠵᠢᠯ ᠢ ᠨᠠᠷᠢᠯᠢᠭᠵᠢᠭᠤᠯᠬᠤ᠂ ᠲᠠᠰ ᠲᠠᠷᠠᠭᠠᠵᠢᠭᠤᠯᠬᠤ᠂ ᠵᠢᠷᠤᠮᠵᠢᠭᠤᠯᠬᠤ ᠶᠢ ᠦᠨᠡᠨᠬᠦ ᠪᠠᠲᠤᠯᠠᠨ᠂ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 11 ᠤ ᠡᠳᠦᠷ᠂ ᠠᠰᠠᠷᠠᠨ ᠬᠥᠮᠦᠵᠢᠭᠦᠯᠬᠦ ᠡᠷᠬᠢᠯᠡᠭᠴᠢ ᠯᠢᠦ ᠬᠤᠩ ᠮᠧᠶ ᠪᠠᠭᠰᠢ ᠰᠢᠨ᠎ᠡ ᠪᠠᠷ ᠠᠵᠢᠯ ᠳᠤ ᠭᠠᠷᠤᠭᠰᠠᠨ ᠠᠰᠠᠷᠠᠭᠴᠢ ᠳᠤ ᠪᠣᠯᠪᠠᠰᠤᠷᠠᠯ ᠬᠦᠷᠲᠡᠭᠡᠪᠡ᠃       ᠠᠰᠠᠷᠠᠨ ᠬᠥᠮᠦᠵᠢᠭᠦᠯᠬᠦ ᠠᠵᠢᠯ ᠪᠣᠯ ᠬᠡᠦᠬᠡᠳ ᠤᠨ ᠴᠡᠴᠡᠷᠯᠢᠭ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠠᠰᠠᠷᠠᠨ ᠬᠥᠮᠦᠵᠢᠭᠦᠯᠦᠭᠴᠢ ᠪᠣᠯ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠠᠵᠢᠯ ᠢ ᠬᠡᠷᠡᠭᠵᠢᠭᠦᠯᠬᠦ ᠭᠤᠤᠯ ᠴᠤᠭᠴᠠ ᠮᠥᠨ᠃ ᠯᠢᠦ ᠪᠠᠭᠰᠢ ᠠᠴᠠ ᠴᠡᠴᠡᠷᠯᠢᠭ ᠤᠨ ᠠᠰᠠᠷᠠᠨ ᠬᠥᠮᠦᠵᠢᠭᠦᠯᠬᠦ ᠠᠵᠢᠯ ᠤᠨ ᠱᠠᠭᠠᠷᠳᠠᠯᠭ᠎ᠠ ᠪᠠ ᠣᠨᠴᠠᠯᠢᠭ ᠲᠠᠢ ᠤᠶᠠᠯᠳᠤᠭᠤᠯᠤᠨ᠂ ᠠᠰᠠᠷᠠᠨ ᠬᠥᠮᠦᠵᠢᠭᠦᠯᠬᠦ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠭᠰᠠᠨ ᠪᠥᠭᠡᠳ ᠠᠰᠠᠷᠠᠨ ᠬᠥᠮᠦᠵᠢᠭᠦᠯᠦᠭᠴᠢ ᠶᠢᠨ ᠨᠢᠭᠡ ᠡᠳᠦᠷ ᠤᠨ ᠠᠵᠢᠯ ᠤᠨ ᠶᠠᠪᠤᠴᠠ ᠶᠢ ᠡᠮᠬᠢᠯᠡᠵᠦ᠂ ᠠᠳᠠᠯᠢ ᠪᠤᠰᠤ ᠶᠠᠪᠤᠴᠠ ᠳᠤᠮᠳᠠ ᠲᠤᠯᠭᠠᠷᠠᠭᠰᠠᠨ ᠠᠰᠠᠭᠤᠳᠠᠯ  ᠳᠤ ᠲᠠᠶᠢᠯᠤᠮᠵᠢ ᠬᠢᠬᠦ ᠶᠢᠨ ᠬᠠᠮᠲᠤ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠢᠭᠤᠳᠬᠠᠬᠤ ᠲᠥᠷᠥᠯ ᠵᠦᠶ᠋ᠯ ᠢ ᠭᠤᠤᠯᠳᠠᠯᠭ᠎ᠠ ᠲᠠᠢ ᠰᠤᠷᠤᠯᠴᠠᠨ᠂ ᠠᠰᠠᠷᠠᠨ ᠬᠥᠮᠦᠵᠢᠭᠦᠯᠦᠭᠴᠢ ᠶᠢ ᠬᠡᠷ ᠳᠣᠲᠣᠷ᠎ᠠ ᠰᠠᠯᠬᠢ ᠨᠡᠪᠲᠡᠷᠡᠭᠦᠯᠬᠦ᠂ ᠡᠷᠡᠭᠦᠯ ᠬᠠᠮᠠᠭᠠᠯᠠᠯ ᠤᠨ ᠢ ᠪᠤᠯᠤᠩ ᠴᠤᠯᠤᠩ ᠦᠬᠡᠢ ᠰᠠᠶᠢᠳᠤᠷ ᠬᠢᠵᠦ᠂ ᠣᠯᠠᠨ ᠨᠡᠶᠢᠲᠡ ᠶᠢᠨ ᠣᠷᠣᠨ ᠪᠦᠰᠡ ᠶᠢᠨ ᠲᠣᠭᠯᠠᠭᠠᠮ ᠤᠨ ᠲᠥᠬᠦᠭᠡᠷᠦᠮᠵᠢ ᠵᠢᠴᠢ ᠲᠣᠭᠯᠠᠭᠠᠮ ᠵᠡᠷᠭᠡ ᠶᠢᠨ ᠡᠳᠦᠷ ᠲᠤᠲᠤᠮ ᠤᠨ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃       ᠳᠠᠷᠠᠭ᠎ᠠ ᠨᠢ᠂ ᠯᠢᠦ ᠬᠤᠩ ᠮᠧᠶ ᠪᠠᠭᠰᠢ ᠪᠠᠰᠠ ᠬᠢᠵᠢᠭ ᠤᠨ ᠪᠠᠶᠢᠳᠠᠯ ᠤᠨ ᠠᠵᠢᠯ ᠤᠨ ᠲᠣᠭᠤᠷᠢᠨ ᠳᠤ ᠦᠶ᠋ᠯᠡᠳᠦᠯᠭᠡ ᠶᠢᠨ ᠮᠥᠷᠳᠡᠨ ᠵᠢᠯᠣᠭᠤᠳᠣᠯᠭ᠎ᠠ ᠬᠢᠵᠦ᠂ ᠰᠢᠨ᠎ᠡ ᠠᠰᠠᠷᠠᠭᠴᠢ ᠳᠤ ᠬᠡᠦᠬᠡᠳ ᠤᠨ ᠠᠮᠢᠳᠤᠷᠠᠯ ᠤᠨ ᠬᠠᠮᠢᠶᠠᠷᠤᠯᠲᠠ ᠶᠢᠨ ᠤᠷ᠎ᠠ ᠴᠢᠳᠠᠪᠤᠷᠢ᠂ ᠠᠷᠢᠭᠤᠨ ᠴᠡᠪᠡᠷ ᠡᠷᠡᠭᠦᠯ ᠬᠠᠮᠠᠭᠠᠯᠠᠯ᠂ ᠠᠷᠢᠭᠤᠳᠬᠠᠬᠤ ᠠᠵᠢᠯ ᠵᠡᠷᠭᠡ ᠠᠭᠤᠯᠭ᠎ᠠ ᠶᠢ ᠲᠦᠷᠭᠡᠬᠡᠨ ᠡᠵᠡᠮᠰᠢᠭᠦᠯᠪᠡ᠃ ᠠᠵᠢᠯᠯᠠᠭᠠᠨ ᠤ ᠳᠤᠮᠳᠠ ᠠᠰᠠᠷᠠᠨ ᠬᠥᠮᠦᠵᠢᠭᠦᠯᠬᠦ ᠪᠠᠭᠰᠢ ᠨᠠᠷ ᠪᠦᠷ ᠢᠳᠡᠪᠬᠢᠲᠡᠶ ᠣᠷᠣᠯᠴᠠᠵᠤ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠤᠳᠤᠯᠤᠨ ᠶᠠᠷᠢᠯᠴᠠᠵᠤ᠂ ᠡᠭᠦᠨ ᠢᠶᠠᠷ ᠥᠪᠡᠷ ᠤᠨ ᠲᠤᠰᠬᠠᠶ ᠮᠡᠷᠭᠡᠵᠢᠯ ᠤᠨ ᠬᠡᠪ ᠴᠢᠨᠠᠷ ᠢᠶᠠᠨ ᠴᠢᠩᠭᠠᠳᠬᠠᠵᠤ᠂ ᠬᠤᠵᠢᠮ ᠤᠨ ᠠᠵᠢᠯ ᠳᠤ ᠪᠠᠨ ᠯᠠᠪᠳᠠᠭᠤᠨ ᠪᠠᠲᠤᠲᠠᠶ ᠰᠠᠭᠤᠷᠢ ᠲᠠᠯᠪᠢᠵᠤ ᠦᠭᠬᠦᠭᠰᠡᠨ ᠪᠠᠶᠢᠨ᠎ᠠ᠃       ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠪᠠᠷ ᠳᠠᠮᠵᠢᠨ᠂ ᠰᠢᠨ᠎ᠡ ᠠᠰᠠᠷᠠᠭᠴᠢ ᠪᠠᠭᠰᠢ ᠨᠠᠷ ᠥᠪᠡᠷ ᠤᠨ ᠲᠤᠰᠢᠶᠠᠯ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠥᠭᠡᠳ ᠡᠳᠦᠷ ᠲᠤᠲᠤᠮ ᠤᠨ ᠠᠵᠢᠯᠯᠠᠭᠠᠨ ᠤ ᠵᠢᠷᠤᠮᠵᠢᠯᠳᠤ ᠴᠢᠨᠠᠷ ᠢ ᠣᠶᠢᠯᠠᠭᠠᠵᠤ᠂ ᠴᠡᠴᠡᠷᠯᠢᠭ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠬᠤᠶᠢᠰᠢᠳᠠ ᠶᠢᠨ ᠠᠰᠠᠷᠠᠨ ᠬᠥᠮᠦᠵᠢᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠠᠰᠠᠷᠠᠭᠴᠢ ᠪᠠᠭᠰᠢ ᠡᠭᠡᠯ ᠪᠣᠷᠣᠭᠵᠢᠭᠤᠨ ᠬᠠᠶᠢᠷ᠎ᠠ ᠪᠠᠷ ᠬᠡᠤᠬᠡᠤᠨ ᠢ ᠳᠤᠯᠠᠭᠠᠴᠠᠭᠤᠯᠵᠤ᠂ ᠪᠠᠰᠠ ᠡᠨᠡ ᠬᠦ ᠡᠷᠡᠰ ᠪᠠᠲᠤ ᠬᠠᠷᠢᠭᠤᠴᠠᠯᠭᠠᠲᠤ ᠰᠡᠳᠬᠢᠯᠭᠡ ᠪᠠᠷ ᠥᠪᠡᠷ ᠤᠨ ᠠᠵᠢᠯ ᠤᠨ ᠦᠨ᠎ᠡ ᠥᠷᠲᠡᠭ ᠢᠶᠠᠨ ᠢᠯᠡᠷᠡᠭᠦᠯᠵᠦ᠂ ᠰᠤᠷᠭᠠᠨ ᠬᠦᠮᠦᠵᠢᠯ ᠤᠨ ᠤᠶᠢᠯᠡᠰ ᠲᠤ ᠦᠪᠡᠷ ᠤᠨ ᠬᠦᠴᠦ ᠬᠦᠳᠡᠯᠮᠤᠷᠢ ᠪᠠᠨ ᠡᠷᠬᠦᠬᠦ ᠪᠠᠷ ᠪᠡᠯᠡᠬᠡᠨ ᠪᠠᠶᠢᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ