2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠤᠯᠪᠤᠭᠳᠠᠬᠤ ᠰᠤᠷᠭᠠᠨ ᠬᠥᠮᠦᠵᠢᠯ ᠤᠨ ᠶᠠᠮᠤᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ
ᠨᠡᠶᠢᠲᠡᠯᠡᠭᠰᠡᠨ ᠴᠠᠭ᠄
2022/12/13
      ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 16 ᠤ ᠡᠳᠦᠷ᠂ ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠳᠡᠭᠡᠳᠦ ᠰᠤᠷᠭᠠᠭᠤᠯᠢ ᠶᠢᠨ ᠬᠢᠨ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠮᠡᠳᠡᠭᠳᠡᠯ ᠳᠤ ᠲᠤᠯᠤᠭᠠᠨ ᠵᠦᠢᠯ ᠢ ᠪᠠᠶᠢᠷᠢᠯᠠᠭᠤᠯᠪᠠ᠂ ᠪᠣᠳᠠᠲᠠᠶ ᠠᠭᠤᠯᠭ᠎ᠠ ᠶᠢ ᠬᠠᠮᠲᠤ ᠳᠤ ᠪᠠᠨ ᠣᠶᠢᠯᠠᠭᠠᠵᠠᠭᠠᠶ᠎ᠠ︕      ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠭᠯᠡᠯᠲᠡ ᠲᠥᠷᠥ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠤᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠣᠯᠤᠨ ︽ᠬᠢᠵᠢᠭ ᠤᠨ ᠪᠠᠶᠢᠳᠠᠯ ᠢ ᠴᠡᠪᠡᠷ ᠠᠷᠢᠯᠭᠠᠬᠤ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠪᠠᠶᠢᠩᠭᠤ ᠶᠢᠨ᠂ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠴᠠᠭ ᠪᠠ ᠪᠠᠶᠢᠳᠠᠯ ᠳᠤ ᠵᠣᠬᠢᠴᠠᠭᠤᠯᠵᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠤᠬᠢᠷᠠᠭᠤᠯᠤᠨ ᠰᠢᠯᠢᠳᠡᠭᠵᠢᠭᠦᠯᠵᠦ᠂ ᠨᠠᠷᠢᠯᠢᠭ ᠣᠨᠣᠴᠠᠲᠠᠢ᠂ ᠬᠥᠮᠦᠡᠯᠢᠭ ᠪᠡᠶᠡᠯᠡᠭᠦᠯᠵᠦ᠂ ᠬᠢᠵᠢᠭ ᠤᠨ ᠪᠠᠶᠢᠳᠠᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠪᠣᠯᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃       ᠬᠤᠶᠠᠷ ᠲᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠠᠵᠢᠯ ᠢ ᠠᠮᠤᠷ ᠲᠦᠪᠰᠢᠨ ᠡᠮᠬᠢ ᠵᠢᠷᠤᠮᠲᠠᠢ ᠪᠠᠷ ᠠᠬᠢᠭᠤᠯᠤᠨ᠎ᠠ᠃ ᠬᠠᠷᠢᠶ᠎ᠠ ᠣᠷᠣᠨ ᠳᠤ ᠨᠢ ᠬᠠᠮᠢᠶᠠᠷᠤᠭᠤᠯᠬᠤ᠂ ᠣᠷᠣᠨ ᠪᠦᠰᠡ ᠪᠠᠷ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ︽ᠨᠢᠭᠡ ᠭᠠᠵᠠᠷ ᠨᠢᠭᠡ ᠲᠥᠰᠦᠯ︾᠂ ︽ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ︾ ᠪᠠᠷ ᠰᠤᠷᠭᠠᠭᠤᠯᠢ ᠡᠬᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃       ᠭᠤᠷᠪᠠ ᠳᠤ᠂ ᠪᠠᠭᠰᠢ ᠰᠣᠷᠣᠭᠴᠢ ᠠᠵᠢᠯᠲᠠᠨ ᠠᠵᠢᠯᠴᠢᠨ ᠤ ᠰᠤᠷᠭᠠᠭᠤᠯᠢ ᠳᠤ ᠪᠠᠨ ᠪᠤᠴᠠᠬᠤ ᠶᠢ ᠨᠠᠷᠢᠨ ᠨᠢᠮᠪᠠᠶ ᠪᠠᠶᠢᠷᠢᠯᠠᠭᠤᠯᠤᠨ᠎ᠠ᠃ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠤ ᠪᠠᠷ ᠪᠠᠭᠰᠢ ᠰᠣᠷᠣᠭᠴᠢ ᠠᠵᠢᠯᠲᠠᠨ ᠠᠵᠢᠯᠴᠢᠨ ᠤ ᠰᠤᠷᠭᠠᠭᠤᠯᠢ ᠳᠤ ᠪᠠᠨ ᠪᠤᠴᠠᠬᠤ ᠨᠥᠬᠦᠴᠡᠯ ᠢ ᠲᠣᠳᠣᠷᠬᠠᠶᠢᠯᠠᠵᠤ᠂ ᠰᠤᠷᠭᠠᠭᠤᠯᠢ ᠳᠤ ᠪᠠᠨ ᠪᠤᠴᠠᠬᠤ ᠠᠵᠢᠯ ᠤᠨ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠲᠣᠭᠤᠷᠢᠭ ᠬᠤᠪᠢᠶᠠᠨ ᠲᠠᠰ ᠬᠤᠪᠢᠶᠠᠵᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠰᠤᠷᠭᠠᠭᠤᠯᠢ ᠳᠤ ᠪᠤᠴᠠᠬᠤ ᠪᠦᠯᠦᠭ ᠤᠳᠠᠭ᠎ᠠ ᠪᠠ ᠪᠣᠳᠠᠲᠠᠶ ᠴᠠᠭ ᠢ ᠲᠣᠭᠲᠠᠭᠠᠬᠤ ᠬᠡᠷᠡᠭᠲᠡᠶ᠃       ᠲᠦᠷᠪᠡ ᠳᠤ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠶᠢ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠢ ᠰᠠᠶᠢᠲᠤᠷ ᠠᠳᠬᠤᠨ᠎ᠠ᠃ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠪᠣᠯᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠪᠠᠶᠢᠷᠢ ᠲᠠᠯᠠᠪᠤᠷ ᠢ ᠴᠡᠪᠡᠷᠯᠡᠨ ᠠᠷᠢᠭᠤᠳᠬᠠᠬᠤ ᠪᠠ ᠰᠠᠯᠬᠢ ᠨᠡᠪᠲᠡᠷᠡᠭᠦᠯᠦᠨ ᠠᠭᠠᠷ ᠰᠣᠯᠢᠬᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠪᠣᠯᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠢᠳᠠᠪᠤᠷᠢ ᠶᠢ ᠨᠥᠭᠡᠴᠡᠯᠡᠬᠦ ᠵᠡᠷᠭᠡ ᠶᠢ ᠴᠢᠩᠭᠠᠳᠬᠠᠬᠤ ᠬᠡᠷᠡᠭᠲᠡᠶ᠃       ᠲᠠᠪᠤ ᠳᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠪ ᠤᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤᠤᠷ᠎ᠠ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ ᠪᠠ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠦᠢᠯᠡᠴᠢᠯᠡᠭᠡ ᠶᠢ ᠨᠠᠷᠢᠯᠢᠬᠵᠢᠭᠤᠯᠤᠨ ᠰᠢᠯᠢᠳᠡᠭᠵᠢᠭᠦᠯᠵᠦ᠂ ᠪᠠᠭᠰᠢ ᠰᠤᠷᠤᠭᠴᠢᠳ ᠤᠨ ᠵᠦᠶ ᠵᠣᠬᠢᠰᠲᠠᠶ ᠬᠡᠷᠡᠭᠴᠡᠭᠡ ᠶᠢ ᠭᠦᠢᠴᠡᠳ ᠪᠠᠲᠤᠯᠠᠵᠤ᠂ ᠠᠮᠤᠷ ᠲᠦᠪᠰᠢᠨ ᠲᠠᠭᠠᠯᠠᠮᠵᠢᠲᠠᠶ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠢ᠃       ᠵᠢᠷᠭᠤᠭ᠎ᠠ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠥᠮᠦᠵᠢᠯ ᠢ ᠢᠳᠡᠪᠬᠢᠲᠡᠶ ᠪᠥᠭᠡᠳ ᠪᠦᠲᠦᠮᠵᠢᠲᠡᠶ ᠥᠷᠨᠢᠭᠦᠯᠦᠨ᠎ᠡ᠃ ︽ᠭᠡᠷ ᠪᠦᠯᠢ ᠰᠤᠷᠭᠠᠭᠤᠯᠢ ᠬᠤᠷᠰᠢᠶᠠᠯᠠᠬᠤ︾ ᠬᠠᠮ ᠬᠦᠴᠦᠨ ᠢ ᠨᠢᠭᠲᠠᠷᠠᠭᠤᠯᠵᠤ᠂ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠪᠣᠯᠤᠨ ᠨᠠᠮᠤᠷ ᠡᠪᠦᠯ ᠤᠨ ᠤᠯᠠᠷᠢᠯ ᠪᠠᠶᠢᠩᠭᠤ ᠲᠣᠬᠢᠶᠠᠯᠳᠤᠳᠠᠭ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠬᠤ ᠬᠡᠷᠡᠭᠲᠡᠢ᠃ ᠪᠠᠭᠰᠢ ᠰᠣᠷᠣᠭᠴᠢ ᠠᠵᠢᠯᠲᠠᠨ ᠠᠵᠢᠯᠴᠢᠨ ᠢ ᠬᠥᠮᠦᠵᠢᠭᠦᠯᠦᠨ ᠵᠢᠯᠣᠭᠤᠳᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠲᠠᠢ ᠢᠳᠡᠪᠬᠢᠲᠡᠶ ᠬᠠᠮᠵᠢᠯᠴᠠᠭᠤᠯᠵᠤ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠠᠷᠢᠮᠲᠠᠯᠠᠵᠤ᠂ ᠥᠪᠡᠷ ᠪᠡᠶ᠎ᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃       ᠳᠣᠯᠤᠭ᠎ᠠ ᠳᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ︵ᠤᠳᠤᠷᠢᠳᠬᠤ ᠳᠤᠭᠤᠶᠢᠯᠠᠩ᠂ ᠵᠢᠯᠣᠭᠤᠳᠬᠤ ᠭᠠᠵᠠᠷ︶ ᠶᠢᠨ ᠨᠢᠭᠡᠳᠦᠯᠲᠡᠶ ᠲᠥᠯᠥᠪᠵᠢᠭᠦᠯᠭᠡ ᠳᠤᠤᠷ᠎ᠠ ᠬᠠᠮᠵᠢᠯᠴᠠᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠭᠡᠨᠡᠳᠲᠡ ᠶᠢᠨ ᠬᠢᠵᠢᠭ ᠤᠨ ᠪᠠᠶᠢᠳᠠᠯ ᠢ ᠪᠠᠴᠢᠮ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠯᠠᠨ ᠦᠵᠡᠭᠳᠡᠯ᠂ ᠪᠣᠳᠠᠲᠠᠶ ᠠᠵᠢᠯᠯᠠᠭᠠᠨ ᠤ ᠴᠢᠨᠠᠷᠲᠠᠶ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠬᠤᠪᠢᠷᠠᠭᠤᠯᠵᠤ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠬᠦ᠂ ᠲᠦᠷᠭᠡᠨ ᠪᠥᠭᠡᠳ ᠬᠦᠴᠦᠲᠡᠶ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠶ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ