ᠢᠷᠭᠠᠢ ᠬᠤᠲᠠ  ᠶᠢᠨ ᠠᠷᠠᠳ  ᠢ ᠬᠤᠨ ᠭᠠᠯᠠᠭᠤᠨ ᠤ ᠨᠤᠲᠤᠭ ᠲᠤ ᠤᠷᠢᠵᠤ  ᠠᠪᠴᠢᠷᠠᠨ᠎ᠠ
ᠨᠡᠶᠢᠲᠡᠯᠡᠭᠰᠡᠨ ᠴᠠᠭ᠄
2022/12/13
      ᠪᠠᠶᠠᠨᠨᠠᠭᠤᠷ ᠬᠤᠲᠠ ᠶᠢᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠢᠷᠭᠠᠢ ᠳᠤ ᠶᠠᠪᠤᠭᠳᠠᠪᠠ      ᠮᠣᠷᠢᠨ ᠬᠤᠭᠤᠷ ᠤᠨ ︽ᠲᠦᠮᠡᠨ ᠠᠭᠲᠠ ᠶᠢᠨ ᠲᠦᠪᠡᠷᠭᠡᠨ︾ ᠢ ᠬᠥᠭᠵᠢᠮᠳᠡᠵᠦ᠂ ᠲᠠᠩᠰᠤᠭ ᠰᠠᠶᠢᠬᠠᠨ ᠪᠠᠶᠠᠨᠨᠠᠭᠤᠷ ᠢ ᠢᠷᠭᠠᠢ ᠶᠢᠨ ᠬᠤᠳᠠ ᠶᠢᠨ ᠠᠷᠠᠳ ᠤᠨ ᠡᠮᠦᠨ᠎ᠡ ᠬᠠᠷᠠᠭᠤᠯᠪᠠ᠃ 8 ᠰᠠᠷ᠎ᠠ ᠶᠢᠨ 28 ᠤ ᠡᠳᠦᠷ᠂ ᠪᠠᠶᠠᠨᠨᠠᠭᠤᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ  ᠠᠴᠠ ᠭᠤᠣᠯᠯᠠᠨ ᠡᠷᠭᠢᠯᠡᠵᠦ᠂ ᠢᠷᠭᠠᠢ ᠶᠢᠨ ᠰᠢᠩ ᠢ ᠹᠧᠩ ᠳ᠋ᠧ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ  ᠠᠴᠠ ᠳᠠᠭᠠᠭᠠᠨ ᠡᠷᠭᠢᠯᠡᠭᠰᠡᠨ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ︽ᠭᠠᠷᠤᠳᠢ ᠶᠢᠨ ᠬᠤᠲᠠ︾ ᠶᠢᠨᠴᠤᠸᠠᠨ ᠳᠤ ᠶᠠᠪᠤᠭᠳᠠᠪᠠ᠃ ᠠᠵᠢᠯᠯᠠᠭ᠎ᠠ ᠶᠢᠨ ᠵᠣᠷᠢᠯᠭ᠎ᠠ ᠨᠢ ᠤᠯᠤᠰ ᠤᠨ ᠳᠣᠲᠣᠭᠠᠳᠤ ᠶᠢᠨ ᠠᠶᠠᠨᠴᠢᠳ ᠤᠨ ᠢᠷᠡᠯᠲᠡ ᠶᠢᠨ ᠭᠠᠵᠠᠷ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠨᠡᠭᠡᠭᠡᠨ ᠥᠷᠭᠡᠳᠬᠡᠵᠦ᠂ ᠪᠠᠶᠠᠨᠨᠠᠭᠤᠷ ᠬᠤᠲᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢ ᠠᠬᠢᠭᠤᠯᠬᠤ ᠶᠢᠨ ᠬᠠᠮᠲᠤ ᠪᠠᠶᠠᠨᠨᠠᠭᠤᠷ᠂ ᠢᠷᠭᠠᠢ ᠬᠤᠶᠠᠷ ᠬᠤᠲᠠ ᠶᠢᠨ ᠰᠣᠶᠣᠯ ᠵᠢᠭᠤᠯᠴᠢᠯᠠᠯ ᠤᠨ ᠣᠷᠣᠨ ᠪᠦᠰᠡ ᠶᠢᠨ ᠬᠤᠷᠰᠢᠯᠴᠠᠨ ᠬᠠᠮᠲᠤᠷᠠᠯᠴᠠᠬᠤ ᠶᠢ ᠪᠥᠬᠦ ᠲᠠᠯ᠎ᠠ ᠪᠠᠷ ᠠᠬᠢᠭᠤᠯᠵᠤ᠂ ᠬᠠᠲᠤᠨ ᠭᠤᠣᠯ ᠤᠨ  ︽  ᠵᠢᠢ︾ ᠥᠰᠥᠭ ᠤᠨ ᠮᠤᠷᠤᠢ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠬᠠᠮᠵᠢᠯᠴᠠᠨ ᠬᠥᠭᠵᠢᠬᠦ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠶᠤᠮ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ