ᠣᠶᠢᠷ᠎ᠠ ᠣᠷᠴᠢᠮ ᠤᠨ ᠦᠵᠡᠮᠵᠢ ᠪᠠᠰᠠ ᠬᠥᠮᠥᠨ ᠤ ᠰᠡᠳᠬᠢᠯ ᠢ ᠬᠥᠳᠡᠯᠭᠡᠨ᠎ᠡ ᠶᠠᠪᠤᠨ᠎ᠠ ᠭᠡᠪᠡᠯ ᠶᠠᠪᠤᠴᠢᠬᠠᠳᠠᠭ ᠠᠮᠠᠷᠠᠯᠲᠠ ᠶᠢᠨ ᠬᠤᠭᠤᠴᠠᠭ᠎ᠠ ᠶᠢ ᠨᠢᠭᠡ ᠤᠳᠠᠭ᠎ᠠ ᠪᠣᠯᠵᠣᠶ᠎ᠠ
ᠨᠡᠶᠢᠲᠡᠯᠡᠭᠰᠡᠨ ᠴᠠᠭ᠄
2022/12/13
      8 ᠰᠠᠷ᠎ᠠ ᠶᠢᠨ ᠳᠤᠮᠳᠠᠴᠢ ᠪᠠᠷ᠂ ᠪᠠᠶᠠᠨᠨᠠᠭᠤᠷ ᠤᠨ ᠵᠤᠨ ᠤ ᠤᠯᠠᠷᠢᠯ ᠰᠢᠪᠲᠤᠷᠭᠠᠨ ᠳᠠᠭᠠᠨ ᠣᠷᠣᠵᠤ᠂ ᠵᠤᠨ ᠤ ᠰᠡᠭᠦᠯᠴᠢ ᠶᠢᠨ ᠤᠷᠢᠬᠠᠨ ᠰᠠᠯᠬᠢ ᠨᠠᠮᠤᠷ ᠤᠨ ᠠᠭᠤᠷ ᠠᠮᠢᠰᠬᠤᠯ ᠢᠶᠠᠷ ᠮᠠᠰᠢ ᠤᠯᠠᠨ ᠬᠤᠳᠠ ᠶᠢᠨ ᠠᠷᠠᠳ ᠬᠤᠳᠠ ᠶᠢᠨ ᠲᠣᠭᠤᠷᠢᠭ ᠤᠨ ᠡᠷᠬᠢᠨ ᠲᠣᠭᠤᠷᠢᠨ ᠢᠶᠠᠷ ᠵᠤᠭᠠᠴᠠᠬᠤ ᠶᠢ ᠰᠣᠩᠭᠤᠪᠠ᠃ ᠣᠶᠢᠷ᠎ᠠ ᠳᠤ᠂ ᠰᠤᠷᠪᠤᠯᠵᠢᠯᠠᠭᠴᠢ ᠲᠣᠯᠢᠨ ᠨᠠᠭᠤᠷ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ᠂ ᠹᠦ᠋ ᠴᠢᠶᠠᠩ ᠲᠣᠰᠬᠤᠨ᠂ ᠴᠢᠩ ᠴᠦᠨ ᠨᠠᠭᠤᠷ ᠨᠤᠭᠤ ᠭᠠᠵᠠᠷ ᠤᠨ ᠴᠡᠴᠡᠷᠯᠢᠭ ᠵᠡᠷᠭᠡ ᠭᠠᠵᠠᠷ ᠢᠶᠠᠷ ᠬᠦᠷᠴᠦ ᠢᠷᠡᠭᠡᠳ᠂ ᠣᠶᠢᠷ᠎ᠠ ᠲᠡᠭᠦᠷᠭᠡ ᠶᠢᠨ ᠲᠠᠷᠢᠶᠠᠴᠢᠨ ᠠᠶᠢᠯ ᠤᠨ ᠵᠢᠭᠤᠯᠴᠢᠯᠠᠯ᠂ ᠰᠡᠯᠡᠭᠦᠴᠡᠯ ᠤᠨ ᠲᠠᠷᠢᠶᠠᠯᠠᠩ ᠵᠢᠴᠢ ᠬᠤᠲᠠ ᠶᠢᠨ ᠲᠣᠭᠤᠷᠢᠭ ᠤᠨ ᠡᠷᠬᠢᠨ ᠲᠣᠭᠤᠷᠢᠨ ᠤ ᠦᠵᠡᠮᠵᠢ ᠶᠢᠨ ᠣᠷᠣᠨ ᠨᠢ ᠬᠤᠲᠠ ᠶᠢᠨ ᠠᠷᠠᠳ ᠤᠨ ᠶᠠᠪᠤᠵᠤ ᠰᠠᠭᠤᠬᠤ ᠰᠠᠶᠢᠬᠠᠨ ᠭᠠᠵᠠᠷ ᠪᠣᠯᠤᠭᠰᠠᠨ ᠢ ᠣᠯᠵᠤ ᠮᠠᠲᠠᠵᠠᠢ᠂ ᠨᠠᠭᠤᠷ ᠤᠨ ᠬᠥᠪᠡᠭᠡ᠂ ᠭᠤᠣᠯ ᠤᠨ ᠬᠥᠪᠡᠭᠡ᠂ ᠲᠠᠷᠢᠶᠠᠨ ᠭᠠᠵᠠᠷ᠂ ᠬᠥᠳᠡᠭᠡ ᠲᠣᠰᠬᠤᠨ ᠳᠤ ᠁ ᠵᠠᠮ ᠤᠨ ᠬᠠᠵᠠᠭᠤ ᠳᠤ ᠵᠣᠭᠰᠣᠵᠤ ᠪᠠᠶᠢᠭ᠎ᠠ ᠵᠤᠭᠠᠴᠠᠭᠰᠠᠳ ᠤᠨ ᠮᠠᠰᠢᠨ ᠲᠡᠷᠭᠡ ᠭᠠᠵᠠᠷ ᠪᠣᠯᠭᠠᠨ ᠳᠤ ᠬᠠᠷᠠᠭᠳᠠᠵᠤ᠂ ᠮᠠᠰᠢ ᠣᠯᠠᠨ ᠬᠥᠮᠥᠨ ᠨᠠᠰᠤᠲᠠᠨ᠂ ᠬᠡᠦᠬᠡᠳ ᠢᠶᠠᠨ ᠳᠠᠭᠠᠭᠤᠯᠤᠨ ᠬᠥᠳᠡᠭᠡ ᠲᠣᠰᠬᠤᠨ ᠤ ᠥᠪᠡᠷᠮᠢᠴᠡ ᠣᠨᠴᠠᠯᠢᠭ ᠲᠠᠢ ᠴᠠᠭ ᠮᠥᠴᠡ ᠶᠢ ᠮᠡᠳᠡᠷᠡᠵᠦ ᠪᠠᠶᠢᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ