ᠤᠯᠠᠭᠠᠨᠰᠤᠬᠠᠢ ᠦᠵᠡᠮᠵᠢ ᠶᠢᠨ ᠣᠷᠣᠨ ᠤ ᠵᠤᠭᠠᠴᠠᠯ ᠤᠯᠠᠮ ᠢᠶᠠᠷ ᠰᠠᠶᠢᠵᠢᠷᠠᠪᠠ
ᠨᠡᠶᠢᠲᠡᠯᠡᠭᠰᠡᠨ ᠴᠠᠭ᠄
2022/12/13
      ᠨᠠᠢᠮᠠᠨ ᠰᠠᠷ᠎ᠠ ᠶᠢᠨ ᠤᠯᠠᠭᠠᠨᠰᠤᠬᠠᠢ ᠨᠠᠭᠤᠷ ᠤᠨ ᠥᠩᠭᠡ ᠦᠵᠡᠮᠵᠢ ᠨᠢ ᠰᠢᠯᠦᠭ ᠵᠢᠷᠤᠭ ᠮᠡᠲᠦ᠃ ᠣᠶᠢᠷ᠎ᠠ ᠶᠢᠨ ᠡᠳᠦᠷ ᠤᠳ ᠲᠤ᠂ ᠤᠯᠠᠭᠠᠨᠰᠤᠬᠠᠢ ᠨᠠᠭᠤᠷ ᠤᠨ ᠦᠵᠡᠮᠵᠢ ᠶᠢᠨ ᠣᠷᠣᠨ ᠳᠤ ᠬᠦᠷᠦᠯᠴᠡᠨ ᠢᠷᠡᠭᠰᠡᠨ ᠵᠤᠭᠠᠴᠠᠭᠰᠠᠳ ᠲᠠᠰᠤᠷᠠᠯᠳᠡ ᠦᠭᠡᠢ ᠴᠤᠪᠤᠷᠠᠯᠳᠤᠨ᠎ᠠ᠃ ᠦᠵᠡᠮᠵᠢ ᠶᠢᠨ ᠣᠷᠣᠨ ᠤ ᠣᠷᠣᠬᠤ ᠡᠭᠦᠳᠡᠨ ᠳᠤ᠂ ᠠᠵᠢᠯᠲᠠᠳ ᠪᠠᠶᠢᠨ ᠪᠠᠶᠢᠨ ᠵᠤᠭᠠᠴᠠᠭᠰᠠᠳ ᠲᠤ ᠠᠮᠠᠪᠴᠢ ᠵᠡᠭᠦᠵᠦ᠂ ᠰᠠᠨᠠᠭᠠᠴᠢᠯᠠᠭ᠎ᠠ ᠠᠴᠠ ᠪᠠᠨ ᠲᠠᠯᠠᠪᠤᠷ ᠤᠨ ᠨᠣᠮᠧᠷ ᠢ ᠰᠢᠷᠪᠢᠵᠦ᠂ ᠪᠡᠶ᠎ᠡ ᠶᠢᠨ ᠳᠤᠯᠠᠭᠠᠨ ᠢ ᠬᠡᠮᠵᠢᠬᠦ ᠳᠤ ᠬᠠᠮᠵᠢᠯᠴᠠᠨ᠂ ᠡᠮᠬᠢ ᠵᠢᠷᠤᠮ ᠲᠠᠢ ᠪᠠᠷ ᠴᠡᠴᠡᠷᠯᠢᠭ ᠲᠤ ᠣᠷᠣᠬᠤ ᠶᠢ ᠰᠠᠨᠠᠭᠤᠯᠵᠤ ᠪᠠᠶᠢᠯ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠴᠢᠩᠭ᠎ᠠ ᠨᠢᠮᠪᠠᠢ ᠠᠷᠭ᠎ᠠ ᠬᠡᠮᠵᠢᠶ᠎ᠡ ᠪᠠᠷ ᠵᠢᠭᠤᠯᠴᠢᠯᠠᠭᠴᠢᠳ ᠤᠨ ᠰᠠᠨᠠᠭ᠎ᠠ ᠠᠮᠤᠷ ᠵᠤᠭᠠᠴᠠᠬᠤ ᠶᠢ ᠦᠨᠡᠨ ᠬᠦ  ᠪᠠᠲᠤᠯᠠᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ