ᠳ᠋ᠧᠩᠺᠸᠦ  ᠶᠢᠨ ᠠᠮᠢ ᠠᠬᠤᠢ  ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ ᠰᠢᠪᠠᠭᠤᠳ ᠤᠨ ᠣᠷᠣᠰᠢᠨ ᠠᠮᠢᠳᠤᠷᠠᠬᠤ  ᠶᠢ ᠲᠠᠲᠠᠵᠤ ᠪᠠᠶᠢᠨ᠎ᠠ
ᠨᠡᠶᠢᠲᠡᠯᠡᠭᠰᠡᠨ ᠴᠠᠭ᠄
2022/12/13
      ᠳ᠋ᠧᠩᠺᠸᠤ ᠰᠢᠶᠠᠨ ᠤ ᠳᠣᠲᠣᠭᠠᠳᠤ  ᠶᠢ ᠬᠠᠮᠠᠭᠠᠯᠠᠬᠤ ᠲᠣᠪᠴᠢᠶᠠᠨ ᠤ ᠠᠮᠢ ᠠᠬᠤᠢ  ᠶᠢᠨ ᠣᠷᠴᠢᠨ ᠨᠥᠬᠦᠴᠡᠯ ᠤᠨ ᠢᠳᠡᠭᠡᠨ ᠤ ᠵᠦᠢᠯ ᠡᠮ ᠤᠨ ᠵᠦᠢᠯ ᠤᠨ ᠶᠠᠯᠠᠲᠤ ᠠᠵᠢᠯᠯᠠᠭ᠎ᠠ  ᠶᠢ ᠲᠤᠷᠰᠢᠨ ᠪᠠᠶᠢᠴᠠᠭᠠᠬᠤ ᠶᠡᠭᠡ ᠠᠩᠭᠢ  ᠶᠢᠨ ᠠᠷᠠᠳ ᠤᠨ ᠴᠠᠭᠳᠠᠭ᠎ᠠ ᠣᠷᠴᠢᠮᠬᠠᠨ ᠳᠤ ᠲᠣᠭᠤᠷᠢᠨ ᠪᠠᠶᠢᠴᠠᠭᠠᠬᠤ ᠶᠠᠪᠤᠴᠠ ᠳᠠᠭᠠᠨ ᠨᠠᠰᠤᠨ ᠳᠤ ᠬᠦᠷᠦᠭᠰᠡᠨ ᠬᠤᠶᠠᠷ ᠥᠰᠢᠶ᠎ᠡ ᠠᠴᠠ 4 ᠨᠢᠯᠬ᠎ᠠ ᠥᠰᠢᠶ᠎ᠡ  ᠶᠢ ᠠᠮᠵᠢᠯᠲᠠ  ᠲᠠᠢ ᠪᠠᠷ ᠨᠡᠪᠴᠢᠭᠦᠯᠦᠭᠰᠡᠨ  ᠢ ᠣᠯᠵᠤ ᠮᠠᠲᠠᠵᠠᠢ᠂ ᠡᠨᠡ ᠨᠢ ᠮᠥᠨ ᠴᠦ ᠳ᠋ᠧᠩᠺᠸᠤ ᠰᠢᠶᠠᠨ ᠳᠤ ᠠᠩᠬ᠎ᠠ ᠤᠳᠠᠭ᠎ᠠ ᠠᠵᠢᠭᠯᠠᠵᠤ ᠣᠯᠣᠭᠰᠠᠨ ᠵᠤᠯᠵᠠᠭ᠎ᠠ ᠰᠢᠪᠠᠭᠤ  ᠶᠢ ᠬᠠᠷᠠᠭᠤᠯᠵᠤ ᠪᠠᠶᠢᠭ᠎ᠠ ᠶᠤᠮ᠃      ᠠᠷᠠᠳ ᠤᠨ ᠴᠠᠭᠳᠠᠭ᠎ᠠ ᠬᠠᠲᠤᠨ ᠭᠤᠣᠯ ᠤᠨ ᠱᠤᠭᠤᠮ ᠳᠠᠭᠠᠤ ᠲᠣᠭᠤᠷᠢᠨ ᠪᠠᠶᠢᠴᠠᠭᠠᠯᠲᠠ ᠬᠢᠬᠦ ᠳᠡᠭᠡᠨ᠂ ᠰᠠᠨ ᠱᠧᠩ ᠬᠥᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠵᠠᠭᠤ ᠳᠠᠬᠢ ᠨᠢᠭᠡ ᠨᠠᠭᠤᠷ ᠴᠥᠭᠦᠷᠥᠮ ᠠᠴᠠ ᠬᠤᠶᠠᠷ ᠨᠠᠰᠤᠨ ᠳᠤ ᠬᠦᠷᠦᠭᠰᠡᠨ ᠥᠰᠢᠶ᠎ᠡ ᠶᠢᠨ ᠤᠰᠤᠨ ᠳᠤ ᠰᠢᠷᠭᠤᠨ ᠣᠷᠣᠵᠤ 4 ᠵᠤᠯᠵᠠᠭ᠎ᠠ ᠰᠢᠪᠠᠭᠤ ᠶᠢ ᠲᠡᠵᠢᠭᠡᠵᠦ ᠪᠠᠶᠢᠬᠤ ᠶᠢ ᠠᠵᠢᠭᠯᠠᠵᠤ ᠣᠯᠪᠠ᠃  4 ᠨᠢᠯᠬ᠎ᠠ ᠰᠢᠪᠠᠭᠤ ᠨᠢᠭᠡ ᠳᠣᠣᠷ᠎ᠠ ᠴᠤᠭᠯᠠᠷᠠᠨ᠂ ᠵᠠᠷᠢᠮ ᠳᠠᠭᠠᠨ ᠢᠳᠡᠰᠢ  ᠶᠢ ᠨᠢ ᠬᠦᠯᠢᠶᠡᠵᠦ᠂ ᠵᠠᠷᠢᠮ ᠳᠠᠭᠠᠨ ᠤᠰᠤᠨ ᠳᠤ ᠨᠠᠭᠠᠳᠴᠤ᠂ ᠵᠢᠭᠠᠬᠠᠨ ᠳᠠᠭᠤ ᠭᠠᠷᠤᠮᠠᠭᠴᠠ ᠮᠠᠰᠢ ᠲᠦᠷᠭᠡᠨ ᠤᠰᠤᠨ ᠳᠤ ᠱᠤᠩᠭᠤᠨ ᠣᠷᠣᠳᠠᠭ  ᠪᠠᠶᠢᠭ᠎ᠠ ᠶᠢ ᠣᠯᠵᠤ  ᠬᠠᠷᠠᠪᠠ ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ