ᠦᠶᠤᠸᠠᠨ ᠰᠢᠶᠠᠨ ᠤ ᠰᠢᠨ ᠬᠥᠩ ᠵᠥᠩ ᠪᠠᠯᠭᠠᠰᠤ ᠣᠲᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠶᠠᠪᠤᠴᠠ ᠳᠤ᠂ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠵᠤ᠂ ︽ᠵᠠᠰᠠᠭ ᠤᠨ ᠣᠷᠳᠣᠨ + ᠠᠵᠤ ᠠᠬᠤᠶᠢᠯᠠᠯ + ᠲᠠᠷᠢᠶᠠᠴᠢᠨ + ᠮᠥᠩᠭᠦᠨ | ᠭᠦᠢᠯᠭᠡᠭᠡ + ᠳᠠᠭᠠᠳᠬᠠᠯ + ᠰᠢᠨᠵᠢᠯᠡᠬᠦ ᠤᠬᠠᠭᠠᠨ ᠮᠡᠷᠭᠡᠵᠢᠯ︾ ᠤᠨ ᠵᠢᠷᠭᠤᠭ᠎ᠠ ᠶᠢ ᠨᠢᠭᠡ ᠴᠣᠭᠴᠠᠵᠢᠭᠤᠯᠤᠭᠰᠠᠨ ᠠᠵᠢᠯᠯᠠᠭᠠᠨ ᠤ ᠵᠠᠭᠪᠤᠷ ᠢᠶᠠᠷ ᠳᠠᠮᠵᠢᠭᠤᠯᠤᠨ᠂ | ᠲᠠᠷᠢᠶᠠᠯᠠᠩ ᠤᠨ ᠠᠵᠤ ᠦᠶᠢᠯᠡᠰᠵᠢᠯᠲᠡ᠂ ᠬᠡᠪᠴᠢᠶᠡᠵᠢᠯᠲᠡ᠂ ᠡᠷᠴᠢᠮᠵᠢᠭᠦᠯᠦᠯᠲᠡ ᠶᠢ ᠬᠦᠴᠦᠲᠡᠢ ᠠᠬᠢᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠢᠶᠠᠷ ᠲᠦᠯᠬᠢᠨ | ᠠᠬᠢᠭᠤᠯᠪᠠ᠃ | ᠰᠢᠨ ᠬᠦᠩ ᠵᠦᠩ ᠪᠠᠯᠭᠠᠰᠤᠨ ᠤ ᠰᠢᠦᠢ ᠿᠢ ᠲᠣᠰᠬᠤᠨ ᠤ ᠲᠡᠵᠢᠭᠡᠨ ᠦᠷᠡᠵᠢᠭᠦᠯᠬᠦ ᠬᠤᠷᠰᠢᠶ᠎ᠠ ᠳᠤ᠂ ︽ᠲᠡᠵᠢᠭᠡᠪᠦᠷᠢ ᠡᠬᠡ ᠬᠤᠷᠠᠭ᠎ᠠ ᠬᠦᠷᠭᠡᠬᠦ︾ ᠦᠨᠢᠶ᠎ᠡ | ᠲᠦᠭᠡᠭᠡᠬᠦ ᠶᠣᠰᠣᠯᠠᠯ ᠶᠠᠭ ᠶᠠᠪᠤᠭᠳᠠᠵᠤ᠂ 5 ᠲᠠᠷᠢᠶᠠᠴᠢᠨ ᠡᠷᠦᠬᠡ ᠠᠴᠠ ᠰᠦᠢᠳᠬᠡᠯ ᠬᠤᠷᠢᠶᠠᠬᠤ ᠦᠭᠡᠢ ᠪᠠᠷ ᠬᠤᠷᠰᠢᠶ᠎ᠠ ᠠᠴᠠ ᠲᠤᠰ ᠲᠤᠰ ᠬᠤᠶᠠᠷ ᠰᠠᠭᠤᠷᠢ | ᠦᠨᠢᠶ᠎ᠡ ᠠᠪᠴᠤ ᠬᠠᠷᠢᠭᠠᠳ ᠲᠡᠵᠢᠭᠡᠯᠭᠡᠪᠡ᠂ ᠬᠤᠶᠠᠷ ᠵᠢᠯ ᠤᠨ ᠲᠡᠵᠢᠭᠡᠯᠭᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠦᠨᠢᠶ᠎ᠡ ᠶᠢ ᠬᠤᠷᠰᠢᠶ᠎ᠠ ᠳᠤ ᠪᠤᠴᠠᠭᠠᠵᠤ᠂ | ᠲᠤᠭᠤᠯ ᠨᠢ ᠲᠡᠵᠢᠭᠡᠨ ᠦᠷᠡᠵᠢᠭᠦᠯᠬᠦ ᠡᠷᠦᠬᠡ ᠳᠤ ᠥᠮᠴᠢᠯᠡᠭᠳᠡᠨ᠎ᠡ᠃ ᠬᠡᠪ ᠤᠨ ᠠᠰᠢᠭ ᠣᠷᠣᠯᠭ᠎ᠠ ᠪᠠᠷ ᠪᠣᠯ᠂ ᠬᠤᠶᠠᠷ ᠵᠢᠯ ᠤᠨ ᠳᠠᠷᠠᠭ᠎ᠠ ᠭᠡᠷ ᠤᠨ ᠣᠷᠣᠯᠭ᠎ᠠ 1. | 6 ᠲᠦᠮᠡᠨ ᠲᠥᠭᠦᠷᠢᠭ ᠣᠷᠴᠢᠮ ᠨᠡᠮᠡᠭᠳᠡᠭᠰᠡᠨ ᠲᠠᠢ ᠲᠡᠩᠴᠡᠨ᠎ᠡ᠃ ᠰᠠᠭᠤᠷᠢ ᠡᠬᠡ ᠮᠠᠯ ᠢ ᠲᠦᠭᠡᠭᠡᠬᠦ ᠶᠢᠨ ᠬᠠᠮᠲᠤ ᠬᠤᠷᠰᠢᠶ᠎ᠠ ᠠᠴᠠ ᠳᠠᠭᠠᠭᠠᠯᠲᠠ ᠬᠢᠵᠦ᠂ | ᠭᠠᠴᠠᠭᠠᠨ ᠤ ᠪᠤᠰᠤᠳ 52 ᠡᠷᠦᠬᠡ ᠶᠢᠨ ᠲᠡᠵᠢᠭᠡᠨ ᠦᠷᠡᠵᠢᠭᠦᠯᠬᠦ ᠡᠷᠦᠬᠡ ᠳᠤ ᠵᠢᠭᠡᠯᠡᠭᠰᠡᠨ 500 ᠲᠦᠮᠡᠨ ᠲᠥᠭᠦᠷᠢᠭ ᠤᠨ ᠦᠢᠯᠡᠳᠪᠦᠷᠢᠯᠡᠯ ᠤᠨ ᠪᠡᠯᠡ ᠮᠥᠩᠭᠦ ᠶᠢ | ᠴᠦ ᠡᠬᠢᠯᠡᠨ ᠲᠦᠭᠡᠭᠡᠪᠡ᠃ ᠪᠠᠲᠤᠯᠠᠭᠠᠲᠤ ᠵᠢᠭᠡᠯᠡᠯᠭᠡ ᠶᠢ ᠣᠯᠣᠭᠰᠠᠨ ᠲᠡᠵᠢᠭᠡᠨ ᠦᠷᠡᠵᠢᠭᠦᠯᠬᠦ ᠡᠷᠦᠬᠡ ᠳᠤ ᠬᠤᠷᠰᠢᠶ᠎ᠠ ᠠᠴᠠ ᠮᠡᠷᠭᠡᠵᠢᠯ ᠤᠨ ᠦᠢᠯᠡᠴᠢᠯᠡᠭᠡ ᠬᠠᠩᠭᠠᠵᠤ᠂ | ᠨᠢᠭᠡᠳᠦᠯᠲᠡᠢ ᠪᠠᠷ ᠲᠡᠵᠢᠭᠡᠯ ᠪᠣᠷᠳᠤᠭ᠎ᠠ ᠲᠣᠬᠢᠷᠠᠭᠤᠯᠤᠨ ᠬᠦᠷᠭᠡᠵᠦ᠂ ᠦᠬᠡᠷ ᠲᠡᠵᠢᠭᠡᠬᠦ ᠦᠢᠯᠡᠰ ᠢ ᠦᠷᠭᠦᠯᠵᠢᠯᠡᠨ ᠬᠥᠭᠵᠢᠭᠦᠯᠵᠦ᠂ ᠡᠭᠦᠨ ᠤ ᠤᠯᠠᠮ ᠠᠴᠠ | ᠪᠦᠬᠦᠶᠢᠯᠡ ᠲᠣᠰᠬᠤᠨ ᠢᠶᠠᠷ ᠢᠶᠠᠨ ᠦᠬᠡᠷ ᠲᠡᠵᠢᠭᠡᠬᠦ ᠠᠬᠢᠴᠠ ᠶᠢ ᠲᠦᠯᠬᠢᠨ ᠠᠬᠢᠭᠤᠯᠤᠨ᠎ᠠ᠃ | | | |