ᠲᠣᠭᠤᠷᠢᠬᠤ ᠪᠠᠯᠭᠠᠰᠤ᠄ ᠠᠵᠤ ᠦᠢᠯᠡᠰ ᠤᠨ ᠴᠢᠳᠠᠪᠬᠢ ᠬᠥᠳᠡᠭᠡ ᠲᠣᠰᠬᠤᠨ ᠤ ᠬᠥᠭᠵᠢᠯᠲᠡ ᠶᠢ ᠲᠦᠷᠭᠡᠳᠬᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/12/14
      ᠠᠵᠤ ᠦᠢᠯᠡᠰ ᠬᠥᠭᠵᠢᠪᠡᠯ ᠠᠯᠢᠪᠠ ᠦᠢᠯᠡᠰ ᠮᠠᠨᠳᠤᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠲᠣᠮᠣ ᠶᠠᠪᠤᠳᠠᠯ ᠢ ᠰᠠᠶᠢᠲᠤᠷ ᠬᠢᠬᠦ ᠶᠢᠨ ᠲᠡᠷᠢᠭᠦᠨ ᠴᠢᠬᠤᠯᠠ ᠡᠭᠦᠷᠭᠡ ᠪᠣᠯ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠪᠤᠳᠠᠯ ᠪᠣᠯᠣᠨ᠎ᠠ᠃ ᠣᠶᠢᠷ᠎ᠠ ᠶᠢᠨ ᠵᠢᠯ ᠠᠴᠠ᠂ ᠲᠣᠭᠤᠷᠢᠬᠤ ᠪᠠᠯᠭᠠᠰᠤ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠪᠠᠷ ᠬᠥᠭᠵᠢᠭᠦᠯᠬᠦ︾ ᠱᠠᠭᠠᠷᠳᠠᠯᠭ᠎ᠠ ᠶᠣᠰᠣᠭᠠᠷ᠂ ︽ᠶᠡᠭᠡ ᠨᠠᠮ ᠤᠨ ᠪᠠᠶᠢᠭᠤᠯᠤᠯᠲᠠ ᠪᠠᠷ ᠶᠡᠭᠡ ᠬᠥᠭᠵᠢᠯᠲᠡ ᠶᠢ ᠬᠥᠲᠥᠯᠥᠨ ᠳᠠᠭᠠᠭᠤᠯᠬᠤ︾ ᠭᠤᠣᠯ ᠱᠤᠭᠤᠮ ᠤᠨ ᠲᠣᠭᠤᠷᠢᠨ ᠳᠤ᠂ ᠤᠳᠤ ᠦᠶ᠎ᠡ ᠶᠢᠨ ᠲᠠᠷᠢᠶᠠᠯᠠᠩ᠂ ᠠᠮᠢ ᠠᠬᠤᠢ ᠶᠢᠨ ᠨᠣᠭᠤᠭᠠᠷᠠᠭᠤᠯᠤᠯᠲᠠ᠂ ᠬᠥᠳᠡᠭᠡ ᠲᠣᠰᠬᠤᠨ ᠤ ᠵᠤᠭᠠᠴᠠᠯ ᠵᠡᠷᠭᠡ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠵᠤ᠂ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠠᠶᠢᠨ᠎ᠠ᠃      ᠣᠶᠢᠷ᠎ᠠ ᠳᠤ᠂ ᠲᠣᠭᠤᠷᠢᠬᠤ ᠪᠠᠯᠭᠠᠰᠤᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ᠂ ᠠᠵᠢᠯᠴᠢᠳ ᠪᠣᠯᠪᠠᠰᠤᠷᠠᠭᠰᠠᠨ ᠢᠳᠡᠰᠢᠨ ᠨᠣᠭᠤᠭ᠎ᠠ ᠪᠠᠨ ᠲᠡᠭᠦᠬᠦ᠂ ᠢᠯᠭᠠᠬᠤ᠂ ᠬᠠᠶᠢᠷᠴᠠᠭ ᠲᠤ ᠰᠠᠪᠠᠯᠠᠬᠤ ᠪᠠᠷ ᠶᠠᠭᠠᠷᠠᠯᠳᠤᠵᠤ ᠪᠠᠶᠢᠯ᠎ᠠ᠃ ᠣᠶᠢᠯᠠᠭᠠᠭᠰᠠᠨ ᠢᠶᠠᠷ᠂ ᠲᠣᠰ ᠬᠦᠷᠢᠶᠡᠯᠡᠩ ᠲᠣᠭᠤᠷᠢᠭ ᠤᠨ ᠳᠠᠷᠢᠬᠤ ᠲᠠᠯᠠᠪᠠᠶ ᠨᠢ 5000 ᠮᠦ ᠪᠠᠶᠢᠵᠤ᠂ ᠭᠤᠣᠯᠳᠠᠭᠤ ᠨᠣᠭᠤᠭ᠎ᠠ ᠶᠢᠨ ᠭᠤᠣᠯ ᠤᠨ ᠲᠥᠷᠥᠯ᠂ ᠨᠣᠭᠤᠭ᠎ᠠ ᠶᠢᠨ ᠬᠥᠪᠳᠥ ᠶᠢᠨ ᠲᠥᠷᠥᠯ᠂ ᠡᠯᠳᠡᠪ ᠨᠣᠭᠤᠭ᠎ᠠ ᠶᠢᠨ ᠲᠥᠷᠥᠯ ︽ᠭᠤᠷᠪᠠᠨ ᠶᠡᠭᠡ ᠲᠥᠷᠥᠯ︾ ᠤᠨ ᠪᠣᠬᠢᠷᠳᠤᠯ ᠦᠭᠡᠢ ᠣᠷᠭᠠᠨᠢᠭ ᠢᠳᠡᠰᠢᠨ ᠨᠣᠭᠤᠭ᠎ᠠ ᠪᠠᠷ ᠭᠤᠣᠯᠯᠠᠵᠤ ᠂ ᠥᠰᠦᠯᠲᠡ ᠶᠢᠨ ᠳᠤᠮᠳᠠᠴᠢ ᠦᠶᠡᠯᠡᠯ ᠨᠢ 35 ᠡᠳᠦᠷ ᠪᠠᠶᠢᠵᠤ᠂ ᠵᠢᠯ ᠳᠤ 4 ᠤᠳᠠᠭ᠎ᠠ ᠳᠠᠷᠢᠵᠤ ᠪᠣᠯᠣᠨ᠎ᠠ᠂ ᠮᠦ ᠪᠦᠷᠢ ᠶᠢᠨ ᠳᠤᠮᠳᠠᠴᠢ ᠤᠨᠠᠯᠲᠠ ᠨᠢ 5000 ︱ 6000 ᠵᠢᠩ ᠳᠤ ᠬᠦᠷᠴᠦ᠂ ᠵᠢᠩ ᠪᠦᠷᠢ ᠶᠢᠨ ᠬᠠᠮᠤᠭ ᠤᠨ ᠳᠣᠣᠷ᠎ᠠ ᠵᠠᠬ᠎ᠠ ᠳᠡᠯᠭᠡᠭᠦᠷ ᠤᠨ ᠬᠤᠳᠠᠯᠳᠤᠬᠤ ᠦᠨ᠎ᠡ ᠨᠢ 5 ᠲᠥᠭᠦᠷᠢᠭ ᠲᠤ ᠬᠦᠷᠴᠦ᠂ ᠮᠦ ᠪᠦᠷᠢ ᠶᠢᠨ ᠳᠤᠮᠳᠠᠴᠢ ᠠᠰᠢᠭ ᠣᠷᠣᠯᠭ᠎ᠠ ᠨᠢ 2.5 ︱ 3 ᠲᠦᠮᠡᠨ ᠲᠥᠭᠦᠷᠢᠭ ᠲᠤ ᠬᠦᠷᠬᠦ ᠪᠣᠯᠣᠨ᠎ᠠ᠃      2021 ᠣᠨ ᠳᠤ᠂ ᠲᠣᠭᠤᠷᠢᠬᠤ ᠪᠠᠯᠭᠠᠰᠤ ᠨᠢᠩᠰᠢᠶᠠ ᠶᠢᠨ ᠶᠧ  ᠹᠧᠩ ᠲᠠᠷᠢᠶᠠᠯᠠᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠣᠷᠣᠭᠤᠯᠤᠨ ᠠᠪᠴᠢᠷᠠᠵᠤ᠂ ᠴᠢᠬᠢ ᠪᠣᠶᠢᠵᠢᠭᠤᠯᠬᠤ᠂ ᠲᠠᠷᠢᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠰᠢᠶᠠᠩᠭᠠᠩ ᠳᠤ ᠬᠠᠩᠭᠠᠬᠤ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠲᠠᠷᠢᠮᠠᠯ ᠤᠨ ᠪᠦᠲᠦᠴᠡ ᠳᠤ ᠪᠦᠲᠦᠮᠵᠢᠲᠡᠢ ᠲᠣᠬᠢᠷᠠᠭᠤᠯᠤᠯᠲᠠ ᠬᠢᠵᠦ᠂ ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠭᠰᠠᠨ ᠢᠶᠠᠷ ᠪᠠᠷᠠᠬᠤ ᠦᠭᠡᠢ᠂ ᠰᠢᠶᠠᠨ ᠤ ᠬᠡᠪᠴᠢᠶᠡᠨ ᠤ ᠢᠳᠡᠰᠢᠨ ᠨᠣᠭᠤᠭ᠎ᠠ ᠶᠢᠨ ᠰᠠᠭᠰᠤ ᠶᠢ ᠪᠠᠶᠠᠯᠢᠭᠵᠢᠭᠤᠯᠵᠤ᠂ ᠪᠣᠭᠤᠮᠲᠠ ᠶᠢᠨ ᠭᠠᠳᠠᠨᠠᠬᠢ ᠵᠢᠮᠢᠰ ᠢᠳᠡᠰᠢᠨ ᠨᠣᠭᠤᠭ᠎ᠠ ᠶᠢᠨ ᠬᠤᠳᠠ ᠶᠢ ᠪᠠᠶᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠡᠢ᠃      ᠣᠶᠢᠷ᠎ᠠ ᠶᠢᠨ ᠵᠢᠯ ᠠᠴᠠ᠂ ᠲᠣᠭᠤᠷᠢᠬᠤ ᠪᠠᠯᠭᠠᠰᠤ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠵᠦ᠂ ᠪᠣᠬᠢᠷᠳᠤᠯ ᠦᠭᠡᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ︽ᠭᠤᠷᠪᠠᠨ ᠪᠦᠲᠦᠭᠡᠭᠳᠡᠬᠦᠨ︾  ᠢ ᠬᠠᠮᠲᠤᠪᠠᠷ ᠪᠠᠶᠢᠭᠤᠯᠬᠤ᠂ ︽ᠭᠤᠷᠪᠠᠨ ᠴᠣᠭᠴᠠ︾  ᠶᠢ ᠬᠠᠮᠲᠤᠪᠠᠷ ᠪᠣᠶᠢᠵᠢᠭᠤᠯᠬᠤ᠂ ︽ᠭᠤᠷᠪᠠᠨ ᠲᠦᠷᠦᠯ︾  ᠢ ᠬᠠᠮᠲᠤᠪᠠᠷ ᠠᠭᠤᠰᠤᠯᠴᠠᠭᠤᠯᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠲᠣᠭᠤᠷᠢᠬᠤ ᠪᠠᠯᠭᠠᠰᠤᠨ ᠤ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠥᠨᠳᠥᠷ ᠦᠷ᠎ᠡ ᠠᠰᠢᠭ ᠲᠠᠢ ᠬᠥᠳᠡᠭᠡ ᠠᠵᠤ ᠠᠬᠤᠢ ᠲᠡᠰᠢ ᠲᠠᠰᠤᠷᠠᠯᠲᠠ ᠦᠭᠡᠢ ᠤᠷᠤᠭᠰᠢᠯᠠᠪᠠ᠃ 
ᠢᠷᠡᠯᠲᠡ᠄ ᠲᠤᠰ ᠰᠦᠯᠵᠢᠶ᠎ᠡ