ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ | ᠲᠠᠨ ᠤ ᠲᠣᠪᠴᠢᠶ᠎ᠠ ᠶᠢᠨ ︽ᠦᠶᠤᠸᠠᠨ ᠰᠢᠶᠠᠨ ᠤ ᠳᠡᠨᠵᠢᠲᠡᠢ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠵᠦᠢᠯᠡᠰ ᠤᠨ ᠭᠠᠵᠠᠷ ᠬᠠᠩᠭᠠᠬᠤ | ᠲᠥᠰᠥᠯ ᠤᠨ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠦᠶᠤᠸᠠᠨ ᠪᠠᠶᠢᠭᠠᠯᠢ ᠡᠬᠢ ᠲᠠᠷᠬᠠᠭᠠᠬᠤ 〔2022〕 168 ᠳ᠋ᠤᠭᠠᠷ ᠲᠣᠭᠠᠲᠤ︶ ᠶᠢ ᠨᠢᠭᠡᠨᠲᠡ | ᠣᠯᠵᠤ ᠣᠶᠢᠯᠠᠭᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠣᠯᠣᠨ ᠤᠯᠤᠰ ᠤᠨ | ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ︽ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ ᠤᠨ ᠭᠠᠷᠴᠠᠭ︾ ᠤᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ︽ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠵᠢᠴᠢ ᠬᠡᠰᠡᠭ ᠰᠢᠶᠠᠩ ᠪᠠᠯᠭᠠᠰᠤ ᠶᠢᠨ ᠪᠣᠬᠢᠷᠳᠤᠯ ᠭᠠᠳᠠᠭᠰᠢᠯᠠᠭᠤᠯᠬᠤ ᠢᠨᠵᠧᠨᠧᠷᠢᠩ ᠤᠨ | ᠬᠤᠯᠪᠣᠭᠳᠠᠯ ᠪᠦᠬᠦᠢ ᠵᠦᠢᠯᠡᠰ ᠤᠨ ᠲᠤᠬᠠᠢ ᠬᠤᠷᠠᠯ ᠤᠨ ᠲᠣᠪᠴᠢ ᠲᠡᠮᠳᠡᠭᠯᠡᠯ︾ ︵ ᠦᠶᠤᠸᠠᠨ ᠵᠠᠰᠠᠭ ᠤᠨ ᠰᠠᠬᠢᠯᠭ᠎ᠠ ﹇2018﹈ 127 ᠳ᠋ᠤᠭᠠᠷ ᠲᠣᠭᠠᠲᠤ︶ | ᠤᠨ ᠵᠥᠪᠯᠡᠨ ᠲᠣᠭᠲᠠᠭᠠᠭᠰᠠᠨ ᠵᠦᠢᠯᠡᠰ ᠤᠨ ᠶᠣᠰᠣᠭᠠᠷ᠂ ᠰᠤᠳᠤᠯᠬᠤ ᠪᠠᠷ ᠳᠡᠮᠵᠢᠨ᠂ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄ | ᠨᠢᠭᠡ᠂ ᠦᠶᠤᠸᠠᠨ ᠰᠢᠶᠠᠨ ᠤ ᠳᠡᠨᠵᠢᠲᠡᠢ ᠪᠠᠯᠭᠠᠰᠤᠨ ᠤ ᠳᠡᠨᠵᠢᠲᠡᠢ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ 5333.36 | ᠲᠡᠭᠰᠢ ᠳᠥᠷᠪᠡᠯᠵᠢᠨ ᠮᠧᠲᠷ ᠤᠨ ᠭᠠᠵᠠᠷ ᠰᠢᠷᠣᠢ ᠶᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠰᠢᠯᠵᠢᠭᠦᠯᠦᠨ ᠬᠡᠷᠡᠭᠯᠡᠬᠦ ᠠᠷᠭ᠎ᠠ ᠮᠠᠶ᠋ᠢᠭ ᠢᠶᠠᠷ ᠦᠶᠤᠸᠠᠨ ᠰᠢᠶᠠᠨ ᠤ | ᠲᠢᠶᠠᠨᠵᠢᠲᠠᠢ ᠪᠠᠯᠭᠠᠰᠤᠨ ᠤ ᠲᠢᠶᠠᠨᠵᠢᠲᠠᠢ ᠭᠠᠴᠠᠭᠠᠨ ᠤ ᠠᠷᠠᠳ ᠤᠨ ᠵᠥᠪᠯᠡᠯ ᠳᠤ ᠬᠠᠩᠭᠠᠨ ᠥᠭᠴᠦ᠂ ᠳᠡᠨᠵᠢᠲᠡᠢ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ | ᠲᠦᠷᠦᠯ ᠵᠦᠢᠯ ᠳᠤ ᠬᠡᠷᠡᠭᠯᠡᠬᠦ ᠭᠠᠵᠠᠷ ᠪᠣᠯᠭᠠᠨ᠎ᠠ᠂ ᠭᠠᠵᠠᠷ ᠰᠢᠷᠣᠢ ᠶᠢᠨ ᠬᠡᠷᠡᠭᠯᠡᠯᠲᠡ ᠶᠢ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠳᠤ ᠬᠡᠷᠡᠭᠯᠡᠬᠦ ᠭᠠᠵᠠᠷ ᠪᠣᠯᠭᠠᠨ᠎ᠠ | ᠂ ᠭᠠᠵᠠᠷ ᠰᠢᠷᠣᠢ ᠶᠢᠨ ᠥᠮᠴᠢᠯᠡᠯ ᠤᠨ ᠡᠷᠬᠡ ᠵᠢᠴᠢ ᠬᠡᠷᠡᠭᠯᠡᠬᠦ ᠡᠷᠬᠡ ᠶᠢ ᠦᠶᠤᠸᠠᠨ ᠰᠢᠶᠠᠨ ᠤ ᠳᠡᠨᠵᠢᠲᠡᠢ ᠪᠠᠯᠭᠠᠰᠤᠨ ᠤ ᠳᠡᠨᠵᠢᠲᠡᠢ ᠭᠠᠴᠠᠭᠠᠨ ᠳᠤ | ᠥᠮᠴᠢᠯᠡᠭᠦᠯᠦᠨ᠎ᠡ᠃ | ᠬᠤᠶᠠᠷ᠂ ᠭᠠᠵᠠᠷ ᠰᠢᠷᠣᠢ ᠶᠢᠨ ᠬᠠᠩᠭᠠᠯᠭ᠎ᠠ ᠵᠡᠷᠭᠡ ᠪᠣᠳᠠᠲᠠᠢ ᠬᠡᠷᠡᠭ ᠶᠠᠪᠤᠳᠠᠯ ᠢ ᠲᠠᠨ ᠤ ᠲᠣᠪᠴᠢᠶ᠎ᠠ ᠠᠴᠠ ᠤᠯᠤᠰ ᠤᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠲᠣᠭᠲᠠᠭᠠᠯ ᠶᠣᠰᠣᠭᠠᠷ ᠬᠠᠷᠢᠭᠤᠴᠠᠨ ᠭᠦᠢᠴᠡᠳᠬᠡᠨ᠎ᠡ᠃ | | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2022 ᠣᠨ ᠤ 9 ᠰᠠᠷ᠎ᠠ ᠶᠢᠨ 3 | | | | | |