︽ᠦᠶᠤᠸᠠᠨ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2022/12/9
      ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ      ︵ᠨᠢᠭᠡ︶ ᠪᠢᠴᠢᠭ ᠮᠠᠲ᠋ᠧᠷᠢᠶᠠᠯ ᠨᠡᠶᠢᠲᠡᠯᠡᠭᠰᠡᠨ ᠰᠢᠯᠲᠠᠭᠠᠨ᠄ ᠮᠠᠨ ᠤ ᠰᠢᠶᠠᠨ ᠳᠤ ᠣᠳᠣᠬᠠᠨ ᠳᠤ 9670 ᠦᠨᠡᠮᠯᠡᠯ ᠲᠠᠢ ᠵᠡᠮᠳᠡᠭ ᠬᠥᠮᠥᠨ ᠪᠣᠶ᠂ ᠡᠭᠦᠨ ᠳᠤ ᠨᠢᠭᠡᠳᠦᠭᠡᠷ᠂ ᠬᠤᠶᠠᠳᠤᠭᠠᠷ ᠳᠡᠰ ᠤᠨ ᠵᠡᠮᠳᠡᠭ ᠬᠥᠮᠥᠨ 4279᠂ ᠭᠤᠷᠪᠠᠳᠤᠭᠠᠷ᠂ ᠳᠥᠷᠪᠡᠳᠦᠭᠡᠷ ᠳᠡᠰ ᠤᠨ ᠵᠡᠮᠳᠡᠭ ᠬᠥᠮᠥᠨ 5391 ᠪᠠᠶᠢᠵᠤ᠂ ᠬᠦᠨᠳᠦ ᠵᠡᠮᠳᠡᠭ ᠬᠥᠮᠥᠨ ᠨᠡᠯᠢᠶᠡᠳ ᠶᠡᠭᠡ ᠪᠠᠶᠢᠵᠤ᠂ ᠨᠠᠩ ᠪᠥᠬᠦ ᠲᠠᠯ᠎ᠠ ᠪᠠᠷ ᠨᠠᠩ ᠭᠦᠨᠵᠡᠭᠡᠢ ᠬᠠᠪᠰᠤᠷᠤᠨ ᠲᠡᠳᠬᠦᠬᠦ ᠴᠢᠬᠤᠯᠠᠲᠠᠢ ᠪᠠᠶᠢᠨ᠎ᠠ᠃ ᠣᠳᠣᠬᠠᠨ ᠳᠤ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠭᠡᠪᠡᠯ᠂ ᠨᠢᠭᠡ ᠳᠤ ᠵᠡᠮᠳᠡᠭᠴᠦᠳ ᠤᠨ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠶᠡᠭᠡ ᠪᠠᠶᠢᠵᠤ᠂ ᠨᠡᠯᠢᠶᠡᠳ ᠲᠣᠭᠠᠨ ᠤ ᠵᠡᠮᠳᠡᠭᠴᠦᠳ ᠤᠨ ᠭᠡᠷ ᠪᠦᠯᠢ ᠶᠢᠨ ᠠᠮᠢᠳᠤᠷᠠᠯ ᠪᠠᠰᠠ ᠨᠡᠯᠢᠶᠡᠳ ᠬᠦᠴᠢᠷᠲᠡᠢ ᠪᠠᠶᠢᠨ᠎ᠠ᠃ ᠬᠤᠶᠠᠷ ᠲᠤ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠪᠣᠯᠣᠨ ᠠᠵᠢᠯ ᠣᠯᠭᠤᠯᠲᠠ ᠶᠢᠨ ᠶᠠᠰᠤ ᠴᠢᠨᠠᠷ ᠪᠠᠰᠠ ᠥᠨᠳᠥᠷ ᠪᠢᠰᠢ᠂ ᠵᠡᠮᠳᠡᠭᠴᠦᠳ ᠤᠨ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠶᠢ ᠨᠡᠶᠢᠭᠡᠮ ᠤᠨ ᠳᠤᠮᠳᠠᠴᠢ ᠬᠢᠷᠢ ᠬᠡᠮᠵᠢᠶ᠎ᠡ ᠲᠠᠢ ᠬᠠᠷᠢᠴᠠᠭᠤᠯᠪᠠᠯ ᠪᠠᠰᠠ ᠢᠯᠡᠷᠬᠡᠢ ᠵᠥᠷᠢᠶ᠎ᠡ ᠲᠠᠢ ᠪᠠᠶᠢᠨ᠎ᠠ᠃ ᠭᠤᠷᠪᠠ ᠳᠤ ᠵᠡᠮᠳᠡᠭᠴᠦᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ ᠲᠠᠷᠬᠠᠯᠲᠠ ᠨᠢ ᠲᠡᠩᠴᠡᠭᠦᠷᠢ ᠦᠭᠡᠢ᠂ ᠶᠠᠰᠤ ᠴᠢᠨᠠᠷ ᠦᠷ᠎ᠡ ᠠᠰᠢᠭ ᠨᠢ ᠪᠠᠰᠠ ᠥᠨᠳᠥᠷ ᠪᠢᠰᠢ᠂ ᠵᠡᠮᠳᠡᠭᠴᠦᠳ ᠤᠨ ᠰᠤᠷᠭᠠᠭᠤᠯᠢ ᠳᠤ ᠣᠷᠣᠵᠤ ᠡᠮᠨᠡᠭᠦᠯᠬᠦ᠂ ᠡᠷᠡᠭᠦᠯᠵᠢᠭᠦᠯᠵᠦ ᠬᠠᠷᠠᠭᠠᠯᠵᠠᠨ ᠠᠰᠠᠷᠠᠬᠤ᠂ ᠰᠠᠭᠠᠳ ᠦᠭᠡᠢ ᠪᠠᠶᠢᠯᠭᠠᠬᠤ ᠵᠡᠷᠭᠡ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠪᠠᠰᠠ ᠭᠦᠢᠴᠡᠳ ᠬᠠᠩᠭᠠᠵᠤ ᠳᠡᠶᠢᠯᠦᠭᠡᠳᠦᠢ ᠪᠠᠶᠢᠨ᠎ᠠ᠃ ᠳᠥᠷᠪᠡ ᠳᠤ ᠵᠡᠮᠳᠡᠭᠴᠦᠳ ᠤᠨ ᠠᠳᠠᠯᠢ ᠲᠡᠭᠰᠢ ᠡᠷᠬᠡ ᠪᠠᠰᠠ ᠭᠦᠢᠴᠡᠳ ᠪᠡᠶᠡᠯᠡᠭᠳᠡᠭᠡᠳᠦᠢ ᠪᠠᠶᠢᠵᠤ᠂ ᠵᠡᠮᠳᠡᠭᠴᠦᠳ ᠢ ᠭᠠᠳᠠᠭᠤᠷᠴᠢᠯᠠᠬᠤ᠂ ᠵᠡᠮᠳᠡᠭᠴᠦᠳ ᠤᠨ ᠡᠷᠬᠡ ᠠᠰᠢᠭ ᠲᠤ ᠬᠠᠯᠳᠠᠬᠤ ᠦᠵᠡᠭᠳᠡᠯ ᠪᠠᠰᠠ ᠪᠠᠶᠢᠨ ᠲᠠᠬᠢᠨ ᠭᠠᠷᠴᠤ ᠪᠠᠶᠢᠨ᠎ᠠ᠃ ᠲᠠᠪᠤ ᠳᠤ ᠵᠡᠮᠳᠡᠭᠴᠦᠳ ᠤᠨ ᠦᠢᠯᠡᠰ ᠮᠥᠨ ᠬᠦ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠲᠠᠭᠤᠳᠠᠯ ᠪᠣᠯᠵᠤ᠂ ᠦᠨᠳᠦᠰᠦᠨ ᠱᠠᠲᠤᠨ ᠤ ᠵᠡᠮᠳᠡᠭᠴᠦᠳ ᠲᠤ ᠦᠢᠯᠡᠴᠢᠯᠡᠬᠦ ᠰᠠᠭᠤᠷᠢ ᠪᠠ ᠴᠢᠳᠠᠪᠤᠷᠢ ᠪᠠᠰᠠ ᠨᠡᠯᠢᠶᠡᠳ ᠪᠠᠭᠤᠷᠠᠢ ᠪᠠᠶᠢᠭᠰᠠᠭᠠᠷ᠃      ︵ᠬᠤᠶᠠᠷ︶ ᠦᠨᠳᠦᠰᠦ ᠪᠠᠷᠢᠮᠲᠠ᠄ ︽ᠪᠠᠶᠠᠨᠨᠠᠭᠤᠷ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠪᠠᠶᠠᠨᠨᠠᠭᠤᠷ ᠲᠠᠷᠬᠠᠭᠠᠭᠰᠠᠨ ﹇2022﹈ 21 ᠳ᠋ᠦᠭᠡᠷ ᠲᠣᠭᠠᠲᠤ︶᠂ ︽ᠦᠶᠤᠸᠠᠨ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠨᠡᠶᠢᠲᠡᠯᠡᠨ᠎ᠡ᠃      ᠬᠤᠶᠠᠷ᠂ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ      ︵ᠨᠢᠭᠡ︶ ᠵᠣᠷᠢᠯᠭ᠎ᠠ᠄ 2025 ᠣᠨ ᠪᠣᠯᠬᠤ ᠳᠤ ᠠᠳᠠᠯᠢ ᠲᠡᠭᠰᠢ ᠪᠣᠯᠭᠠᠭᠰᠠᠨ ᠵᠡᠮᠳᠡᠭᠴᠦᠳ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢ ᠨᠠᠩ ᠪᠦᠷᠢᠨ ᠲᠡᠭᠦᠯᠳᠡᠷ ᠪᠣᠯᠭᠠᠵᠤ᠂ ᠵᠡᠮᠳᠡᠭᠴᠦᠳ ᠤᠨ ᠦᠵᠡᠯ ᠰᠠᠨᠠᠭᠠᠨ ᠤ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠢ ᠢᠯᠡᠳᠲᠡ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠦᠢᠯᠡᠰ ᠤᠨ ᠬᠠᠤᠯᠢ ᠪᠠᠷ ᠵᠠᠰᠠᠬᠤ ᠬᠢᠷᠢ ᠲᠦᠪᠰᠢᠨ ᠢᠯᠡᠳᠲᠡ ᠴᠢᠩᠭᠠᠷᠠᠵᠤ᠂ ᠬᠠᠷᠰᠢ ᠰᠠᠭᠠᠳ ᠦᠭᠡᠢ ᠨᠡᠶᠢᠭᠡᠮ ᠤᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠵᠡᠮᠳᠡᠭᠴᠦᠳ ᠤᠨ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ᠂ ᠭᠡᠷ ᠪᠦᠯᠢ ᠶᠢᠨ ᠠᠮᠢᠳᠤᠷᠠᠯ ᠵᠡᠷᠭᠡ ᠡᠯ᠎ᠡ ᠲᠠᠯ᠎ᠠ ᠶᠢᠨ ᠡᠷᠬᠡ ᠲᠡᠭᠰᠢ ᠡᠷᠬᠡ ᠠᠰᠢᠭ ᠢ ᠨᠠᠩ ᠰᠠᠶᠢᠲᠤᠷ ᠪᠡᠶᠡᠯᠡᠭᠦᠯᠦᠨ᠎ᠡ᠃ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠭ᠎ᠠ ᠶᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ︵ᠬᠤᠶᠠᠷ︶ ᠠᠴᠢ ᠬᠤᠯᠪᠣᠭᠳᠠᠯ᠄ ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ᠂ ︽ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠳᠤ ᠡᠷᠬᠡᠪᠰᠢ ᠵᠡᠮᠳᠡᠭᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ ᠦᠢᠯᠡᠰ ᠢ ᠵᠠᠪᠠᠯ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ︾ ᠭᠡᠵᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠪᠤᠷᠢ  ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠵᠡᠮᠳᠡᠭᠴᠦᠳ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠪᠠᠶᠢᠷᠢᠰᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠭᠤᠰᠤᠯᠴᠠᠨ ᠬᠥᠭᠵᠢᠬᠦ ᠪᠠᠷ ᠭᠤᠣᠯᠳᠠᠯᠭ᠎ᠠ ᠪᠣᠯᠭᠠᠵᠤ᠂ ᠨᠡᠩ ᠪᠦᠷᠢᠨ ᠲᠡᠭᠦᠯᠳᠡᠷ ᠳᠦᠷᠢᠮ ᠤᠨ ᠰᠢᠰᠲ᠋ᠥᠮ ᠢ ᠪᠠᠶᠢᠭᠤᠯᠵᠤ᠂ ᠨᠡᠩ ᠡᠷᠬᠡ ᠲᠡᠭᠰᠢ ᠪᠠᠭᠲᠠᠭᠠᠮᠵᠢᠲᠠᠢ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ᠂ ᠥᠷᠭᠡᠨ ᠤᠯᠠᠨ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠠᠯᠤᠰ ᠤᠨ ᠲᠥᠯᠥᠪ ᠢ ᠪᠡᠶᠡᠯᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃      ᠭᠤᠷᠪᠠ᠂ ᠠᠵᠢᠯ ᠥᠷᠨᠢᠭᠦᠯᠬᠦ ᠠᠷᠭ᠎ᠠ ᠬᠡᠮᠵᠢᠶ᠎ᠡ      ᠨᠢᠭᠡ ᠳᠤ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠵᠢᠨ‌ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠦᠴᠢᠷᠳᠡᠯ ᠲᠠᠢ ᠵᠡᠮᠳᠡᠭᠴᠦᠳ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠬᠡᠷᠡᠭᠴᠡᠭᠡ ᠶᠢ ᠪᠠᠲᠤᠯᠠᠵᠤ᠂ ᠵᠡᠮᠳᠡᠭᠴᠦᠳ ᠤᠨ ᠳᠠᠭᠠᠳᠬᠠᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠵᠡᠮᠳᠡᠭ ᠴᠡᠷᠢᠭ ᠪᠠ ᠵᠡᠮᠳᠡᠭ ᠠᠷᠠᠳ ᠤᠨ ᠴᠠᠭᠳᠠᠭ᠎ᠠ ᠶᠢᠨ ᠠᠰᠠᠷᠠᠮᠵᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠭᠡᠨᠡᠳᠲᠡ ᠶᠢᠨ ᠬᠡᠷᠡᠭ ᠶᠠᠪᠤᠳᠠᠯ ᠳᠠᠬᠢ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠬᠤᠶᠠᠷ ᠲᠤ ᠵᠡᠮᠳᠡᠭᠴᠦᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠥᠷᠭᠡᠳᠬᠡᠵᠦ᠂ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠵᠢᠯ ᠣᠯᠭᠤᠬᠤ ᠦᠢᠯᠡᠴᠢᠯᠡᠭᠡ ᠶᠢ ᠴᠢᠩᠭᠠᠳᠬᠠᠨ᠎ᠠ᠃ ᠭᠤᠷᠪᠠ ᠳᠤ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠵᠡᠮᠳᠡᠭ ᠬᠡᠦᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠳᠦᠷᠢᠮ ᠢ ᠨᠠᠶᠢᠳᠠᠪᠤᠷᠢᠵᠢᠭᠤᠯᠤᠨ᠂ ᠵᠡᠮᠳᠡᠭᠴᠦᠳ ᠤᠨ ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ ᠪᠠ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠲᠣᠬᠢᠷᠠᠭᠤᠯᠬᠤ ᠦᠢᠯᠡᠴᠢᠯᠡᠭᠡ ᠶᠢ ᠥᠷᠨᠢᠭᠦᠯᠵᠦ᠂ ᠡᠷᠡᠭᠦᠯᠵᠢᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠥᠷᠪᠡ ᠳᠤ ᠵᠡᠮᠳᠡᠭᠴᠦᠳ ᠤᠨ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠦᠨ᠎ᠡ᠃ ᠵᠡᠮᠳᠡᠭᠴᠦᠳ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠦᠨ᠎ᠡ᠃ ᠲᠠᠪᠤ ᠳᠤ ᠵᠡᠮᠳᠡᠭᠴᠦᠳ ᠤᠨ ᠡᠷᠬᠡ ᠲᠡᠭᠰᠢ ᠪᠠᠷ ᠣᠷᠤᠯᠴᠠᠬᠤ ᠡᠷᠬᠡ ᠶᠢ ᠪᠠᠲᠤᠯᠠᠨ᠎ᠠ᠃ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡ ᠪᠠ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠂ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠮᠡᠳᠡᠭᠡ ᠵᠠᠩᠭᠢ ᠶᠢᠨ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ ᠦᠨᠳᠦᠰᠦᠨ ᠱᠠᠲᠤᠨ ᠤ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠭᠤᠯᠤᠯᠲᠠ ᠪᠠ ᠡᠵᠡᠩᠨᠡᠯᠲᠡ ᠶᠢ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢ ᠲᠦᠷᠭᠡᠳᠬᠡᠨ᠎ᠡ᠃ ᠲᠤᠯᠤᠭ᠎ᠠ ᠳᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠯᠭᠠᠭᠤᠷᠢᠯᠠᠬᠤ ᠰᠢᠰᠲ᠋ᠥᠮ ᠢ ᠪᠠᠶᠢᠭᠤᠯᠤᠨ᠎ᠠ᠃ ᠵᠡᠮᠳᠡᠭᠴᠦᠳ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ ᠂ ᠵᠡᠮᠳᠡᠭᠴᠦᠳ ᠤᠨ ᠨᠢᠭᠦᠯᠡᠰᠦᠩᠭᠦᠢ ᠶᠢᠨ ᠦᠢᠯᠡᠰ ᠬᠢᠭᠡᠳ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠵᠡᠮᠳᠡᠭᠴᠦᠳ ᠢ ᠲᠡᠳᠬᠦᠬᠦ ᠵᠡᠮᠳᠡᠭᠴᠦᠳ ᠢ ᠲᠤᠰᠠᠯᠠᠬᠤ ᠠᠵᠢᠯ ᠤᠨ ᠬᠦᠴᠦᠨ ᠢ ᠴᠢᠩᠭᠠᠷᠠᠭᠤᠯᠤᠨ᠂ ᠵᠡᠮᠳᠡᠭᠴᠦᠳ ᠢ ᠲᠡᠳᠬᠦᠬᠦ ᠵᠡᠮᠳᠡᠭᠴᠦᠳ ᠢ ᠲᠤᠰᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠵᠡᠮᠳᠡᠭᠴᠦᠳ ᠤᠨ ᠦᠢᠯᠡᠰ ᠤᠨ ᠭᠠᠳᠠᠭᠠᠳᠤ ᠲᠠᠢ ᠬᠠᠮᠲᠤᠷᠠᠯᠴᠠᠨ ᠰᠣᠯᠢᠯᠴᠠᠬᠤ ᠶᠢ ᠢᠳᠡᠪᠬᠢᠲᠡᠢ ᠥᠷᠨᠢᠭᠦᠯᠦᠨ᠎ᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ