︽ᠦᠶᠤᠸᠠᠨ ᠰᠢᠶᠠᠨ ᠤ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶  ᠳᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠲᠤᠬᠠᠢ  ᠲᠣᠭᠲᠠᠭᠠᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2022/12/9
      ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ      ︵ᠨᠢᠭᠡ︶ ᠨᠡᠶᠢᠲᠡᠯᠡᠭᠰᠡᠨ ᠪᠢᠴᠢᠭ ᠮᠠᠲ᠋ᠧᠷᠢᠶᠠᠯ  ᠤᠨ ᠰᠢᠯᠲᠠᠭᠠᠨ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠᠷ ᠭᠤᠣᠯ ᠪᠣᠯᠭᠠᠨ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ ᠪᠠᠷ ᠭᠠᠷᠳᠠᠴᠠ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠬᠥᠳᠡᠭᠡ ᠲᠣᠰᠬᠤᠨ ᠤ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠵᠦ᠂ ᠡᠷᠬᠡ ᠬᠠᠷᠢᠭᠤᠴᠠᠯᠭ᠎ᠠ ᠨᠢ ᠲᠣᠳᠣᠷᠬᠠᠢ ᠦᠭᠡᠢ᠂ ᠬᠢᠨᠠᠯᠲᠠ ᠬᠠᠮᠢᠶᠠᠷᠤᠯᠲᠠ ᠨᠢ ᠰᠤᠯᠠ ᠪᠠᠶᠢᠬᠤ᠂ ᠬᠠᠤᠯᠢ ᠬᠡᠷᠡᠭᠵᠢᠭᠦᠯᠦᠯᠲᠡ ᠨᠢ ᠰᠤᠯᠠ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ  ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶ ᠶᠢᠨ ᠣᠷᠣᠨ ᠰᠠᠭᠤᠴᠠ ᠶᠢᠨ ᠭᠠᠵᠠᠷ ᠤᠨ ᠬᠤᠯᠪᠣᠭᠳᠠᠯ ᠪᠦᠬᠦᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃      ︵ᠬᠤᠶᠠᠷ︶ ᠨᠡᠶᠢᠲᠡᠯᠡᠭᠰᠡᠨ ᠪᠢᠴᠢᠭ ᠮᠠᠲ᠋ᠧᠷᠢᠶᠠᠯ ᠤᠨ ᠦᠨᠳᠦᠰᠦᠯᠡᠯ᠄ 2019 ᠣᠨ ᠤ ᠲᠥᠪ ᠬᠤᠷᠢᠶᠠᠨ ᠤ ᠠᠯᠪᠠᠨ ᠭᠡᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠲᠥᠪ ᠠᠯᠪᠠᠨ ᠲᠠᠷᠬᠠᠭᠠᠭᠰᠠᠨ ﹇2019﹈ 5 ᠳ᠋ᠤᠭᠠᠷ ᠲᠣᠭᠠᠲᠤ ︶᠂ ᠲᠥᠪ ᠤᠨ ᠲᠠᠷᠢᠶᠠᠯᠠᠩ ᠤᠨ ᠠᠯᠪᠠᠨ ᠭᠡᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠬᠠᠮᠲᠤᠷᠠᠨ ᠲᠠᠷᠬᠠᠭᠠᠭᠰᠠᠨ ︽ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠳᠤᠮᠳᠠ ᠲᠠᠷᠢᠶᠠᠴᠢᠨ ᠲᠠᠷᠬᠠᠭᠠᠭᠰᠠᠨ ﹇2019﹈ 11 ᠳ᠋ᠦᠭᠡᠷ ᠲᠣᠭᠠᠲᠤ︶᠂ ︽ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠤᠭᠤᠳᠬᠤ ᠭᠠᠷᠴᠠᠭ ︵2020 ᠣᠨ ᠤ ᠬᠡᠪᠯᠡᠯ︶︾ ᠪᠠ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠲᠣᠭᠲᠠᠭᠠᠯ ᠃      ᠬᠤᠶᠠᠷ᠂ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ      ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠷᠣᠨ ᠰᠠᠭᠤᠴᠠ ᠶᠢᠨ ᠭᠠᠵᠠᠷ ᠤᠨ ᠨᠢᠭᠡᠳᠦᠯᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠷᠣᠨ ᠰᠠᠭᠤᠴᠠ ᠶᠢᠨ ᠭᠠᠵᠠᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠣᠷᠣᠨ ᠰᠠᠭᠤᠴᠠ ᠶᠢᠨ ᠭᠠᠵᠠᠷ ᠤᠨ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳ᠋ᠤᠨᠢ‌‍ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠵᠤ᠂ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶ ᠳᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠪᠠᠷ ᠲᠣᠭᠲᠠᠭᠠᠪᠠ᠃      ᠭᠤᠷᠪᠠ᠂ ᠠᠵᠢᠯ ᠥᠷᠨᠢᠭᠦᠯᠬᠦ ᠠᠷᠭ᠎ᠠ ᠬᠡᠮᠵᠢᠶ᠎ᠡ      ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ︽ᠰᠢᠶᠠᠨ ᠤ ᠱᠠᠲᠤᠨ ᠠᠴᠠ ᠭᠤᠣᠯᠯᠠᠨ ᠤᠳᠤᠷᠢᠳᠬᠤ᠂ ᠰᠢᠶᠠᠩ ᠪᠠᠯᠭᠠᠰᠤ ᠭᠤᠣᠯᠯᠠᠨ ᠬᠠᠷᠢᠭᠤᠴᠠᠬᠤ᠂ ᠭᠠᠴᠠᠭᠠᠨ ᠤ ᠱᠠᠲᠤᠨ ᠤ ᠭᠤᠣᠯ ᠴᠣᠭᠴᠠ︾ ᠶᠢᠨ ᠱᠠᠭᠠᠷᠳᠠᠯᠭ᠎ᠠ ᠶᠣᠰᠣᠭᠠᠷ᠂ ᠰᠢᠶᠠᠨ ᠤ ᠱᠠᠲᠤᠨ ᠤ ᠵᠠᠰᠠᠭ ᠤᠨ ᠣᠷᠳᠣᠨ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠪᠠᠶᠢᠭᠤᠯᠬᠤ ᠪᠠ ᠭᠠᠴᠠᠭᠠᠨ ᠤ ᠠᠷᠠᠳ ᠤᠨ ᠭᠡᠷ ᠪᠠᠷᠢᠬᠤ ᠬᠠᠮᠢᠶᠠᠷᠤᠯᠲᠠ ᠶᠢᠨ ᠰᠢᠰᠲ᠋ᠧᠮ ᠢ ᠵᠢᠷᠤᠮᠵᠢᠭᠤᠯᠵᠤ᠂ ︽ᠰᠠᠯᠠᠭ᠎ᠠ ᠮᠥᠴᠢᠷ ᠬᠠᠮᠵᠢᠯᠴᠠᠬᠤ᠂ ᠰᠢᠶᠠᠨ ᠪᠠᠯᠭᠠᠰᠤ ᠭᠠᠴᠠᠭ᠎ᠠ ᠭᠤᠷᠪᠠᠨ ᠱᠠᠲᠤ ᠬᠠᠮᠲᠤᠷᠠᠨ ᠬᠥᠳᠡᠯᠦᠯᠴᠡᠬᠦ︾ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠡᠰᠡᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶ ᠳᠤ ᠥᠭᠴᠦ ᠬᠡᠷᠡᠭᠵᠢᠭᠦᠯᠦᠭᠦᠯᠦᠨ᠎ᠡ᠃ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠬᠥᠳᠡᠭᠡ ᠲᠣᠰᠬᠤᠨ ᠤ ᠭᠠᠴᠠᠭᠠᠨ ᠤ ᠠᠷᠠᠳ ᠤᠨ ᠣᠷᠣᠨ ᠰᠠᠭᠤᠴᠠ ᠶᠢᠨ ᠭᠠᠵᠠᠷ ᠢ ᠠᠰᠢᠭᠯᠠᠨ ᠣᠷᠣᠨ ᠰᠠᠭᠤᠴᠠ ᠪᠠᠷᠢᠭᠰᠠᠨ ᠶᠠᠪᠤᠳᠠᠯ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ  ᠪᠠᠶᠢᠴᠠᠭᠠᠬᠤ ᠳᠦᠷᠢᠮ᠂ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶ ᠨᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠦᠷᠢᠮ ᠢ ᠪᠦᠷᠢᠨᠰᠢᠭᠦᠯᠵᠦ᠂ ᠣᠷᠣᠨ ᠰᠠᠭᠤᠴᠠ ᠶᠢᠨ ᠰᠠᠭᠤᠷᠢ ᠭᠠᠵᠠᠷ ᠢ ᠲᠣᠥᠷᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠷᠲᠡ ᠢᠯᠡᠷᠡᠭᠦᠯᠵᠦ᠂ ᠡᠷᠲᠡ ᠬᠤᠷᠢᠭᠯᠠᠨ ᠵᠣᠭᠰᠣᠭᠠᠵᠤ᠂ ᠡᠷᠲᠡ ᠰᠢᠢᠳᠪᠦᠷᠢᠯᠡᠵᠦ᠂ ᠬᠠᠤᠯᠢ ᠲᠣᠭᠲᠠᠭᠠᠯ  ᠠᠴᠠ ᠵᠥᠷᠢᠴᠡᠨ ᠭᠠᠵᠠᠷ ᠬᠡᠷᠡᠭᠯᠡᠨ ᠭᠡᠷ ᠪᠠᠷᠢᠬᠤ ᠦᠵᠡᠭᠳᠡᠯ ᠢ ᠰᠢᠨ᠎ᠡ ᠪᠠᠷ ᠪᠣᠶ ᠪᠣᠯᠭᠠᠬᠤ ᠶᠢ ᠰᠡᠷᠭᠡᠶᠢᠯᠡᠬᠦ ᠬᠡᠷᠡᠭᠲᠡᠢ︔ ᠡᠯ᠎ᠡ ᠱᠠᠲᠤᠨ ᠤ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠯᠪᠣᠭᠳᠠᠯ ᠪᠦᠬᠦᠢ ᠠᠰᠠᠭᠤᠳᠠᠯ ᠢ ᠯᠠᠪᠳᠠᠭᠤᠨ ᠢᠶᠠᠷ ᠰᠢᠢᠳᠪᠦᠷᠢᠯᠡᠬᠦ ᠬᠡᠷᠡᠭᠲᠡᠢ᠃ ᠬᠤᠯᠪᠣᠭᠳᠠᠬᠤ ᠰᠠᠯᠠᠭ᠎ᠠ ᠮᠥᠴᠢᠷ ᠨᠢ ᠣᠯᠠᠨ᠂ ᠲᠡᠦᠬᠡ ᠨᠢ ᠥᠨᠢ ᠤᠳᠠᠭᠠᠨ᠂ ᠪᠠᠶᠢᠳᠠᠯ ᠨᠢ ᠪᠤᠳᠤᠯᠢᠶᠠᠨᠲᠠᠢ ᠬᠤᠯᠪᠣᠭᠳᠠᠯ ᠪᠦᠬᠦᠢ ᠣᠷᠣᠨ ᠰᠠᠭᠤᠴᠠ ᠶᠢᠨ ᠭᠠᠵᠠᠷ ᠤᠨ ᠠᠰᠠᠭᠤᠳᠠᠯ ᠢ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠤᠨ ᠰᠢᠨᠵᠢᠯᠡᠬᠦ ᠤᠬᠠᠭᠠᠨ ᠵᠡᠷᠭᠡ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠪᠠᠶᠢᠭᠠᠳ ᠬᠠᠮᠲᠤ ᠪᠠᠷ ᠰᠢᠢᠳᠪᠦᠷᠢᠯᠡᠵᠦ᠂ ᠠᠵᠢᠯ ᠤᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠨ᠂ ᠵᠥᠷᠢᠴᠡᠯ ᠢ ᠬᠤᠷᠴᠠᠳᠬᠠᠬᠤ ᠪᠠ ᠠᠰᠠᠭᠤᠳᠠᠯ ᠢ ᠳᠡᠭᠡᠭᠰᠢ ᠳᠠᠮᠵᠢᠭᠤᠯᠬᠤ  ᠠᠴᠠ ᠵᠠᠶᠢᠯᠠᠰᠬᠢᠨ᠎ᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ