︽ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2022/12/9
      ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ      ︵ᠨᠢᠭᠡ︶ ᠨᠡᠶᠢᠲᠡᠯᠡᠭᠰᠡᠨ ᠪᠢᠴᠢᠭ ᠮᠠᠲ᠋ᠧᠷᠢᠶᠠᠯ  ᠤᠨ ᠰᠢᠯᠲᠠᠭᠠᠨ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ  ᠶᠢ ᠭᠦᠨᠵᠡᠭᠡᠢ ᠬᠡᠷᠡᠭᠵᠢᠭᠦᠯᠬᠦ ᠶᠢᠨ ᠲᠥᠯᠥᠭᠡ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠥᠭᠡᠷᠡᠴᠢᠯᠡᠯᠲᠡ ᠶᠢ ᠪᠦᠬᠦ ᠲᠠᠯ᠎ᠠ  ᠪᠠᠷ ᠭᠦᠨᠵᠡᠭᠡᠶᠢᠷᠡᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠡᠷᠬᠡ ᠴᠢᠳᠠᠪᠤᠷᠢ ᠶᠢ ᠲᠡᠭᠦᠯᠳᠡᠷᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠦᠶᠤᠸᠠᠨ ᠰᠢᠶᠠᠨ ᠤ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠤᠨ᠂ ᠤᠯᠤᠰ ᠤᠨ ᠬᠠᠮᠢᠶ᠎ᠠ ᠪᠦᠬᠦᠢ ᠪᠡᠯᠡᠳᠬᠡᠮᠵᠢᠲᠦ ᠲᠠᠷᠢᠶᠠᠯᠠᠩ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠦᠶᠤᠸᠠᠨ ᠰᠢᠶᠠᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ︵ᠬᠤᠶᠠᠷ︶ ᠨᠡᠶᠢᠲᠡᠯᠡᠭᠰᠡᠨ ᠪᠢᠴᠢᠭ ᠮᠠᠲ᠋ᠧᠷᠢᠶᠠᠯ ᠤᠨ ᠦᠨᠳᠦᠰᠦᠯᠡᠯ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠢ ︽ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾᠂ ︽ᠯᠠᠨᠵᠧᠦ ᠶᠢᠨ ᠰᠢᠨ᠎ᠡ ᠲᠣᠭᠤᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠯ ᠤᠨ ᠡᠷᠬᠡ ᠶᠢ ᠳᠡᠩᠰᠡᠯᠡᠨ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾ ᠂ ︽ᠯᠢᠩ ᠲᠠᠢ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠯ ᠤᠨ ᠡᠷᠬᠡ ᠶᠢ ᠳᠡᠩᠰᠡᠯᠡᠨ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾᠂ ︽ᠪᠠᠭᠠᠷᠢᠨ ᠵᠡᠭᠦᠨ ᠬᠤᠰᠢᠭᠤᠨ ᠤ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠲᠣᠰ ᠠᠷᠭ᠎ᠠ ᠶᠢ ᠲᠣᠭᠲᠠᠭᠠᠪᠠ᠃      ᠬᠤᠶᠠᠷ᠂ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠥᠮᠴᠢᠯᠡᠯ ᠤᠨ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃      ᠭᠤᠷᠪᠠ᠂ ᠠᠵᠢᠯ ᠥᠷᠨᠢᠭᠦᠯᠬᠦ ᠠᠷᠭ᠎ᠠ ᠬᠡᠮᠵᠢᠶ᠎ᠡ      ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡ ᠶᠢ ᠬᠠᠤᠯᠢ ᠲᠣᠭᠲᠠᠭᠠᠯ ᠶᠣᠰᠣᠭᠠᠷ ᠳᠡᠩᠰᠡᠯᠡᠵᠦ᠂ ᠦᠶᠤᠸᠠᠨ ᠰᠢᠶᠠᠨ ᠤ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠥᠪ ︵ᠳᠣᠷᠣᠭᠰᠢ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠥᠪ ᠭᠡᠵᠦ ᠲᠣᠪᠴᠢᠯᠠᠨ᠎ᠠ︶  ᠠᠴᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡ ᠶᠢᠨ ᠦᠨᠡᠮᠯᠡᠯ ᠣᠯᠭᠤᠵᠤ ᠨᠤᠲᠠᠯᠠᠭᠤᠯᠤᠨ᠎ᠠ  ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡ ᠶᠢᠨ ᠦᠨᠡᠮᠯᠡᠯ ᠪᠣᠯ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡᠲᠦ ᠬᠥᠮᠥᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢ ᠡᠵᠡᠮᠰᠢᠬᠦ᠂ ᠬᠡᠷᠡᠭᠯᠡᠬᠦ᠂ ᠠᠰᠢᠭ ᠣᠯᠵᠠᠪᠤᠷᠢ ᠣᠯᠬᠤ ᠪᠠ ᠰᠢᠢᠳᠪᠦᠷᠢᠯᠡᠬᠦ ᠡᠷᠬᠡ ᠶᠢ ᠬᠠᠤᠯᠢ ᠶᠣᠰᠣᠭᠠᠷ ᠡᠳ᠋ᠯᠡᠬᠦ ᠶᠢᠨ ᠭᠡᠷᠡᠴᠢ ᠲᠡᠮᠳᠡᠭ ᠪᠣᠯᠣᠨ᠎ᠠ᠃ ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡ ᠶᠢ ᠬᠢᠨᠠᠨ ᠬᠠᠷᠭᠤᠭᠤᠯᠬᠤ ᠵᠢᠴᠢ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠥᠪ ᠨᠢ ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡ ᠶᠢ ᠳᠡᠩᠰᠡᠯᠡᠨ ᠲᠡᠮᠳᠡᠭᠯᠡᠵᠦ ᠭᠥᠯᠢᠶᠡᠨ ᠠᠪᠴᠤ ᠰᠢᠢᠳᠪᠦᠷᠢᠯᠡᠬᠦ ᠵᠢᠴᠢ ᠬᠠᠮᠢᠶ᠎ᠠ ᠪᠦᠬᠦᠢ ᠪᠣᠳᠠᠲᠠᠢ ᠠᠵᠢᠯ ᠢ ᠬᠠᠷᠢᠭᠤᠴᠠᠨ᠎ᠠ᠃ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶ ᠨᠢ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠥᠪ ᠢ ᠬᠠᠮᠵᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠨ᠎ᠡ᠃      ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡ ᠶᠢ ᠳᠠᠩᠰᠠᠯᠠᠬᠤ ᠳᠤ ︽ᠬᠠᠤᠯᠢ ᠶᠢᠨ ᠡᠷᠬᠡᠲᠡᠨ ᠭᠤᠶᠤᠴᠢᠯᠠᠬᠤ᠂ ᠴᠢᠩᠭ᠎ᠠ ᠬᠢᠨᠠᠨ ᠪᠠᠶᠢᠴᠠᠭᠠᠬᠤ᠂ ᠪᠣᠳᠠᠲᠤ ᠪᠠᠶᠢᠳᠠᠯ ᠢ ᠦᠨᠳᠦᠰᠦᠯᠡᠨ ᠳᠠᠩᠰᠠᠯᠠᠬᠤ᠂ ᠪᠡᠯᠡᠳᠬᠡᠮᠵᠢ ᠶᠢ ᠲᠠᠷᠢᠶᠠᠯᠠᠩ ᠳᠤ ᠬᠡᠷᠡᠭᠯᠡᠬᠦ᠂ ᠪᠡᠯᠡᠳᠬᠡᠮᠵᠢ ᠶᠢ ᠬᠡᠷᠡᠭᠯᠡᠬᠦ ᠭᠠᠵᠠᠷ ᠯᠤᠭ᠎ᠠ ᠨᠢᠭᠡᠳᠦᠯᠲᠡᠢ ᠪᠠᠶᠢᠯᠭᠠᠬᠤ︾ ᠵᠠᠷᠴᠢᠮ ᠢ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡ ᠶᠢᠨ ᠦᠨᠡᠮᠯᠡᠯ ᠢ ᠰᠠᠭᠤᠷᠢ ︵ᠰᠠᠭᠤᠳᠠᠯ᠂ ᠭᠠᠵᠠᠷ︶ ᠪᠠᠷ ᠣᠯᠭᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠥᠮᠴᠢᠯᠡᠬᠦ ᠡᠷᠬᠡ ᠶᠢᠨ ᠠᠩᠬᠠᠨ ᠤ ᠳᠠᠩᠰᠠᠯᠠᠯᠲᠠ᠂ ᠬᠤᠪᠢᠷᠠᠭᠤᠯᠤᠯᠲᠠ᠂ ᠬᠦᠴᠦᠨ ᠦᠭᠡᠢ ᠪᠣᠯᠬᠤ ᠶᠢ ᠳᠦᠷᠢᠮᠵᠢᠭᠦᠯᠦᠨ᠎ᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ