︽ᠦᠶᠤᠸᠠᠨ ᠰᠢᠶᠠᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠵᠠᠯᠭᠠᠮᠵᠢᠯᠠᠬᠤ ᠡᠷᠬᠡ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2022/12/9
      ᠲᠥᠪ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠬᠢᠭᠡᠳ ᠥᠭᠡᠷᠡᠴᠢᠯᠡᠯᠲᠡ ᠶᠢᠨ ᠠᠵᠢᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠬᠢᠭᠡᠳ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢᠨ ᠲᠥᠯᠥᠭᠡ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠦᠶᠤᠸᠠᠨ ᠰᠢᠶᠠᠨ ᠤ ᠲᠠᠷᠢᠶᠠᠴᠢᠨ ᠤ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠵᠠᠯᠭᠠᠮᠵᠢᠯᠠᠬᠤ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠪᠠ᠃      ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ      ︵ᠨᠢᠭᠡ︶ ᠨᠡᠶᠢᠲᠡᠯᠡᠭᠰᠡᠨ ᠪᠢᠴᠢᠭ ᠮᠠᠲ᠋ᠧᠷᠢᠶᠠᠯ  ᠤᠨ ᠰᠢᠯᠲᠠᠭᠠᠨ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠠᠷᠢᠶᠠᠴᠢᠨ ᠪᠣᠯᠣᠨ ᠭᠠᠵᠠᠷ ᠰᠢᠷᠣᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠪᠠᠷ ᠭᠤᠣᠯ ᠰᠢᠵᠢᠮ ᠪᠣᠯᠭᠠᠵᠤ᠂ ᠲᠥᠪ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠢ ᠱᠠᠭᠠᠷᠳᠠᠯᠭ᠎ᠠ ᠶᠣᠰᠣᠭᠠᠷ᠂ ᠲᠠᠷᠢᠶᠠᠴᠢᠳ ᠤᠨ ᠣᠷᠣᠨ ᠰᠠᠭᠤᠴᠠ ᠶᠢᠨ ᠭᠠᠵᠠᠷ ᠤᠨ ᠡᠷᠬᠡ ᠠᠰᠢᠭ ᠢ ᠪᠠᠲᠤᠯᠠᠬᠤ ᠪᠠ ᠬᠠᠮᠠᠭᠠᠯᠠᠬᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠡᠭᠦᠰᠬᠡᠯ ᠪᠠ ᠲᠡᠭᠦᠰᠬᠡᠯ ᠪᠣᠯᠭᠠᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠯᠲᠡ ᠶᠢ ᠵᠢᠷᠤᠮᠵᠢᠭᠤᠯᠬᠤ ᠪᠠᠷ ᠤᠳᠤᠷᠢᠳᠤᠮᠵᠢ ᠪᠣᠯᠭᠠᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ︽ᠦᠶᠤᠸᠠᠨ ᠰᠢᠶᠠᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ ᠢ ᠦᠨᠳᠦᠰᠦᠯᠡᠨ᠂ ᠣᠷᠣᠨ ᠰᠠᠭᠤᠴᠠ ᠶᠢᠨ ᠭᠠᠵᠠᠷ ᠢ ᠵᠠᠯᠭᠠᠮᠵᠢᠯᠠᠬᠤ ᠳᠦᠷᠢᠮ ᠢ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠡᠬᠢ ᠪᠠᠶᠠᠯᠢᠭ ᠤᠨ ᠭᠤᠣᠯᠴᠢ ᠪᠥᠭᠡᠳ ᠵᠦᠢ ᠵᠣᠬᠢᠰᠲᠠᠢ ᠬᠤᠪᠢᠶᠠᠷᠢᠯᠠᠯᠲᠠ ᠶᠢ ᠪᠠᠲᠤᠯᠠᠨ᠎ᠠ᠃      ︵ᠬᠤᠶᠠᠷ︶ ᠨᠡᠶᠢᠲᠡᠯᠡᠭᠰᠡᠨ ᠪᠢᠴᠢᠭ ᠮᠠᠲ᠋ᠧᠷᠢᠶᠠᠯ ᠤᠨ ᠦᠨᠳᠦᠰᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠶᠤᠸᠠᠨ ᠰᠢᠶᠠᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠲᠣᠭᠲᠠᠭᠠᠨ᠎ᠠ᠃      ᠬᠤᠶᠠᠷ᠂ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ      ᠦᠶᠤᠸᠠᠨ ᠰᠢᠶᠠᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠨ᠂ ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠲᠠᠷᠢᠶᠠᠴᠢᠳ ᠤᠨ ︽ᠣᠷᠣᠰᠢᠨ ᠰᠠᠭᠤᠭᠰᠠᠳ ᠲᠤ ᠭᠡᠷ ᠪᠠᠶᠢᠰᠢᠩ ᠲᠠᠢ ᠪᠣᠯᠭᠠᠬᠤ︾ ᠶᠢ ᠪᠠᠲᠤᠯᠠᠬᠤ ᠶᠢᠨ ᠲᠥᠯᠥᠭᠡ ᠪᠠᠶᠢᠭᠤᠯᠤᠭᠰᠠᠨ ᠪᠣᠯᠬᠤᠷ ᠨᠡᠶᠢᠭᠡᠮ ᠤᠨ ᠪᠠᠲᠤᠯᠠᠭ᠎ᠠ ᠶᠢᠨ ᠴᠢᠳᠠᠮᠵᠢ ᠲᠠᠢ ᠶᠤᠮ᠃      ᠭᠤᠷᠪᠠ᠂ ᠠᠵᠢᠯ ᠥᠷᠨᠢᠭᠦᠯᠬᠦ ᠠᠷᠭ᠎ᠠ ᠬᠡᠮᠵᠢᠶ᠎ᠡ      ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠨᠢ ᠭᠠᠴᠠᠭᠠᠨ ᠤ ᠠᠷᠠᠳ ᠤᠨ ᠡᠷᠦᠬᠡ ᠶᠢᠨ ᠳᠣᠲᠣᠷᠠᠬᠢ ᠭᠡᠷ ᠪᠦᠯᠢ ᠶᠢᠨ ᠪᠦᠷᠢᠯᠳᠦᠭᠦᠨ ᠤ ᠴᠤᠭ ᠲᠠᠭᠠᠨ ᠬᠠᠮᠲᠤ ᠪᠠᠷ ᠥᠮᠴᠢᠯᠡᠬᠦ ᠳᠤ ᠬᠠᠷᠢᠶᠠᠯᠠᠭᠳᠠᠨ᠎ᠠ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠤ ᠳᠠᠩᠰᠠᠯᠠᠭᠤᠯᠤᠭᠰᠠᠨ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡᠲᠦ ᠬᠥᠮᠥᠨ ᠪᠣᠯ ᠵᠥᠪᠬᠡᠨ ᠭᠡᠷ ᠪᠦᠯᠢ ᠶᠢᠨ ᠲᠥᠯᠥᠭᠡᠯᠡᠭᠴᠢ ᠮᠥᠨ᠂ ᠲᠡᠷᠡ ᠨᠢ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠭᠠᠭᠴᠠᠭᠠᠷ ᠡᠵᠡᠯᠡᠵᠦ ᠪᠣᠯᠬᠤ ᠦᠭᠡᠢ᠃ ᠭᠡᠷ ᠪᠦᠯᠢ ᠶᠢᠨ ᠪᠦᠷᠢᠯᠳᠦᠭᠦᠨ ᠨᠢ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠳᠤ ᠠᠳᠠᠯᠢ ᠲᠡᠭᠰᠢ ᠡᠷᠬᠡ ᠶᠢ ᠡᠳ᠋ᠯᠡᠵᠦ᠂ ᠠᠳᠠᠯᠢ ᠲᠡᠭᠰᠢ ᠡᠭᠦᠷᠭᠡ ᠶᠢ ᠡᠭᠦᠷᠭᠡᠯᠡᠨ᠎ᠡ᠂ ᠭᠡᠷ ᠪᠦᠯᠢ ᠶᠢᠨ ᠪᠦᠷᠢᠯᠳᠦᠭᠦᠨ ᠨᠢ ᠬᠤᠭᠤᠷᠣᠨᠳᠤ ᠪᠠᠨ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠳᠤ ᠬᠤᠪᠢ ᠶᠢᠨ ᠬᠤᠪᠢᠶᠠᠷᠢᠯᠠᠯ ᠪᠠᠶᠢᠬᠤ ᠦᠭᠡᠢ᠃ ᠡᠷᠦᠬᠡ ᠪᠠᠷ ᠨᠢᠭᠡᠴᠢ ᠪᠣᠯᠭᠠᠭᠰᠠᠨ ᠭᠡᠷ ᠪᠦᠯᠢ ᠶᠢᠨ ᠬᠠᠷᠢᠴᠠᠭ᠎ᠠ ᠦᠷᠭᠦᠯᠵᠢᠯᠡᠵᠦ ᠪᠠᠶᠢᠬᠤ ᠬᠤᠭᠤᠴᠠᠭᠠᠨ ᠳᠤ᠂ ᠭᠡᠷ ᠪᠦᠯᠢ ᠶᠢᠨ ᠪᠦᠷᠢᠯᠳᠦᠭᠦᠨ ᠨᠢ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠬᠤᠪᠢᠳᠠᠨ ᠬᠤᠪᠢᠶᠠᠬᠤ ᠪᠠᠷ ᠭᠤᠶᠤᠴᠢᠯᠠᠵᠤ ᠪᠣᠯᠬᠤ ᠦᠭᠡᠢ᠃ ᠭᠡᠷ ᠪᠦᠯᠢ ᠶᠢᠨ ᠣᠨᠴᠠ ᠵᠠᠷᠢᠮ ᠪᠦᠷᠢᠯᠳᠦᠭᠦᠨ ᠤ ᠦᠬᠦᠯ ᠨᠢ ᠵᠠᠶᠢᠯᠠᠰᠢ ᠦᠭᠡᠢ ᠡᠷᠦᠬᠡ ᠠᠮᠠ ᠶᠢ ᠤᠰᠠᠳᠬᠠᠬᠤ ᠳᠤ ᠬᠦᠷᠦᠭᠦᠯᠬᠦ ᠪᠢᠰᠢ ᠶᠤᠮ᠃ ᠰᠠᠭᠤᠷᠢᠨ ᠭᠠᠵᠠᠷ ᠢ ᠬᠡᠷᠡᠭᠯᠡᠬᠦ ᠡᠷᠬᠡ ᠶᠢ ᠲᠠᠷᠢᠶᠠᠴᠢᠳ ᠤᠨ ︽ᠣᠷᠣᠰᠢᠨ ᠰᠠᠭᠤᠭᠰᠠᠳ ᠲᠤ ᠭᠡᠷ ᠪᠠᠶᠢᠰᠢᠩ ᠲᠠᠢ ᠪᠣᠯᠭᠠᠬᠤ︾ ᠶᠢ ᠪᠠᠲᠤᠯᠠᠬᠤ ᠶᠢᠨ ᠲᠥᠯᠥᠭᠡ ᠪᠠᠶᠢᠭᠤᠯᠤᠭᠰᠠᠨ ᠪᠥᠭᠡᠳ ᠨᠡᠶᠢᠭᠡᠮ ᠤᠨ ᠪᠠᠲᠤᠯᠠᠭ᠎ᠠ ᠶᠢᠨ ᠡᠭᠦᠷᠭᠡ ᠴᠢᠳᠠᠪᠤᠷᠢ ᠲᠠᠢ ᠶᠤᠮ᠃ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢᠨ ᠣᠨᠴᠠᠭᠠᠶ ᠴᠢᠨᠠᠷ ᠢ ᠦᠨᠳᠦᠰᠦᠯᠡᠪᠡᠯ᠂ ᠬᠠᠮᠲᠤ ᠶᠢᠨ ᠪᠦᠷᠢᠯᠳᠦᠭᠦᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠣᠯᠬᠤ ᠨᠢ ᠲᠡᠭᠦᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠳᠤ ᠰᠠᠭᠤᠷᠢᠯᠠᠭᠰᠠᠨ ᠶᠤᠮ᠂ ᠬᠡᠷᠪᠡ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠨᠢ ᠦᠬᠦᠪᠡᠯ᠂ ᠲᠡᠭᠦᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠷᠢ ᠬᠡᠮ ᠢ ᠨᠢ ᠵᠣᠭᠰᠣᠭᠠᠨ᠎ᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ