ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2022/12/9
ᠨᠢᠭᠡ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ︵ᠨᠢᠭᠡ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠬᠠᠮᠵᠢᠨ ᠪᠦᠬᠦ ᠰᠢᠶᠠᠨ ᠤ ᠠᠵᠢᠯ ᠤᠨ ᠪᠠᠶᠢᠳᠠᠯ ᠢ ᠣᠶᠢᠯᠠᠭᠠᠭᠤᠯᠵᠤ ᠡᠵᠡᠮᠰᠢᠭᠦᠯᠬᠦ ᠬᠡᠷᠡᠭᠲᠡᠢ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠢ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃︵ᠬᠤᠶᠠᠷ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠴᠤ ᠪᠠᠶᠢᠭᠠᠳ ᠰᠢᠶᠠᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠵᠤ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠨᠣᠣᠷᠠᠭ ᠢ ᠵᠣᠬᠢᠶᠠᠨ ᠪᠠᠶᠢᠭᠤᠯᠵᠤ ᠲᠤᠭᠤᠷᠪᠢᠨ᠎ᠠ᠃( ᠭᠤᠷᠪᠠ ) ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠴᠤ ᠪᠠᠶᠢᠭᠠᠳ ᠬᠤᠷᠠᠯ ᠢᠶᠠᠷ ᠲᠣᠭᠲᠠᠭᠠᠭᠰᠠᠨ ᠤᠴᠢᠷ ᠶᠠᠪᠤᠳᠠᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠷᠠᠯᠳᠤᠭᠠᠨ ᠤ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃︵ᠳᠥᠷᠪᠡ︶  ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ ᠭᠠᠳᠠᠭᠠᠳᠤ ᠶᠠᠪᠤᠳᠠᠯ ᠤᠨ ᠴᠢᠬᠤᠯᠠ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃︵ᠲᠠᠪᠤ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠤᠴᠢᠷ ᠶᠠᠪᠤᠳᠠᠯ ᠢ ᠬᠠᠷᠢᠭᠤᠴᠠᠨ ᠬᠢᠨᠠᠨ ᠬᠠᠷᠭᠤᠭᠤᠯᠵᠤ᠂ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃︵ᠵᠢᠷᠭᠤᠭ᠎ᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠴᠠᠬᠢᠯᠭᠠᠨ ᠮᠡᠳᠡᠭᠡ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃︵ᠲᠤᠯᠤᠭ᠎ᠠ︶ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃︵ᠨᠠᠢᠮᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠤᠨ ᠳᠠᠭᠠᠭᠠᠨ ᠠᠪᠴᠤ ᠰᠢᠢᠳᠪᠦᠷᠢᠯᠡᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃︵ᠶᠢᠰᠦ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃︵ᠠᠷᠪᠠ︶ ᠰᠢᠶᠠᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃︵ᠠᠷᠪᠠᠨ ᠨᠢᠭᠡ︶ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠰᠢᠶᠠᠨ ᠤ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠰᠢᠶᠠᠨ ᠤ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠯᠲᠡ ᠪᠠ ᠰᠢᠮᠳᠠᠭᠤᠯᠤᠨ ᠪᠠᠶᠢᠴᠠᠭᠠᠯᠲᠠ ᠬᠢᠨ᠎ᠡ᠃︵ᠠᠷᠪᠠᠨ ᠬᠤᠶᠠᠷ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠢ ᠵᠢᠵᠢᠭᠦᠷ ᠤᠨ ᠠᠵᠢᠯ ᠢ ᠬᠠᠷᠢᠭᠤᠴᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠪᠠ ᠠᠷᠠᠳ ᠤᠯᠠᠨ ᠤ ᠵᠠᠰᠠᠭ ᠤᠨ ᠶᠠᠪᠤᠳᠠᠯ ᠤᠨ ᠵᠢᠵᠢᠭᠦᠷ ᠤᠨ ᠠᠷᠭ᠎ᠠ ᠵᠠᠮ ᠢᠶᠠᠷ ᠲᠤᠰᠬᠠᠭᠰᠠᠨ ᠴᠢᠬᠤᠯᠠ ᠶᠡᠭᠡ ᠪᠠᠴᠢᠮ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠰᠢᠪᠠᠳᠠᠨ ᠨᠠᠶᠢᠳᠠᠪᠤᠷᠢᠵᠢᠭᠤᠯᠤᠨ᠎ᠠ᠃︵ᠠᠷᠪᠠᠨ ᠭᠤᠷᠪᠠ︶ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠵᠢᠴᠢ ᠪᠥᠬᠦ ᠰᠢᠶᠠᠨ ᠤ ᠥᠭᠡᠷᠡᠴᠢᠯᠡᠯᠲᠡ ᠳᠤ ᠣᠷᠣᠯᠴᠠᠭᠰᠠᠨ ᠨᠢᠭᠡᠴᠡ ᠶᠢᠨ ᠲᠡᠷᠭᠡ ᠬᠥᠰᠬᠡ ᠶᠢ ᠲᠥᠪᠯᠡᠷᠡᠭᠦᠯᠦᠨ ᠬᠠᠮᠢᠶᠠᠷᠬᠤ ᠠᠵᠢᠯ ᠢ ᠬᠠᠷᠢᠭᠤᠴᠠᠨ᠎ᠠ᠃︵ᠠᠷᠪᠠᠨ ᠳᠥᠷᠪᠡ︶ ᠪᠦᠬᠦ ᠰᠢᠶᠠᠨ ᠤ ᠠᠯᠪᠠᠨ ᠳᠤ ᠬᠡᠷᠡᠭᠯᠡᠬᠦ ᠭᠡᠷ ᠪᠠᠶᠢᠰᠢᠩ ᠪᠠ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠦᠷᠢᠳᠬᠡᠬᠦ᠂ ᠬᠢᠨᠠᠯᠲᠠ ᠲᠠᠯᠪᠢᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ᠃︵ᠠᠷᠪᠠᠨ ᠲᠠᠪᠤ︶ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠬᠠᠮᠢᠶᠠᠷᠤᠨ᠎ᠠ᠃︵ᠠᠷᠪᠠᠨ ᠵᠢᠷᠭᠤᠭ᠎ᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠵᠢᠴᠢ ᠨᠢᠭᠡᠴᠡ ᠶᠢᠨ ᠪᠦᠷᠢᠯᠳᠦᠯ ᠤᠨ ᠪᠠᠶᠢᠳᠠᠯᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠣᠣᠷ᠎ᠠ ᠬᠤᠶᠠᠳᠤᠭᠠᠷ ᠳᠡᠰ ᠤᠨ ᠨᠢᠭᠡᠴᠢ 3 ᠪᠣᠶᠦᠶᠤᠸᠠᠨ ᠰᠢᠶᠠᠨ ᠤ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠦᠶᠤᠸᠠᠨ ᠰᠢᠶᠠᠨ ᠤ ᠬᠠᠮᠲᠤᠷᠠᠯᠴᠠᠭ᠎ᠠ ᠰᠣᠯᠢᠯᠴᠠᠭᠠᠨ ᠤ ᠲᠥᠪ᠂ ᠲᠣᠮᠣ ᠳ᠋ᠠᠶᠢᠲ᠋ᠠ ᠶᠢᠨ ᠲᠥᠪᠭᠤᠷᠪᠠ᠂ ᠬᠠᠷᠢᠯᠴᠠᠬᠤ ᠠᠷᠭ᠎ᠠ ᠬᠠᠷᠢᠯᠴᠠᠬᠤ ᠬᠥᠮᠥᠨ᠄ ᠮᠢᠶᠣᠣ ᠶᠣᠣ ᠲᠢᠶᠠᠨᠬᠠᠷᠢᠯᠴᠠᠬᠤ ᠤᠲᠠᠰᠤ᠄ 5222568ᠰᠢᠤᠳᠠᠨ ᠬᠠᠶᠢᠷᠴᠠᠭ ᠤᠨ ᠬᠠᠶ᠋ᠢᠭ᠄ wyzfxds@126.comᠠᠵᠢᠯᠯᠠᠬᠤ ᠭᠠᠵᠠᠷ᠄ ᠦᠶᠤᠸᠠᠨ ᠰᠢᠶᠠᠨ ᠤ ᠨᠠᠮ ᠵᠠᠰᠠᠭ ᠤᠨ ᠲᠣᠮᠣ ᠠᠰᠠᠷ ᠤᠨ ᠬᠤᠶᠠᠳᠤᠭᠠᠷ ᠠᠰᠠᠷᠠᠵᠢᠯᠯᠠᠬᠤ ᠴᠠᠭ᠄ ᠦᠳᠡ ᠶᠢᠨ ᠡᠮᠦᠨᠡᠬᠢ 9᠄ 00  ᠠᠴᠠ 12᠄ 00᠂ ᠦᠳᠡ ᠶᠢᠨ ᠬᠤᠶᠢᠨᠠᠬᠢ 15᠄ 00  ᠠᠴᠠ 18᠄ 00 
ᠢᠷᠡᠯᠲᠡ᠄ ᠲᠤᠰ ᠰᠦᠯᠵᠢᠶ᠎ᠡ