ᠦᠶᠤᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/12/9
ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢᠦᠶᠤᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠰᠢᠶᠠᠨ ᠤ ᠨᠠᠮ ᠤᠨ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ ᠪᠠ ᠰᠢᠶᠠᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠪᠠ᠃ᠠᠵᠤ ᠦᠢᠯᠡᠳᠪᠦᠷᠢᠵᠢᠯᠲᠡ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ ᠪᠣᠯ᠄︵ᠨᠢᠭᠡ︶ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠪᠠᠶᠢᠯᠳᠤᠬᠤ ᠪᠣᠳᠣᠯᠭ᠎ᠠ ᠪᠠ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠠᠬᠢᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃︵ᠬᠤᠶᠠᠷ︶ ᠪᠦᠬᠦ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠵᠦ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠤᠭᠤᠳᠴᠤ᠂ ᠠᠵᠢᠯ ᠲᠦᠷᠦᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠤᠮᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠤᠯ ᠡᠵᠡᠮᠳᠡᠯ ᠤᠨ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠵᠢᠴᠢ ᠣᠨ ᠤ ᠬᠡᠷᠡᠭᠵᠢᠭᠦᠯᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃︵ᠭᠤᠷᠪᠠ︶ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠭᠤᠯᠤᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠣᠨ ᠴᠢᠭᠯᠡᠯ᠂ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠰᠢᠶᠠᠨ ᠤ ᠵᠠᠰᠠᠭ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠪᠠᠶᠠᠨᠨᠠᠭᠤᠷ ᠬᠤᠳᠠ ᠶᠢᠨ ᠪᠡᠯᠡ ᠣᠷᠣᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ  ᠤᠨ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ ᠲᠥᠷᠥᠯ ᠵᠦᠢᠯ ᠢ ᠬᠢᠨᠠᠨ ᠬᠠᠷᠭᠤᠭᠤᠯᠵᠤ ᠮᠡᠳᠡᠭᠦᠯᠦᠨ ᠬᠦᠷᠭᠡᠵᠦ᠂ ᠮᠠᠨ ᠤ ᠰᠢᠶᠠᠨ ᠤ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠭᠤᠯᠤᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠳᠠᠩᠰᠠᠯᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠤᠭᠤᠳᠴᠤ᠂ ᠦᠶᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ᠎ᠠ᠃︵ᠳᠥᠷᠪᠡ︶ ᠦᠶᠤᠸᠠᠨ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠪᠠ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠭᠤᠣᠯᠳᠠᠯᠭ᠎ᠠ ᠲᠠᠢ ᠠᠵᠢᠯ ᠲᠦᠷᠦᠯ ᠳᠤ ᠣᠷᠣᠬᠤ ᠵᠥᠪᠰᠢᠶᠡᠷᠡᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠤᠱᠯᠠᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠪᠠᠶᠢᠷᠢᠰᠢᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠰᠢᠶᠠᠨ ᠤ ᠳᠠᠪᠤᠰᠤᠨ ᠤ ᠦᠢᠯᠡᠰ ᠤᠨ ᠡᠷᠭᠢᠯᠡᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠪᠦᠬᠦ ᠰᠢᠶᠠᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃︵ᠲᠠᠪᠤ︶ ᠠᠵᠤ ᠦᠢᠯᠡᠳᠪᠦᠷᠢ ᠶᠢᠨ ᠪᠣᠬᠢᠷᠳᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠦᠶᠤᠸᠠᠨ ᠰᠢᠶᠠᠨ ᠤ ᠠᠵᠤ ᠦᠢᠯᠡᠳᠪᠦᠷᠢ ᠶᠢᠨ ᠡᠨᠧᠷᠭᠢ ᠶᠢᠨ ᠰᠤᠷᠪᠤᠯᠵᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠦᠷᠦ ᠶᠢᠨ ᠪᠣᠳᠣᠯᠭ᠎ᠠ ᠵᠢᠴᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠪᠣᠬᠢᠷᠳᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ  ᠡᠨᠧᠷᠭᠢ ᠠᠷᠪᠢᠯᠠᠬᠤ  ᠶᠢ ᠬᠢᠨᠠᠨ ᠪᠠᠶᠢᠴᠠᠭᠠᠬᠤ ᠠᠵᠢᠯ  ᠢ  ᠬᠠᠷᠢᠭᠤᠴᠠᠨ᠎ᠠ᠃︵ᠵᠢᠷᠭᠤᠭ᠎ᠠ︶ ᠠᠵᠤ ᠦᠢᠯᠡᠳᠪᠦᠷᠢ ᠪᠣᠯᠣᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠪᠠ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠢ ᠵᠦᠢᠯᠡᠰ ᠲᠤ ᠣᠷᠣᠯᠴᠠᠵᠤ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠶᠢ ᠵᠢᠯᠣᠭᠤᠳᠤᠨ᠎ᠠ᠃︵ᠳᠣᠯᠤᠭ᠎ᠠ︶ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠬᠥᠭᠵᠢᠭᠦᠯᠬᠦ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠰᠢᠶᠠᠨ ᠤ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠢ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠤᠯᠤᠰ ᠲᠠᠭᠠᠨ ᠦᠢᠯᠡᠳᠪᠦᠷᠢᠯᠡᠬᠦ ᠶᠢ ᠠᠬᠢᠭᠤᠯᠤᠨ᠂ ᠣᠷᠣᠭᠤᠯᠵᠤ ᠢᠷᠡᠭᠰᠡᠨ ᠮᠡᠷᠭᠡᠵᠢᠯ ᠲᠣᠨᠤᠭ ᠲᠥᠬᠦᠭᠡᠷᠦᠮᠵᠢ ᠶᠢ ᠰᠢᠩᠭᠡᠭᠡᠵᠦ ᠰᠢᠨ᠎ᠡ ᠶᠢ ᠡᠭᠦᠳᠬᠦ ᠶᠢ ᠵᠢᠯᠤᠭᠤᠳᠴᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃︵ᠨᠠᠢᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠬᠡᠷᠡᠭᠰᠡᠯ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠵᠤ ᠦᠢᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ‌ᠮᠡᠳᠡᠭᠡ ᠬᠤᠯᠪᠣᠭᠠᠨ ᠤ ᠰᠦᠯᠵᠢᠶ᠎ᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢ‌‍ᠰᠦ᠋ᠯᠵᠢᠶᠡᠨ ᠤ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢ ᠬᠠᠷᠢᠭᠤᠴᠠᠨ᠎ᠠ᠃︵ᠶᠢᠰᠦ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠤᠷᠸ᠎ᠠ ᠵᠢᠯᠣᠭᠤᠳᠤᠯᠭ᠎ᠠ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ 
ᠢᠷᠡᠯᠲᠡ᠄ ᠲᠤᠰ ᠰᠦᠯᠵᠢᠶ᠎ᠡ