ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2022/12/9
ᠨᠢᠭᠡ᠂ ᠭᠤᠣᠯ ᠡᠭᠦᠷᠭᠡ ᠬᠠᠷᠢᠭᠤᠴᠠᠯᠭ᠎ᠠ︵ᠨᠢᠭᠡ︶ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠤᠯᠤᠰ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠪᠣᠳᠠᠲᠠᠢ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠮᠠᠨ ᠤ ᠰᠢᠶᠠᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠥᠷᠥ ᠶᠢᠨ ᠪᠣᠳᠣᠯᠭ᠎ᠠ ᠶᠢ ᠰᠤᠳᠤᠯᠵᠤ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠤᠨ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ᠃︵ᠬᠤᠶᠠᠷ︶ ᠪᠦᠬᠦ ᠰᠢᠶᠠᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ᠂ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠡᠵᠡᠮᠰᠢᠵᠦ᠂ ᠪᠠᠶᠢᠳᠠᠯ ᠢ ᠵᠠᠳᠠᠯᠵᠤ᠂ ᠠᠷᠭᠠᠴᠠᠬᠤ ᠪᠣᠳᠣᠯᠭ᠎ᠠ ᠲᠣᠭᠲᠠᠭᠠᠨ᠎ᠠ᠃︵ᠭᠤᠷᠪᠠ︶ ᠪᠦᠬᠦ ᠰᠢᠶᠠᠨ ᠤ ᠨᠥᠯᠥᠭᠡ ᠶᠡᠬᠡᠲᠡᠢ ᠬᠡᠷᠡᠭ᠂ ᠠᠮᠤᠷ ᠲᠦᠪᠰᠢᠨ ᠤ ᠲᠠᠯ᠎ᠠ ᠪᠠᠷ ᠬᠢ ᠠᠳᠡᠭᠳᠡᠯ ᠪᠠ ᠦᠢᠮᠡᠭᠡᠨ ᠢ ᠰᠢᠢᠳᠪᠦᠷᠢᠯᠡᠨ᠎ᠡ᠃( ᠲᠤᠶᠢᠷᠪᠡ ) ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠳᠤ ᠬᠤᠣᠷ ᠬᠥᠨᠥᠭᠡᠯ ᠤᠴᠠᠷᠠᠭᠤᠯᠤᠭᠰᠠᠨ ᠤᠢᠢᠯᠠ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠬᠠᠤᠯᠢ ᠶᠣᠰᠣᠭᠠᠷ ᠠᠮᠤᠷ ᠲᠦᠪᠰᠢᠨ ᠢ ᠬᠠᠮᠠᠭᠠᠯᠠᠵᠤ᠂ ᠡᠷᠦᠬᠡ ᠶᠢᠨ ᠶᠠᠪᠤᠳᠠᠯ᠂ ᠬᠢᠯᠢ ᠪᠠᠷ ᠣᠷᠣᠵᠤ ᠭᠠᠷᠬᠤ ᠬᠠᠮᠢᠶᠠᠷᠤᠯᠲᠠ︔ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠠᠵᠢᠯ︔ ᠳᠣᠷᠣ ᠶᠢᠨ ᠪᠠᠶᠢᠭᠤᠯᠤᠯᠭ᠎ᠠ᠂ ᠨᠡᠶᠢᠭᠡᠮ ᠤᠨ ᠪᠦᠯᠬᠦᠮ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠭᠤᠣᠯᠳᠠᠯᠭ᠎ᠠ ᠪᠣᠯᠬᠤ ᠪᠦ᠋ᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠢ ᠬᠠᠮᠠᠭᠠᠯᠠᠬᠤ ᠪᠠ ᠤᠯᠠᠨ ᠲᠦᠮᠡᠨᠴᠢ ᠴᠢᠨᠠᠷ ᠲᠠᠢ ᠠᠮᠤᠷ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠠᠮᠤᠷ ᠢ ᠬᠠᠮᠠᠭᠠᠯᠠᠬᠤ ᠠᠵᠢᠯ ᠳᠤ ᠪᠦ᠋ᠬᠦ ᠰᠢᠶᠠᠨ ᠤ ᠤᠯᠤᠰ ᠳᠣᠷᠣ ᠶᠢᠨ ᠲᠣᠭᠲᠠᠭᠤᠨ ᠪᠠᠶᠢᠳᠠᠯ᠂ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠶᠡᠬᠡᠪᠡᠷ ᠴᠢᠩᠭᠠᠳᠬᠠᠵᠤ᠂ ᠠᠶᠤᠯᠭᠦᠢ ᠨᠡᠶᠢᠭᠡᠮ ᠲᠣᠭᠤᠷᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠬᠥᠮᠥᠨ ᠠᠮᠠ ᠪᠠ ᠡᠷᠦᠭᠡ ᠠᠮᠠ ᠶᠢᠨ ᠬᠠᠮᠢᠶᠠᠷᠤᠯᠲᠠ ᠶᠢ ᠪᠣᠳᠠᠲᠠᠢ ᠬᠡᠷᠡᠭᠵᠢᠭᠦᠯᠦᠨ᠂ ᠨᠡᠶᠢᠭᠡᠮ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠤᠯᠠᠨ ᠲᠦᠮᠡᠨ ᠢ ᠢᠳᠡᠪᠬᠢᠲᠡᠢ ᠪᠠᠷ ᠬᠠᠪᠰᠤᠷᠤᠨ ᠲᠤᠰᠠᠯᠠᠵᠤ᠂  ᠪᠣᠳᠠᠲᠠᠢ ᠠᠰᠠᠭᠤᠳᠠᠯ ᠢ ᠨᠢ ᠰᠢᠢᠳᠪᠦᠷᠢᠯᠡᠨ᠎ᠡ᠃( ᠲᠠᠪᠤ ) ᠰᠠᠬᠢᠨ ᠬᠤᠷᠢᠬᠤ ᠭᠠᠵᠠᠷ ᠪᠠ ᠲᠤᠶᠢᠷ ᠬᠤᠷᠢᠬᠤ ᠭᠠᠵᠠᠷ ᠤᠨ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃( ᠵᠢᠷᠭᠤᠭ᠎ᠠ ) ᠬᠠᠤᠯᠢ ᠲᠤᠶᠢᠷᠢᠮ ᠤᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠬᠡᠷᠡᠭᠵᠢᠭᠦᠯᠵᠦ ᠥᠷᠨᠢᠭᠦᠯᠦᠨ᠎ᠡ᠃︵ᠲᠤᠯᠤᠭ᠎ᠠ︶ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠴᠢᠷᠮᠠᠶᠢᠨ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠪᠠ ᠮᠡᠳᠡᠭᠡ ᠬᠤᠯᠪᠣᠭᠠᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃( ᠨᠠᠢᠮᠠ ) ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠠᠷᠠᠳ ‍ᠤᠨ‌‍ᠲ᠋ᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠵᠢᠯᠲᠠᠨ ᠤ ᠪᠣᠯᠪᠠᠰᠤᠷᠠᠭᠤᠯᠤᠯ᠂ ᠬᠥᠮᠦᠵᠢᠯ ᠪᠠ ᠤᠬᠠᠭᠤᠯᠭ᠎ᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠠᠭᠳᠠᠭ᠎ᠠ ᠶᠢ ᠴᠢᠩᠭ᠎ᠠ ᠵᠠᠰᠠᠬᠤ ᠪᠠ ᠴᠠᠭᠳᠠᠭ᠎ᠠ ᠳᠤ ᠬᠠᠷᠠᠭᠠᠯᠵᠠᠯ ᠦᠵᠡᠭᠦᠯᠬᠦ ᠶᠢ ᠭᠦᠢᠴᠡᠳ ᠬᠠᠷᠠᠭᠤᠯᠬᠤ ᠬᠡᠷᠡᠭᠲᠡᠢ᠃︵ᠶᠢᠰᠦ︶ ᠠᠵᠤ ᠠᠬᠤᠢ ᠶᠢᠨ ᠲᠠᠯ᠎ᠠ ᠪᠠᠷ ᠬᠢ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠬᠤᠷᠢᠭᠯᠠᠨ ᠵᠣᠭᠰᠣᠭᠠᠵᠤ᠂ ᠤᠯᠤᠰ ᠣᠷᠣᠨ᠂ ᠬᠠᠤᠯᠢ ᠶᠢᠨ ᠬᠥᠮᠥᠨ᠂ ᠠᠷᠠᠳ ᠢᠷᠭᠡᠳ ᠤᠨ ᠠᠵᠤ ᠠᠬᠤᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠪᠦᠬᠦ ᠰᠢᠶᠠᠨ ᠤ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠨ᠎ᠠ᠃︵ᠠᠷᠪᠠ︶ ᠮᠠᠨ ᠤ ᠰᠢᠶᠠᠨ ᠳᠤ ᠠᠵᠢᠯ ᠪᠠᠶᠢᠴᠠᠭᠠᠬᠤ ᠪᠠᠷ ᠢᠷᠡᠭᠰᠡᠨ ᠤᠳᠤᠷᠢᠳᠬᠤ ᠬᠥᠮᠥᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃( ᠠᠷᠪᠠᠨ ᠨᠢᠭᠡ ) ᠪᠦᠬᠦ ᠰᠢᠶᠠᠨ ᠤ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ ᠪᠠ ᠬᠠᠤᠯᠢ ᠪᠤᠰᠤ ᠪᠠᠷ ᠳᠠᠷᠢᠭᠰᠠᠨ ᠵᠡᠷᠭᠡ ᠬᠡᠷᠡᠭ ᠲᠤ ᠴᠣᠬᠢᠯᠲᠠ ᠥᠭᠭᠦᠭᠰᠡᠨ᠂ ᠲᠡᠩᠨᠡᠠ ᠢᠯᠡᠷᠡᠭᠦᠯᠦᠭᠰᠡᠨ᠃( ᠠᠷᠪᠠᠨ ᠬᠤᠶᠠᠷ ) ᠪᠦᠬᠦ ᠰᠢᠶᠠᠨ ᠤ ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠵᠦ ᠪᠣᠷᠣᠯᠠᠭᠤᠯᠬᠤ᠂ ᠬᠡᠷᠡᠭᠯᠡᠬᠦ ᠶᠢᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃︵ᠠᠷᠪᠠᠨ ᠭᠤᠷᠪᠠ︶ ᠮᠠᠨ ᠤ ᠰᠢᠶᠠᠨ ᠤ ᠣᠨᠴᠠ ᠲᠦᠷᠦᠯ ᠤᠨ ᠠᠵᠢᠯ ᠲᠦᠷᠦᠯ ᠢ ᠬᠠᠤᠯᠢ ᠶᠣᠰᠣᠭᠠᠷ ᠬᠠᠮᠢᠶᠠᠷᠤᠨ᠎ᠠ᠃( ᠠᠷᠪᠠᠨ ᠳᠥᠷᠪᠡ ) ᠪᠦᠬᠦ ᠰᠢᠶᠠᠨ ᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃︵ᠠᠷᠪᠠᠨ ᠲᠠᠪᠤ︶ ᠪᠦᠬᠦ ᠰᠢᠶᠠᠨ ᠤ ᠰᠦᠷᠳᠡᠭᠦᠯᠬᠦ ᠠᠵᠢᠯᠯᠠᠭ᠎ᠠ ᠶᠢ ᠰᠡᠷᠭᠡᠶᠢᠯᠡᠬᠦ᠂ ᠲᠠᠩᠨᠠᠬᠤ᠂ ᠴᠣᠬᠢᠯᠲᠠ ᠥᠭᠬᠦ ᠠᠵᠢᠯ ᠢ ᠵᠣᠬᠢᠶᠠᠨ ᠪᠠᠶᠢᠭᠤᠯᠤᠨ ᠰᠡᠳᠬᠢᠵᠦ᠂ ᠵᠢᠯᠤᠭᠤᠳᠴᠤ᠂ ᠵᠣᠬᠢᠴᠠᠭᠤᠯᠤᠨ᠎ᠠ᠃( ᠠᠷᠪᠠᠨ ᠵᠢᠷᠭᠤᠭ᠎ᠠ ) ᠰᠢᠶᠠᠨ ᠤ ᠲᠤᠰ ᠱᠠᠲᠤᠨ ᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠲᠤᠶᠢᠷᠢᠮ ᠢ ᠲᠤᠭᠤᠷᠪᠢᠨ ᠲᠣᠭᠲᠠᠭᠠᠬᠤ ᠪᠠ ᠳᠣᠲᠣᠭᠠᠳᠤ ᠶᠢ ᠬᠠᠮᠠᠭᠠᠯᠠᠬᠤ ᠲᠣᠨᠣᠭᠯᠠᠯ᠂ ᠤᠭᠰᠠᠷᠠᠭᠤᠯᠤᠨ ᠲᠣᠨᠣᠭᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃( ᠠᠷᠪᠠᠨ ᠲᠤᠯᠤᠭ᠎ᠠ ) ᠦᠶᠤᠸᠠᠨ ᠰᠢᠶᠠᠨ ᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠬᠠᠮᠢᠶᠠᠷᠤᠨ᠎ᠠ᠃( ᠠᠷᠪᠠᠨ ᠨᠠᠢᠮᠠ ) ᠬᠠᠤᠯᠢ ᠴᠠᠭᠠᠵᠠ ᠠᠴᠠ ᠣᠯᠭᠤᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠬᠢᠨ᠎ᠡ᠃ 
ᠢᠷᠡᠯᠲᠡ᠄ ᠲᠤᠰ ᠰᠦᠯᠵᠢᠶ᠎ᠡ