ᠦᠶᠤᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2022/12/9
ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢᠦᠶᠤᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭ᠎ᠠ ᠶᠢᠨ ᠲᠡᠰ ᠪᠣᠯᠣᠨ᠎ᠠ᠃ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠠᠷᠠᠳ ᠤᠨ ᠶᠠᠪᠤᠳᠠᠯ ᠤᠨ ᠠᠵᠢᠯ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄︵ᠨᠢᠭᠡ︶ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠳᠦᠷᠢᠮ ᠲᠣᠭᠲᠠᠭᠠᠯ ᠤᠨ ᠲᠥᠰᠥᠯ᠂ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃︵ᠬᠤᠶᠠᠷ︶ ᠳᠡᠭᠡᠳᠦ ᠱᠠᠲᠤᠨ ᠤ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠠᠷᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠳᠡᠩᠰᠡᠯᠡᠨ ᠬᠠᠮᠢᠶᠠᠷᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠰᠢᠶᠠᠨ ᠤ ᠲᠤᠰ ᠱᠠᠲᠤᠨ ᠤ ᠰᠢᠭᠤᠳ ᠲᠠᠩᠰᠠᠯᠠᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃︵ᠭᠤᠷᠪᠠ︶ ᠳᠡᠭᠡᠳᠦ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ᠂ ᠠᠮᠢᠳᠤᠷᠠᠬᠤ ᠶᠢᠨ ᠠᠷᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠲᠡᠩᠬᠡᠷᠡᠭᠦᠯᠦᠨ ᠲᠤᠰᠠᠯᠠᠬᠤ ᠠᠵᠢᠯ ᠢ ᠬᠠᠷᠢᠭᠤᠴᠠᠨ᠎ᠠ᠃︵ᠳᠥᠷᠪᠡ︶ ᠳᠡᠭᠡᠳᠦ ᠱᠠᠲᠤᠨ ᠤ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠤᠭᠤᠳᠴᠤ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠶᠢ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃︵ᠲᠠᠪᠤ︶ ᠳᠡᠭᠡᠳᠦ ᠱᠠᠲᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠤᠪᠢᠷᠠᠯᠲᠠ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃︵ᠵᠢᠷᠭᠤᠭ᠎ᠠ︶ ᠳᠡᠭᠡᠳᠦ ᠱᠠᠲᠤᠨ ᠤ ᠣᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃︵ᠳᠣᠯᠤᠭ᠎ᠠ︶ ᠳᠡᠭᠡᠳᠦ ᠱᠠᠲᠤᠨ ᠤ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ ᠵᠢᠷᠤᠮᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃︵ᠨᠠᠢᠮᠠ︶ ᠪᠥᠬᠦ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠤᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠣᠭᠤᠢ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃︵ᠶᠢᠰᠦ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠡᠭᠡᠳᠦ ᠱᠠᠲᠤᠨ ᠤ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃︵ᠠᠷᠪᠠ︶ ᠳᠡᠭᠡᠳᠦ ᠱᠠᠲᠤᠨ ᠤ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ᠂ ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃︵ᠠᠷᠪᠠᠨ ᠨᠢᠭᠡ︶ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠬᠠᠨᠳᠢᠪᠯᠡᠨ ᠲᠤᠰᠠᠯᠠᠬᠤ ᠠᠵᠢᠯ ᠢ ᠵᠢᠯᠤᠭᠤᠳᠴᠤ᠂ ᠠᠰᠠᠷᠠᠮᠵᠢ ᠶᠢᠨ ᠬᠤᠨᠵᠢᠪᠤᠷᠢᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃︵ᠠᠷᠪᠠᠨ ᠬᠤᠶᠠᠷ︶ ᠳᠡᠭᠡᠳᠦ ᠱᠠᠲᠤᠨ ᠤ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃︵ᠠᠷᠪᠠᠨ ᠭᠤᠷᠪᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃︵ᠠᠷᠪᠠᠨ ᠳᠥᠷᠪᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠠᠷᠠᠳ ᠤᠨ ᠠᠮᠢᠳᠤᠷᠠᠯ ᠢ ᠪᠠᠲᠤᠯᠠᠬᠤ ᠦᠨᠳᠦᠰᠦᠨ ᠡᠭᠦᠷᠭᠡ ᠴᠢᠳᠠᠪᠤᠷᠢ ᠪᠠᠨ ᠴᠢᠩᠭᠠᠳᠬᠠᠵᠤ᠂ ᠬᠦᠴᠢᠷᠳᠡᠯᠲᠡᠢ ᠤᠯᠠᠨ ᠲᠦᠮᠡᠨ᠂ ᠥᠨᠥᠴᠢᠨ ᠨᠠᠰᠤᠲᠠᠨ ᠥᠨᠥᠴᠢᠨ ᠵᠡᠮᠳᠡᠭ ᠥᠨᠥᠴᠢᠨ ᠬᠡᠦᠬᠡᠳ ᠵᠡᠷᠭᠡ ᠣᠨᠴᠠᠭᠠᠶ ᠬᠠᠮᠲᠤᠯᠢᠭ ᠲᠤ ᠨᠡᠶᠢᠭᠡᠮ ᠤᠨ ᠦᠨᠳᠦᠰᠦᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠢ ᠭᠠᠵᠠᠷ ᠣᠷᠣᠨ᠂ ᠬᠦᠷᠢᠶ᠎ᠡ ᠬᠡᠪᠴᠢᠶ᠎ᠡ ᠪᠠ ᠭᠤᠭᠴᠤᠭ᠎ᠠ ᠲᠡᠶᠢᠰᠢ ᠬᠡᠯᠪᠡᠶᠢᠯᠭᠡᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠤᠯᠴᠠᠬᠤ ᠭᠤᠣᠯ ᠴᠣᠭᠴᠠ ᠶᠢ ᠢᠳᠡᠪᠬᠢᠲᠡᠢ ᠪᠠᠷ ᠪᠣᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠶᠢ ᠠᠬᠢᠭᠤᠯᠤᠨ᠎ᠠ᠃ 
ᠢᠷᠡᠯᠲᠡ᠄ ᠲᠤᠰ ᠰᠦᠯᠵᠢᠶ᠎ᠡ