ᠦᠶᠤᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/12/9
ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠤᠬᠠᠢ ᠲᠣᠭᠲᠠᠭᠠᠯᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠶᠤᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠦᠶᠤᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ ᠲᠣᠰ ᠲᠣᠭᠲᠠᠭᠠᠯ ᠢ ᠲᠣᠭᠲᠠᠭᠠᠪᠠ᠃ᠬᠤᠶᠠᠳᠤᠭᠠᠷ ᠵᠦᠢᠯ ᠦᠶᠤᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠣᠯ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠳᠡᠰ ᠪᠣᠯᠣᠨ᠎ᠠ᠃ᠦᠶᠤᠸᠠᠨ ᠰᠢᠶᠠᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠰᠢᠶᠠᠨ ᠢ ᠵᠠᠰᠠᠬᠤ ᠵᠥᠪᠯᠡᠯ ᠤᠨ ᠠᠯᠪᠠᠨ ᠭᠡᠷ ︵ᠳᠣᠷᠣᠭᠰᠢ ᠰᠢᠶᠠᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠰᠢᠶᠠᠨ ᠢ ᠵᠠᠰᠠᠬᠤ ᠠᠯᠪᠠᠨ ᠭᠡᠷ ᠭᠡᠵᠦ ᠲᠣᠪᠴᠢᠯᠠᠨ᠎ᠠ︶ ᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠺᠣᠮᠢᠰ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠺᠣᠮᠢᠰ ᠤᠨ ᠪᠣᠳᠠᠲᠠᠢ ᠠᠵᠢᠯ ᠢ ᠡᠭᠦᠷᠭᠡᠯᠡᠵᠦ᠂ ᠪᠦᠬᠦ ᠲᠠᠯ᠎ᠠ ᠪᠠᠷ ᠬᠠᠤᠯᠢ ᠶᠣᠰᠣᠭᠠᠷ ᠰᠢᠶᠠᠨ ᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠤᠬᠠᠢ ᠲᠦᠷᠦ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠺᠣᠮᠢᠰ ᠤᠨ ᠲᠣᠭᠲᠠᠭᠠᠭᠰᠠᠨ ᠵᠦᠢᠯ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠰᠢᠪᠠᠳᠠᠵᠤ᠂ ᠰᠢᠶᠠᠨ ᠤ ᠨᠠᠮ ᠤᠨ ᠬᠤᠷᠢᠶ᠎ᠠ ᠪᠦᠬᠦ ᠲᠠᠯ᠎ᠠ ᠪᠠᠷ ᠬᠠᠤᠯᠢ ᠶᠣᠰᠣᠭᠠᠷ ᠬᠤᠳᠠ ᠶᠢ ᠵᠠᠰᠠᠬᠤ ᠺᠣᠮᠢᠰ ᠤᠨ ᠠᠯᠪᠠᠨ ᠭᠡᠷ ᠤᠨ ᠨᠠᠷᠢᠨ ᠪᠢᠴᠢᠭ ᠤᠨ ᠰᠠᠯᠠᠭ᠎ᠠ ᠶᠢ ᠲᠣᠬᠢᠷᠠᠭᠤᠯᠵᠤ᠂ ᠰᠢᠶᠠᠨ ᠤ ᠨᠠᠮ ᠤᠨ ᠬᠤᠷᠢᠶᠠᠨ ᠤ ᠬᠠᠤᠯᠢ ᠶᠣᠰᠣᠭᠠᠷ ᠬᠤᠳᠠ ᠶᠢ ᠵᠠᠰᠠᠬᠤ ᠡᠳᠦᠷ ᠲᠤᠳᠤᠮ ᠤᠨ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠨ᠎ᠡ᠃ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠰᠢᠶᠠᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠳᠠ ᠶᠢ ᠵᠠᠰᠠᠬᠤ ᠠᠯᠪᠠᠨ ᠭᠡᠷ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠰᠢᠶᠠᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠰᠢᠶᠠᠨ ᠢ ᠵᠠᠰᠠᠬᠤ ᠠᠯᠪᠠᠨ ᠭᠡᠷ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠦᠯᠢᠶᠡᠨ᠎ᠡ᠃ᠭᠤᠷᠪᠠᠳᠤᠭᠠᠷ ᠵᠦᠢᠯ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠴᠢᠭᠯᠡᠯᠲᠡ ᠲᠦᠷᠦ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠬᠠᠤᠯᠢ ᠶᠣᠰᠣᠭᠠᠷ ᠰᠢᠶᠠᠨ ᠢ ᠵᠠᠰᠠᠬᠤ ᠶᠠᠪᠤᠴᠠ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄︵ᠨᠢᠭᠡ︶ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠦᠷᠦ ᠶᠢᠨ ᠪᠣᠳᠣᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠵᠤ ᠪᠠᠶᠢᠭᠠᠳ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠤᠷᠲᠤᠪᠲᠤᠷ ᠪᠠ ᠤᠷᠲᠤ ᠬᠤᠭᠤᠴᠠᠭᠠᠨ ᠤ ᠲᠥᠯᠦᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃︵ᠬᠤᠶᠠᠷ︶ ᠳᠡᠭᠡᠳᠦ ᠱᠠᠲᠤᠨ ᠤ ᠬᠠᠤᠯᠢ ᠲᠣᠭᠲᠠᠭᠠᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠭᠥᠯᠢᠶᠡᠨ ᠠᠪᠤᠨ᠎ᠠ᠃ ᠬᠤᠯᠪᠣᠭᠳᠠᠯ ᠪᠦᠬᠦᠢ ᠲᠠᠯ᠎ᠠ ᠶᠢᠨ  ᠬᠢᠨ ᠤ ᠳᠤᠷᠠᠳᠤᠭᠰᠠᠨ ᠬᠠᠤᠯᠢ ᠲᠣᠭᠲᠠᠭᠠᠬᠤ ᠰᠠᠨᠠᠭᠤᠯᠭ᠎ᠠ ᠶᠢ ᠵᠣᠬᠢᠴᠠᠭᠤᠯᠤᠨ ᠬᠦᠷᠭᠡᠵᠦ᠂ ᠡᠯ᠎ᠡ ᠰᠠᠯᠠᠭ᠎ᠠ ᠮᠥᠴᠢᠷ ᠤᠨ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠣᠶᠢᠯᠠᠭᠠᠬᠤ ᠶᠢ ᠬᠠᠷᠢᠭᠤᠴᠠᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠰᠢᠪᠠᠳᠠᠨ ᠵᠢᠯᠤᠭᠤᠳᠬᠤ ᠪᠠᠨ ᠴᠢᠩᠭᠠᠳᠬᠠᠵᠤ᠂ ᠬᠠᠤᠯᠢ ᠲᠣᠭᠲᠠᠭᠠᠬᠤ ᠪᠠ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠶᠢ ᠵᠣᠯᠭᠠᠯᠳᠤᠭᠤᠯᠬᠤ ᠰᠠᠨᠠᠯ᠂ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠳᠡᠭᠡᠳᠦ ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ ᠨᠡᠶᠢᠭᠡᠮ ᠨᠡᠶᠢᠲᠡ ᠠᠴᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠲᠣᠭᠲᠠᠭᠠᠬᠤ ᠲᠥᠷᠥᠯ ᠵᠦᠢᠯ ᠤᠨ ᠰᠠᠨᠠᠭᠤᠯᠭ᠎ᠠ ᠶᠢ ᠴᠤᠭᠯᠠᠭᠤᠯᠬᠤ ᠶᠢ ᠬᠠᠷᠢᠭᠤᠴᠠᠨ᠎ᠠ᠃︵ᠭᠤᠷᠪᠠ︶ ᠰᠢᠶᠠᠨ ᠤ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠵᠢᠴᠢ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠬᠡᠷᠡᠭᠵᠢᠭᠦᠯᠬᠦ ᠶᠠᠪᠤᠴᠠ ᠳᠠᠬᠢ ᠬᠤᠯᠪᠣᠭᠳᠠᠯ ᠪᠦᠬᠦᠢ ᠮᠠᠷᠭᠤᠯᠳᠤᠭᠠᠨ ᠪᠠ ᠠᠰᠠᠭᠤᠳᠠᠯ ᠢ ᠬᠠᠷᠢᠭᠤᠴᠠᠨ ᠵᠣᠬᠢᠴᠠᠭᠤᠯᠤᠨ᠎ᠠ᠃︵ᠳᠥᠷᠪᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠰᠢᠶᠠᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠠᠵᠢᠯ ᠢ ᠵᠢᠯᠣᠭᠤᠳᠤᠨ ᠲᠡᠭᠦᠨ ᠳ᠋ᠦ‌‍ᠪᠦ᠋ᠬᠦ ᠰᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠪᠦᠬᠦ ᠰᠢᠶᠠᠨ ᠤ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠵᠤ᠂ ᠰᠢᠶᠠᠨ ᠤ ᠲᠤᠰ ᠱᠠᠲᠤᠨ ᠤ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠪᠠ ᠵᠠᠷᠭᠤ ᠬᠦᠯᠢᠶᠡᠬᠦ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃︵ᠲᠠᠪᠤ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠰᠢᠶᠠᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠦᠪᠵᠢᠭᠦᠯᠭᠡ ᠶᠢ ᠬᠠᠷᠢᠭᠤᠴᠠᠨ ᠲᠤᠭᠤᠷᠪᠢᠨ ᠲᠣᠭᠲᠠᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠤᠯᠴᠠᠬᠤ ᠪᠠ ᠲᠡᠭᠦᠨ ᠢ ᠠᠬᠢᠭᠤᠯᠬᠤ ᠶᠢ ᠲᠦᠯᠬᠢᠨ ᠠᠬᠢᠭᠤᠯᠤᠨ᠎ᠠ᠃ ᠪᠦᠬᠦ ᠰᠢᠶᠠᠨ ᠤ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃︵ᠵᠢᠷᠭᠤᠭ᠎ᠠ︶ ᠪᠦᠬᠦ ᠰᠢᠶᠠᠨ ᠤ ᠨᠡᠶᠢᠭᠡᠮ ᠲᠣᠭᠤᠷᠢᠭ ᠠᠴᠠ ᠵᠠᠰᠠᠨ ᠵᠠᠯᠠᠷᠠᠭᠤᠯᠬᠤ ᠠᠵᠢᠯ ᠪᠠ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ ᠢ ᠳᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠢ ᠬᠠᠷᠢᠭᠤᠴᠠᠨ ᠬᠠᠮᠢᠶᠠᠷᠴᠤ ᠬᠡᠷᠡᠭᠵᠢᠭᠦᠯᠦᠨ᠎ᠡ᠃︵ᠳᠣᠯᠤᠭ᠎ᠠ︶ ᠪᠥᠬᠦ ᠰᠢᠶᠠᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠬᠠᠷᠢᠭᠤᠴᠠᠨ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠤᠨ᠎ᠠ᠃ ᠪᠦᠬᠦ ᠰᠢᠶᠠᠨ ᠤ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠤᠭᠤᠳᠴᠤ ᠬᠢᠨᠠᠯᠲᠠ ᠪᠦᠬᠦ ᠰᠢᠶᠠᠨ ᠤ ᠬᠠᠤᠯᠢ ᠴᠠᠭᠠᠵᠠ ᠶᠢᠨ ᠮᠡᠷᠭᠡᠵᠢᠯᠲᠡᠨ ᠤ ᠬᠥᠮᠥᠷᠭᠡ᠂ ᠰᠢᠶᠠᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃︵ᠨᠠᠢᠮᠠ︶ ᠪᠥᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ ᠂ ᠲᠠᠯᠠᠪᠤᠷ ᠭᠠᠵᠠᠷ ᠵᠡᠷᠭᠡ ᠪᠠᠲᠤᠯᠠᠭ᠎ᠠ ᠶᠢᠨ ᠠᠵᠢᠯ ᠢ ᠵᠢᠯᠤᠭᠤᠳᠴᠤ ᠬᠢᠨᠠᠯᠲᠠ ᠲᠠᠯᠪᠢᠨ᠎ᠠ᠃︵ᠶᠢᠰᠦ︶ ᠪᠥᠬᠦ ᠰᠢᠶᠠᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠥᠯᠥᠪᠵᠢᠭᠦᠯᠵᠦ᠂ ᠵᠣᠬᠢᠴᠠᠭᠤᠯᠵᠤ᠂ ᠬᠡᠷᠡᠭᠵᠢᠭᠦᠯᠵᠦ᠂ ᠪᠥᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠲᠥᠯᠥᠪᠵᠢᠭᠦᠯᠵᠦ ᠬᠡᠷᠡᠭᠵᠢᠭᠦᠯᠦᠨ᠎ᠡ᠃ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃︵ᠠᠷᠪᠠ︶ ᠪᠥᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ ᠲᠥᠯᠥᠪᠵᠢᠭᠦᠯᠵᠦ᠂ ᠬᠡᠷᠡᠭᠵᠢᠭᠦᠯᠵᠦ᠂ ᠵᠢᠯᠣᠭᠤᠳᠤᠨ᠎ᠠ᠃︵ᠠᠷᠪᠠᠨ ᠨᠢᠭᠡ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ 
ᠢᠷᠡᠯᠲᠡ᠄ ᠲᠤᠰ ᠰᠦᠯᠵᠢᠶ᠎ᠡ