ᠯᠦᠩ ᠰᠢᠩ ᠴᠠᠩ ᠪᠠᠯᠭᠠᠰᠤ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/2/8
      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠺᠠᠳ᠋ᠷ ᠤᠨ ᠤᠨᠤᠯ ᠤᠨ ᠪᠣᠯᠪᠠᠰᠤᠷᠠᠯ ᠢ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 7 ᠤ ᠡᠳᠦᠷ᠂ ᠯᠦᠩ ᠰᠢᠩ ᠴᠠᠩ ᠪᠠᠯᠭᠠᠰᠤ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠷᠠᠯᠳᠤᠵᠦ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠵᠢᠢ ᠰᠢᠸ ᠮᠢᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ᠃ ᠪᠦᠬᠦ ᠪᠠᠯᠭᠠᠰᠤᠨ ᠤ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠪᠠ᠃      ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠵᠢᠢ ᠰᠢᠸ ᠮᠢᠨ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ᠂ ᠲᠡᠦᠬᠡᠲᠦ ᠠᠴᠢ ᠬᠤᠯᠪᠣᠭᠳᠠᠯ᠂ ᠲᠡᠦᠬᠡ ᠶᠢᠨ ᠲᠤᠷᠰᠢᠯᠭ᠎ᠠ ᠪᠣᠯᠣᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠵᠡᠷᠭᠡ ᠲᠠᠯ᠎ᠠ ᠪᠠᠷ ᠭᠤᠣᠯᠳᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠃ ᠤᠬᠠᠭᠤᠯᠤᠨ ᠲᠠᠶᠢᠯᠪᠤᠷᠢᠯᠠᠭᠰᠠᠨ ᠮᠡᠳᠡᠭᠦᠯᠦᠯᠲᠡ ᠶᠢᠨ ᠰᠤᠳᠠᠰᠤ ᠨᠢ ᠲᠣᠳᠣᠷᠬᠠᠢ᠂ ᠤᠨᠤᠯ ᠤᠨ ᠥᠨᠳᠥᠷᠴᠡ᠂ ᠦᠵᠡᠯ ᠰᠠᠨᠠᠭᠠᠨ ᠤ ᠭᠦᠨᠴᠡ ᠲᠠᠢ ᠪᠥᠭᠡᠳ ᠪᠠᠰᠠ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠢ ᠣᠨᠣᠪᠴᠢᠲᠠᠢ ᠣᠶᠢᠯᠠᠭᠠᠬᠤ ᠪᠠ ᠪᠦᠬᠦ ᠲᠠᠯ᠎ᠠ ᠪᠠᠷ ᠡᠵᠡᠮᠰᠢᠬᠦ ᠳᠤ ᠴᠢᠬᠤᠯᠠ ᠵᠢᠯᠤᠭᠤᠳᠬᠤ ᠴᠢᠨᠠᠷᠲᠠᠢ ᠠᠴᠢ ᠬᠤᠯᠪᠣᠭᠳᠠᠯ ᠲᠠᠢ ᠶᠤᠮ᠃      ᠪᠦᠬᠦ ᠪᠠᠯᠭᠠᠰᠤ ᠲᠣᠰᠬᠤᠨ ᠤ ᠺᠠᠳ᠋ᠷ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠢᠶᠠᠷ ᠢᠶᠠᠨ ᠪᠦᠬᠦᠳᠠ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂ ᠰᠡᠳᠬᠢᠯ ᠵᠢᠷᠦᠬᠡᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠪᠦᠬᠦ ᠲᠠᠯ᠎ᠠ ᠶᠢ ᠪᠠᠭᠲᠠᠭᠠᠵᠤ᠂ ︽ᠬᠤᠶᠠᠷ ᠢ ᠬᠠᠮᠠᠭᠠᠯᠠᠬᠤ︾ ᠶᠢ ᠠᠵᠢᠯ ᠤᠨ ᠪᠦᠬᠦ ᠶᠠᠪᠤᠴᠠ ᠳᠤ ᠦᠨᠡᠨᠬᠦ ᠲᠤᠤᠱᠯᠠᠭᠤᠯᠵᠤ᠂ ᠤᠨᠤᠯ ᠤᠨ ᠪᠣᠯᠪᠠᠰᠤᠷᠠᠯ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠲᠡᠦᠬᠡᠨ ᠲᠤᠷᠰᠢᠯᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠬᠡᠷᠡᠭᠯᠡᠵᠦ᠂ ᠠᠷᠠᠳ ᠲᠦᠮᠡᠨ ᠳᠤ ᠠᠰᠢᠭ ᠲᠤᠰᠠ ᠣᠯᠭᠤᠬᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠦᠢᠯᠡᠳᠦᠯᠭᠡᠵᠢᠭᠦᠯᠦᠨ᠎ᠡ ᠭᠡᠪᠡ᠃
ᠢᠷᠡᠯᠲᠡ᠄ ᠲᠤᠰ ᠰᠦᠯᠵᠢᠶ᠎ᠡ