ᠱᠤᠤ ᠶᠦᠩ ᠪᠢᠨ᠂ ᠡᠷᠡᠭᠲᠡᠢ᠂ ᠬᠢᠲᠠᠳ ᠦᠨᠳᠦᠰᠦᠲᠡᠨ᠂ 1972 ᠣᠨ ᠤ 5 ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠦᠶᠤᠸᠠᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ | ᠰᠤᠳᠤᠯᠤᠭᠴᠢ᠂ ᠡᠳ᠋ ᠤᠨ ᠵᠠᠰᠠᠭ ᠤᠨ ᠲᠣᠪᠴᠢ᠊ ᠡᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠵᠥᠪᠯᠡᠯ ᠤᠨ ᠡᠷᠬᠢᠯᠡᠭᠴᠢ᠂ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ | ᠡᠷᠬᠢᠯᠡᠭᠴᠢ ᠶᠢᠨ ᠲᠣᠰᠢᠶᠠᠯ ᠢ ᠬᠠᠷᠢᠭᠤᠴᠠᠵᠦ ᠪᠠᠶᠢᠨ᠎ᠠ᠃ | ᠠᠵᠢᠯ ᠤᠨ ᠬᠤᠪᠢᠶᠠᠷᠢᠯᠠᠯ᠄ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢ ᠬᠠᠮᠵᠢᠨ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠮᠥᠩᠭᠦᠨ ᠭᠦᠶᠯᠭᠡᠭᠡᠨ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠂ ᠠᠷᠠᠳ ᠤᠨ ᠶᠠᠪᠤᠳᠠᠯ᠂ ᠵᠠᠰᠠᠭ ᠤᠨ ᠶᠠᠪᠤᠳᠠᠯ ᠤᠨ | ᠦᠶᠯᠡᠴᠢᠯᠡᠭᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯ ᠢ ᠬᠠᠷᠢᠭᠤᠴᠠᠵᠤ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢ ᠬᠠᠮᠵᠢᠨ | ᠬᠢᠨᠠᠨ ᠪᠤᠳᠤᠬᠤ ᠠᠵᠢᠯ ᠢ ᠰᠠᠶᠢᠲᠤᠷ ᠬᠢᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠬᠥᠮᠥᠷᠭᠡ ᠶᠢᠨ ᠲᠥᠪᠯᠡᠷᠡᠭᠦᠯᠦᠨ | ᠬᠤᠷᠢᠶᠠᠬᠤ ᠪᠠ ᠣᠯᠭᠤᠬᠤ ᠲᠥᠪ ᠪᠠᠭᠲᠠᠨ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠭᠠᠶᠢᠯᠢ ᠶᠢᠨ ᠪᠤᠰᠤ ᠣᠷᠣᠯᠭ᠎ᠠ ᠶᠢᠨ ᠦᠶᠯᠡᠴᠢᠯᠡᠭᠡᠨ ᠤ ᠲᠥᠪ᠂ | ᠮᠥᠩᠭᠦᠨ ᠭᠦᠶᠯᠭᠡᠭᠡᠨ ᠤ ᠠᠵᠢᠯ ᠤᠨ ᠦᠶᠯᠡᠴᠢᠯᠡᠭᠡᠨ ᠤ ᠲᠥᠪ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠪᠠ ᠨᠡᠶᠢᠭᠡᠮ ᠤᠨ ᠠᠵᠢᠯ ᠦᠶᠯᠡᠰ ᠤᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠭᠲᠠᠨ᠎ᠠ︶᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠵᠢᠭᠤᠯᠴᠢᠯᠠᠯ ᠤᠨ | ᠦᠶᠯᠡᠴᠢᠯᠡᠭᠡᠨ ᠤ ᠲᠥᠪ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠤᠯᠠᠭᠠᠨᠮᠥ᠋ᠴᠢᠷ | ᠪᠠᠭᠲᠠᠨ᠎ᠠ︶᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ︵ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠥᠪ ᠪᠠᠭᠲᠠᠨ᠎ᠠ︶᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠢ ᠬᠤᠪᠢᠳᠠᠨ ᠬᠠᠮᠢᠶᠠᠷᠤᠨ᠎ᠠ᠃ |