ᠮᠥᠩᠬᠡᠴᠢᠯᠠᠭᠤ᠂ ᠡᠷᠡᠭᠲᠡᠶ᠂ ᠮᠣᠩᠭᠤᠯ ᠦᠨᠳᠦᠰᠦᠲᠡᠨ᠂ 1982 ᠣᠨ ᠤ 12 ᠰᠠᠷ᠎ᠠ ᠳᠤ ᠲᠦᠷᠦᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠦᠶᠤᠸᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠢᠨ ᠲᠣᠰᠢᠶᠠᠯ ᠢ ᠬᠠᠷᠢᠭᠤᠴᠠᠵᠦ | ᠪᠠᠶᠢᠨ᠎ᠠ᠃ | ᠠᠵᠢᠯ ᠤᠨ ᠬᠤᠪᠢᠶᠠᠷᠢᠯᠠᠯ᠄ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢ ᠬᠠᠮᠵᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ | ᠡᠬᠢ ᠪᠠᠶᠠᠯᠢᠭ᠂ ᠨᠡᠶᠢᠭᠡᠮ ᠤᠨ ᠠᠵᠢᠯ ᠤᠨ ᠦᠢᠯᠡᠴᠢᠯᠡᠭᠡ᠂ ᠦᠨᠳᠦᠰᠦᠲᠡᠨ ᠤ ᠬᠡᠷᠡᠭ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠪᠠᠭᠲᠠᠨ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ | ᠦᠶᠯᠡᠴᠢᠯᠡᠭᠡᠨ ᠤ ᠲᠥᠪ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠬᠡᠷ ᠪᠠᠶᠢᠰᠢᠩ ᠲᠠᠲᠠᠪᠤᠷᠢᠯᠠᠬᠤ ᠦᠶᠯᠡᠴᠢᠯᠡᠭᠡᠨ ᠤ ᠲᠥᠪ᠂ | ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠠᠷᠠᠯᠵᠢᠶᠠᠯᠠᠬᠤ ᠲᠥᠪ᠂ ᠢᠯᠴᠢ ᠬᠠᠩᠭᠠᠬᠤ ᠠᠳᠠᠯ ᠠᠬᠤᠶ ᠶᠢᠨ ᠦᠶᠯᠡᠴᠢᠯᠡᠭᠡᠨ ᠤ ᠲᠥᠪ︶᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ︵ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ᠂ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠦᠶᠯᠡᠴᠢᠯᠡᠭᠡᠨ ᠤ ᠲᠥᠪ | ᠪᠠᠭᠲᠠᠨ᠎ᠠ︶᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ᠂ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ | ᠵᠥᠪᠯᠡᠯ ᠪᠠᠭᠲᠠᠨ᠎ᠠ︶ ᠢ ᠬᠤᠪᠢᠳᠠᠨ ᠬᠠᠮᠢᠶᠠᠷᠤᠨ᠎ᠠ᠃ |