ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ | 2022 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ | ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ᠂ ᠵᠢᠶᠠᠨ ᠹᠸᠡᠭ ᠲᠠᠷᠢᠶᠠᠯᠠᠩ ᠤᠨ ᠲᠠᠯᠠᠪᠠᠢ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠪᠣᠯᠤᠨ ︽ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ 61 | ᠳ᠋ᠦ᠋ᠭᠡᠷ ᠲᠣᠭᠠᠲᠤ ᠵᠠᠷᠯᠢᠭ︶᠂ ︽ᠭᠠᠯ ᠤᠨᠲᠠᠷᠠᠭᠠᠬᠤ ᠬᠢᠨᠠᠯᠲᠠ ᠪᠠᠶᠢᠴᠠᠭᠠᠯᠲᠠ ᠶᠢᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ 120 ᠳ᠋ᠤᠭᠠᠷ | ᠲᠣᠭᠠᠲᠤ ᠵᠠᠷᠯᠢᠭ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠡ ᠶᠢ | ᠵᠠᠭᠠᠭᠯᠠᠨ ᠲᠣᠭᠲᠠᠭᠠᠬᠤ ᠪᠠᠷᠢᠮᠵᠢᠶ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ | ᠭᠠᠯ ᠤᠨᠲᠠᠷᠠᠭᠠᠬᠤ ᠬᠢᠨᠠᠯᠲᠠ ᠲᠠᠯᠪᠢᠬᠤ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠦᠨᠳᠦᠰᠦᠯᠡᠨ᠂ ᠡᠳᠦᠭᠡ ᠬᠢᠨᠠᠨ ᠵᠥᠪᠰᠢᠶᠡᠷᠡᠭᠰᠡᠨ ᠪᠥᠬᠦ | ᠰᠢᠶᠠᠨ ᠤ 2022 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠨᠢᠭᠡᠴᠡ ᠨᠡᠶᠢᠲᠡ 143 ᠪᠠᠶᠢᠵᠤ᠂ ᠬᠤᠶᠠᠳᠤᠭᠠᠷ | ᠳᠡᠰ ᠤᠨ ᠭᠤᠤᠯᠳᠠᠯᠭ᠎ᠠ ᠲᠠᠢ ᠨᠢᠭᠡᠴᠡ ᠠᠴᠠ ᠪᠤᠰᠤᠳ ᠪᠣᠶ ᠪᠥᠬᠦᠶ ᠨᠢᠭᠡᠴᠡ ᠶᠢ ᠴᠥᠮ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠳᠤ ᠵᠢᠭᠰᠠᠭᠠᠵᠤ | ᠬᠠᠮᠢᠶᠠᠷᠤᠨ᠎ᠠ ︵ᠨᠡᠷᠡᠰ ᠢ ᠳᠠᠭᠠᠯᠳᠤᠭᠤᠯᠤᠯ ᠬᠦᠰᠦᠨᠦᠭᠲᠦ ᠳᠤ ᠦᠵᠡ︶᠃ | ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠡ ᠨᠦᠭᠦᠳ ︽ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ | ᠲᠥᠷᠢᠮ ᠢ ᠬᠡᠷᠡᠭᠵᠢᠭᠦᠯᠬᠦ ᠠᠷᠭ᠎ᠠ︾ ᠶᠢ ᠲᠤᠤᠱᠯᠠᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠳᠣᠣᠷ᠎ᠠ ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | 1.ᠡᠯ᠎ᠡ ᠱᠠᠳᠤ᠂ ᠡᠯ᠎ᠡ ᠠᠵᠢᠯ ᠤᠨ ᠪᠠᠶᠢᠷᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭᠠᠲᠠᠨ ᠬᠢᠭᠡᠳ ᠲᠡᠭᠦᠨ ᠤ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠤᠰ ᠨᠢᠭᠡᠴᠡ ᠶᠢᠨ ᠢᠶᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠥᠷᠢᠮ᠂ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠠᠵᠢᠯᠯᠠᠬᠤ ᠲᠥᠷᠢᠮ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠨ ᠶᠠᠪᠤᠭᠤᠯᠬᠤ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ | ᠃ ᠠᠵᠢᠯᠳᠠᠨ ᠠᠵᠢᠯᠴᠢᠳ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ | ᠪᠣᠯᠪᠠᠰᠤᠷᠠᠭᠤᠯᠤᠯ ᠬᠢᠯᠭᠡᠵᠦ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ ᠥᠷᠨᠢᠭᠦᠯᠵᠦ ᠡᠯ᠎ᠡ ᠵᠦᠢᠯ ᠤᠨ ᠲᠥᠷᠢᠮ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃ | 2. ᠭᠠᠯ ᠰᠡᠷᠭᠡᠶᠢᠯᠡᠯᠲᠡ ᠶᠢᠨ ᠪᠠᠶᠢᠴᠠᠭᠠᠯᠲᠠ ᠬᠢᠵᠦ ᠲᠣᠭᠤᠷᠢᠨ ᠪᠠᠶᠢᠴᠠᠭᠠᠬᠤ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠢ ᠬᠠᠮᠠᠭᠠᠯᠠᠨ | ᠠᠷᠠᠴᠢᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠬᠡᠮᠵᠢᠬᠦ᠂ ᠭᠠᠯ ᠤᠨ | 3. ᠬᠠᠮᠢᠶ᠎ᠠ ᠪᠥᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠲᠣᠬᠢᠷᠠᠭᠤᠯᠵᠤ᠂ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠲᠡᠮᠳᠡᠭ ᠪᠠᠶᠢᠷᠢᠯᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠵᠤ᠂ ᠪᠠᠷᠢᠯᠭ᠎ᠠ ᠶᠢᠨ ᠭᠠᠯ ᠤᠨᠲᠠᠷᠠᠭᠠᠬᠤ | ᠪᠡᠯᠡᠳᠬᠡᠮᠵᠢ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠥᠬᠦ ᠲᠠᠯ᠎ᠠ ᠪᠠᠷ ᠪᠠᠶᠢᠴᠠᠭᠠᠨ ᠬᠡᠮᠵᠢᠵᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠶ᠃ ᠭᠠᠯ ᠤᠨᠲᠠᠷᠠᠭᠠᠬᠤ ᠡᠵᠡᠮᠳᠡᠯ ᠤᠨ ᠲᠠᠰᠤᠭ ᠲᠠᠢ ᠪᠣᠯ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠡᠭᠡᠯᠵᠢ ᠪᠦᠷᠢ ᠳᠤ 2 | ᠬᠥᠮᠦᠨ ᠠᠴᠠ ᠳᠤᠲᠠᠭᠤ ᠪᠠᠶᠢᠵᠤ ᠪᠣᠯᠬᠤ ᠥᠬᠡᠶ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠡᠷᠡᠭᠲᠡᠶ᠃ | 4. ᠲᠠᠷᠬᠠᠭᠠᠨ ᠶᠠᠪᠤᠭᠤᠯᠬᠤ ᠨᠡᠪᠳᠡᠷᠡᠯ ᠵᠠᠮ᠂ ᠠᠶᠤᠯ ᠥᠭᠡᠢ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠳᠡᠷᠡᠯ ᠵᠠᠮ ᠢᠶᠠᠨ ᠰᠠᠭᠠᠳ ᠥᠭᠡᠢ | ᠨᠡᠪᠲᠡᠷᠡᠬᠦ ᠶᠢ ᠪᠠᠲᠤᠯᠠᠵᠤ᠂ ᠭᠠᠯ ᠰᠡᠷᠭᠡᠶᠢᠯᠡᠬᠦ ᠤᠲᠤᠭ᠎ᠠ ᠰᠡᠷᠭᠡᠶᠢᠯᠡᠬᠦ ᠬᠤᠪᠢᠶᠠᠷᠢ ᠲᠣᠭᠤᠷᠢᠭ᠂ ᠭᠠᠯ ᠰᠡᠷᠭᠡᠶᠢᠯᠡᠬᠦ ᠵᠠᠶ ᠨᠢ ᠭᠠᠯ ᠤᠨᠲᠠᠷᠠᠭᠠᠬᠤ ᠮᠡᠷᠭᠡᠵᠢᠯ ᠤᠨ | ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠤᠨ ᠡᠭᠦᠳᠡ ᠴᠣᠩᠬᠤᠨ ᠳᠤ ᠠᠮᠢ ᠵᠢᠭᠤᠲᠠᠬᠤ ᠪᠠ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠬᠠᠷᠰᠢ ᠰᠠᠭᠠᠳ ᠲᠠᠯᠪᠢᠵᠤ ᠪᠣᠯᠬᠤ ᠦᠭᠡᠢ᠃ ᠪᠠᠷᠢᠯᠭ᠎ᠠ ᠶᠢᠨ ᠲᠣᠨᠣᠭᠯᠠᠭᠠᠰᠤ᠂ ᠪᠠᠷᠢᠯᠭ᠎ᠠ ᠶᠢᠨ ᠮᠠᠲ᠋ᠧᠷᠢᠶᠠᠯ | ᠪᠣᠯᠤᠨ ᠭᠡᠷ ᠳᠣᠲᠣᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠶᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃ | 5. ᠭᠠᠯ ᠤᠨᠲᠠᠷᠠᠭᠠᠬᠤ ᠳᠠᠩᠰᠠ ᠡᠪᠬᠡᠮᠡᠯ ᠪᠠᠶᠢᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠣᠷᠣᠨ ᠪᠠᠶᠢᠷᠢ ᠶᠢ | ᠲᠣᠭᠲᠠᠭᠠᠵᠤ᠂ ᠭᠠᠯ ᠰᠡᠷᠭᠡᠶᠢᠯᠡᠬᠦ ᠳᠡᠮᠳᠡᠭ ᠲᠠᠯᠪᠢᠵᠤ᠂ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | 6. ᠴᠠᠬᠢᠯᠭᠠᠨ ᠬᠡᠷᠡᠭᠰᠡᠯ ᠤᠨ ᠦᠶᠯᠡᠳᠬᠦᠨ᠂ ᠰᠢᠲᠠᠮᠠᠬᠠᠶ ᠬᠡᠶ ᠶᠢᠨ ᠬᠡᠷᠡᠭᠰᠡᠯ ᠢ ᠤᠭᠰᠠᠷᠠᠬᠤ᠂ ᠬᠡᠷᠡᠭᠯᠡᠬᠦ ᠪᠠ ᠴᠠᠬᠢᠯᠭᠠᠨ ᠤ ᠱᠤᠭᠤᠮ᠂ ᠬᠤᠭᠤᠯᠠᠶ ᠱᠤᠭᠤᠮ ᠢ | ᠳᠡᠪᠢᠰᠬᠦ ᠳᠤ ᠡᠷᠬᠡᠪᠰᠢ ᠬᠠᠮᠢᠶ᠎ᠠ ᠪᠥᠬᠦᠶ ᠪᠠᠷᠢᠮᠵᠢᠶ᠎ᠠ ᠪᠠ ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠳᠤ | ᠨᠡᠶᠢᠴᠡᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ᠂ ᠪᠠᠶᠢᠴᠠᠭᠠᠨ ᠰᠢᠯᠭᠠᠬᠤ ᠬᠡᠷᠡᠭᠲᠡᠶ᠃ | 7. ︽ᠨᠡᠶᠢᠭᠡᠮ ᠤᠨ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠵᠦᠭᠯᠡᠭᠦᠷ︾ ︵ | DB33/T828 — 2011︶ ᠢ ᠦᠨᠳᠦᠰᠦᠯᠡᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ︽ᠲᠥᠷᠪᠡᠨ ᠴᠢᠳᠠᠪᠤᠷᠢ︾ ᠶᠢᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠵᠡᠷᠭᠡᠴᠡᠪᠡᠷ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠲᠠᠩᠰᠠ | ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠠᠵᠢᠯᠳᠠᠨ᠂ ᠭᠠᠯ ᠤᠨᠲᠠᠷᠠᠭᠠᠬᠤ ᠪᠡᠯᠡᠳᠬᠡᠮᠵᠢ ᠶᠢ | ᠬᠠᠮᠠᠭᠠᠯᠠᠨ ᠠᠷᠠᠴᠢᠯᠠᠬᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠥᠪᠡᠷ ᠢ ᠪᠠᠨ ᠦᠨᠡᠯᠡᠨ ᠵᠢᠱᠢᠬᠦ ᠭᠤᠷᠪᠠᠨ ᠵᠦᠢᠯ ᠤᠨ ᠮᠡᠳᠡᠭᠦᠯᠵᠦ ᠳᠠᠩᠰᠠᠯᠠᠭᠤᠯᠬᠤ | ᠲᠥᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠥᠪᠡᠷ ᠢ ᠪᠠᠨ ᠬᠠᠮᠢᠶᠠᠷᠬᠤ ᠶᠢ ᠦᠨᠡᠨᠬᠦ | ᠪᠡᠶᠡᠯᠡᠭᠦᠯᠬᠦ ᠬᠡᠷᠡᠭᠲᠡᠶ᠃ | 8. ᠭᠠᠯ ᠰᠡᠷᠭᠡᠶᠢᠯᠡᠨ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠤᠶᠢᠷᠢᠮ ᠲᠣᠭᠲᠠᠭᠠᠯ ᠵᠢᠴᠢ ᠲᠤᠶᠢᠷᠦ ᠶᠢᠨ ᠪᠤᠳᠦᠯᠭ᠎ᠠ ᠶᠢᠨ ᠪᠢᠴᠢᠭ | ᠮᠠᠲ᠋ᠧᠷᠢᠶᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ | 2022 ᠣᠨ ᠤ 3 ᠰᠠᠷ᠎ᠠ ᠶᠢᠨ 2 ᠤ ᠡᠳᠦᠷ |