ᠦᠶᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠮᠡᠳᠡᠭᠡ 2021 ᠣᠨ ᠤ 4 ᠳ᠋ᠦ᠋ᠭᠡᠷ ᠬᠤᠭᠤᠴᠠᠭ᠎ᠠ
ᠨᠡᠶᠢᠲᠡᠯᠡᠭᠰᠡᠨ ᠴᠠᠭ᠄
2022/4/28
      ︽ᠦᠶᠤᠸᠠᠨ ᠰᠢᠶᠠᠨ ᠤ ᠲᠦᠷ ᠴᠠᠭ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ        ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄        ᠰᠢᠶᠠᠨ ᠤ ᠵᠠᠰᠠᠭ ᠤᠨ ᠣᠷᠳᠣᠨ ᠢᠶᠠᠷ ᠰᠤᠳᠤᠯᠤᠭᠤᠯᠤᠨ ᠵᠥᠪᠰᠢᠶᠡᠷᠡᠭᠦᠯᠦᠭᠡᠳ᠂ ᠡᠳᠦᠭᠡ ︽ᠦᠶᠤᠸᠠᠨ ᠰᠢᠶᠠᠨ ᠤ ᠲᠦᠷ ᠴᠠᠭ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                         ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                          2021 ᠣᠨ ᠤ 10 ᠰᠠᠷ᠎ᠠ ᠶᠢᠨ 21 ᠤ ᠡᠳᠦᠷᠦᠶᠤᠸᠠᠨ ᠰᠢᠶᠠᠨ ᠤ ᠲᠦᠷ ᠴᠠᠭ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠬᠡᠷᠡᠭᠵᠢᠭᠦᠯᠬᠦ ᠲᠥᠰᠦᠯ      ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠦᠷ ᠴᠠᠭ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠶᠯ ᠢ ᠪᠠᠲᠤᠯᠠᠬᠤ᠂ ᠪᠠᠴᠢᠮ ᠪᠠᠶᠢᠳᠠᠯ ᠢ ᠠᠷᠭᠠᠴᠠᠬᠤ᠂ ᠰᠢᠯᠵᠢᠯᠲᠡ ᠬᠢᠬᠦ᠂ ᠵᠣᠯᠭᠠᠭᠤᠯᠬᠤ᠂ ᠨᠥᠬᠦᠪᠥᠷᠢᠯᠡᠬᠦ ᠲᠦᠷᠢᠮ ᠤᠨ ᠬᠦᠴᠦᠨ ᠴᠢᠳᠠᠪᠤᠷᠢ ᠶᠢ ᠭᠦᠶᠴᠡᠳ ᠪᠠᠳᠠᠷᠠᠭᠤᠯᠤᠨ᠂ ᠪᠠᠴᠢᠮ ᠪᠡᠷᠬᠡ ᠠᠪᠤᠷᠠᠨ ᠲᠤᠰᠠᠯᠠᠬᠤ ᠴᠢᠳᠠᠮᠵᠢ ᠶᠢ ᠴᠢᠩᠭᠠᠷᠠᠭᠤᠯᠬᠤ ᠶᠢᠨ ᠲᠤᠰᠠᠳᠠ᠂ ᠬᠤᠲᠠ ᠬᠥᠳᠡᠭᠡ ᠶᠢᠨ ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ ᠲᠤᠯᠭᠠᠮ᠎ᠠ ᠴᠢᠨᠠᠷᠲᠠᠶ᠂ ᠲᠦᠷ ᠴᠠᠭ ᠤᠨ ᠴᠢᠨᠠᠷᠲᠠᠶ ᠦᠨᠳᠦᠰᠦᠨ ᠠᠮᠢᠳᠤᠷᠠᠯ ᠤᠨ ᠬᠦᠴᠢᠷᠳᠡᠯ ᠢ ᠦᠨᠡᠨᠬᠦ ᠰᠢᠶᠳᠪᠦᠷᠢᠯᠡᠨ᠎ᠡ᠃ ᠨᠡᠶᠢᠭᠡᠮ ᠤᠨ ᠲᠤᠰᠠᠯᠠᠮᠵᠢ ᠶᠢᠨ ᠲᠦᠷ ᠬᠡᠷᠡᠭᠵᠢᠭᠦᠯᠬᠦ ᠠᠷᠭ᠎ᠠ ᠶᠢ ᠦᠨᠳᠦᠰᠦᠯᠡᠪᠡᠯ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠦ᠋ᠭᠡᠷ ᠲᠣᠭᠠᠲᠤ︶᠂ ︽ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠤ ᠰᠠᠨᠠᠯ︾ ︵ᠲᠠᠷᠬᠠᠭᠠᠭᠰᠠᠨ ︹ 2018 ︺ 23 ᠳ᠋ᠤᠭᠠᠷ ᠲᠣᠭᠠᠲᠤ︶᠂ ︽ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠡᠳ᠋ ᠤᠨ ᠵᠠᠰᠠᠭ ᠤᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ︹ 2018 ︺ 69 ᠳ᠋ᠦ᠋ᠭᠡᠷ ᠲᠣᠭᠠᠲᠤ︶᠂ ︽ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠪᠠᠶᠠᠨᠨᠠᠭᠤᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠪᠠ ᠮᠢᠨ ᠲᠠᠷᠬᠠᠭᠠᠭᠰᠠᠨ ︹ 2018 ︺ 427 ᠳ᠋ᠤᠭᠠᠷ ᠲᠣᠭᠠᠲᠤ︶ ᠪᠠ ︽ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠲᠠᠷᠬᠠᠭᠠᠭᠰᠠᠨ ︹ 2021 ︺ 93 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ ᠪᠠᠴᠢᠮ ᠴᠢᠨᠠᠷᠲᠠᠶ᠂ ᠲᠦᠷ ᠴᠠᠭ ᠤᠨ ᠴᠢᠨᠠᠷᠲᠠᠶ ᠦᠨᠳᠦᠰᠦᠨ ᠠᠮᠢᠳᠤᠷᠠᠯ ᠤᠨ ᠬᠦᠴᠢᠷᠳᠡᠯ ᠢ ᠪᠦᠲᠦᠮᠵᠢᠲᠡᠶ ᠰᠢᠶᠳᠪᠦᠷᠢᠯᠡᠬᠦ ᠪᠠᠷ ᠬᠠᠷᠠᠯᠲᠠ ᠪᠣᠯᠭᠠᠵᠤ᠂ ᠲᠦᠷ ᠴᠠᠭ ᠤᠨ ᠠᠪᠤᠷᠠᠨ ᠲᠤᠰᠠᠯᠠᠬᠤ ᠳᠦᠷᠢᠮ ᠤᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠵᠤ᠂ ︽ᠬᠤᠷᠢᠭ᠎ᠠ ᠱᠤᠭᠤᠮ ᠢ ᠪᠠᠲᠤᠯᠠᠬᠤ᠂ ᠲᠣᠣᠷ ᠰᠦᠯᠵᠢᠬᠦ᠂ ᠲᠣᠭᠲᠠᠴᠠ ᠪᠠᠶᠢᠭᠤᠯᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠨ ᠵᠦᠢᠯ ᠢ ᠪᠠᠲᠤᠯᠠᠬᠤ᠂ ᠥᠨᠳᠥᠷ ᠪᠦᠲᠦᠮᠵᠢᠲᠡᠶ ᠪᠠᠶᠢᠯᠭᠠᠬᠤ᠂ ᠵᠣᠯᠭᠠᠭᠤᠯᠬᠤ ᠶᠢ ᠪᠠᠷᠢᠮᠲᠠᠯᠠᠨ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠂ ᠠᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠴᠠᠭ ᠲᠤᠬᠠᠶ ᠳᠤᠨᠢ ᠠᠪᠤᠷᠠᠨ ᠲᠤᠰᠠᠯᠠᠬᠤ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠠᠷᠭ᠎ᠠ ᠮᠠᠶ᠋ᠢᠭ ᠨᠢ ᠤᠯᠠᠨ ᠶᠠᠩᠵᠤ ᠶᠢᠨ᠂ ᠬᠠᠮᠢᠶᠠᠷᠤᠯᠲᠠ ᠨᠢ ᠵᠢᠷᠤᠮᠵᠢᠭᠰᠠᠨ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠪᠠᠶᠢᠷᠢᠰᠢᠯ ᠢ ᠲᠦᠷᠭᠡᠪᠴᠢᠯᠡᠨ ᠪᠤᠢ ᠪᠣᠯᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠠᠷᠠᠳ ᠤᠯᠠᠨ ᠤ ᠦᠨᠳᠦᠰᠦᠨ ᠠᠮᠢᠳᠤᠷᠠᠯ ᠤᠨ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃      ᠬᠤᠶᠠᠷ᠂ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠪᠣᠯᠤᠨ ᠲᠥᠷᠥᠯ ᠢᠯᠭᠠᠯ      ᠲᠦᠷ ᠴᠠᠭ ᠤᠨ ᠠᠪᠤᠷᠠᠨ ᠲᠤᠰᠠᠯᠠᠬᠤ ᠡᠲᠡᠭᠡᠳ ᠨᠢ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠬᠡᠷ ᠪᠦᠯᠢ ᠵᠢᠴᠢ ᠪᠤᠰᠤᠳ ᠣᠨᠴᠠᠭᠠᠶ ᠬᠦᠴᠢᠷᠳᠡᠯ ᠳᠤ ᠲᠤᠯᠭᠠᠷᠠᠭᠠᠳ ᠥᠪᠡᠷ ᠢᠶᠠᠨ ᠢᠯᠠᠨ ᠳᠠᠪᠠᠭ᠋ᠤᠶ᠎ᠠ ᠪᠡᠷᠬᠡ ᠬᠡᠷ ᠪᠦᠯᠢ ᠪᠣᠯᠤᠨ᠎ᠠ᠃ ᠲᠤᠬᠠᠶ ᠶᠢᠨ ᠭᠠᠵᠠᠷ ᠤᠨ ᠣᠷᠣᠰᠢᠨ ᠰᠠᠭᠤᠬᠤ ᠦᠨᠡᠮᠯᠡᠯ ᠥᠬᠡᠶ ᠲᠣᠰ ᠭᠠᠵᠠᠷ ᠤᠨ ᠡᠷᠦᠬᠡ ᠠᠮᠠ ᠶᠢᠨ ᠲᠠᠩᠰᠠ ᠥᠬᠡᠶ ᠬᠥᠮᠦᠰ ᠤᠨ ᠭᠤᠶᠤᠴᠢᠯᠠᠯ ᠢ ᠪᠠᠴᠢᠮ ᠪᠡᠷᠬᠡ ᠭᠠᠷᠤᠭᠰᠠᠨ ᠭᠠᠵᠠᠷ ᠲᠤ ᠭᠥᠯᠢᠶᠡᠨ ᠠᠪᠴᠤ ᠬᠢᠨᠠᠨ ᠬᠠᠷᠭᠤᠭᠤᠯᠤᠨ᠎ᠠ᠃ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠥᠬᠡᠶ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠦᠰ ᠢ ᠠᠮᠢᠳᠤᠷᠠᠯ ᠤᠨ ᠠᠷᠭ᠎ᠠ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ᠂ ᠲᠡᠩᠬᠡᠷᠡᠭᠦᠯᠦᠨ ᠲᠤᠰᠠᠯᠠᠬᠤ ᠶᠢ ᠬᠠᠩᠭᠠᠬᠤ ᠬᠡᠷᠡᠭᠲᠡᠶ᠃      ︵ᠨᠢᠭᠡ︶ ᠪᠠᠴᠢᠮ ᠬᠦᠴᠢᠷᠳᠡᠯᠲᠡᠶ ᠬᠡᠯᠪᠡᠷᠢ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ      ᠪᠠᠴᠢᠮ ᠪᠡᠷᠬᠡ ᠬᠡᠯᠪᠡᠷᠢ ᠶᠢᠨ ᠬᠦᠴᠢᠷᠳᠡᠯ ᠳᠤ ᠲᠤᠯᠭᠠᠷᠠᠭᠰᠠᠨ ᠠᠪᠤᠷᠠᠨ ᠲᠤᠰᠠᠯᠠᠯᠲᠠ ᠳᠤ ᠭᠤᠤᠯᠳᠠᠭᠤ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ ᠵᠡᠷᠭᠡ ᠰᠠᠨᠠᠭᠠᠨ ᠳᠤ ᠥᠬᠡᠶ ᠬᠡᠷᠡᠭ᠂ ᠬᠡᠷ ᠪᠦᠯᠢ ᠶᠢᠨ ᠪᠦᠷᠢᠯᠳᠦᠬᠦᠨ ᠤ ᠭᠡᠨᠡᠳᠲᠡ ᠶᠢᠨ ᠬᠦᠨᠳᠦ ᠶᠡᠭᠡ ᠡᠪᠡᠳᠴᠢᠨ ᠵᠢᠴᠢ ᠪᠤᠰᠤᠳ ᠣᠨᠴᠣᠭᠤᠶ ᠬᠦᠴᠢᠷᠳᠡᠯ ᠳᠤ ᠲᠤᠯᠭᠠᠷᠠᠭᠰᠠᠨ ᠵᠡᠷᠭᠡ ᠰᠢᠯᠲᠠᠭᠠᠨ ᠠᠴᠠ ᠪᠣᠯᠵᠣ᠂ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ᠂ ᠳᠠᠷᠦ᠋ᠢᠬᠠᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠᠲᠠᠶ ᠬᠡᠷ ᠪᠦᠯᠢ ᠪᠠ ᠬᠤᠪᠢ ᠬᠥᠮᠦᠨ ᠪᠠᠭᠲᠠᠨ᠎ᠠ᠃      1. ᠪᠠᠶᠢᠭᠠᠯᠢ ᠶᠢᠨ ᠭᠠᠮᠰᠢᠭ᠂ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ᠂ ᠤᠰᠤᠨ ᠳᠤ ᠴᠠᠴᠠᠬᠤ ᠵᠡᠷᠭᠡ ᠰᠠᠨᠠᠭᠠᠨ ᠳᠤ ᠦᠭᠡᠶ ᠬᠡᠷᠡᠭ ᠠᠴᠠ ᠪᠣᠯᠵᠤ᠂ ᠬᠥᠮᠦᠨ ᠬᠠᠷ᠎ᠠ ᠥᠭᠦᠵᠦ ᠰᠢᠷᠬᠠᠲᠤᠭᠠᠳ᠂ ᠣᠷᠣᠨ ᠰᠠᠭᠤᠴᠠ ᠬᠦᠨᠳᠦ ᠨᠣᠴᠢᠲᠠᠶ ᠡᠪᠳᠡᠭᠳᠡᠨ ᠰᠦᠢᠳᠴᠦ ᠰᠠᠭᠤᠵᠤ ᠴᠢᠳᠠᠬᠤ ᠦᠭᠡᠶ ᠪᠣᠯᠤᠭᠰᠠᠨ ᠡᠯ᠎ᠡ ᠵᠦᠢᠯ ᠤᠨ ᠲᠥᠯᠥᠪᠦᠷᠢ᠂ ᠳᠠᠭᠠᠳᠬᠠᠯ᠂ ᠠᠪᠤᠷᠠᠨ ᠲᠤᠰᠠᠯᠠᠬᠤ ᠨᠥᠬᠦᠪᠥᠷᠢ ᠮᠥᠩᠭᠦ ᠠᠪᠤᠭᠰᠠᠨ ᠤ ᠳᠠᠷᠠᠭ᠎ᠠ᠂ ᠦᠨᠳᠦᠰᠦᠨ ᠠᠮᠢᠳᠤᠷᠠᠯ ᠳᠤ ᠮᠥᠨ ᠬᠦ ᠬᠦᠨᠳᠦ ᠨᠣᠴᠢᠲᠠᠶ ᠬᠦᠴᠢᠷᠳᠡᠯ ᠣᠷᠣᠰᠢᠵᠤ ᠪᠠᠶᠢᠬᠤ᠂ ᠡᠰᠡᠬᠦᠯ᠎ᠡ ᠳᠡᠭᠡᠷ᠎ᠡ ᠳᠤᠷᠠᠳᠤᠭᠰᠠᠨ ᠵᠡᠷᠭᠡ ᠰᠠᠨᠠᠭᠠᠨ ᠳᠤ ᠥᠬᠡᠶ ᠬᠡᠷᠡᠭ ᠲᠤ ᠤᠴᠠᠷᠠᠭᠰᠠᠨ ᠠᠴᠠ ᠪᠣᠯᠵᠣ᠂ ᠬᠠᠷᠢᠭᠤᠴᠠᠯᠭ᠎ᠠ ᠶᠢᠨ ᠭᠤᠤᠯ ᠴᠣᠭᠴᠠ ᠨᠢ ᠲᠣᠳᠣᠷᠬᠠᠶ ᠥᠬᠡᠶ᠂ ᠬᠠᠷᠢᠭᠤᠴᠠᠯᠭ᠎ᠠ ᠶᠢᠨ ᠭᠤᠤᠯ ᠴᠣᠭᠴᠠ ᠨᠢ ᠳᠥᠯᠥᠬᠦ ᠴᠢᠳᠠᠪᠤᠷᠢ ᠥᠬᠡᠶ ᠮᠥᠷᠲᠡᠭᠡᠨ ᠬᠡᠷ ᠪᠦᠯᠢ ᠶᠢᠨ ᠲᠣᠰ ᠪᠡᠶ᠎ᠡ ᠨᠢ ᠬᠠᠮᠢᠶ᠎ᠠ ᠪᠥᠬᠦᠶ ᠵᠠᠷᠤᠳᠠᠯ ᠢ ᠡᠭᠦᠷᠭᠡᠯᠡᠬᠦ ᠳᠤ ᠬᠦᠴᠢᠷᠲᠡᠶ ᠪᠠᠶᠢᠬᠤ ᠠᠴᠠ ᠪᠣᠯᠵᠣ᠂ ᠦᠨᠳᠦᠰᠦᠨ ᠠᠮᠢᠳᠤᠷᠠᠯ ᠳᠤ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠤᠯᠵᠤ᠂ ᠳᠠᠷᠦ᠋ᠢᠬᠠᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠᠲᠠᠶ ᠬᠡᠷ ᠪᠦᠯᠢ ᠪᠠ ᠬᠤᠪᠢ ᠬᠥᠮᠦᠨ᠃      2. ᠭᠡᠷ ᠪᠦᠯᠢ ᠶᠢᠨ ᠪᠦᠷᠢᠯᠳᠦᠬᠦᠨ ᠤ ᠭᠡᠨᠡᠳᠲᠡ ᠶᠢᠨ ᠬᠦᠨᠳᠦ ᠶᠡᠭᠡ ᠡᠪᠡᠳᠴᠢᠨ ︵ᠬᠦᠨᠳᠦ ᠴᠢᠨᠠᠷᠲᠠᠶ ᠮᠡᠳᠡᠷᠡᠯ ᠤᠨ ᠡᠪᠡᠳᠴᠢᠨ ᠪᠠᠭᠲᠠᠨ᠎ᠠ︶ ᠠᠴᠠ ᠪᠤᠯᠵᠦ ᠡᠮᠨᠡᠯᠭᠡ ᠳᠤ ᠲᠦᠷᠭᠡᠨ ᠣᠷᠣᠵᠤ ᠲᠦᠷᠭᠡᠨ ᠠᠪᠤᠷᠠᠵᠤ ᠡᠮᠨᠡᠨ ᠵᠠᠰᠠᠬᠤ ᠴᠢᠬᠤᠯᠠᠲᠠᠶ ᠪᠣᠯᠤᠭᠰᠠᠨ ᠠᠴᠠ ᠦᠨᠳᠦᠰᠦᠨ ᠠᠮᠢᠳᠤᠷᠠᠯ ᠳᠤᠨᠢ ᠲᠤᠶᠢᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ ᠭᠡᠷ ᠪᠦᠯᠢ ᠪᠠ ᠬᠤᠪᠢ ᠬᠥᠮᠦᠨ᠃      ︵ᠬᠤᠶᠠᠷ︶ ᠵᠠᠷᠤᠯᠭ᠎ᠠ ᠶᠢᠨ ᠬᠡᠯᠪᠡᠷᠢ ᠶᠢᠨ ᠲᠡᠩᠬᠡᠷᠡᠭᠦᠯᠦᠨ ᠲᠤᠰᠠᠯᠠᠬᠤ ᠡᠲᠡᠭᠡᠳ      ᠵᠠᠷᠤᠯᠭ᠎ᠠ ᠶᠢᠨ ᠬᠡᠯᠪᠡᠷᠢ ᠶᠢᠨ ᠬᠦᠴᠢᠷᠳᠡᠯ ᠳᠤ ᠲᠤᠯᠭᠠᠷᠠᠭᠰᠠᠨ ᠠᠪᠤᠷᠠᠨ ᠲᠤᠰᠠᠯᠠᠯᠲᠠ ᠡᠭᠦᠨ ᠳᠤ ᠭᠤᠣᠯᠳᠠᠭᠤ ᠰᠤᠷᠭᠠᠨ ᠬᠥᠮᠦᠵᠢᠯ᠂ ᠡᠮ ᠡᠮᠨᠡᠯᠭᠡ᠂ ᠬᠢᠵᠢᠭ ᠤᠨ ᠪᠠᠶᠢᠳᠠᠯ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠠᠷᠤᠯᠭ᠎ᠠ ᠭᠡᠨᠡᠳᠲᠡ ᠨᠡᠮᠡᠭᠳᠡᠭᠰᠡᠨ ᠠᠴᠠ ᠪᠣᠯᠵᠤ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠳᠠᠪᠠᠭᠰᠠᠨ᠂ ᠠᠮᠢᠳᠤᠷᠠᠯ ᠨᠢ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠭᠡᠷ ᠪᠦᠯᠢ ᠵᠠᠷᠴᠢᠮ ᠳᠡᠭᠡᠷ᠎ᠡ ᠪᠠᠨ ᠲᠡᠳᠡᠨ ᠤ ᠬᠡᠷ ᠪᠦᠯᠢ ᠶᠢᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠲᠣᠰ ᠰᠢᠶᠠᠨ ᠤ ᠳᠡᠭᠡᠷ᠎ᠡ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠣᠤᠷ᠎ᠠ ᠪᠠᠶᠢᠬᠤ ᠬᠡᠷᠡᠭᠲᠡᠶ ᠪᠥᠭᠡᠳ ᠬᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ︽ᠪᠠᠶᠠᠨᠨᠠᠭᠤᠷ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠶᠡᠷᠦᠩᠬᠡᠶᠢᠯᠡᠨ ᠦᠨᠡᠮᠰᠢᠬᠦ ᠠᠷᠭ᠎ᠠ︾ ︵ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠷᠭ᠎ᠠ︾ ︵ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠷᠭ᠎ᠠ︾ ︵ᠪᠠᠶᠠᠨᠨᠠᠭᠤᠷ ᠬᠤᠲᠠ ﹇2014﹈ 69 ᠳ᠋ᠦ᠋ᠭᠡᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃      1. ᠬᠡᠷ ᠪᠦᠯᠢ ᠶᠢᠨ ᠪᠦᠷᠢᠯᠳᠦᠬᠦᠨ ᠨᠢ ᠬᠦᠨᠳᠦ ᠣᠨᠴᠠ ᠶᠡᠭᠡ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠡᠳ ᠡᠮᠨᠡᠭᠦᠯᠬᠦ ᠴᠢᠬᠤᠯᠠ ᠲᠠᠢ ᠠᠴᠠ ᠪᠣᠯᠵᠣ ᠦᠨᠳᠦᠰᠦᠨ ᠠᠮᠢᠳᠤᠷᠠᠯ ᠤᠨ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠳᠤ ᠤᠴᠠᠷᠠᠭᠠᠳ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠬᠤᠳᠠᠯᠳᠤᠭᠠᠨ ᠤ ᠨᠥᠬᠦᠪᠥᠷᠢ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢ ᠥᠩᠭᠡᠷᠡᠭᠡᠭᠰᠡᠨ ᠤ ᠳᠠᠷᠠᠭ᠎ᠠ᠂ ᠬᠤᠪᠢ ᠬᠥᠮᠦᠨ ᠤ ᠥᠪᠡᠷᠲᠡᠭᠡᠨ ᠬᠠᠷᠢᠭᠤᠴᠠᠬᠤ ᠡᠮᠴᠢᠯᠡᠭᠡᠨ ᠤ ᠵᠠᠷᠤᠳᠠᠯ ᠨᠢ ᠵᠣᠬᠢᠬᠤ ᠲᠣᠭᠲᠠᠭᠰᠠᠨ ᠲᠤᠭ᠎ᠠ ᠬᠡᠮᠵᠢᠶ᠎ᠡ ᠠᠴᠠ ᠬᠡᠲᠦᠷᠡᠭᠰᠡᠨ ᠬᠡᠷ ᠪᠦᠯᠢ᠃      2. ᠦᠷ᠎ᠡ ᠬᠡᠦᠬᠡᠳ ᠨᠢ ᠰᠤᠷᠬᠤ ᠨᠠᠰᠤᠨ ᠠᠴᠠ ᠡᠮᠦᠨᠡᠬᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠬᠦᠷᠳᠡᠭᠰᠡᠨ ᠠᠴᠠ ᠪᠤᠯᠵᠦ ︵ᠬᠤᠪᠢ ᠶᠢᠨ ᠵᠠᠷᠤᠳᠠᠯ ᠢᠶᠠᠷ ᠰᠤᠷᠭᠠᠭᠤᠯᠢ ᠰᠣᠩᠭᠤᠬᠤ ᠰᠤᠷᠦᠬᠴᠢ ᠪᠠᠭᠲᠠᠬᠤ ᠤᠢᠭᠡᠢ︶ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠠᠷᠤᠯᠭ᠎ᠠ ᠶᠢ ᠭᠡᠨᠡᠳᠲᠡ ᠨᠡᠮᠡᠭᠳᠡᠭᠦᠯᠵᠦ᠂ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠳᠠᠪᠠᠭᠤᠯᠵᠤ᠂ ᠦᠨᠳᠦᠰᠦᠨ ᠠᠮᠢᠳᠤᠷᠠᠯ ᠤᠨ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠭᠡᠷ ᠪᠦᠯᠢ ᠶᠢ ᠪᠤᠢ ᠪᠣᠯᠭᠠᠭᠰᠠᠨ᠃      3. ᠭᠡᠷ ᠪᠦᠯᠢ ᠶᠢᠨ ᠳᠣᠲᠣᠷᠠᠬᠢ ᠬᠦᠨᠳᠦ ᠵᠡᠮᠳᠡᠭ ᠬᠥᠮᠦᠨ ᠢ ᠬᠠᠷᠠᠭᠠᠯᠵᠠᠬᠤ ᠴᠢᠬᠤᠯᠠ ᠲᠠᠢ ᠠᠴᠠ ᠪᠤᠯᠵᠤ᠂ ᠭᠡᠷ ᠪᠦᠯᠢ ᠶᠢᠨ ᠪᠦᠷᠢᠯᠳᠦᠬᠦᠨ ᠢ ᠭᠠᠳᠠᠭᠰᠢ ᠭᠠᠷᠴᠤ ᠠᠵᠢᠯ ᠬᠢᠬᠦ ᠶᠢᠨ ᠠᠷᠭ᠎ᠠ ᠦᠭᠡᠢ ᠪᠣᠯᠭᠠᠵᠤ᠂ ᠦᠨᠳᠦᠰᠦᠨ ᠠᠮᠢᠳᠤᠷᠠᠯ ᠤᠨ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠲᠠᠢ ᠭᠡᠷ ᠪᠦᠯᠢ ᠶᠢ ᠪᠤᠢ ᠪᠣᠯᠭᠠᠭᠰᠠᠨ ᠪᠠᠶᠢᠬᠤ᠃      4. ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠣᠨᠴᠠᠭᠠᠶ ᠬᠦᠴᠢᠷᠳᠡᠯ ᠳᠤ ᠲᠤᠯᠭᠠᠷᠠᠭᠰᠠᠨ ᠭᠡᠷ ᠪᠦᠯᠢ᠃      ᠭᠤᠷᠪᠠ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ      ︵ᠨᠢᠭᠡ︶ ᠪᠠᠴᠢᠮ ᠬᠦᠴᠢᠷᠲᠡᠶ ᠬᠡᠯᠪᠡᠷᠢ ᠶᠢᠨ ᠠᠪᠤᠷᠠᠨ ᠲᠤᠰᠠᠯᠠᠬᠤ ᠶᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ᠃ ᠪᠠᠴᠢᠮ ᠬᠦᠴᠢᠷᠳᠡᠯ ᠲᠠᠢ ᠠᠪᠤᠷᠠᠨ ᠲᠤᠰᠠᠯᠠᠬᠤ ᠡᠲᠡᠭᠡᠳ ᠪᠠᠴᠢᠮ ᠬᠦᠴᠢᠷᠳᠡᠯ ᠲᠠᠢ ᠭᠠᠵᠠᠷ ᠲᠤ ᠠᠪᠤᠷᠠᠨ ᠲᠤᠰᠠᠯᠠᠬᠤ ᠭᠤᠶᠤᠴᠢᠯᠠᠯ ᠭᠠᠷᠭᠠᠵᠤ᠂ ᠪᠠᠴᠢᠮ ᠪᠠᠶᠢᠳᠠᠯ ᠳᠤ ᠳᠠᠷᠤᠶ ᠲᠦᠷᠭᠡᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠡᠭᠡᠭᠦᠯᠦᠨ ᠠᠪᠴᠢᠷᠠᠬᠤ ᠶᠢᠨ ᠠᠷᠭ᠎ᠠ ᠦᠭᠡᠶ ᠬᠤᠬᠢᠷᠠᠯ ᠪᠤᠶᠤ ᠬᠤᠪᠢᠷᠠᠭᠤᠯᠬᠤ ᠶᠢᠨ ᠠᠷᠭ᠎ᠠ ᠦᠭᠡᠶ ᠬᠦᠨᠳᠦ ᠨᠣᠴᠢᠲᠠᠶ ᠤᠷᠰᠢᠭ ᠲᠠᠲᠠᠬᠤ ᠠᠴᠠ ᠰᠡᠷᠭᠡᠶᠢᠯᠡᠬᠦ ᠬᠡᠷᠡᠭᠲᠡᠶ ᠪᠠᠶᠢᠪᠠᠯ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠭᠤᠶᠤᠴᠢᠯᠠᠯ ᠢ ᠰᠢᠭᠤᠳ ᠬᠦᠯᠢᠶᠡᠨ ᠠᠪᠴᠤ ᠰᠢᠶ᠋ᠳᠪᠦᠷᠢᠯᠡᠬᠦ᠂ ᠰᠢᠭᠤᠳ ᠬᠢᠨᠠᠨ ᠬᠠᠷᠭᠤᠭᠤᠯᠵᠤ ᠨᠤᠲᠠᠯᠠᠬᠤ᠂ ᠴᠠᠭ ᠲᠤᠬᠠᠶ ᠳᠤᠨᠢ ᠣᠯᠭᠤᠬᠤ ᠬᠡᠯᠪᠡᠷᠢ ᠶᠢ ᠠᠪᠴᠤ ᠪᠣᠯᠤᠨ᠎ᠠ᠃ ︽ᠤᠷᠢᠳᠠᠪᠠᠷ ᠲᠡᠩᠬᠡᠷᠡᠭᠦᠯᠦᠨ ᠲᠤᠰᠠᠯᠠᠬᠤ︾᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ᠂ ᠢᠯᠡ ᠨᠡᠶᠢᠲᠡᠯᠡᠬᠦ ᠵᠡᠷᠭᠡ ᠭᠤᠭᠴᠤᠭ᠎ᠠ ᠶᠢ ᠬᠦᠴᠦᠨ ᠥᠬᠡᠶ ᠪᠣᠯᠭᠠᠵᠤ᠂ ᠰᠢᠭᠤᠳ ᠲᠡᠩᠬᠡᠷᠡᠭᠦᠯᠦᠨ ᠲᠤᠰᠠᠯᠠᠵᠤ᠂ ᠪᠠᠴᠢᠮ ᠬᠦᠴᠢᠷᠲᠡᠶ ᠪᠠᠶᠢᠳᠠᠯ ᠢ ᠲᠠᠶᠢᠯᠤᠭᠰᠠᠨ ᠤ ᠳᠠᠷᠠᠭ᠎ᠠ᠂ ᠲᠡᠩᠬᠡᠷᠡᠭᠦᠯᠦᠨ ᠲᠤᠰᠠᠯᠠᠬᠤ ᠡᠲᠡᠭᠡᠳ᠂ ᠲᠡᠩᠬᠡᠷᠡᠭᠦᠯᠦᠨ ᠲᠤᠰᠠᠯᠠᠬᠤ ᠤᠴᠢᠷ ᠰᠢᠯᠲᠠᠭᠠᠨ᠂ ᠲᠡᠩᠬᠡᠷᠡᠭᠦᠯᠦᠨ ᠲᠤᠰᠠᠯᠠᠬᠤ ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠪᠦᠷᠢᠳᠬᠡᠨ᠂ ᠭᠠᠷᠲᠠᠨ ᠭᠦᠶ᠋ᠴᠡᠳᠬᠡᠬᠦ ᠠᠵᠢᠯᠲᠠᠨ ᠤ ᠭᠠᠷ ᠤᠨ ᠥᠰᠥᠭ ᠵᠢᠷᠤᠬᠤ᠂ ᠲᠠᠮᠠᠭ᠎ᠠ ᠳᠠᠷᠤᠬᠤ ᠭᠠᠷᠳᠠᠮ ᠢ ᠨᠥᠬᠦᠪᠥᠷᠢᠯᠡᠨ᠎ᠡ᠃ ︽ᠤᠷᠢᠳᠠᠪᠠᠷ ᠠᠪᠤᠷᠠᠨ ᠲᠤᠰᠠᠯᠠᠬᠤ︾ ᠨᠥᠬᠦᠴᠡᠯ ᠳᠤ ᠨᠡᠶᠢᠴᠡᠪᠡᠯ᠂ ᠬᠤᠲᠠ ᠲᠣᠭᠤᠷᠢᠭ ᠨᠢ 2 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠠᠵᠢᠯ ᠢ ᠪᠡᠶᠡᠯᠡᠭᠦᠯᠵᠦ᠂ ᠬᠥᠳᠡᠭᠡ ᠲᠣᠰᠬᠤᠨ ᠨᠢ 4 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠠᠵᠢᠯ ᠢ ᠪᠡᠶᠡᠯᠡᠭᠦᠯᠬᠦ ᠬᠡᠷᠡᠭᠲᠡᠶ᠃ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠲᠤᠰ ᠵᠢᠯ ᠤᠨ ᠰᠠᠷ᠎ᠠ ᠶᠢᠨ ᠬᠤᠳᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠲᠡᠬᠢᠠ ᠠᠴᠠ ᠳᠣᠣᠷ᠎ᠠ ᠪᠠᠶᠢᠯᠭᠠᠬᠤ ᠥᠭᠡᠢ ᠶᠢᠨ ᠬᠠᠮᠲᠤ ᠪᠡᠯᠡ ᠮᠥᠩᠭᠦ ᠣᠯᠭᠤᠬᠤ ᠭᠠᠷᠳᠠᠮ ᠢ ᠲᠡᠭᠦᠯᠳᠡᠷᠵᠢᠭᠦᠯᠬᠦ ᠶᠢᠨ ᠬᠠᠮᠲᠤ ᠠᠵᠢᠯ ᠤᠨ ᠡᠭᠡ ᠲᠡᠩᠰᠠ ᠶᠢ ᠪᠠᠶᠢᠭᠤᠯᠤᠨ᠎ᠠ᠃      ︵ᠬᠤᠶᠠᠷ︶ ᠵᠠᠷᠤᠯᠭ᠎ᠠ ᠶᠢᠨ ᠬᠡᠯᠪᠡᠷᠢ ᠶᠢᠨ ᠲᠡᠩᠬᠡᠷᠡᠭᠦᠯᠦᠨ ᠲᠤᠰᠠᠯᠠᠬᠤ ᠶᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ᠃ ᠵᠠᠷᠤᠯᠭ᠎ᠠ ᠶᠢᠨ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠪᠤᠶᠤ ᠰᠠᠭᠤᠭ᠎ᠠ ᠭᠠᠵᠠᠷ ᠤᠨ ᠠᠷᠠᠳ ᠤᠨ ᠶᠠᠪᠤᠳᠠᠯ ᠤᠨ ᠨᠡᠶᠢᠭᠡᠮ ᠤᠨ ᠠᠪᠤᠷᠠᠨ ᠲᠤᠰᠠᠯᠠᠬᠤ ᠴᠣᠩᠬᠤᠨ ᠳᠤ ᠠᠪᠤᠷᠠᠨ ᠲᠤᠰᠠᠯᠠᠬᠤ ᠭᠤᠶᠤᠴᠢᠯᠠᠯ ᠭᠠᠷᠭᠠᠵᠤ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠠᠷᠠᠳᠴᠢᠯᠠᠯ ᠢᠶᠠᠷ ᠦᠨᠡᠯᠡᠬᠦ᠂ ᠢᠯᠡ ᠨᠡᠶᠢᠲᠡᠯᠡᠬᠦ ᠵᠡᠷᠭᠡ ᠬᠢᠨᠠᠨ ᠵᠥᠪᠰᠢᠶᠡᠷᠡᠬᠦ ᠳᠡᠰ ᠳᠠᠷᠠᠭ᠎ᠠ ᠶᠢ ᠴᠢᠩᠭ᠎ᠠ ᠵᠢᠷᠤᠮᠯᠠᠨ ᠭᠦᠢᠴᠡᠳᠬᠡᠵᠦ᠂ ᠲᠦᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠬᠤ ᠳᠠᠭᠠᠨ ︽ᠲᠦᠷ ᠴᠠᠭ ᠤᠨ ᠠᠪᠤᠷᠠᠨ ᠲᠤᠰᠠᠯᠠᠯᠲᠠ ᠶᠢᠨ ᠭᠤᠶᠤᠴᠢᠯᠠᠯ ᠤᠨ ᠪᠢᠴᠢᠭ︾᠂ ᠪᠡᠶ᠎ᠡ ᠶᠢᠨ ᠦᠨᠡᠮᠯᠡᠯ᠂ ᠬᠡᠷ ᠪᠦᠯᠢ ᠶᠢᠨ ᠦᠨᠳᠦᠰᠦᠨ ᠪᠠᠶᠢᠳᠠᠯ ᠪᠠ ᠲᠤᠯᠭᠠᠷᠠᠭᠰᠠᠨ ᠬᠦᠴᠢᠷᠳᠡᠯ ᠤᠨ ᠭᠡᠷᠡᠴᠢ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠬᠠᠩᠭᠠᠬᠤ ᠶᠢᠨ ᠬᠠᠮᠲᠤ ︽ᠬᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢ ᠬᠠᠷᠭᠤᠭᠤᠯᠤᠨ ᠡᠷᠬᠡ ᠣᠯᠭᠤᠬᠤ ᠪᠢᠴᠢᠭ︾ ᠲᠤ ᠭᠠᠷ ᠤᠨ ᠥᠰᠥᠭ ᠵᠢᠷᠤᠵᠤ᠂ ᠡᠯ᠎ᠡ ᠭᠠᠵᠠᠷ ᠤᠨ ᠬᠢᠨ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠪᠴᠠᠩ ᠢᠶᠠᠷ ᠳᠡᠮᠵᠢᠨ ᠪᠠᠶᠢᠴᠠᠭᠠᠨ ᠯᠠᠪᠯᠠᠵᠤ ᠪᠣᠯᠬᠤ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠬᠡᠷᠡᠭᠲᠡᠶ᠃ ᠭᠤᠶᠤᠴᠢᠯᠠᠭᠳᠠᠭᠰᠠᠳ ᠤᠨ ᠳᠣᠲᠣᠷᠠᠬᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠷ ᠪᠦᠯᠢ ᠵᠢᠴᠢ ᠲᠡᠭᠦᠨ ᠤ ᠪᠦᠷᠢᠯᠳᠦᠬᠦᠨ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ ᠤᠨ ᠠᠮᠢᠳᠤᠷᠠᠯ ᠤᠨ ᠡᠷᠬᠡᠪᠰᠢ ᠵᠠᠷᠤᠴᠠᠭᠤᠯᠬᠤ ᠵᠠᠷᠤᠯᠭ᠎ᠠ ᠶᠢᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠬᠠᠷᠭᠤᠭᠤᠯᠵᠤ᠂ ᠭᠤᠶᠤᠴᠢᠯᠠᠬᠤ ᠠᠴᠠ ᠡᠮᠦᠨ᠎ᠡ 6 ᠰᠠᠷ᠎ᠠ ᠶᠢᠨ ᠳᠣᠲᠣᠷ᠎ᠠ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠠᠪᠴᠠᠩ ᠢᠶᠠᠷ ᠳᠡᠮᠵᠢᠨ ᠬᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢ ᠬᠠᠷᠭᠤᠭᠤᠯᠤᠭᠰᠠᠨ ᠪᠠᠶᠢᠪᠠᠯ᠂ ᠣᠶᠢᠷ᠎ᠠ ᠶᠢᠨ ᠬᠤᠭᠤᠴᠠᠭᠠᠨ ᠤ ᠬᠠᠷᠭᠤᠭᠤᠯᠤᠭᠰᠠᠨ ᠮᠡᠳᠡᠭᠦᠯᠦᠯᠲᠡ ᠶᠢ ᠲᠦᠷ ᠴᠠᠭ ᠤᠨ ᠠᠪᠤᠷᠠᠨ ᠲᠤᠰᠠᠯᠠᠬᠤ ᠶᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠦᠨᠳᠦᠰᠦᠯᠡᠯ ᠪᠣᠯᠭᠠᠵᠤ ᠪᠣᠯᠤᠨ᠎ᠠ᠃      ᠵᠠᠷᠴᠢᠮ ᠳᠡᠭᠡᠷ᠎ᠡ ᠪᠠᠨ ᠭᠤᠶᠤᠴᠢᠯᠠᠭᠴᠢ ᠠᠳᠠᠯᠢ ᠤᠴᠢᠷ ᠰᠢᠯᠲᠠᠭᠠᠨ ᠢᠶᠠᠷ ᠨᠢᠭᠡ ᠵᠢᠯ ᠤᠨ ᠳᠣᠲᠣᠷ᠎ᠠ ᠲᠦᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠬᠤ ᠳᠠᠭᠠᠨ ᠬᠤᠶᠠᠷ ᠤᠳᠠᠭ᠎ᠠ ᠠᠴᠠ ᠬᠡᠲᠦᠷᠡᠭᠦᠯᠵᠦ ᠪᠣᠯᠬᠤ ᠥᠬᠡᠶ᠃ ᠠᠪᠤᠷᠠᠨ ᠲᠤᠰᠠᠯᠠᠬᠤ ᠡᠲᠡᠭᠡᠳ ᠤᠨ ᠪᠠᠴᠢᠮ ᠬᠦᠴᠢᠷᠳᠡᠯ ᠳᠤ ᠲᠤᠯᠭᠠᠷᠠᠭᠰᠠᠨ ᠪᠣᠳᠠᠲᠠᠶ ᠪᠠᠶᠢᠳᠠᠯ ᠢ ᠦᠨᠳᠦᠰᠦᠯᠡᠨ᠂ ︽ᠳᠠᠭᠠᠵᠤ ᠠᠪᠤᠷᠠᠨ ᠲᠤᠰᠠᠯᠠᠬᠤ︾᠂ ︽ᠨᠢᠭᠡ ᠯᠡ ᠤᠳᠠᠭ᠎ᠠ ᠳᠤ ᠬᠢᠨᠠᠨ ᠵᠥᠪᠰᠢᠶᠡᠷᠡᠬᠦ᠂ ᠱᠠᠲᠤ ᠬᠤᠪᠢᠶᠠᠨ ᠠᠪᠤᠷᠠᠨ ᠲᠤᠰᠠᠯᠠᠬᠤ︾ ᠠᠷᠭ᠎ᠠ ᠮᠠᠶ᠋ᠢᠭ ᠢ ᠠᠪᠴᠤ᠂ ᠠᠪᠤᠷᠠᠨ ᠲᠤᠰᠠᠯᠠᠬᠤ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠳᠥᠷᠪᠡ᠂ ᠠᠪᠤᠷᠠᠨ ᠲᠤᠰᠠᠯᠠᠬᠤ ᠪᠠᠷᠢᠮᠵᠢᠶ᠎ᠠ    ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠮᠠᠨ ᠤ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠲᠠᠢ ᠬᠤᠯᠪᠣᠭᠳᠠᠭᠤᠯᠵᠤ᠂ ᠠᠪᠤᠷᠠᠨ ᠲᠤᠰᠠᠯᠠᠬᠤ ᠡᠲᠡᠭᠡᠳ ᠤᠨ ᠬᠡᠷ ᠪᠦᠯᠢ ᠶᠢᠨ ᠬᠥᠮᠦᠨ ᠠᠮᠠ᠂ ᠬᠦᠴᠢᠷᠳᠡᠯ ᠤᠨ ᠲᠥᠷᠥᠯ ᠬᠡᠯᠪᠡᠷᠢ᠂ ᠬᠦᠴᠢᠷᠳᠡᠯ ᠤᠨ ᠬᠡᠮᠵᠢᠶ᠎ᠡ ᠪᠠ ᠬᠦᠴᠢᠷᠳᠡᠯ ᠤᠨ ᠦᠷᠭᠦᠯᠵᠢᠯᠡᠭᠰᠡᠨ ᠴᠠᠭ ᠵᠡᠷᠭᠡ ᠬᠦᠴᠦᠨ ᠵᠦᠶ᠋ᠯ ᠢ ᠦᠨᠳᠦᠰᠦᠯᠡᠨ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠲᠥᠷᠥᠯ ᠬᠤᠪᠢᠶᠠᠨ ᠪᠤᠳᠤᠨ᠎ᠠ᠃ ᠠᠪᠤᠷᠠᠨ ᠲᠤᠰᠠᠯᠠᠬᠤ ᠡᠲᠡᠭᠡᠳ ᠤᠨ ᠠᠳᠠᠯᠢ ᠪᠤᠰᠤ ᠬᠦᠴᠢᠷᠳᠡᠯ ᠲᠠᠢ ᠪᠠᠶᠢᠳᠠᠯ ᠢ ᠦᠨᠳᠦᠰᠦᠯᠡᠨ ᠠᠪᠤᠷᠠᠨ ᠲᠤᠰᠠᠯᠠᠬᠤ ᠲᠦᠷᠦᠯ ᠵᠦᠢᠯ ᠢ ᠲᠣᠭᠲᠠᠭᠠᠨ᠎ᠠ᠃ ᠠᠳᠠᠯᠢ ᠨᠢᠭᠡ ᠲᠥᠷᠥᠯ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠨᠢ ᠠᠳᠠᠯᠢ ᠪᠤᠰᠤ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠠᠪᠤᠷᠠᠨ ᠲᠤᠰᠠᠯᠠᠬᠤ ᠲᠠᠰ ᠢ ᠲᠣᠭᠲᠠᠭᠠᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ       ︵ᠨᠢᠭᠡ︶ ᠪᠠᠴᠢᠮ ᠬᠦᠴᠢᠷᠳᠡᠯᠲᠡᠶ ᠬᠡᠯᠪᠡᠷᠢ ᠶᠢᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ      1. ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ᠂ ᠤᠰᠤᠨ ᠳᠤ ᠴᠠᠴᠠᠬᠤ ᠵᠡᠷᠭᠡ ᠭᠡᠨᠡᠳᠲᠡ ᠶᠢᠨ ᠠᠳᠡᠯ ᠳᠤ ᠤᠴᠠᠷᠠᠭᠰᠠᠨ ᠠᠴᠠ ᠪᠣᠯᠵᠣ ᠬᠥᠮᠦᠨ ᠬᠠᠷ᠎ᠠ ᠬᠦᠨᠳᠦ ᠨᠣᠴᠢᠲᠠᠶ ᠥᠭᠦᠵᠦ ᠰᠢᠷᠬᠠᠲᠤᠭᠰᠠᠨ᠂ ᠣᠷᠣᠨ ᠰᠠᠭᠤᠴᠠ ᠨᠢ ᠬᠦᠨᠳᠦ ᠨᠣᠴᠢᠲᠠᠶ ᠡᠪᠳᠡᠷᠡᠵᠦ ᠬᠤᠬᠢᠷᠠᠭᠠᠳ ᠰᠠᠭᠤᠵᠤ ᠳᠡᠶᠢᠯᠬᠦ ᠥᠬᠡᠶ ᠪᠣᠯᠤᠭᠰᠠᠨ᠂ ᠬᠠᠷᠢᠭᠤᠴᠠᠯᠭ᠎ᠠ ᠶᠢᠨ ᠲᠥᠯᠥᠪᠦᠷᠢ ᠶᠢ ᠴᠠᠭ ᠲᠤᠬᠠᠶ ᠳᠤᠨᠢ ᠪᠣᠳᠠᠲᠠᠶᠢᠵᠢᠭᠤᠯᠵᠤ ᠳᠡᠶᠢᠯᠬᠦ ᠥᠬᠡᠶ ᠪᠤᠶᠤ ᠬᠠᠷᠢᠭᠤᠴᠠᠯᠭ᠎ᠠ ᠶᠢᠨ ᠲᠥᠯᠥᠪᠦᠷᠢ ᠶᠢᠨ ᠲᠠᠯ᠎ᠠ ᠥᠬᠡᠶ ᠠᠴᠠ ᠪᠣᠯᠵᠣ᠂ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠬᠡᠷ ᠪᠦᠯᠢ ᠪᠤᠶᠤ ᠬᠤᠪᠢ ᠬᠥᠮᠦᠨ ᠳᠤ᠂ ᠬᠡᠷ ᠪᠦᠯᠢ ᠶᠢᠨ ᠪᠣᠳᠠᠲᠠᠶ ᠤᠴᠠᠷᠠᠭᠰᠠᠨ ᠬᠥᠮᠦᠨ ᠤ ᠲᠤᠭ᠎ᠠ ᠶᠢ ᠦᠨᠳᠦᠰᠦᠯᠡᠨ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 6 ᠳᠠᠬᠢᠨ ᠠᠴᠠ ᠬᠡᠲᠦᠷᠡᠭᠦᠯᠬᠦ ᠥᠬᠡᠶ ᠪᠠᠷ ᠦᠨᠳᠦᠰᠦᠨ ᠠᠮᠢᠳᠤᠷᠠᠯ ᠤᠨ ᠨᠢᠭᠡ ᠤᠳᠠᠭ᠎ᠠ ᠶᠢᠨ ᠴᠢᠨᠠᠷᠲᠠᠶ ᠠᠪᠤᠷᠠᠨ ᠲᠤᠰᠠᠯᠠᠯᠲᠠ ᠣᠯᠭᠤᠨ᠎ᠠ᠃      2. ᠬᠡᠷ ᠪᠦᠯᠢ ᠶᠢᠨ ᠪᠦᠷᠢᠯᠳᠦᠬᠦᠨ ᠤ ᠭᠡᠨᠡᠳᠲᠡ ᠶᠢᠨ ᠬᠦᠨᠳᠦ ᠶᠡᠭᠡ ᠡᠪᠡᠳᠴᠢᠨ ᠡᠮᠭᠡᠭ ᠠᠴᠠ ᠪᠣᠯᠵᠣ ᠡᠮᠨᠡᠯᠭᠡ ᠳᠤ ᠲᠦᠷᠭᠡᠨ ᠣᠷᠣᠵᠤ ᠲᠦᠷᠭᠡᠨ ᠠᠪᠤᠷᠠᠵᠤ ᠡᠮᠨᠡᠨ ᠵᠠᠰᠠᠬᠤ ᠴᠢᠬᠤᠯᠠᠲᠠᠶ ᠪᠣᠯᠵᠣ᠂ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠪᠠ ᠣᠷᠣᠯᠭ᠎ᠠ ᠪᠠᠭᠠᠲᠠᠶ ᠬᠦᠴᠢᠷᠳᠡᠯᠲᠡᠶ ᠬᠡᠷ ᠪᠦᠯᠢ ᠳᠤ᠂ ᠡᠪᠡᠳᠴᠢᠯᠡᠭᠰᠡᠨ ᠪᠦᠷᠢᠯᠳᠦᠬᠦᠨ ᠨᠢ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 6 ᠳᠠᠬᠢᠨ ᠠᠴᠠ ᠬᠡᠲᠦᠷᠡᠬᠦ ᠥᠬᠡᠶ ᠪᠠᠷ ᠨᠢᠭᠡ ᠤᠳᠠᠭ᠎ᠠ ᠶᠢᠨ ᠴᠢᠨᠠᠷᠲᠠᠶ ᠦᠨᠳᠦᠰᠦᠨ ᠠᠮᠢᠳᠤᠷᠠᠯ ᠤᠨ ᠪᠠᠴᠢᠮ ᠠᠪᠤᠷᠠᠨ ᠲᠤᠰᠠᠯᠠᠯᠲᠠ ᠣᠯᠭᠤᠨ᠎ᠠ᠃      3. ᠲᠤᠬᠠᠶ ᠶᠢᠨ ᠭᠠᠵᠠᠷ ᠤᠨ ᠣᠷᠣᠰᠢᠨ ᠰᠠᠭᠤᠬᠤ ᠦᠨᠡᠮᠯᠡᠯ ᠲᠠᠢ ᠥᠬᠡᠶ ᠲᠣᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠶᠢᠨ ᠪᠤᠰᠤ ᠬᠥᠮᠦᠰ ᠲᠤ ᠪᠠᠴᠢᠮ ᠬᠦᠴᠢᠷᠲᠡᠶ ᠪᠠᠶᠢᠳᠠᠯ ᠲᠣᠬᠢᠶᠠᠯᠳᠤᠭᠰᠠᠨ ᠤ ᠳᠠᠷᠠᠭ᠎ᠠ᠂ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠵᠢᠯ ᠪᠦᠷᠢ ᠲᠤᠬᠠᠶ ᠶᠢᠨ ᠭᠠᠵᠠᠷ ᠤᠨ ᠲᠤᠬᠠᠶ ᠶᠢᠨ ᠵᠢᠯ ᠤᠨ ᠰᠠᠷ᠎ᠠ ᠶᠢᠨ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ ᠥᠯᠥ ᠬᠡᠲᠦᠷᠡᠬᠦ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠣᠯᠭᠤᠵᠤ᠂ ᠴᠢᠬᠤᠯᠠ ᠲᠠᠢ ᠦᠶ᠎ᠡ ᠳᠤ ᠪᠡᠯᠡᠨ ᠵᠣᠭᠤᠰ ᠤᠨ ᠠᠷᠭ᠎ᠠ ᠮᠠᠶ᠋ᠢᠭ ᠢᠶᠠᠷ ᠣᠯᠭᠤᠵᠤ ᠪᠣᠯᠤᠨ᠎ᠠ᠃      ︵ᠬᠤᠶᠠᠷ︶ ᠵᠠᠷᠤᠯᠭ᠎ᠠ ᠶᠢᠨ ᠬᠡᠯᠪᠡᠷᠢ ᠶᠢᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ      1. ᠬᠤᠤᠷᠲᠤ ᠬᠠᠪᠤᠳᠠᠷ ︵ᠴᠢᠰᠤ ᠴᠠᠶᠢᠬᠤ ᠡᠪᠡᠳᠴᠢᠨ ᠪᠠᠭᠲᠠᠨ᠎ᠠ︶ ᠵᠡᠷᠭᠡ ᠬᠦᠨᠳᠦ ᠶᠡᠭᠡ ᠡᠪᠡᠳᠴᠢᠨ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 24 ᠵᠦᠢᠯ ᠤᠨ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠲᠥᠷᠥᠯ ᠢ ᠵᠢᠭᠠᠵᠤ ᠪᠣᠶ︶ ᠠᠴᠠ ᠪᠣᠯᠵᠣ ᠦᠨᠳᠦᠰᠦᠨ ᠠᠮᠢᠳᠤᠷᠠᠯ ᠤᠨ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠭᠰᠠᠨ ᠪᠠᠶᠢᠪᠠᠯ᠂ ᠡᠪᠡᠳᠴᠢᠯᠡᠭᠰᠡᠨ ᠪᠦᠷᠢᠯᠳᠦᠬᠦᠨ ᠨᠢ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 15 ᠳᠠᠬᠢᠨ ᠠᠴᠠ ᠬᠡᠲᠦᠷᠡᠭᠦᠯᠬᠦ ᠥᠬᠡᠶ ᠪᠠᠷ ᠨᠢᠭᠡ ᠤᠳᠠᠭ᠎ᠠ ᠶᠢᠨ ᠴᠢᠨᠠᠷᠲᠠᠶ ᠦᠨᠳᠦᠰᠦᠨ ᠠᠮᠢᠳᠤᠷᠠᠯ ᠤᠨ ᠪᠠᠴᠢᠮ ᠠᠪᠤᠷᠠᠨ ᠲᠤᠰᠠᠯᠠᠯᠲᠠ ᠣᠯᠭᠤᠨ᠎ᠠ᠃      ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠬᠡᠰᠡᠭ ᠨᠢ 1 ᠲᠦᠮᠡᠨ ᠲᠥᠭᠦᠷᠢᠭ ᠤᠨ ᠳᠣᠲᠣᠷ᠎ᠠ ᠪᠠᠶᠢᠪᠠᠯ ︵1 ᠲᠦᠮᠡᠨ ᠲᠥᠭᠦᠷᠢᠭ ᠢ ᠪᠠᠭᠲᠠᠭᠠᠨ᠎ᠠ︶ 3 ᠳᠠᠬᠢᠨ ᠠᠴᠠ ᠬᠡᠲᠦᠷᠡᠭᠦᠯᠬᠦ ᠥᠬᠡᠶ ᠪᠠᠷ ᠠᠪᠤᠷᠠᠨ ᠲᠤᠰᠠᠯᠠᠨ᠎ᠠ᠃      ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠬᠡᠰᠡᠭ ᠨᠢ 1 ᠲᠦᠮᠡᠨ ᠲᠥᠭᠦᠷᠢᠭ ᠠᠴᠠ 3 ᠲᠦᠮᠡᠨ ᠲᠥᠭᠦᠷᠢᠭ ︵3 ᠲᠦᠮᠡᠨ ᠲᠥᠭᠦᠷᠢᠭ ᠪᠠᠭᠲᠠᠨ᠎ᠠ︶ ᠲᠤ 6 ᠳᠠᠬᠢᠨ ᠠᠴᠠ ᠬᠡᠲᠦᠷᠡᠭᠦᠯᠬᠦ ᠥᠬᠡᠶ ᠪᠠᠷ ᠠᠪᠤᠷᠠᠨ ᠲᠤᠰᠠᠯᠠᠨ᠎ᠠ᠃      ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠬᠡᠰᠡᠭ ᠨᠢ 3 ᠲᠦᠮᠡᠨ ᠲᠥᠭᠦᠷᠢᠭ ᠠᠴᠠ 5 ᠲᠦᠮᠡᠨ ᠲᠥᠭᠦᠷᠢᠭ ︵5 ᠲᠦᠮᠡᠨ ᠲᠥᠭᠦᠷᠢᠭ ᠪᠠᠭᠲᠠᠨ᠎ᠠ︶ ᠲᠤ 10 ᠳᠠᠬᠢᠨ ᠠᠴᠠ ᠬᠡᠲᠦᠷᠡᠭᠦᠯᠬᠦ ᠥᠬᠡᠶ ᠪᠠᠷ ᠠᠪᠤᠷᠠᠨ ᠲᠤᠰᠠᠯᠠᠨ᠎ᠠ᠃      ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠬᠡᠰᠡᠭ ᠨᠢ 5 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 15 ᠳᠠᠬᠢᠨ ᠠᠴᠠ ᠬᠡᠲᠦᠷᠡᠭᠦᠯᠬᠦ ᠥᠬᠡᠶ ᠪᠠᠷ ᠠᠪᠤᠷᠠᠨ ᠲᠤᠰᠠᠯᠠᠨ᠎ᠠ᠃      2. ᠬᠤᠤᠷᠲᠤ ᠬᠠᠪᠤᠳᠠᠷ ︵ᠴᠢᠰᠤ ᠴᠠᠶᠢᠬᠤ ᠡᠪᠡᠳᠴᠢᠨ ᠪᠠᠭᠲᠠᠨ᠎ᠠ︶ ᠠᠴᠠ ᠭᠠᠳᠠᠨᠠᠬᠢ ᠪᠤᠰᠤᠳ ᠬᠦᠨᠳᠦ ᠶᠡᠭᠡ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠢ ᠡᠮᠨᠡᠨ ᠵᠠᠰᠠᠬᠤ ᠴᠢᠬᠤᠯᠠᠲᠠᠶ ᠠᠴᠠ ᠪᠣᠯᠵᠣ ᠦᠨᠳᠦᠰᠦᠨ ᠠᠮᠢᠳᠤᠷᠠᠯ ᠤᠨ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠭᠰᠠᠨ ᠪᠠᠶᠢᠪᠠᠯ᠂ ᠡᠪᠡᠳᠴᠢᠯᠡᠭᠰᠡᠨ ᠪᠦᠷᠢᠯᠳᠦᠬᠦᠨ ᠨᠢ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 12 ᠳᠠᠬᠢᠨ ᠠᠴᠠ ᠬᠡᠲᠦᠷᠡᠬᠦ ᠥᠬᠡᠶ ᠪᠠᠷ ᠨᠢᠭᠡ ᠤᠳᠠᠭ᠎ᠠ ᠶᠢᠨ ᠴᠢᠨᠠᠷᠲᠠᠶ ᠦᠨᠳᠦᠰᠦᠨ ᠠᠮᠢᠳᠤᠷᠠᠯ ᠤᠨ ᠪᠠᠴᠢᠮ ᠠᠪᠤᠷᠠᠨ ᠲᠤᠰᠠᠯᠠᠯᠲᠠ ᠣᠯᠭᠤᠨ᠎ᠠ᠃      ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠬᠡᠰᠡᠭ ᠨᠢ 1 ᠲᠦᠮᠡᠨ ᠲᠥᠭᠦᠷᠢᠭ ᠤᠨ ᠳᠣᠲᠣᠷ᠎ᠠ ᠪᠠᠶᠢᠪᠠᠯ ︵1 ᠲᠦᠮᠡᠨ ᠲᠥᠭᠦᠷᠢᠭ ᠢ ᠪᠠᠭᠲᠠᠭᠠᠨ᠎ᠠ︶ 3 ᠳᠠᠬᠢᠨ ᠠᠴᠠ ᠬᠡᠲᠦᠷᠡᠭᠦᠯᠬᠦ ᠥᠬᠡᠶ ᠪᠠᠷ ᠠᠪᠤᠷᠠᠨ ᠲᠤᠰᠠᠯᠠᠨ᠎ᠠ᠃      ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠬᠡᠰᠡᠭ ᠨᠢ 1 ᠲᠦᠮᠡᠨ ᠲᠥᠭᠦᠷᠢᠭ ᠠᠴᠠ 3 ᠲᠦᠮᠡᠨ ᠲᠥᠭᠦᠷᠢᠭ ︵3 ᠲᠦᠮᠡᠨ ᠲᠥᠭᠦᠷᠢᠭ ᠪᠠᠭᠲᠠᠨ᠎ᠠ︶ ᠲᠤ 6 ᠳᠠᠬᠢᠨ ᠠᠴᠠ ᠬᠡᠲᠦᠷᠡᠭᠦᠯᠬᠦ ᠥᠬᠡᠶ ᠪᠠᠷ ᠠᠪᠤᠷᠠᠨ ᠲᠤᠰᠠᠯᠠᠨ᠎ᠠ᠃      ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠬᠡᠰᠡᠭ ᠨᠢ 3 ᠲᠦᠮᠡᠨ ᠲᠥᠭᠦᠷᠢᠭ ᠠᠴᠠ 5 ᠲᠦᠮᠡᠨ ᠲᠥᠭᠦᠷᠢᠭ ︵5 ᠲᠦᠮᠡᠨ ᠲᠥᠭᠦᠷᠢᠭ ᠪᠠᠭᠲᠠᠨ᠎ᠠ︶ ᠲᠤ 10 ᠳᠠᠬᠢᠨ ᠠᠴᠠ ᠬᠡᠲᠦᠷᠡᠭᠦᠯᠬᠦ ᠥᠬᠡᠶ ᠪᠠᠷ ᠠᠪᠤᠷᠠᠨ ᠲᠤᠰᠠᠯᠠᠨ᠎ᠠ᠃      ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠬᠡᠰᠡᠭ ᠨᠢ 5 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 12 ᠳᠠᠬᠢᠨ ᠠᠴᠠ ᠬᠡᠲᠦᠷᠡᠭᠦᠯᠬᠦ ᠥᠬᠡᠶ ᠪᠠᠷ ᠠᠪᠤᠷᠠᠨ ᠲᠤᠰᠠᠯᠠᠨ᠎ᠠ᠃      3. ᠪᠠᠴᠢᠮ ᠠᠪᠤᠷᠠᠨ ᠵᠠᠰᠠᠬᠤ ᠴᠢᠬᠤᠯᠠ ᠲᠠᠢ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠵᠦ ᠪᠠᠶᠢᠭ᠎ᠠ ᠪᠠ ᠣᠷᠣᠯᠭ᠎ᠠ ᠪᠠᠭᠠᠲᠠᠶ ᠬᠦᠴᠢᠷᠳᠡᠯᠲᠡᠶ ᠭᠡᠷ ᠪᠦᠯᠢ ᠶᠢᠨ ᠳᠣᠲᠣᠷᠠᠬᠢ ᠮᠡᠳᠡᠷᠡᠯ ᠤᠨ ᠡᠪᠡᠳᠴᠢᠲᠡᠨ ᠳᠤ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 6 ᠳᠠᠬᠢᠨ ᠠᠴᠠ ᠳᠠᠪᠠᠭᠤᠯᠬᠤ ᠦᠬᠡᠢ ᠪᠠᠷ ᠦᠨᠳᠦᠰᠦᠨ ᠠᠮᠢᠳᠤᠷᠠᠯ ᠤᠨ ᠨᠢᠭᠡ ᠤᠳᠠᠭ᠎ᠠ ᠶᠢᠨ ᠴᠢᠨᠠᠷᠲᠠᠶ ᠲᠡᠩᠬᠡᠷᠡᠭᠦᠯᠦᠨ ᠲᠤᠰᠠᠯᠠᠭ ᠬᠡᠷᠡᠭᠲᠡᠶ᠃      4. ᠦᠷ᠎ᠡ ᠬᠡᠦᠬᠡᠳ ᠨᠢ ᠰᠤᠷᠬᠤ ᠨᠠᠰᠤᠨ ᠠᠴᠠ ᠡᠮᠦᠨᠡᠬᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ︵ᠬᠤᠪᠢ ᠶᠢᠨ ᠵᠠᠷᠤᠳᠠᠯ ᠢᠶᠠᠷ ᠰᠤᠷᠭᠠᠭᠤᠯᠢ ᠰᠣᠩᠭᠤᠬᠤ ᠰᠤᠷᠤᠭᠴᠢ ᠪᠠᠭᠲᠠᠬᠤ ᠦᠭᠡᠶ︶ ᠬᠦᠷᠲᠡᠬᠦ ᠵᠡᠷᠭᠡ ᠠᠮᠢᠳᠤᠷᠠᠯ ᠤᠨ ᠴᠢᠬᠤᠯᠠ ᠪᠦᠬᠦᠢ ᠵᠠᠷᠤᠯᠭ᠎ᠠ ᠭᠡᠨᠡᠳᠲᠡ ᠨᠡᠮᠡᠭᠳᠡᠭᠰᠡᠨ ᠠᠴᠠ ᠪᠣᠯᠵᠤ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠳᠠᠪᠠᠭᠰᠠᠨ᠂ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠷ ᠪᠦᠯᠢ᠂ ᠣᠷᠣᠯᠭ᠎ᠠ ᠪᠠᠭᠠᠲᠠᠶ ᠬᠦᠴᠢᠷᠳᠡᠯᠲᠡᠶ ᠬᠡᠷ ᠪᠦᠯᠢ ᠪᠣᠯᠤᠨ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠡᠷ ᠪᠦᠯᠢ ᠳᠤ ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢᠨ 4 ᠳᠠᠬᠢᠨ ᠠᠴᠠ ᠬᠡᠲᠦᠷᠡᠭᠦᠯᠬᠦ ᠥᠬᠡᠶ ᠪᠠᠷ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠣᠯᠭᠤᠨ᠎ᠠ᠃      5. ᠬᠡᠷ ᠪᠦᠯᠢ ᠶᠢᠨ ᠳᠣᠲᠣᠷᠠᠬᠢ ᠬᠦᠨᠳᠦ ᠵᠡᠮᠳᠡᠭ ᠬᠥᠮᠦᠨ ᠢ ᠬᠠᠷᠠᠭᠠᠯᠵᠠᠬᠤ ᠴᠢᠬᠤᠯᠠᠲᠠᠶ ᠠᠴᠠ ᠪᠣᠯᠵᠣ᠂ ᠬᠡᠷ ᠪᠦᠯᠢ ᠶᠢᠨ ᠪᠦᠷᠢᠯᠳᠦᠬᠦᠨ ᠨᠢ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠶᠢᠨ ᠠᠷᠭ᠎ᠠ ᠥᠬᠡᠶ ᠪᠣᠯᠵᠣ᠂ ᠦᠨᠳᠦᠰᠦᠨ ᠠᠮᠢᠳᠤᠷᠠᠯ ᠳᠤ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ ᠪᠠᠶᠢᠪᠠᠯ᠂ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ ᠬᠡᠲᠦᠷᠡᠭᠦᠯᠬᠦ ᠥᠬᠡᠶ ᠪᠠᠷ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠣᠯᠭᠤᠨ᠎ᠠ᠃      6. ᠪᠤᠰᠤᠳ ᠣᠨᠴᠣᠭᠤᠶ ᠬᠦᠴᠢᠷᠳᠡᠯ ᠳᠤ ᠲᠤᠯᠭᠠᠷᠠᠭᠰᠠᠨ ᠬᠡᠷ ᠪᠦᠯᠢ ᠳᠤ᠂ ᠬᠦᠴᠢᠷᠳᠡᠯ ᠤᠨ ᠬᠡᠮᠵᠢᠶ᠎ᠡ ᠪᠠᠷ ᠨᠢ ᠲᠦᠷ ᠴᠠᠭ ᠤᠨ ᠠᠪᠤᠷᠠᠨ ᠲᠤᠰᠠᠯᠠᠯᠲᠠ ᠣᠯᠭᠤᠨ᠎ᠠ᠃      ︵ᠭᠤᠷᠪᠠ︶ ᠱᠠᠳᠤ ᠬᠤᠪᠢᠶᠠᠨ ᠬᠢᠨᠠᠨ ᠵᠥᠪᠰᠢᠶᠡᠷᠡᠬᠦ      ᠵᠠᠷᠴᠢᠮ ᠳᠡᠭᠡᠷ᠎ᠡ ᠪᠠᠨ ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ ᠲᠤᠬᠠᠶ ᠶᠢᠨ ᠭᠠᠵᠠᠷ ᠤᠨ ᠲᠤᠬᠠᠶ ᠶᠢᠨ ᠵᠢᠯ ᠤᠨ ᠰᠠᠷ᠎ᠠ ᠶᠢᠨ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 5 ᠳᠠᠬᠢᠨ ︵ᠪᠠᠭᠲᠠᠨ᠎ᠠ︶ ᠤ ᠳᠣᠲᠣᠷ᠎ᠠ ᠪᠠᠶᠢᠪᠠᠯ᠂ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠠᠴᠠ ᠬᠠᠷᠢᠭᠤᠴᠠᠵᠤ ᠬᠢᠨᠠᠨ ᠵᠥᠪᠰᠢᠶᠡᠷᠡᠨ᠎ᠡ᠃ ᠠᠪᠤᠷᠠᠨ ᠲᠤᠰᠠᠯᠠᠭᠰᠠᠨ ᠵᠣᠭᠤᠰ ᠤᠨ ᠲᠤᠭ᠎ᠠ ᠨᠢ 1.5 ᠲᠦᠮᠡᠨ ᠲᠥᠭᠦᠷᠢᠭ ︵ᠪᠠᠭᠲᠠᠨ᠎ᠠ︶ ᠤᠨ ᠳᠣᠲᠣᠷ᠎ᠠ ᠪᠠᠶᠢᠪᠠᠯ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠵᠤ ᠬᠢᠨᠠᠨ ᠵᠥᠪᠰᠢᠶᠡᠷᠡᠨ᠎ᠡ᠃ ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ 1.5 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ ᠣᠨᠴᠠᠭᠠᠶ ᠠᠪᠤᠷᠠᠨ ᠲᠤᠰᠠᠯᠠᠯᠲᠠ ᠶᠢ ᠬᠡᠷᠡᠭᠵᠢᠭᠦᠯᠬᠦ ᠳᠤ ᠰᠢᠶᠠᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠠᠴᠠ ︽ᠨᠢᠭᠡ ᠬᠡᠷᠡᠭ ᠢ ᠨᠢᠭᠡ ᠵᠥᠪᠯᠡᠬᠦ︾ ᠶᠣᠰᠣᠭᠠᠷ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠲᠣᠭᠲᠠᠭᠠᠵᠤ᠂ ᠲᠤᠬᠠᠶ ᠶᠢᠨ ᠵᠢᠯ ᠤᠨ ᠬᠠᠮᠤᠭ ᠤᠨ ᠥᠨᠳᠥᠷ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠢᠵᠠᠭᠠᠷ ᠲᠤᠭ᠎ᠠ ᠨᠢ 80000 ᠲᠥᠭᠦᠷᠢᠭ ᠪᠠᠶᠢᠵᠤ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠯᠭᠤᠨ᠎ᠠ᠃      ᠪᠠᠴᠢᠮ ᠬᠦᠴᠢᠷᠲᠡᠶ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠬᠦᠨᠳᠦ ᠶᠡᠭᠡ ᠠᠮᠢᠳᠤᠷᠠᠯ ᠤᠨ ᠬᠦᠴᠢᠷᠳᠡᠯ ᠳᠤ ᠲᠤᠯᠭᠠᠷᠠᠪᠠᠯ᠂ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠡᠩ ᠤᠨ ᠠᠪᠤᠷᠠᠨ ᠲᠤᠰᠠᠯᠠᠬᠤ ᠪᠠᠷᠢᠮᠵᠢᠶ᠎ᠠ ᠠᠴᠠ ᠳᠠᠪᠠᠭᠤᠯᠵᠤ᠂ ᠰᠢᠶᠠᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠠᠴᠠ ︽ᠨᠢᠭᠡ ᠬᠡᠷᠡᠭ ᠢ ᠨᠢᠭᠡ ᠵᠥᠪᠯᠡᠬᠦ︾ ᠪᠠᠷ ᠳᠡᠮᠵᠢᠨ ᠰᠤᠳᠤᠯᠤᠨ ᠬᠢᠨᠠᠨ ᠲᠣᠭᠲᠠᠭᠠᠬᠤ ᠬᠡᠷᠡᠭᠲᠡᠶ᠃ ︽ᠨᠢᠭᠡ ᠬᠡᠷᠡᠭ ᠢ ᠨᠢᠭᠡ ᠵᠥᠪᠯᠡᠬᠦ︾ ᠬᠤᠭᠤᠴᠠᠭᠠᠨ ᠳᠤ᠂ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠪᠠᠴᠢᠮ ᠬᠦᠴᠢᠷᠲᠡᠶ ᠪᠠᠶᠢᠳᠠᠯ ᠢ ᠦᠨᠳᠦᠰᠦᠯᠡᠨ ᠤᠷᠢᠳᠠᠪᠠᠷ ᠠᠪᠤᠷᠠᠨ ᠲᠤᠰᠠᠯᠠᠵᠤ ᠪᠣᠯᠤᠨ᠎ᠠ᠂ ᠵᠣᠭᠤᠰ ᠤᠨ ᠲᠤᠭ᠎ᠠ ᠶᠢ ᠡᠯ᠎ᠡ ᠱᠠᠲᠤᠨ ᠤ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠠᠴᠠ ᠬᠡᠲᠦᠷᠡᠭᠦᠯᠵᠦ ᠪᠣᠯᠬᠤ ᠥᠬᠡᠶ᠃      ᠵᠠᠷᠤᠯᠭ᠎ᠠ ᠶᠢᠨ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠬᠦᠨᠳᠦ ᠶᠡᠭᠡ ᠠᠮᠢᠳᠤᠷᠠᠯ ᠤᠨ ᠬᠦᠴᠢᠷᠳᠡᠯ ᠳᠤ ᠲᠤᠯᠭᠠᠷᠠᠵᠤ᠂ ᠬᠡᠷ ᠪᠦᠯᠢ ᠶᠢᠨ ᠴᠢᠬᠤᠯᠠ ᠶᠡᠭᠡ ᠵᠠᠶᠢᠯᠠᠰᠢ ᠥᠬᠡᠶ ᠵᠠᠷᠤᠯᠭ᠎ᠠ ᠶᠢ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠬᠠᠪᠰᠤᠷᠤᠯᠭ᠎ᠠ ᠪᠠᠷ ᠳᠡᠮᠵᠢᠨ᠂ ᠥᠪᠡᠰᠦᠪᠡᠨ ᠬᠠᠷᠢᠭᠤᠴᠠᠬᠤ ᠬᠡᠰᠡᠭ ᠨᠢ ᠬᠡᠷ ᠪᠦᠯᠢ ᠪᠤᠶᠤ ᠬᠤᠪᠢ ᠬᠥᠮᠦᠨ ᠤ ᠳᠠᠭᠠᠭᠠᠬᠤ ᠴᠢᠳᠠᠪᠤᠷᠢ ᠠᠴᠠ ᠬᠤᠯᠠ ᠳᠠᠪᠠᠭᠰᠠᠨ ᠬᠦᠴᠢᠷᠳᠡᠯᠲᠡᠶ ᠬᠡᠷ ᠪᠦᠯᠢ ᠳᠤ ᠴᠠᠭ ᠲᠤᠬᠠᠶ ᠳᠤᠨᠢ ᠣᠨᠴᠣᠭᠤᠶ ᠠᠪᠤᠷᠠᠨ ᠲᠤᠰᠠᠯᠠᠯᠲᠠ ᠬᠢᠵᠦ᠂ ᠰᠢᠶᠠᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠪᠠᠷ ︽ᠨᠢᠭᠡ ᠬᠡᠷᠡᠭ ᠢ ᠨᠢᠭᠡ ᠵᠥᠪᠯᠡᠬᠦ︾ ᠠᠵᠢᠯᠯᠠᠭ᠎ᠠ ᠪᠠᠷ ᠳᠡᠮᠵᠢᠨ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠬᠤᠷᠠᠯ ᠤᠨ ᠲᠣᠪᠴᠢ ᠲᠡᠮᠳᠡᠭᠯᠡᠯ ᠢ ᠪᠦᠷᠢᠯᠳᠦᠭᠦᠯᠵᠦ ᠬᠢᠨᠠᠨ ᠵᠥᠪᠰᠢᠶᠡᠷᠡᠬᠦ ᠦᠨᠳᠦᠰᠦᠯᠡᠯ ᠪᠣᠯᠭᠠᠬᠤ ᠬᠡᠷᠡᠭᠲᠡᠶ᠃      ᠲᠠᠪᠤ᠂ ᠲᠡᠩᠬᠡᠷᠡᠭᠦᠯᠦᠨ ᠲᠤᠰᠠᠯᠠᠬᠤ ᠠᠷᠭ᠎ᠠ ᠮᠠᠲ᠋ᠧᠷᠢᠶᠠᠯ ᠢ ᠥᠷᠭᠡᠳᠬᠡᠨ ᠲᠡᠭᠦᠯᠳᠡᠷᠵᠢᠭᠦᠯᠬᠦ ᠬᠡᠷᠡᠭᠲᠡᠶ      ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠡᠲᠡᠭᠡᠳ ᠲᠤ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠬᠤ᠂ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ ᠪᠠ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠵᠡᠷᠭᠡ ᠭᠤᠷᠪᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠠᠪᠤᠷᠠᠨ ᠲᠤᠰᠠᠯᠠᠵᠤ ᠪᠣᠯᠤᠨ᠎ᠠ᠃      ︵ᠨᠢᠭᠡ︶ ᠲᠥᠷ ᠴᠠᠭ ᠤᠨ ᠲᠡᠩᠬᠡᠷᠡᠭᠦᠯᠦᠨ ᠲᠤᠰᠠᠯᠠᠬᠤ ᠮᠥᠩᠭᠦ ᠣᠯᠭᠤᠨ᠎ᠠ᠃ ᠠᠪᠤᠷᠠᠨ ᠲᠤᠰᠠᠯᠠᠬᠤ ᠮᠥᠩᠭᠦ ᠣᠯᠭᠤᠬᠤ ᠪᠣᠯ ᠲᠦᠷ ᠴᠠᠭ ᠤᠨ ᠠᠪᠤᠷᠠᠨ ᠲᠤᠰᠠᠯᠠᠬᠤ ᠶᠢᠨ ᠦᠨᠳᠦᠰᠦᠨ ᠬᠡᠯᠪᠡᠷᠢ ᠪᠣᠯᠤᠨ᠎ᠠ᠃ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠮᠥᠩᠭᠦ ᠶᠢ ᠨᠡᠶᠢᠭᠡᠮᠴᠢᠯᠡᠨ ᠣᠯᠭᠤᠬᠤ ᠶᠢ ᠬᠡᠷᠡᠭᠵᠢᠭᠦᠯᠵᠦ᠂ ᠡᠯ᠎ᠡ ᠭᠠᠵᠠᠷ ᠨᠢ ᠵᠠᠷᠴᠢᠮ ᠳᠡᠭᠡᠷ᠎ᠡ ᠪᠠᠨ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠣᠯᠭᠤᠬᠤ ᠠᠷᠭ᠎ᠠ ᠮᠠᠶ᠋ᠢᠭ ᠢᠶᠠᠷ ᠳᠡᠮᠵᠢᠨ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠬᠤᠪᠢ ᠬᠥᠮᠦᠨ ᠤ ᠲᠠᠩᠰᠠᠨ ᠡᠷᠦᠬᠡ ᠳᠤ ᠣᠯᠭᠤᠵᠤ᠂ ᠲᠡᠩᠬᠡᠷᠡᠭᠦᠯᠦᠨ ᠲᠤᠰᠠᠯᠠᠬᠤ ᠮᠥᠩᠭᠦ ᠶᠢ ᠲᠤᠭ᠎ᠠ ᠶᠣᠰᠣᠭᠠᠷ᠂ ᠴᠠᠭ ᠲᠤᠬᠠᠶ ᠳᠤᠨᠢ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠭᠡᠮᠴᠢᠯᠡᠭᠰᠡᠨ ᠣᠯᠭᠤᠬᠤ ᠨᠥᠬᠦᠴᠡᠯ ᠢ ᠪᠦᠷᠢᠳᠦᠭᠦᠯᠦᠭᠰᠡᠨ ᠥᠭᠡᠢ ᠪᠤᠶᠤ ᠪᠠᠴᠢᠮ ᠪᠠᠶᠢᠳᠠᠯ ᠤᠨ ᠳᠣᠣᠷ᠎ᠠ ᠲᠤᠰ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠰᠢᠭᠤᠳ ᠪᠡᠯᠡᠨ ᠵᠣᠭᠤᠰ ᠣᠯᠭᠤᠵᠤ᠂ ᠪᠡᠯᠡᠨ ᠵᠣᠭᠤᠰ ᠣᠯᠭᠤᠬᠤ ᠭᠠᠷᠳᠠᠮ ᠢ ᠲᠡᠭᠦᠯᠳᠡᠷᠵᠢᠭᠦᠯᠬᠦ ᠶᠢᠨ ᠬᠠᠮᠲᠤ 10 ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠥᠬᠦᠢ ᠮᠠᠲ᠋ᠧᠷᠢᠶᠠᠯ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠥᠷ ᠴᠠᠭ ᠤᠨ ᠲᠡᠩᠬᠡᠷᠡᠭᠦᠯᠦᠨ ᠲᠤᠰᠠᠯᠠᠬᠤ ᠬᠡᠰᠡᠭ ᠲᠤ ᠳᠠᠮᠵᠢᠭᠤᠯᠤᠨ ᠲᠠᠩᠰᠠ ᠡᠪᠬᠡᠮᠡᠯ ᠳᠤ ᠣᠷᠣᠭᠤᠯᠵᠤ ᠳᠠᠩᠰᠠᠯᠠᠭᠤᠯᠤᠨ᠎ᠠ᠃      ︵ᠬᠤᠶᠠᠷ︶ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ᠃ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ ᠪᠣᠯ ᠲᠦᠷ ᠴᠠᠭ ᠤᠨ ᠠᠪᠤᠷᠠᠨ ᠲᠤᠰᠠᠯᠠᠬᠤ ᠶᠢᠨ ᠲᠤᠰᠠᠯᠠᠬᠤ ᠠᠷᠭ᠎ᠠ ᠮᠠᠶ᠋ᠢᠭ ᠮᠥᠨ᠂ ᠲᠡᠭᠦᠨ ᠢ ᠲᠤᠰᠠᠭᠠᠷ ᠨᠢ ᠬᠡᠷᠡᠭᠯᠡᠵᠦ ᠪᠣᠯᠬᠤ ᠮᠥᠷᠲᠡᠭᠡᠨ ᠠᠪᠤᠷᠠᠨ ᠲᠤᠰᠠᠯᠠᠬᠤ ᠮᠥᠩᠭᠦ ᠣᠯᠭᠤᠬᠤ ᠲᠠᠢ ᠵᠡᠷᠭᠡ ᠪᠠᠷ ᠬᠡᠷᠡᠭᠯᠡᠭᠰᠡᠨ ᠴᠦ ᠪᠣᠯᠤᠨ᠎ᠠ᠃ ᠪᠠᠴᠢᠮ ᠬᠦᠴᠢᠷᠲᠡᠶ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠲᠤ ᠪᠣᠯ ᠠᠪᠤᠷᠠᠨ ᠲᠤᠰᠠᠯᠠᠬᠤ ᠡᠲᠡᠭᠡᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠳᠦᠰᠦᠯᠡᠨ᠂ ᠬᠤᠪᠴᠠᠰᠤ ᠬᠤᠨᠠᠷ᠂ ᠢᠳᠡᠭᠡᠨ ᠪᠠ ᠤᠤᠭᠤᠬᠤ ᠤᠰᠤ ᠲᠦᠭᠡᠭᠡᠬᠦ᠂ ᠲᠦᠷ ᠴᠠᠭ ᠤᠨ ᠣᠷᠣᠨ ᠰᠠᠭᠤᠴᠠ ᠬᠠᠩᠭᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠠᠪᠤᠷᠠᠨ ᠲᠤᠰᠠᠯᠠᠵᠤ ᠪᠣᠯᠤᠨ᠎ᠠ᠂ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ ᠳᠤ ᠬᠡᠷᠡᠭᠰᠡᠬᠦ ᠪᠠᠯᠠ ᠮᠥᠩᠭᠦ ᠶᠢ ᠠᠪᠤᠷᠠᠨ ᠲᠤᠰᠠᠯᠠᠬᠤ ᠡᠲᠡᠭᠡᠳ ᠤᠨ ᠬᠢᠨᠠᠨ ᠲᠣᠭᠲᠠᠭᠠᠭᠰᠠᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠳᠤ ᠪᠠᠭᠲᠠᠭᠠᠨ᠎ᠠ᠃ ᠲᠦᠭᠡᠭᠡᠵᠦ ᠥᠭᠭᠦᠭᠰᠡᠨ ᠬᠤᠪᠴᠠᠰᠤ ᠬᠤᠨᠠᠷ᠂ ᠢᠳᠡᠭᠡᠨ ᠪᠠ ᠤᠤᠭᠤᠬᠤ ᠤᠰᠤ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠤᠳᠠᠯᠳᠤᠨ ᠠᠪᠬᠤ ᠶᠢᠨ ᠬᠠᠮᠲᠤ ᠲᠡᠭᠦᠨ ᠢ ᠤᠯᠤᠰ ᠤᠨ ᠶᠠᠰᠤ ᠴᠢᠨᠠᠷ ᠤᠨ ᠠᠶᠤᠯᠭᠦᠶ ᠪᠠ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ ᠪᠣᠳᠠᠲᠤ ᠶᠠᠭᠤᠮ᠎ᠠ ᠶᠢᠨ ᠲᠠᠷᠬᠠᠭᠠᠯᠲᠠ ᠶᠢᠨ ᠲᠤᠭ᠎ᠠ ᠪᠦᠷᠢᠳᠬᠡᠯ ᠤᠨ ᠡᠬᠡ ᠲᠠᠩᠰᠠ ᠶᠢ ᠪᠠᠶᠢᠭᠤᠯᠵᠤ᠂ ᠲᠤᠰᠬᠠᠶ ᠬᠥᠮᠦᠨ ᠳᠣᠭᠢᠷᠠᠭᠤᠯᠤᠨ ᠳᠠᠩᠰᠠᠯᠠᠬᠤ᠂ ᠬᠠᠳᠠᠭᠠᠯᠠᠨ ᠬᠠᠮᠢᠶᠠᠷᠬᠤ ᠪᠠ ᠲᠠᠷᠬᠠᠭᠠᠬᠤ ᠶᠢ ᠬᠠᠷᠢᠭᠤᠴᠠᠭᠤᠯᠬᠤ ᠬᠡᠷᠡᠭᠲᠡᠶ᠃ ᠲᠥᠭᠡᠷᠢᠭᠰᠡᠨ᠂ ᠬᠥᠯᠥᠰᠥᠨ ᠠᠵᠢᠯ ᠬᠢᠵᠦ ᠳᠡᠶᠢᠯᠬᠦ ᠥᠬᠡᠶ ᠵᠡᠷᠭᠡ ᠬᠡᠷ ᠠᠴᠠ ᠪᠠᠨ ᠰᠠᠯᠵᠤ ᠭᠠᠳᠠᠨ᠎ᠠ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠦᠰ ᠲᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠦᠷ ᠴᠠᠭ ᠤᠨ ᠬᠤᠭᠤᠯᠠ ᠬᠤᠨᠤᠭ ᠵᠡᠷᠭᠡ ᠶᠢᠨ ᠠᠪᠤᠷᠠᠨ ᠲᠤᠰᠠᠯᠠᠯᠲᠠ ᠬᠠᠩᠭᠠᠨ᠎ᠠ᠃      ︵ᠭᠤᠷᠪᠠ︶ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ᠃ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠪᠣᠯ ᠲᠦᠷ ᠴᠠᠭ ᠤᠨ ᠠᠪᠤᠷᠠᠨ ᠲᠤᠰᠠᠯᠠᠯᠲᠠ ᠶᠢᠨ ᠨᠥᠬᠦᠪᠥᠷᠢ ᠬᠡᠯᠪᠡᠷᠢ ᠮᠥᠨ᠃ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠪᠠᠯᠠ ᠮᠥᠩᠭᠦ᠂ ᠪᠣᠳᠠᠲᠤ ᠶᠠᠭᠤᠮ᠎ᠠ ᠪᠠᠷ ᠲᠡᠩᠬᠡᠷᠡᠭᠦᠯᠦᠨ ᠲᠤᠰᠠᠯᠠᠭᠰᠠᠨ ᠤ ᠳᠠᠷᠠᠭ᠎ᠠ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠬᠦᠴᠢᠷᠳᠡᠯ ᠢ ᠮᠥᠨ ᠬᠦ ᠰᠢᠢᠳᠪᠦᠷᠢᠯᠡᠵᠦ ᠳᠡᠶᠢᠯᠬᠦ ᠥᠬᠡᠶ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠬᠠᠩᠭᠠᠵᠤ ᠪᠣᠯᠤᠨ᠎ᠠ᠃      ᠡᠮᠴᠢᠯᠡᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠲᠤᠰᠬᠠᠶ ᠵᠦᠢᠯ ᠤᠨ ᠲᠡᠩᠬᠡᠷᠡᠭᠦᠯᠦᠨ ᠲᠤᠰᠠᠯᠠᠬᠤ ᠨᠥᠬᠦᠴᠡᠯ ᠳᠤ ᠨᠡᠶᠢᠴᠡᠪᠡᠯ᠂ ᠴᠠᠭ ᠲᠤᠬᠠᠶ ᠳᠤᠨᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠯᠵᠢᠭᠦᠯᠦᠨ ᠲᠠᠨᠢᠯᠴᠠᠭᠤᠯᠬᠤ ᠶᠢᠨ ᠬᠠᠮᠲᠤ ᠲᠡᠳᠡᠨ ᠢ ᠬᠠᠪᠰᠤᠷᠤᠨ ᠭᠤᠶᠤᠴᠢᠯᠠᠭᠤᠯᠤᠨ᠎ᠠ᠃      ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢ ᠨᠢᠭᠦᠯᠡᠰᠦᠩᠭᠦᠶ ᠶᠢᠨ ᠵᠦᠢᠯᠡᠰ᠂ ᠨᠡᠶᠢᠭᠡᠮ ᠢ ᠳᠠᠶᠢᠴᠢᠯᠠᠨ ᠬᠠᠨᠳᠢᠪ ᠴᠤᠭᠯᠠᠭᠤᠯᠬᠤ᠂ ᠲᠤᠰᠬᠠᠶ ᠦᠢᠯᠡᠴᠢᠯᠡᠭᠡ ᠬᠠᠩᠭᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ ᠬᠡᠯᠪᠡᠷᠢ ᠪᠠᠷ ᠳᠡᠮᠵᠢᠨ ᠬᠠᠪᠰᠤᠷᠤᠨ ᠲᠡᠳᠬᠦᠬᠦ ᠴᠢᠬᠤᠯᠠᠲᠠᠶ ᠪᠠᠶᠢᠪᠠᠯ᠂ ᠠᠪᠤᠷᠠᠨ ᠲᠤᠰᠠᠯᠠᠬᠤ ᠬᠦᠰᠡᠯ ᠰᠠᠨᠠᠭ᠎ᠠ ᠲᠠᠢ ᠬᠠᠮᠢᠶ᠎ᠠ ᠪᠥᠬᠦᠶ ᠨᠡᠶᠢᠭᠡᠮ ᠤᠨ ᠬᠦᠴᠦᠨ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠰᠢᠯᠵᠢᠭᠦᠯᠦᠨ ᠲᠠᠨᠢᠯᠴᠠᠭᠤᠯᠬᠤ ᠬᠡᠷᠡᠭᠲᠡᠶ᠃      ᠵᠢᠷᠭᠤᠭ᠎ᠠ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠯᠡᠬᠦ ᠠᠵᠢᠯ ᠢ ᠵᠢᠷᠤᠮᠵᠢᠭᠤᠯᠬᠤ ᠬᠡᠷᠡᠭᠲᠡᠶ      ᠡᠯ᠎ᠡ ᠭᠠᠵᠠᠷ ᠤᠨ ᠬᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠳᠠᠬᠢ ᠲᠦᠷ ᠴᠠᠭ ᠤᠨ ᠠᠪᠤᠷᠠᠨ ᠲᠤᠰᠠᠯᠠᠬᠤ ᠬᠡᠰᠡᠭ ᠢ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠢᠰᠲ᠋ᠧᠮ ᠤᠨ ᠲᠤᠭ᠎ᠠ ᠪᠠᠷᠢᠮᠲᠠ ᠶᠢᠨ ᠵᠦᠢᠯᠡᠰ ᠤᠨ ᠱᠠᠭᠠᠷᠳᠠᠯᠭ᠎ᠠ ᠶᠣᠰᠣᠭᠠᠷ᠂ ᠲᠦᠷ ᠴᠠᠭ ᠤᠨ ᠠᠪᠤᠷᠠᠨ ᠲᠤᠰᠠᠯᠠᠬᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠪᠢᠴᠢᠵᠦ ᠣᠷᠣᠭᠤᠯᠤᠨ᠂ ᠰᠢᠰᠲ᠋ᠧᠮ ᠤᠨ ᠲᠤᠭ᠎ᠠ ᠪᠠᠷᠢᠮᠲᠠ᠂ ᠴᠠᠭᠠᠰᠤᠨ ᠮᠡᠳᠡᠭᠦᠯᠦᠯᠲᠡ ᠶᠢᠨ ᠬᠦᠰᠦᠨᠦᠭᠲᠦ᠂ ᠡᠳ᠋ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠨᠢᠭᠡᠳᠦᠯᠲᠡᠶ᠂ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠳᠣᠯᠤᠭ᠎ᠠ᠂ ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠯᠤᠭ᠎ᠠ ᠵᠣᠯᠭᠠᠭᠤᠯᠬᠤ ᠶᠢ      ᠲᠦᠷ ᠴᠠᠭ ᠤᠨ ᠠᠪᠤᠷᠠᠨ ᠲᠤᠰᠠᠯᠠᠯᠲᠠ ᠶᠢ ᠪᠤᠰᠤᠳ ᠨᠡᠶᠢᠭᠡᠮ ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ ᠵᠡᠷᠭᠡ ᠯᠦᠭᠡ ᠵᠣᠯᠭᠠᠭᠤᠯᠬᠤ ᠶᠢ ᠴᠢᠩᠭᠠᠳᠬᠠᠵᠤ᠂ ᠨᠢᠭᠦᠯᠡᠰᠦᠩᠭᠦᠶ ᠶᠢᠨ ᠠᠪᠤᠷᠠᠨ ᠲᠤᠰᠠᠯᠠᠯᠲᠠ ᠪᠠᠷ ᠳᠡᠮᠵᠢᠨ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠰᠤᠷᠭᠠᠨ ᠬᠥᠮᠦᠵᠢᠯ᠂ ᠡᠮᠴᠢᠯᠡᠭᠡ ᠵᠡᠷᠭᠡ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠵᠠᠷᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠲᠦᠷ ᠴᠠᠭ ᠤᠨ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠵᠤ᠂ ᠬᠦᠴᠢᠷᠳᠡᠯᠲᠡᠶ ᠣᠯᠠᠨ ᠲᠦᠮᠡᠨ ᠳᠤ ᠰᠢᠯᠵᠢᠭᠦᠯᠦᠨ ᠲᠠᠨᠢᠯᠴᠠᠭᠤᠯᠬᠤ ᠦᠶ᠋ᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ ᠠᠪᠤᠷᠠᠨ ᠲᠤᠰᠠᠯᠠᠬᠤ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠲᠣᠰ ᠭᠠᠵᠠᠷ ᠣᠷᠣᠨ ᠤ ᠨᠥᠯᠥᠭᠡᠯᠡᠬᠦ ᠬᠦᠴᠦᠨ ᠲᠠᠢ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ᠂ ᠰᠠᠭᠤᠭ᠎ᠠ ᠭᠠᠵᠠᠷ ᠤᠨ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠵᠡᠷᠭᠡ ᠶᠢᠨ ᠲᠤᠰᠬᠠᠶ ᠵᠦᠶ᠋ᠯ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ᠂ ᠠᠪᠤᠷᠠᠨ ᠲᠤᠰᠠᠯᠠᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ᠂ ᠵᠠᠰᠠᠭ ᠤᠨ ᠣᠷᠳᠣᠨ ᠤ ᠠᠪᠤᠷᠠᠨ ᠲᠤᠰᠠᠯᠠᠭᠰᠠᠨ ᠤ ᠳᠠᠷᠠᠭᠠᠬᠢ ︽ᠰᠢᠯᠵᠢᠭᠦᠯᠦᠨ ᠲᠠᠨᠢᠯᠴᠠᠭᠤᠯᠤᠭᠰᠠᠨ︾ ᠣᠨᠴᠠᠭᠠᠶ ᠬᠡᠷᠡᠭ ᠢ ᠵᠠᠯᠭᠠᠨ ᠠᠪᠴᠤ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠯᠤᠭ᠎ᠠ ᠪᠦᠲᠦᠮᠵᠢᠲᠡᠶ ᠵᠣᠯᠭᠠᠭᠤᠯᠵᠤ᠂ ᠵᠠᠯᠭᠠᠨ ᠠᠪᠤᠷᠠᠨ ᠲᠤᠰᠠᠯᠠᠬᠤ ᠶᠢ ᠪᠣᠶ ᠪᠣᠯᠭᠠᠨ᠎ᠠ᠃ ᠣᠯᠠᠨ ᠡᠰᠢᠲᠦ ᠲᠦᠷ ᠴᠠᠭ ᠤᠨ ᠠᠪᠤᠷᠠᠨ ᠲᠤᠰᠠᠯᠠᠬᠤ ᠠᠷᠭ᠎ᠠ ᠮᠠᠶ᠋ᠢᠭ ᠢ ᠥᠷᠭᠡᠳᠬᠡᠨ᠂ ᠬᠦᠴᠢᠷᠳᠡᠯᠲᠡᠶ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠰᠦᠪᠡᠭᠴᠢᠯᠡᠵᠦ᠂ ᠠᠳᠠᠯᠢ ᠪᠤᠰᠤ ᠠᠪᠤᠷᠠᠨ ᠲᠤᠰᠠᠯᠠᠬᠤ ᠡᠲᠡᠭᠡᠳ ᠲᠤ ᠴᠢᠭᠯᠡᠭᠦᠯᠦᠨ ᠠᠮᠢᠳᠤᠷᠠᠯ ᠢ ᠬᠠᠪᠰᠤᠷᠤᠨ ᠲᠡᠳᠬᠦᠬᠦ᠂ ᠰᠡᠳᠬᠢᠴᠡ ᠶᠢ ᠲᠠᠶᠢᠳᠬᠤᠷᠠᠭᠤᠯᠬᠤ᠂ ᠣᠶᠤᠨ ᠰᠠᠨᠠᠭ᠎ᠠ ᠶᠢ ᠲᠠᠶᠢᠳᠬᠤᠷᠠᠭᠤᠯᠬᠤ᠂ ᠡᠬᠢ ᠪᠠᠶᠠᠯᠢᠭ ᠢ ᠬᠤᠯᠪᠣᠬᠤ᠂ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠢ ᠠᠭᠤᠰᠤᠯᠴᠠᠭᠤᠯᠬᠤ ᠵᠡᠷᠭᠡ ᠣᠯᠠᠨ ᠶᠠᠩᠵᠤᠴᠢᠯᠠᠭᠰᠠᠨ᠂ ᠥᠪᠡᠷᠮᠢᠴᠡ ᠦᠢᠯᠡᠴᠢᠯᠡᠭᠡ ᠶᠢ ᠥᠷᠨᠢᠭᠦᠯᠦᠨ᠎ᠡ᠃ ︽ᠪᠠᠴᠢᠮ ᠪᠠᠶᠢᠳᠠᠯ ᠠᠴᠠ ᠠᠪᠤᠷᠠᠬᠤ︾ ᠠᠵᠢᠯ ᠢ ᠭᠦᠨᠵᠡᠭᠡᠶ ᠥᠷᠨᠢᠭᠦᠯᠵᠦ᠂ ᠪᠠᠴᠢᠮ ᠬᠦᠴᠢᠷᠳᠡᠯ ᠲᠠᠢ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠪᠠ ᠪᠠᠴᠢᠮ ᠬᠦᠴᠢᠷᠳᠡᠯ ᠲᠠᠢ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠲᠦᠷᠭᠡᠨ ᠴᠤᠤᠷᠢᠶᠠᠲᠤᠨ ᠳᠠᠭᠠᠬᠤ᠂ ᠣᠨᠴᠠᠭᠠᠶ ᠬᠡᠷᠡᠭ ᠢ ᠵᠥᠪᠯᠡᠵᠦ ︽ᠪᠠᠴᠢᠮ ᠪᠠ ᠬᠦᠴᠢᠷ ᠠᠴᠠ ᠠᠪᠤᠷᠠᠬᠤ︾ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠲᠦᠯᠬᠢᠨ ᠠᠬᠢᠭᠤᠯᠵᠤ᠂ ᠶᠡᠷᠦᠩᠬᠡᠶᠢᠯᠡᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠤᠯᠠᠨ ᠳᠤ ᠲᠤᠯᠭᠠᠷᠠᠭᠰᠠᠨ ᠡᠯ᠎ᠡ ᠵᠦᠢᠯ ᠤᠨ ᠴᠢᠬᠤᠯᠠ ᠶᠡᠭᠡ ᠪᠠᠴᠢᠮ ᠪᠠ ᠬᠦᠴᠢᠷ ᠲᠠᠢ ᠠᠰᠠᠭᠤᠳᠠᠯ ᠢ ᠴᠠᠭ ᠲᠤᠬᠠᠶ ᠳᠤᠨᠢ ᠠᠷᠢᠯᠭᠠᠵᠤ᠂ ᠨᠡᠶᠢᠭᠡᠮ ᠤᠨ ᠶᠣᠰᠣ ᠮᠣᠷᠠᠯ ᠪᠠ ᠰᠡᠳᠬᠢᠴᠡ ᠶᠢᠨ ᠬᠢᠵᠠᠭᠠᠷ ᠱᠤᠭᠤᠮ ᠢ ᠳᠠᠭᠠᠷᠢᠭᠰᠠᠨ ᠬᠡᠷᠡᠭ ᠡᠭᠦᠰᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ᠎ᠡ᠃      ᠨᠠᠢᠮᠠ᠂ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ      ᠮᠠᠨ ᠤ ᠰᠢᠶᠠᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠲᠦᠷ ᠴᠠᠭ ᠤᠨ ᠠᠪᠤᠷᠠᠨ ᠲᠤᠰᠠᠯᠠᠬᠤ ᠬᠡᠷᠡᠭᠴᠡᠭᠡ ᠶᠢ ᠦᠨᠳᠦᠰᠦᠯᠡᠨ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠤᠯᠠᠨ ᠲᠠᠯ᠎ᠠ ᠪᠠᠷ ᠴᠤᠭᠯᠠᠭᠤᠯᠵᠤ᠂ ᠬᠦᠴᠢᠷᠳᠡᠯ ᠲᠠᠢ ᠤᠯᠠᠨ ᠲᠦᠮᠡᠨ ᠤ ᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠶᠢ ᠵᠦᠢ ᠵᠣᠬᠢᠰᠲᠠᠶ ᠲᠣᠬᠢᠷᠠᠭᠤᠯᠬᠤ ᠪᠠ ᠨᠢᠭᠡᠳᠦᠯᠲᠡᠶ ᠲᠥᠯᠥᠪᠯᠡᠨ ᠬᠡᠷᠡᠭᠯᠡᠵᠦ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠣᠷᠣᠭᠤᠯᠤᠯᠲᠠ ᠶᠢ ᠵᠠᠷᠴᠢᠮ ᠳᠡᠭᠡᠷ᠎ᠡ ᠪᠠᠨ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠶᠤᠮ᠃ ᠡᠯ᠎ᠡ ᠰᠤᠮᠤ ᠪᠠᠯᠭᠠᠰᠤ ᠵᠡᠷᠭᠡ ᠨᠢ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ ᠲᠦᠷᠢᠮ ᠢ ᠦᠨᠡᠨ ᠬᠦ ᠪᠠᠶᠢᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠵᠢᠯ ᠪᠦᠷᠢ ᠶᠢᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶ ᠳᠤ ᠤᠷᠢᠳᠴᠢᠯᠠᠨ ᠰᠠᠯᠭᠠᠨ ᠥᠭᠴᠦ᠂ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠬᠦᠷᠦᠯᠴᠡᠬᠦ ᠥᠬᠡᠶ ᠦᠶ᠎ᠡ ᠳᠤ᠂ ᠡᠯ᠎ᠡ ᠭᠠᠵᠠᠷ ᠤᠨ ᠬᠢᠨ ᠴᠠᠭ ᠲᠤᠬᠠᠶ ᠳᠤᠨᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠦᠷᠭᠦᠯᠵᠢᠯᠡᠨ ᠰᠠᠯᠭᠠᠨ ᠥᠭᠬᠦ ᠭᠤᠶᠤᠴᠢᠯᠠᠯ ᠭᠠᠷᠭᠠᠬᠤ ᠬᠡᠷᠡᠭᠲᠡᠶ᠃ ᠡᠯ᠎ᠡ ᠭᠠᠵᠠᠷ ᠣᠷᠣᠨ ᠨᠤᠭᠤᠳ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠨ᠂ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶ ᠶᠢᠨ ᠲᠦᠷ ᠴᠠᠭ ᠤᠨ ᠠᠪᠤᠷᠠᠨ ᠲᠤᠰᠠᠯᠠᠬᠤ ᠶᠢ ᠬᠢᠨᠠᠨ ᠵᠥᠪᠰᠢᠶᠡᠷᠡᠬᠦ ᠲᠤᠭ᠎ᠠ ᠬᠡᠮᠵᠢᠶ᠎ᠡ ᠶᠢ ᠵᠣᠬᠢᠰᠲᠠᠶ ᠳᠡᠭᠡᠭᠰᠢᠯᠡᠭᠦᠯᠵᠦ᠂ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶ ᠶᠢᠨ ᠲᠦᠷ ᠴᠠᠭ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠪᠣᠯᠤᠮᠵᠢᠲᠤ ᠴᠢᠨᠠᠷ ᠢ ᠪᠦᠲᠦᠮᠵᠢᠲᠡᠶ ᠨᠡᠮᠡᠭᠳᠡᠭᠦᠯᠬᠦ ᠬᠡᠷᠡᠭᠲᠡᠶ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ ᠡᠳᠦᠷ ᠲᠤᠲᠤᠮ ᠤᠨ ᠬᠡᠷᠡᠭᠯᠡᠯᠲᠡ ᠪᠠ ᠬᠠᠮᠢᠶᠠᠷᠤᠯᠲᠠ ᠳᠤ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃      ᠶᠢᠰᠦ᠂ ᠪᠤᠰᠤᠳ ᠵᠦᠢᠯ      ᠲᠣᠰ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠤᠤᠯ ᠤᠨ ︽ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︿ᠦᠶᠤᠸᠠᠨ ᠰᠢᠶᠠᠨ ᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠠᠪᠤᠨ ᠵᠠᠰᠠᠭ ᠠᠯᠪᠠᠨ ᠲᠠᠷᠬᠠᠭᠠᠭᠰᠠᠨ ︹ 2020 ︺ 21 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠢ ᠳᠠᠭᠠᠤ ᠳᠤᠨᠢ ᠬᠦᠴᠦᠨ ᠥᠬᠡᠶ ᠪᠣᠯᠭᠠᠨ᠎ᠠ᠃      ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ      ᠡᠯ᠎ᠡ  ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠦᠨᠳᠦᠰᠦᠨ ᠱᠠᠲᠤᠨ ᠤ ᠡᠷᠬᠡ ᠣᠯᠭᠤᠬᠤ ᠵᠦᠢᠯᠡᠰ ᠢ ᠬᠦᠯᠢᠶᠡᠨ ᠠᠪᠴᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠮᠡᠳᠡᠭᠳᠡᠯ︾ ︵ᠫᠠᠺᠢᠰᠲ᠋ᠠᠨ ᠮᠠᠰᠢᠨ ᠣᠷᠣᠨ ᠠᠯᠪᠠᠨ ᠲᠠᠷᠬᠠᠭᠠᠭᠰᠠᠨ ﹇2021﹈ 90 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠰᠢᠭᠤᠳ ᠬᠠᠷᠢᠶ᠎ᠠ ᠨᠢᠭᠡᠴᠡ ᠪᠣᠯᠤᠨ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠡᠷᠬᠡ ᠮᠡᠳᠡᠯ ᠤᠨ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠬᠤ ᠶᠢᠨ ᠲᠥᠯᠥᠭᠡ᠂ ᠬᠠᠮᠢᠶ᠎ᠠ ᠪᠥᠬᠦᠶ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠠᠤᠯᠢ ᠬᠡᠷᠡᠭᠵᠢᠭᠦᠯᠬᠦ ᠠᠵᠢᠯ ᠢ ᠪᠦᠲᠦᠮᠵᠢᠲᠡᠶ ᠵᠣᠯᠭᠠᠭᠤᠯᠵᠤ᠂ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ᠶᠢᠨ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠨᠠᠷᠢᠨ ᠲᠠᠩᠰᠠ︾ ᠳᠤ ᠲᠣᠳᠣᠷᠬᠠᠶᠢᠯᠠᠭᠰᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                  ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2021 ᠣᠨ ᠤ 10 ᠰᠠᠷ᠎ᠠ ᠶᠢᠨ 29 ᠤ ᠡᠳᠦᠷ 
ᠢᠷᠡᠯᠲᠡ᠄ ᠲᠤᠰ ᠰᠦᠯᠵᠢᠶ᠎ᠡ