ᠦᠶᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠮᠡᠳᠡᠭᠡ 2022 ᠣᠨ ᠤ 1 ᠳ᠋ᠦ᠋ᠭᠡᠷ ᠬᠤᠭᠤᠴᠠᠭ᠎ᠠ
ᠨᠡᠶᠢᠲᠡᠯᠡᠭᠰᠡᠨ ᠴᠠᠭ᠄
2022/5/11
ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢ ᠪᠦ᠋ᠬᠦ ᠰᠢᠶᠠᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠣᠷᠣᠰᠢᠭᠤᠯᠭ᠎ᠠ ᠶᠢᠨ ᠦᠢᠯᠡᠴᠢᠯᠡᠭᠡᠨ ᠤ ᠵᠠᠷᠤᠳᠠᠯ ᠢ ᠬᠠᠰᠤᠵᠤ ᠬᠡᠯᠲᠦᠷᠢᠭᠦᠯᠬᠦ ᠲᠤᠬᠠᠶ ᠮᠡᠳᠡᠭᠳᠡᠯ      ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠥᠬᠦᠶ ᠨᠢᠭᠡᠴᠡ ᠳᠤ᠄      ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ᠠᠷᠠᠳ ᠣᠯᠠᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠶ ᠳᠠᠪᠰᠢᠯᠲᠠ ᠶᠢ ᠠᠬᠢᠭᠤᠯᠵᠤ᠂ ︽ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠠᠷᠠᠳ ᠤᠨ ᠶᠠᠪᠤᠳᠠᠯ ᠤᠨ ᠶᠠᠮᠤᠨ ᠤ ᠵᠢᠯᠣᠭᠤᠳᠬᠤ ᠰᠠᠨᠠᠯ︾ ᠢ ᠦᠨᠳᠦᠰᠦᠯᠡᠪᠡᠯ ︵ᠠᠷᠠᠳ ᠲᠠᠷᠬᠠᠭᠠᠭᠰᠠᠨ ︹ 2012 ︺ 211 ᠳ᠋ᠦ᠋ᠭᠡᠷ ᠲᠣᠭᠠᠲᠤ︶᠂ ︽ᠪᠥᠬᠦ ᠤᠯᠤᠰ ᠤᠨ ᠣᠷᠣᠰᠢᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠤᠨ ᠲᠥᠰᠦᠯ︾ ︵ᠠᠷᠠᠳ ᠠᠴᠠ ᠡᠷᠭᠢᠯᠡᠭᠰᠡᠨ ᠵᠠᠬᠢᠳᠠᠯ ︹ 2017 ︺ 278 ᠳ᠋ᠤᠭᠠᠷ ᠲᠣᠭᠠᠲᠤ︶᠂ ︽ᠭᠠᠵᠠᠷ ᠠᠷᠪᠢᠯᠠᠵᠤ ᠠᠮᠢ ᠠᠬᠤᠶ ᠶᠢᠨ ᠣᠷᠣᠰᠢᠭᠤᠯᠭ᠎ᠠ ᠶᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠠᠷᠠᠳ ᠲᠠᠷᠬᠠᠭᠠᠭᠰᠠᠨ ︹ 2016 ︺ 21 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠰᠢᠭᠤᠯᠭ᠎ᠠ ᠶᠢᠨ ᠦᠶᠯᠡᠴᠢᠯᠡᠭᠡᠨ ᠤ ᠰᠦᠶᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ︵ᠥᠪᠥᠷ ᠲᠠᠷᠬᠠᠭᠠᠭᠰᠠᠨ ᠵᠢᠷᠤᠮᠵᠢᠯ ᠥᠰᠥᠭ ︹ 2013 ︺ 6 ᠳ᠋ᠤᠭᠠᠷ ᠲᠣᠭᠠᠲᠤ︶ ᠪᠠ ︽ᠦᠶᠤᠸᠠᠨ ᠰᠢᠶᠠᠨ ᠤ ᠣᠷᠣᠰᠢᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠲᠥᠰᠦᠯ︾ ︵ᠲᠠᠪᠤᠨ ᠵᠠᠰᠠᠭ ᠠᠯᠪᠠᠨ ᠲᠠᠷᠬᠠᠭᠠᠭᠰᠠᠨ ︹ 2018 ︺ 116 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠰᠢᠶᠠᠨ ᠤ ᠵᠠᠰᠠᠭ ᠤᠨ ᠣᠷᠳᠣᠨ ᠠᠴᠠ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠣᠷᠣᠰᠢᠭᠤᠯᠭ᠎ᠠ ᠶᠢᠨ ᠦᠢᠯᠡᠴᠢᠯᠡᠭᠡᠨ ᠤ ᠵᠠᠷᠤᠳᠠᠯ ᠢ ᠬᠠᠰᠤᠵᠤ ᠬᠡᠯᠲᠦᠷᠢᠭᠦᠯᠦᠨ᠂ ᠣᠷᠣᠰᠢᠭᠤᠯᠭ᠎ᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠵᠠᠰᠠᠭ ᠤᠨ ᠣᠷᠳᠣᠨ ᠤ ᠣᠯᠠᠨ ᠨᠡᠶᠢᠲᠡ ᠵᠢᠨᠡᠳᠦᠭᠡ ᠬᠤᠯᠪᠣᠭᠳᠠᠯ ᠪᠥᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠬᠠᠰᠤᠵᠤ ᠭᠡᠯᠳᠦᠷᠢᠭᠦᠯᠬᠦ ᠡᠲᠡᠭᠡᠳ ᠵᠢᠴᠢ ᠵᠠᠷᠤᠳᠠᠯ      ︵ᠨᠢᠭᠡ︶ ᠮᠠᠨ ᠤ ᠰᠢᠶᠠᠨ ᠤ ᠡᠷᠦᠬᠡ ᠠᠮᠠ ᠶᠢᠨ ᠲᠠᠩᠰᠠ ᠲᠠᠢ ᠪᠥᠭᠡᠳ ᠮᠠᠨ ᠤ ᠰᠢᠶᠠᠨ ᠳᠤ ᠪᠠᠶᠢᠩᠭᠤ ᠰᠠᠭᠤᠭ᠎ᠠ ᠨᠠᠰᠤ ᠪᠠᠷᠠᠭᠰᠠᠨ ᠬᠥᠮᠦᠰ ᠲᠤ ᠳᠣᠤᠷᠠᠬᠢ ᠣᠷᠣᠰᠢᠭᠤᠯᠭ᠎ᠠ ᠶᠢᠨ ᠦᠶᠯᠡᠴᠢᠯᠡᠭᠡᠨ ᠤ ᠵᠠᠷᠤᠳᠠᠯ ᠢ ᠬᠠᠰᠤᠵᠤ ᠭᠡᠯᠳᠦᠷᠢᠭᠦᠯᠵᠦ ᠪᠣᠯᠤᠨ᠎ᠠ᠂ ᠡᠭᠦᠨ ᠳᠤ᠄ ᠡᠩ ᠤᠨ ᠲᠤᠰᠬᠠᠶ ᠬᠡᠷᠡᠭᠯᠡᠬᠦ ᠲᠡᠷᠭᠡᠨ ᠤ ᠬᠡᠭᠦᠷ ᠢ ᠭᠥᠯᠢᠶᠡᠨ ᠠᠪᠬᠤ ᠲᠡᠭᠡᠭᠡᠪᠦᠷᠢ ᠶᠢᠨ ᠵᠠᠷᠤᠳᠠᠯ 650 ᠲᠥᠭᠦᠷᠢᠭ \ ︵ᠡᠭᠦᠨ ᠳᠤ᠄ ᠬᠡᠭᠦᠷ ᠢ ᠭᠥᠯᠢᠶᠡᠨ ᠠᠪᠬᠤ ᠲᠡᠭᠡᠭᠡᠪᠦᠷᠢ ᠶᠢᠨ ᠵᠠᠷᠤᠳᠠᠯ 500 ᠲᠥᠭᠦᠷᠢᠭ᠂ ᠬᠡᠭᠦᠷ ᠢ ᠡᠷᠭᠦᠬᠦ ᠵᠠᠷᠤᠳᠠᠯ 100 ᠲᠥᠭᠦᠷᠢᠭ᠂ ᠠᠷᠢᠭᠤᠳᠬᠠᠬᠤ ᠵᠠᠷᠤᠳᠠᠯ 50 ᠲᠥᠭᠦᠷᠢᠭ︶᠂ ᠨᠢᠭᠡ ᠡᠳᠦᠷ ᠤᠨ ᠳᠣᠲᠣᠷ᠎ᠠ ᠬᠡᠭᠦᠷ ᠢ ᠬᠠᠳᠠᠭᠠᠯᠠᠬᠤ ᠵᠠᠷᠤᠳᠠᠯ ︵ᠰᠢᠷᠭᠤᠭᠤᠯ ᠮᠠᠶ᠋ᠢᠭ ᠤᠨ ᠬᠦᠢᠲᠡᠨ ᠢᠶᠠᠷ ᠬᠠᠳᠠᠭᠠᠯᠠᠬᠤ ᠵᠠᠷᠤᠳᠠᠯ 50 ᠲᠥᠭᠦᠷᠢᠭ \᠂ ᠡᠩ ᠤᠨ ᠭᠠᠯ ᠢᠶᠠᠷ ᠳᠡᠭᠳᠡᠭᠡᠭᠰᠡᠨ ᠬᠡᠭᠦᠷ ᠤᠨ ᠵᠠᠷᠤᠳᠠᠯ 850 ᠲᠥᠭᠦᠷᠢᠭ \᠂ ᠨᠢᠭᠡ ᠵᠢᠯ ᠤᠨ ᠳᠣᠲᠣᠷ᠎ᠠ ᠬᠡᠭᠦᠷ ᠢ ᠬᠠᠳᠠᠭᠠᠯᠠᠬᠤ ᠵᠠᠷᠤᠳᠠᠯ 100 ᠲᠥᠭᠦᠷᠢᠭ \ ᠬᠠᠶᠢᠷᠴᠠᠭ \ ᠪᠠᠭᠲᠠᠨ᠎ᠠ᠃ ᠲᠣᠭᠲᠠᠭᠠᠯ ᠠᠴᠠ ᠬᠡᠲᠦᠷᠡᠭᠰᠡᠨ ᠵᠦᠢᠯᠡᠰ ᠤᠨ ᠵᠠᠷᠤᠳᠠᠯ ᠢ ᠪᠡᠯᠪᠡᠰᠦᠷᠡᠯ ᠤᠨ ᠶᠠᠪᠤᠳᠠᠯ ᠢ ᠳᠠᠭᠠᠭᠠᠨ ᠬᠢᠭᠴᠢ ᠥᠪᠡᠷ ᠢᠶᠠᠨ ᠭᠠᠷᠭᠠᠨ᠎ᠠ᠃      ︵ᠬᠤᠶᠠᠷ︶ ᠮᠠᠨ ᠤ ᠰᠢᠶᠠᠨ ᠤ ᠡᠷᠦᠬᠡ ᠠᠮᠠ ᠶᠢᠨ ᠲᠠᠩᠰᠠ ᠲᠠᠢ ᠪᠥᠭᠡᠳ ᠮᠠᠨ ᠤ ᠰᠢᠶᠠᠨ ᠳᠤ ᠪᠠᠶᠢᠩᠭᠤ ᠰᠠᠭᠤᠭ᠎ᠠ ᠬᠤᠲᠠ ᠬᠥᠳᠡᠭᠡ ᠶᠢᠨ ︽ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ︾ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ᠂ ᠰᠢᠶᠠᠨ ᠤ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠭᠠᠯ ᠢᠶᠠᠷ ᠳᠡᠭᠳᠡᠭᠡᠬᠦ ᠶᠢ ᠵᠥᠪᠰᠢᠶᠡᠷᠡᠭᠰᠡᠨ ᠨᠡᠷ᠎ᠡ ᠥᠬᠡᠶ ᠦᠬᠦᠳᠡᠯ᠂ ᠲᠡᠨᠦᠭᠦᠴᠢᠯᠡᠵᠦ ᠪᠠᠶᠢᠭ᠎ᠠ ᠨᠠᠰᠤᠨ ᠳᠤ ᠥᠯᠥ ᠬᠦᠷᠦᠭᠰᠡᠳ ᠪᠠ ᠪᠤᠰᠤᠳ ᠠᠪᠤᠷᠠᠨ ᠲᠤᠰᠠᠯᠠᠬᠤ ᠴᠢᠬᠤᠯᠠᠲᠠᠶ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠢ ᠭᠠᠷᠭᠠᠵᠤ ᠥᠭᠬᠦ᠂ ᠳᠣᠣᠷᠠᠬᠢ ᠣᠷᠣᠰᠢᠭᠤᠯᠭ᠎ᠠ ᠶᠢᠨ ᠦᠢᠯᠡᠴᠢᠯᠡᠭᠡᠨ ᠤ ᠵᠠᠷᠤᠳᠠᠯ ᠢ ᠬᠠᠰᠤᠵᠤ ᠬᠡᠯᠲᠦᠷᠢᠭᠦᠯᠵᠦ ᠪᠣᠯᠤᠨ᠎ᠠ᠂ ᠡᠭᠦᠨ ᠳᠤ᠄ ᠡᠩ ᠤᠨ ᠲᠤᠰᠬᠠᠶ ᠬᠡᠷᠡᠭᠯᠡᠬᠦ ᠲᠡᠷᠭᠡᠨ ᠤ ᠬᠡᠭᠦᠷ ᠢ ᠬᠦᠯᠢᠶᠡᠨ ᠠᠪᠬᠤ ᠵᠠᠷᠤᠳᠠᠯ 650 ᠲᠥᠭᠦᠷᠢᠭ \ ᠪᠠᠭᠠᠵᠢ ︵ᠡᠭᠦᠨ ᠳᠤ᠄ ᠬᠡᠭᠦᠷ ᠢ ᠬᠦᠯᠢᠶᠡᠨ ᠠᠪᠬᠤ ᠵᠠᠷᠤᠳᠠᠯ 500 ᠲᠥᠭᠦᠷᠢᠭ᠂ ᠬᠡᠭᠦᠷ ᠢ ᠡᠷᠭᠦᠬᠦ ᠵᠠᠷᠤᠳᠠᠯ 100 ᠲᠥᠭᠦᠷᠢᠭ᠂ ᠠᠷᠢᠭᠤᠳᠬᠠᠬᠤ ᠵᠠᠷᠤᠳᠠᠯ 50 ᠲᠥᠭᠦᠷᠢᠭ︶᠂ 3 ᠡᠳᠦᠷ ᠤᠨ ᠳᠣᠲᠣᠷ᠎ᠠ ᠬᠡᠭᠦᠷ ᠢ ᠬᠠᠳᠠᠭᠠᠯᠠᠬᠤ ᠵᠠᠷᠤᠳᠠᠯ ︵ᠰᠢᠷᠭᠤᠭᠤᠯ ᠮᠠᠶ᠋ᠢᠭ ᠤᠨ ᠬᠦᠢᠲᠡᠨ ᠢᠶᠠᠷ ᠬᠠᠳᠠᠭᠠᠯᠠᠬᠤ︶ ᠡᠳᠦᠷ ᠪᠦᠷᠢ 50 ᠲᠥᠭᠦᠷᠢᠭ \ ᠪᠠᠭᠠᠵᠢ᠂ ᠡᠩ ᠤᠨ ᠭᠠᠯ ᠢᠶᠠᠷ ᠳᠡᠭᠳᠡᠭᠡᠭᠰᠡᠨ ᠬᠡᠭᠦᠷ ᠤᠨ ᠵᠠᠷᠤᠳᠠᠯ 850 ᠲᠥᠭᠦᠷᠢᠭ \ ᠪᠠᠭᠠᠵᠢ ᠪᠠᠭᠲᠠᠨ᠎ᠠ᠃ ᠮᠠᠨ ᠤ ᠰᠢᠶᠠᠨ ᠤ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠲᠠᠢ ᠬᠤᠲᠠ ᠬᠥᠳᠡᠭᠡ ᠶᠢᠨ ︽ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ︾ ᠭᠥᠷᠳᠡᠬᠦ ᠡᠲᠡᠭᠡᠳ ᠤᠨ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠠᠴᠠ 3 ᠵᠢᠯ ᠤᠨ ᠳᠣᠲᠣᠷ᠎ᠠ ᠴᠢᠨᠳᠠᠷ ᠤᠨ ᠬᠠᠶᠢᠷᠴᠠᠭ ᠤᠨ ᠬᠠᠳᠠᠭᠠᠯᠠᠭᠤᠯᠬᠤ ᠰᠦᠶᠳᠬᠡᠯ ᠢ 100 ᠲᠥᠭᠦᠷᠢᠭ \ ᠬᠠᠶᠢᠷᠴᠠᠭ ᠵᠢᠯ ᠢᠶᠠᠷ ᠬᠠᠰᠤᠵᠤ ᠭᠡᠯᠳᠦᠷᠢᠭᠦᠯᠦᠨ᠎ᠡ᠃ ᠲᠣᠭᠲᠠᠭᠠᠯ ᠠᠴᠠ ᠬᠡᠲᠦᠷᠡᠭᠰᠡᠨ ᠵᠦᠢᠯᠡᠰ ᠤᠨ ᠵᠠᠷᠤᠳᠠᠯ ᠢ ᠪᠡᠯᠪᠡᠰᠦᠷᠡᠯ ᠤᠨ ᠶᠠᠪᠤᠳᠠᠯ ᠢ ᠳᠠᠭᠠᠭᠠᠨ ᠬᠢᠭᠴᠢ ᠥᠪᠡᠷ ᠢᠶᠠᠨ ᠭᠠᠷᠭᠠᠨ᠎ᠠ᠃      ᠬᠤᠶᠠᠷ᠂ ᠭᠦᠶᠴᠡᠳᠬᠡᠬᠦ ᠲᠠᠰ ᠳᠠᠷᠠᠭᠠᠯᠠᠯ      ︵ᠨᠢᠭᠡ︶ ᠦᠶᠤᠸᠠᠨ ᠰᠢᠶᠠᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠵᠠᠷᠤᠳᠠᠯ ᠢ ᠬᠠᠰᠤᠵᠤ ᠬᠡᠯᠲᠦᠷᠢᠭᠦᠯᠬᠦ ᠳᠤ ᠨᠡᠶᠢᠴᠡᠬᠦ ᠬᠥᠮᠦᠨ ᠨᠠᠰᠤ ᠪᠠᠷᠠᠭᠰᠠᠨ ᠤ ᠲᠠᠷᠠᠭ᠎ᠠ ᠰᠢᠶᠠᠨ ᠤ ᠣᠷᠣᠰᠢᠭᠤᠯᠭ᠎ᠠ ᠶᠢᠨ ᠭᠠᠵᠠᠷ ᠲᠤ ᠣᠷᠣᠰᠢᠭᠤᠯᠭ᠎ᠠ ᠶᠢᠨ ᠦᠢᠯᠡᠴᠢᠯᠡᠭᠡ ᠵᠢᠴᠢ ᠭᠠᠯ ᠢᠶᠠᠷ ᠳᠡᠭᠳᠡᠭᠡᠬᠦ ᠶᠠᠪᠤᠳᠠᠯ ᠢ ᠭᠦᠢᠴᠡᠳᠬᠡᠭᠰᠡᠨ ᠪᠠᠶᠢᠪᠠᠯ᠂ ᠣᠷᠣᠰᠢᠭᠤᠯᠭ᠎ᠠ ᠶᠢᠨ ᠶᠠᠪᠤᠳᠠᠯ ᠢ ᠳᠠᠭᠠᠭᠠᠨ ᠬᠢᠭᠴᠢ ᠨᠢ ᠦᠬᠦᠭᠰᠡᠳ ᠤᠨ ᠦᠬᠦᠭᠰᠡᠨ ᠭᠡᠷᠡᠴᠢ ︵ᠠᠪᠤᠷᠠᠨ ᠵᠠᠰᠠᠭᠰᠠᠨ ᠪᠤᠶᠤ ᠬᠡᠪ ᠤᠨ ᠪᠠᠶᠢᠳᠠᠯ ᠢᠶᠠᠷ ᠦᠬᠦᠭᠰᠡᠨ ᠪᠠᠶᠢᠪᠠᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ︽ᠰᠠᠭᠤᠭᠠᠯᠢ ᠠᠷᠠᠳ ᠤᠨ ᠦᠬᠦᠭᠰᠡᠨ ᠢ ᠠᠨᠠᠭᠠᠬᠤ ᠤᠬᠠᠭᠠᠨ ᠤ ᠭᠡᠷᠡᠴᠢ ︵ᠮᠠᠭᠠᠳᠯᠠᠬᠤ︶ ᠶᠢᠨ ᠪᠢᠴᠢᠭ︾ ᠢ ᠭᠠᠷᠭᠠᠵᠤ ᠥᠭᠭᠦᠨ᠎ᠡ᠃ ᠠᠪᠤᠷᠠᠨ ᠵᠠᠰᠠᠭᠰᠠᠨ ᠦᠭᠡᠢ ᠬᠡᠪ ᠤᠨ ᠪᠤᠰᠤ ᠪᠠᠷ ᠦᠬᠦᠭᠰᠡᠨ ᠬᠡᠭᠦᠷ᠂ ᠨᠡᠷ᠎ᠡ ᠦᠭᠡᠢ ᠬᠡᠭᠦᠷ ᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠷᠭᠠᠭᠰᠠᠨ ᠦᠬᠦᠭᠰᠡᠨ ᠭᠡᠷᠡᠴᠢ ᠶᠢ ᠬᠠᠩᠭᠠᠬᠤ ᠴᠢᠬᠤᠯᠠᠲᠠᠢ︶᠂ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠪᠡᠯᠪᠡᠰᠦᠷᠡᠯ ᠤᠨ ᠬᠡᠷᠡᠭ ᠢ ᠳᠠᠭᠠᠭᠠᠨ ᠭᠦᠢᠴᠡᠳᠬᠡᠭᠴᠢ ᠶᠢᠨ ᠪᠡᠶ᠎ᠡ ᠶᠢᠨ ᠦᠨᠡᠮᠯᠡᠯ ᠢ ᠰᠢᠶᠠᠨ ᠤ ᠣᠷᠣᠰᠢᠭᠤᠯᠭ᠎ᠠ ᠶᠢᠨ ᠭᠠᠵᠠᠷ ᠤᠨ ᠲᠤᠬᠠᠶᠢᠯᠠᠭᠰᠠᠨ ᠠᠵᠢᠯ ᠤᠨ ᠲᠢᠩᠬᠢᠮ ᠳᠤ ᠬᠦᠷᠴᠦ ᠰᠦᠢᠳᠬᠡᠯ ᠬᠤᠷᠢᠶᠠᠬᠤ ᠦᠭᠡᠢ ᠪᠠᠷ ᠭᠦᠢᠴᠡᠳᠬᠡᠨ᠎ᠡ᠃      ︵ᠬᠤᠶᠠᠷ︶ ᠪᠡᠯᠪᠡᠰᠦᠷᠡᠯ ᠤᠨ ᠲᠥᠷᠥᠯ ᠵᠦᠶᠯ ᠤᠨ ᠪᠠᠷᠢᠮᠵᠢᠶ᠎ᠠ ᠠᠴᠠ ᠬᠡᠲᠦᠷᠡᠭᠰᠡᠨ ᠪᠠ ᠠᠰᠲᠠᠭᠠᠨ ᠰᠣᠩᠭᠤᠨ ᠲᠣᠭᠲᠠᠭᠠᠭᠰᠠᠨ ᠪᠤᠰᠤᠳ ᠦᠶᠯᠡᠴᠢᠯᠡᠭᠡᠨ ᠤ ᠲᠥᠷᠥᠯ ᠵᠦᠶᠯ ᠤᠨ ᠵᠠᠷᠤᠳᠠᠯ ᠢ ᠬᠠᠰᠤᠵᠤ ᠭᠡᠯᠳᠦᠷᠢᠭᠦᠯᠬᠦ ᠥᠬᠡᠶ᠂ ᠬᠠᠰᠤᠵᠤ ᠭᠡᠯᠳᠦᠷᠢᠭᠦᠯᠬᠦ ᠪᠠᠷ ᠲᠣᠭᠲᠠᠭᠠᠭᠰᠠᠨ ᠣᠷᠣᠰᠢᠭᠤᠯᠭ᠎ᠠ ᠶᠢᠨ ᠦᠨᠳᠦᠰᠦᠨ ᠦᠶᠯᠡᠴᠢᠯᠡᠭᠡᠨ ᠤ ᠲᠥᠷᠥᠯ ᠵᠦᠶᠯ ᠳᠤ ᠬᠡᠷᠡᠭᠯᠡᠭᠰᠡᠨ ᠥᠬᠡᠶ ᠠᠴᠠ ᠪᠣᠯᠵᠣ ᠦᠯᠡᠳᠡᠭᠰᠡᠨ ᠵᠠᠷᠤᠳᠠᠯ ᠢ ᠪᠤᠴᠠᠭᠠᠬᠤ ᠥᠬᠡᠶ ᠪᠤᠶᠤ ᠲᠤᠯᠭᠠᠨ ᠰᠠᠭᠤᠯᠭᠠᠵᠤ ᠥᠭᠬᠦ ᠥᠬᠡᠶ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠣᠷᠣᠰᠢᠭᠤᠯᠭ᠎ᠠ ᠪᠠᠷ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠣᠯ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠣᠶᠢᠯᠠᠭᠠᠭᠳᠠᠬᠤᠨ ᠤ ᠪᠣᠳᠠᠲᠠᠢ ᠢᠯᠡᠷᠡᠯ ᠮᠥᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠦᠵᠡᠯ ᠰᠠᠨᠠᠭ᠎ᠠ ᠪᠠᠨ ᠨᠢᠭᠡᠳᠬᠡᠨ᠂ ᠤᠳᠤᠷᠢᠳᠤᠯᠭ᠎ᠠ ᠪᠠᠨ ᠴᠢᠩᠭᠠᠳᠬᠠᠵᠤ᠂ ᠣᠷᠣᠰᠢᠭᠤᠯᠭ᠎ᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠣᠷᠣᠰᠢᠭᠤᠯᠭ᠎ᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ︵ᠬᠤᠶᠠᠷ︶ ᠨᠢᠭᠲᠠ ᠬᠠᠮᠵᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠵᠢᠯᠴᠠᠨ ᠬᠡᠷᠡᠭᠵᠢᠭᠦᠯᠵᠦ᠂ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ︽ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠠᠰᠢᠭ ᠬᠦᠷᠲᠡᠭᠡᠬᠦ︾ ᠵᠠᠷᠴᠢᠮ ᠢ ᠪᠠᠷᠢᠮᠲᠠᠯᠠᠨ᠂ ᠬᠠᠰᠤᠵᠤ ᠭᠡᠯᠳᠦᠷᠢᠭᠦᠯᠬᠦ ᠡᠲᠡᠭᠡᠳ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ ᠪᠠ ᠵᠠᠷᠤᠳᠠᠯ ᠢ ᠳ᠋ᠦᠩᠨᠡᠨ ᠪᠤᠳᠤᠬᠤ ᠳᠤ ᠳᠥᠭᠦᠮ ᠳᠥᠲᠡ᠂ ᠥᠨᠳᠥᠷ ᠪᠦᠲᠦᠮᠵᠢᠲᠡᠶ᠂ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠬᠠᠶ ᠶᠢᠨ ᠵᠢᠯ ᠤᠨ ᠪᠣᠳᠠᠲᠠᠶ ᠡᠭᠦᠷᠭᠡᠯᠡᠬᠦ ᠶᠣᠰᠣᠲᠠᠶ ᠵᠣᠭᠤᠰ ᠤᠨ ᠲᠤᠭ᠎ᠠ ᠶᠢᠨ ᠶᠣᠰᠣᠭᠠᠷ ᠲᠥᠰᠦᠪ ᠢᠶᠠᠨ ᠲᠣᠬᠢᠷᠠᠭᠤᠯᠵᠤ᠂ ᠦᠨᠳᠦᠰᠦᠨ ᠣᠷᠣᠰᠢᠭᠤᠯᠭ᠎ᠠ ᠶᠢᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ᠃      ︵ᠭᠤᠷᠪᠠ︶ ᠤᠬᠠᠭᠤᠯᠭ᠎ᠠ ᠪᠠᠨ ᠴᠢᠩᠭᠠᠳᠬᠠᠵᠤ᠂ ᠰᠢᠨ᠎ᠡ ᠰᠤᠷᠲᠠᠯ ᠢ ᠪᠣᠶ ᠪᠣᠯᠭᠠᠨ᠎ᠠ᠃ ᠤᠬᠠᠭᠤᠯᠬᠤ ᠰᠠᠯᠠᠭ᠎ᠠ ᠮᠥᠴᠢᠷ ᠤᠳ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠷᠣᠰᠢᠭᠤᠯᠭ᠎ᠠ ᠶᠢᠨ ᠰᠢᠨ᠎ᠡ ᠦᠵᠡᠯᠲᠡ᠂ ᠰᠢᠨ᠎ᠡ ᠬᠡᠪ ᠰᠤᠷᠲᠠᠯ ᠢ ᠤᠯᠠᠮ ᠨᠢᠭᠡ ᠠᠯᠬᠤᠮ ᠰᠠᠨᠠᠭᠠᠴᠢᠯᠠᠨ᠂ ᠣᠷᠣᠰᠢᠭᠤᠯᠭ᠎ᠠ ᠶᠢᠨ ᠲᠡᠷᠢᠭᠦᠨ ᠤ ᠰᠣᠶᠣᠯ ᠢ ᠪᠠᠳᠠᠷᠠᠭᠤᠯᠵᠤ᠂ ᠪᠣᠯᠪᠠᠰᠤᠨ ᠪᠥᠭᠡᠳ ᠠᠷᠪᠢᠴᠢ ᠭᠠᠮᠲᠠᠶ ᠣᠷᠣᠰᠢᠭᠤᠯᠭ᠎ᠠ ᠶᠢᠨ ᠶᠠᠪᠤᠳᠠᠯ ᠬᠢᠬᠦ ᠶᠢ ᠰᠠᠨᠠᠭᠠᠴᠢᠯᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠣᠷᠣᠰᠢᠭᠤᠯᠭ᠎ᠠ ᠶᠢᠨ ᠪᠣᠯᠬᠢ ᠳᠠᠳᠬᠠᠯ ᠢ ᠨᠢ ᠠᠷᠢᠯᠭᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠰᠢᠨ᠎ᠡ ᠬᠡᠪ ᠰᠤᠷᠲᠠᠯ ᠢ ᠪᠣᠶ ᠪᠣᠯᠭᠠᠬᠤ ᠬᠡᠷᠡᠭᠲᠡᠶ᠃                                           ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ                                           2022 ᠣᠨ ᠤ 1 ᠰᠠᠷ᠎ᠠ ᠶᠢᠨ 6 ᠤ ᠡᠳᠦᠷ2022 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠪᠣᠯᠤᠨ ︽ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ 61 ᠳ᠋ᠦ᠋ᠭᠡᠷ ᠲᠣᠭᠠᠲᠤ ᠵᠠᠷᠯᠢᠭ︶᠂ ︽ᠭᠠᠯ ᠤᠨᠲᠠᠷᠠᠭᠠᠬᠤ ᠬᠢᠨᠠᠯᠲᠠ ᠪᠠᠶᠢᠴᠠᠭᠠᠯᠲᠠ ᠶᠢᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ 120 ᠳ᠋ᠤᠭᠠᠷ ᠲᠣᠭᠠᠲᠤ ᠵᠠᠷᠯᠢᠭ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠡ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠭᠠᠯ ᠤᠨᠲᠠᠷᠠᠭᠠᠬᠤ ᠬᠢᠨᠠᠯᠲᠠ ᠲᠠᠯᠪᠢᠬᠤ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠦᠨᠳᠦᠰᠦᠯᠡᠨ᠂ ᠡᠳᠦᠭᠡ ᠬᠢᠨᠠᠨ ᠵᠥᠪᠰᠢᠶᠡᠷᠡᠭᠰᠡᠨ ᠪᠥᠬᠦ ᠰᠢᠶᠠᠨ ᠤ 2022 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠨᠢᠭᠡᠴᠡ ᠨᠡᠶᠢᠲᠡ 143 ᠪᠠᠶᠢᠵᠤ᠂ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠨᠢᠭᠡᠴᠡ ᠠᠴᠠ ᠪᠤᠰᠤᠳ ᠪᠣᠶ ᠪᠥᠬᠦᠶ ᠨᠢᠭᠡᠴᠡ ᠶᠢ ᠴᠥᠮ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠳᠤ ᠵᠢᠭᠰᠠᠭᠠᠵᠤ ᠬᠠᠮᠢᠶᠠᠷᠤᠨ᠎ᠠ ︵ᠨᠡᠷᠡᠰ ᠢ ᠳᠠᠭᠠᠯᠳᠤᠭᠤᠯᠤᠯ ᠬᠦᠰᠦᠨᠦᠭᠲᠦ ᠳᠤ ᠦᠵᠡ︶᠃      ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠡ ᠨᠦᠭᠦᠳ ︽ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠲᠥᠷᠢᠮ ᠢ ᠬᠡᠷᠡᠭᠵᠢᠭᠦᠯᠬᠦ ᠠᠷᠭ᠎ᠠ︾ ᠶᠢ ᠲᠤᠤᠱᠯᠠᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠣᠣᠷ᠎ᠠ ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄      ︵ᠨᠢᠭᠡ︶ ᠡᠯ᠎ᠡ ᠱᠠᠳᠤ᠂ ᠡᠯ᠎ᠡ ᠠᠵᠢᠯ ᠤᠨ  ᠪᠠᠶᠢᠷᠢ ᠢᠶᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠭ ᠬᠠᠷᠢᠭᠤᠴᠠᠯᠭ᠎ᠠ ᠡᠭᠦᠷᠭᠡᠯᠡᠭᠴᠢ ᠬᠢᠭᠡᠳ ᠲᠡᠭᠦᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠤᠰ ᠨᠢᠭᠡᠴᠡ ᠶᠢᠨ ᠢᠶᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠭ ᠲᠥᠷᠢᠮ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠭ ᠠᠵᠢᠯᠯᠠᠭᠠᠨ ᠤ ᠲᠥᠷᠢᠮ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠨ ᠶᠠᠪᠤᠭᠤᠯᠬᠤ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃ ᠠᠵᠢᠯᠳᠠᠨ ᠠᠵᠢᠯᠴᠢᠳ  ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠲᠤ ᠭᠠᠷᠬᠤ ᠠᠴᠠ ᠡᠮᠦᠨᠡᠬᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠤᠯᠪᠠᠰᠤᠷᠠᠯ ᠬᠢᠯᠭᠡᠵᠦ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ ᠡᠯ᠎ᠡ ᠵᠦᠢᠯ ᠤᠨ ᠲᠥᠷᠢᠮ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃      ︵ᠬᠤᠶᠠᠷ︶ ᠭᠠᠯ ᠰᠡᠷᠭᠡᠶᠢᠯᠡᠯᠲᠡ ᠶᠢᠨ ᠪᠠᠶᠢᠴᠠᠭᠠᠯᠲᠠ ᠬᠢᠵᠦ ᠲᠣᠭᠤᠷᠢᠨ ᠪᠠᠶᠢᠴᠠᠭᠠᠬᠤ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠢ ᠬᠠᠮᠠᠭᠠᠯᠠᠨ ᠠᠷᠠᠴᠢᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠬᠡᠮᠵᠢᠬᠦ᠂ ᠭᠠᠯ ᠤᠨ ᠠᠶᠤᠯ ᠤᠨ ᠲᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃      ︵ᠭᠤᠷᠪᠠ︶ ᠬᠠᠮᠢᠶ᠎ᠠ ᠪᠥᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠲᠣᠬᠢᠷᠠᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠡᠮᠳᠡᠭ ᠪᠠᠶᠢᠷᠢᠯᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠵᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠥᠬᠦ ᠲᠠᠯ᠎ᠠ ᠪᠠᠷ ᠪᠠᠶᠢᠴᠠᠭᠠᠨ ᠬᠡᠮᠵᠢᠵᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠠᠯ ᠤᠨᠲᠠᠷᠠᠭᠠᠬᠤ ᠡᠵᠡᠮᠳᠡᠯ ᠤᠨ ᠲᠠᠰᠤᠭ ᠲᠠᠢ ᠪᠣᠯ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠡᠭᠡᠯᠵᠢ ᠪᠦᠷᠢ ᠳᠤ 2 ᠬᠥᠮᠦᠨ ᠠᠴᠠ ᠳᠤᠲᠠᠭᠤ ᠪᠠᠶᠢᠵᠤ ᠪᠣᠯᠬᠤ ᠥᠬᠡᠶ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠡᠷᠡᠭᠲᠡᠶ᠃      ︵ᠲᠥᠷᠪᠡ︶ ᠲᠠᠷᠬᠠᠭᠠᠨ ᠶᠠᠪᠤᠭᠤᠯᠬᠤ ᠨᠡᠪᠳᠡᠷᠡᠯ ᠵᠠᠮ᠂ ᠠᠶᠤᠯ ᠥᠭᠡᠢ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠳᠡᠷᠡᠯ ᠵᠠᠮ ᠤᠨ ᠰᠠᠭᠠᠳ ᠥᠭᠡᠢ ᠨᠡᠪᠲᠡᠷᠡᠬᠦ ᠶᠢ ᠪᠠᠲᠤᠯᠠᠵᠤ᠂ ᠭᠠᠯ ᠰᠡᠷᠭᠡᠶᠢᠯᠡᠬᠦ ᠤᠲᠤᠭ᠎ᠠ ᠰᠡᠷᠭᠡᠶᠢᠯᠡᠬᠦ ᠬᠤᠪᠢᠶᠠᠷᠢ ᠲᠣᠭᠤᠷᠢᠭ᠂ ᠭᠠᠯ ᠰᠡᠷᠭᠡᠶᠢᠯᠡᠬᠦ ᠵᠠᠶ ᠨᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠲᠤ ᠨᠡᠶᠢᠴᠡᠬᠦ ᠶᠢ ᠪᠠᠲᠤᠯᠠᠬᠤ ᠬᠡᠷᠡᠭᠲᠡᠶ᠃ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠤᠨ ᠡᠭᠦᠳᠡ ᠴᠣᠩᠬᠤᠨ ᠳᠤ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠬᠠᠷᠰᠢ ᠰᠠᠭᠠᠳ ᠲᠠᠯᠪᠢᠵᠤ ᠪᠣᠯᠬᠤ ᠦᠭᠡᠢ᠃ ᠪᠠᠷᠢᠯᠭ᠎ᠠ ᠶᠢᠨ ᠲᠣᠨᠣᠭᠯᠠᠭᠠᠰᠤ᠂ ᠪᠠᠷᠢᠯᠭ᠎ᠠ ᠶᠢᠨ ᠮᠠᠲ᠋ᠧᠷᠢᠶᠠᠯ ᠪᠣᠯᠤᠨ ᠭᠡᠷ ᠳᠣᠲᠣᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠶᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃      ︵ᠲᠠᠪᠤ︶ ᠭᠠᠯ ᠰᠡᠷᠭᠡᠶᠢᠯᠡᠨ ᠤᠨᠲᠠᠷᠠᠭᠠᠬᠤ ᠲᠠᠩᠰᠠ ᠡᠪᠬᠡᠮᠡᠯ ᠪᠠᠶᠢᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠭᠤᠣᠯᠳᠠᠯᠭ᠎ᠠ ᠲᠠᠢ ᠭᠠᠵᠠᠷ ᠢ ᠲᠣᠭᠲᠠᠭᠠᠵᠤ᠂ ᠭᠠᠯ ᠰᠡᠷᠭᠡᠶᠢᠯᠡᠬᠦ ᠲᠡᠮᠳᠡᠭ ᠲᠠᠯᠪᠢᠵᠤ᠂ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃      ︵ᠵᠢᠷᠭᠤᠭ᠎ᠠ︶ ᠴᠠᠬᠢᠯᠭᠠᠨ ᠬᠡᠷᠡᠭᠰᠡᠯ ᠤᠨ ᠦᠶᠯᠡᠳᠬᠦᠨ᠂ ᠰᠢᠲᠠᠮᠠᠬᠠᠶ ᠬᠡᠶ ᠶᠢᠨ ᠬᠡᠷᠡᠭᠰᠡᠯ ᠢ ᠤᠭᠰᠠᠷᠠᠬᠤ᠂ ᠬᠡᠷᠡᠭᠯᠡᠬᠦ ᠪᠠ ᠴᠠᠬᠢᠯᠭᠠᠨ ᠤ ᠱᠤᠭᠤᠮ᠂ ᠬᠤᠭᠤᠯᠠᠶ ᠱᠤᠭᠤᠮ ᠢ ᠳᠡᠪᠢᠰᠬᠦ ᠳᠤ ᠡᠷᠬᠡᠪᠰᠢ ᠬᠠᠮᠢᠶ᠎ᠠ ᠪᠥᠬᠦᠶ ᠪᠠᠷᠢᠮᠵᠢᠶ᠎ᠠ ᠪᠠ ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ᠂ ᠪᠠᠶᠢᠴᠠᠭᠠᠨ ᠰᠢᠯᠭᠠᠬᠤ ᠬᠡᠷᠡᠭᠲᠡᠶ᠃      ︵ᠲᠤᠯᠤᠭ᠎ᠠ︶ ︽ᠨᠡᠶᠢᠭᠡᠮ ᠤᠨ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠵᠦᠭᠯᠡᠭᠦᠷ︾ ︵DB33/T828 — 2011︶ ᠢ ᠦᠨᠳᠦᠰᠦᠯᠡᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ︽ᠲᠥᠷᠪᠡᠨ ᠴᠢᠳᠠᠪᠤᠷᠢ︾ ᠶᠢᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠵᠡᠷᠭᠡᠴᠡᠪᠡᠷ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠲᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠠᠵᠢᠯᠳᠠᠨ᠂ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠥᠪᠡᠷ ᠢ ᠪᠠᠨ ᠦᠨᠡᠯᠡᠨ ᠵᠢᠱᠢᠬᠦ ᠭᠤᠷᠪᠠᠨ ᠵᠦᠢᠯ ᠤᠨ ᠮᠡᠳᠡᠭᠦᠯᠵᠦ ᠳᠠᠩᠰᠠᠯᠠᠭᠤᠯᠬᠤ ᠲᠥᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠥᠪᠡᠷ ᠢ ᠪᠠᠨ ᠬᠠᠮᠢᠶᠠᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃      ︵ᠨᠠᠢᠮᠠ︶ ᠭᠠᠯ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠬᠢᠭᠡᠳ ᠲᠥᠷᠥ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ 
ᠢᠷᠡᠯᠲᠡ᠄ ᠲᠤᠰ ᠰᠦᠯᠵᠢᠶ᠎ᠡ