︽ᠦᠶᠤᠸᠠᠨ ᠰᠢᠶᠠᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠤᠨ ᠲᠥᠰᠥᠯ︾  ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/8/2
                          ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      ︽ᠦᠶᠤᠸᠠᠨ ᠰᠢᠶᠠᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠤᠨ ᠲᠥᠰᠥᠯ︾  ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ      ᠡᠯ᠎ᠡ ᠰᠤᠮᠤ ᠪᠠᠯᠭᠠᠰᠤ ( ᠬᠡᠷᠡᠭ ᠡᠷᠬᠢᠯᠡᠬᠦ ᠭᠠᠵᠠᠷ )᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄      ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠳᠤ ᠣᠷᠣᠰᠢᠵᠤ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠨ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠬᠤ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠢᠶᠠᠷ ᠰᠤᠳᠤᠯᠤᠭᠤᠯᠤᠨ ᠵᠥᠪᠰᠢᠶᠡᠷᠡᠭᠦᠯᠦᠭᠡᠳ᠂ ︽ᠦᠶᠤᠸᠠᠨ ᠰᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠶ᠎ᠠ᠂ ᠲᠤᠭᠤᠰᠢᠯᠠᠭᠤᠯᠤᠨ ᠬᠡᠷᠡᠭᠵᠢᠭᠦᠯᠬᠦ ᠶᠢ ᠨᠠᠷᠢᠨ ᠬᠢᠨᠠᠮᠠᠭᠠᠢ ᠰᠠᠶᠢᠲᠤᠷ ᠬᠢᠭᠡᠷᠡᠢ᠃                              ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                              2022 ᠣᠨ ᠤ 4 ᠰᠠᠷ᠎ᠠ ᠶᠢᠨ 28  ᠤ ᠡᠳᠦᠷ      ᠦᠶᠤᠸᠠᠨ ᠰᠢᠶᠠᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠤᠨ ᠲᠥᠰᠥᠯ       ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠵᠤ ᠲᠤᠰᠬᠠᠭᠰᠠᠨ ᠠᠰᠠᠭᠤᠳᠠᠯ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠢ ᠰᠢᠩᠭᠡᠬᠡᠨ ᠠᠪᠴᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠪᠥᠬᠦ ᠰᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠶ᠎ᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠤᠯᠤᠰ ᠲᠥᠷᠥ ᠶᠢᠨ ᠴᠢᠨᠠᠷ ᠢ ᠭᠦᠢᠴᠡᠳ ᠲᠠᠨᠢᠬᠤ ᠬᠡᠷᠡᠭᠲᠡᠢ᠂ ᠲᠥᠪ ᠴᠢᠩᠭ᠎ᠠ ᠴᠢᠨᠠᠷ᠂ ︽ᠪᠦᠬᠦᠨ ᠢ ᠬᠠᠮᠤᠷᠬᠤ︾ ᠶᠣᠰᠣᠭᠠᠷ᠂ ᠲᠡᠭ ᠦᠯᠡᠳᠡᠭᠳᠡᠯ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠬᠠᠮᠢᠶᠠᠷᠤᠯᠲᠠ ᠤᠷᠲᠤ ᠬᠤᠭᠤᠴᠠᠭ᠎ᠠ ᠪᠠᠷ ᠪᠦᠲᠦᠮᠵᠢᠲᠡᠶ ᠪᠠᠶᠢᠬᠤ ᠵᠠᠷᠴᠢᠮ᠂ ᠪᠦᠬᠦ ᠲᠠᠯ᠎ᠠ ᠪᠠᠷ ᠳᠠᠮᠵᠢᠬᠤ᠂ ᠭᠦᠨᠵᠡᠭᠡᠶᠢᠷᠡᠬᠦ  ᠪᠦᠬᠦ ᠰᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠲᠣᠪᠣᠶᠢᠮ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠶᠡᠭᠡ ᠵᠢᠭᠰᠠᠭᠠᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠥᠷᠨᠢᠭᠦᠯᠦᠨ᠎ᠡ᠂ ᠶᠡᠭᠡ ᠪᠠᠷ ᠴᠡᠭᠴᠡᠯᠡᠨ ᠵᠠᠰᠠᠬᠤ ᠠᠵᠢᠯᠯᠠᠭ᠎ᠠ᠂ ᠮᠠᠨ ᠤ ᠰᠢᠶᠠᠨ ᠤ ᠲᠠᠷᠢᠶᠠᠯᠠᠩ ᠬᠥᠳᠡᠭᠡ ᠲᠣᠰᠬᠤᠨ ᠳᠤ ᠣᠷᠣᠰᠢᠵᠤ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠬᠤ ᠬᠡᠷᠡᠭᠲᠡᠢ᠂ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠪᠠᠶᠢᠭᠤᠯᠤᠨ᠎ᠠ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠂ ᠭᠤᠣᠯᠳᠠᠯᠭ᠎ᠠ ᠲᠠᠢ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠂ ᠠᠮᠢ ᠠᠬᠤᠢ ᠶᠢᠨ ᠣᠷᠴᠢᠨ ᠨᠥᠬᠦᠴᠡᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠬᠢᠵᠠᠭᠠᠷᠯᠠᠪᠠ᠂ ᠬᠤᠲᠠ ᠶᠢᠨ ᠨᠠᠮ ᠤᠨ ᠬᠤᠷᠢᠶᠠᠨ ᠤ ︽ᠲᠠᠪᠤᠨ ᠥᠨᠳᠥᠷ ᠲᠠᠪᠤᠨ ᠰᠢᠨ᠎ᠡ︾ ᠬᠠᠷᠠᠯᠲᠠ ᠪᠠ ︽ᠳᠥᠷᠪᠡᠨ ᠲᠣᠭᠤᠷᠢᠭ︾  ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃      ᠬᠤᠶᠠᠷ᠂ ᠪᠣᠳᠠᠲᠠᠢ ᠡᠭᠦᠷᠭᠡ      ᠡᠯ᠎ᠡ ᠰᠤᠮᠤ ᠪᠠᠯᠭᠠᠰᠤ ( ᠬᠡᠷᠡᠭ ᠡᠷᠬᠢᠯᠡᠬᠦ ᠭᠠᠵᠠᠷ )᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠬᠦ ᠰᠢᠶᠠᠨ ᠤ ᠬᠡᠪᠴᠢᠶᠡᠨ ᠳᠣᠲᠣᠷ᠎ᠠ ᠪᠠᠨ ᠲᠣᠣᠷ ᠲᠠᠲᠠᠬᠤ ᠮᠠᠶ᠋ᠢᠭ ᠤᠨ ᠶᠡᠭᠡ ᠵᠢᠭᠰᠠᠭᠠᠨ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠭᠤᠰᠤᠨ ᠭᠠᠵᠠᠷ ᠦᠯᠡᠳᠡᠭᠡᠬᠦ ᠦᠭᠡᠢ᠂ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠪᠴᠢᠶ᠎ᠡ ᠳᠤ ᠭᠤᠣᠯᠳᠠᠭᠤ᠄ ᠨᠢᠭᠡ ᠳᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ( ᠲᠠᠷᠢᠶᠠᠯᠠᠩ ᠬᠥᠳᠡᠭᠡ ᠲᠣᠰᠬᠤᠨ ᠤ ᠬᠦᠷᠢᠶ᠎ᠡ )᠃ ᠬᠤᠶᠠᠷ ᠲᠤ᠂ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ ᠵᠠᠰᠠᠬᠤ᠃ ᠭᠤᠷᠪᠠ ᠳᠤ᠂ ᠬᠠᠲᠤᠨ ᠭᠤᠣᠯ ᠤᠨ ᠭᠤᠣᠯ ᠤᠨ ᠵᠠᠮ ᠢ ᠴᠡᠭᠴᠡᠯᠡᠨ ᠵᠠᠰᠠᠨ᠎ᠠ ᠃ ᠳᠥᠷᠪᠡ ᠳᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠵᠡᠷᠭᠡ ᠪᠣᠯᠣᠨ᠎ᠠ᠃      ( ᠨᠢᠭᠡ ) ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ᠃ ᠡᠯ᠎ᠡ ᠣᠨ᠂ ᠡᠯ᠎ᠡ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠡᠮᠬᠢᠯᠡᠨ ᠬᠠᠷᠭᠤᠭᠤᠯᠵᠤ᠂ ᠨᠢᠭᠡᠨᠲᠡ ᠳ᠋ᠤᠭᠠᠷ ᠢ  ᠨᠢ ᠬᠠᠰᠤᠭᠰᠠᠨ ᠠᠰᠠᠭᠤᠳᠠᠯ ᠢ ︽ᠡᠷᠬᠢᠨ ᠬᠠᠷᠠᠵᠤ︾᠂ ᠵᠦᠢᠯ ᠳᠠᠷᠠᠭᠠᠯᠠᠨ ᠪᠠᠶᠢᠴᠠᠭᠠᠨ ᠬᠠᠷᠭᠤᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠡᠰᠡᠬᠦ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠡᠰᠡᠬᠦ᠂ ᠬᠠᠰᠢ ᠶᠠᠰᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠵᠤ᠂ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠳ᠋ᠤᠭᠠᠷ ᠬᠠᠰᠤᠬᠤ ᠶᠢ ᠪᠡᠶᠡᠯᠡᠭᠦᠯᠦᠭᠰᠡᠨ ᠦᠭᠡᠢ ᠠᠰᠠᠭᠤᠳᠠᠯ ᠳᠤ᠂ ᠴᠡᠭᠴᠡᠯᠡᠨ ᠰᠠᠶᠢᠵᠢᠷᠠᠭᠤᠯᠬᠤ ᠨᠠᠷᠢᠨ ᠬᠠᠭᠤᠳᠠᠰᠤ ᠶᠢᠨ ᠱᠠᠭᠠᠷᠳᠠᠯᠭ᠎ᠠ ᠶᠣᠰᠣᠭᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠤᠭᠰᠠᠨ ᠡᠰᠡᠬᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠡᠶᠡᠯᠡᠭᠦᠯᠦᠭᠰᠡᠨ ᠪᠠᠶᠢᠳᠠᠯ ᠵᠢᠴᠢ ᠦᠷ᠎ᠡ ᠪᠦᠲᠦᠮᠵᠢ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ  ᠨᠢ ᠬᠦᠴᠦᠨ ᠦᠭᠡᠢ᠂ ᠴᠡᠭᠴᠡᠯᠡᠨ ᠰᠠᠶᠢᠵᠢᠷᠠᠭᠤᠯᠬᠤ ᠨᠢ ᠬᠡᠯᠪᠡᠷᠢ ᠶᠢᠨ ᠲᠡᠳᠦᠢ ᠪᠠᠶᠢᠬᠤ ᠡᠰᠡᠬᠦ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃ ( ᠲᠦᠷᠦᠭᠦᠯᠡᠬᠦ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠃ ᠬᠠᠮᠵᠢᠯᠴᠠᠬᠤ ᠨᠢᠭᠡᠴᠢ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠰᠤᠮᠤ ᠪᠠᠯᠭᠠᠰᠤ ᠶᠢᠨ ᠬᠡᠷᠡᠭ ᠡᠷᠬᠢᠯᠡᠬᠦ ᠭᠠᠵᠠᠷ )᠃      ︵ᠬᠤᠶᠠᠷ︶ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ ᠵᠠᠰᠠᠬᠤ ᠲᠠᠯ᠎ᠠ ᠪᠠᠷ᠃ ᠨᠢᠭᠡ ᠳᠤ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯ ᠢ ᠠᠬᠢᠭᠤᠯᠤᠭᠰᠠᠨ ᠪᠠᠶᠢᠳᠠᠯ᠂ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠠᠷᠢᠶᠠᠨ ᠡᠮ ᠬᠢᠮᠢ ᠶᠢᠨ ᠪᠣᠷᠳᠣᠭᠤᠷ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠭᠰᠡᠨ ᠪᠠᠶᠢᠳᠠᠯ ᠢ ᠵᠢᠭᠰᠠᠭᠠᠨ ᠪᠠᠶᠢᠴᠠᠭᠠᠨ᠎ᠠ᠃ ᠪᠣᠷᠳᠣᠭᠤᠷ ᠤᠨ ᠦᠢᠯᠡᠳᠪᠦᠷᠢᠯᠡᠯ ᠡᠵᠡᠩᠨᠡᠯᠲᠡ ᠨᠢ ᠵᠢᠷᠤᠮᠵᠢᠯ ᠳᠤ ᠨᠡᠶᠢᠴᠡᠬᠦ ᠡᠰᠡᠬᠦ᠂ ᠪᠣᠷᠤᠯᠠᠭᠤᠯᠭ᠎ᠠ ᠶᠢᠨ ᠡᠬᠡ ᠲᠠᠩᠰᠠ ᠵᠢᠴᠢ ᠪᠣᠷᠳᠣᠭᠤᠷ ᠤᠨ ᠬᠢᠨᠠᠯᠲᠠ ᠬᠠᠮᠢᠶᠠᠷᠤᠯᠲᠠ ᠶᠢᠨ ᠣᠷᠣᠭᠤᠯᠤᠯᠲᠠ ᠶᠢ ᠨᠡᠬᠡᠮᠵᠢᠯᠡᠬᠦ ᠲᠠᠪᠴᠠᠩ ᠪᠠᠶᠢᠭᠤᠯᠤᠭᠰᠠᠨ ᠡᠰᠡᠬᠦ ᠵᠡᠷᠭᠡ ᠪᠠᠶᠢᠳᠠᠯ᠃ ᠲᠠᠷᠢᠮᠠᠯ ᠤᠨ ᠪᠣᠬᠢᠷᠳᠤᠯ ᠦᠭᠡᠢ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠢᠭᠡᠳᠦᠯᠲᠡᠢ ᠰᠡᠷᠭᠡᠶᠢᠯᠡᠨ ᠨᠣᠶᠠᠷᠬᠠᠬᠤ᠂ ᠬᠥᠷᠥᠰᠥ ᠰᠢᠷᠣᠢ ᠶᠢ ᠬᠡᠮᠵᠢᠵᠦ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠵᠡᠷᠭᠡ ᠮᠡᠷᠭᠡᠵᠢᠯ ᠤᠨ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠃ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠰᠢᠰᠲ᠋ᠧᠮᠵᠢ ᠶᠢᠨ ᠪᠠᠶᠢᠭᠤᠯᠤᠯᠲᠠ ᠵᠢᠴᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠭᠰᠠᠨ᠂ ᠬᠤᠣᠷ ᠦᠭᠡᠢ ᠪᠣᠯᠭᠠᠨ ᠰᠢᠢᠳᠪᠦᠷᠢᠯᠡᠭᠰᠡᠨ ᠪᠠᠶᠢᠳᠠᠯ᠃ ᠬᠤᠶᠠᠷ ᠲᠤ᠂ ᠰᠦᠯᠢᠶᠥᠦ ᠪᠦᠷᠬᠦᠪᠴᠢ ᠶᠢᠨ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ᠂ ᠬᠡᠷᠡᠭᠯᠡᠭᠰᠡᠨ᠂ ᠡᠭᠡᠭᠦᠯᠦᠨ ᠬᠤᠷᠢᠶᠠᠭᠰᠠᠨ᠂ ᠳᠠᠬᠢᠨ ᠠᠰᠢᠭᠯᠠᠭᠰᠠᠨ ᠪᠠᠶᠢᠳᠠᠯ ᠢ ᠵᠢᠭᠰᠠᠭᠠᠨ ᠪᠠᠶᠢᠴᠠᠭᠠᠨ᠎ᠠ᠃ ᠦᠢᠯᠡᠳᠪᠦᠷᠢᠯᠡᠵᠦ ᠪᠣᠷᠣᠯᠠᠭᠤᠯᠬᠤ ᠦᠵᠦᠭᠦᠷ ᠲᠤ᠂ ᠰᠦᠯᠢᠶᠥᠦ ᠪᠦᠷᠬᠦᠭᠦᠯ ᠤᠨ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ᠂ ᠬᠡᠷᠡᠭᠯᠡᠭᠴᠢ ᠶᠢᠨ ᠰᠦᠯᠢᠶᠥᠦ ᠪᠦᠷᠬᠦᠪᠴᠢ ᠪᠠ ᠲᠠᠷᠢᠶᠠᠴᠢᠨ ᠡᠷᠦᠬᠡ ᠶᠢᠨ ᠬᠤᠳᠠᠯᠳᠤᠨ ᠠᠪᠤᠭᠰᠠᠨ ᠰᠦᠯᠢᠶᠥᠦ ᠪᠦᠷᠬᠦᠭᠦᠯ ᠨᠢ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠤᠯᠤᠰ ᠤᠨ ᠪᠠᠷᠢᠮᠵᠢᠶ᠎ᠠ ᠪᠤᠰᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠮᠥᠷᠳᠡᠨ ᠤᠬᠤᠴᠢᠯᠠᠬᠤ ᠲᠠᠪᠴᠠᠩ ᠤᠨ ᠰᠦᠯᠢᠶᠥᠦ ᠪᠦᠷᠬᠦᠪᠴᠢ ᠶᠢᠨ ᠪᠣᠷᠤᠯᠠᠭᠤᠯᠭ᠎ᠠ ᠶᠢᠨ ᠬᠡᠮᠵᠢᠶ᠎ᠡ ᠶᠢ ᠣᠷᠣᠭᠤᠯᠤᠭᠰᠠᠨ ᠪᠠᠶᠢᠳᠠᠯ ᠢ ᠵᠢᠭᠰᠠᠭᠠᠨ ᠪᠠᠶᠢᠴᠠᠭᠠᠨ᠎ᠠ᠃ ᠡᠭᠡᠭᠦᠯᠦᠨ ᠬᠤᠷᠢᠶᠠᠵᠤ ᠠᠰᠢᠭᠯᠠᠬᠤ ᠦᠵᠦᠭᠦᠷ ᠲᠤ᠂ ᠡᠩ ᠤᠨ ᠲᠠᠷᠢᠶᠠᠴᠢᠨ ᠡᠷᠦᠬᠡ᠂ ᠲᠠᠷᠢᠮᠠᠯ ᠤᠨ ᠲᠣᠮᠣ ᠡᠷᠦᠬᠡ᠂ ᠬᠤᠷᠰᠢᠶ᠎ᠠ ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠦᠯᠡᠳᠡᠭᠳᠡᠯ ᠪᠦᠷᠬᠦᠭᠦᠯ ᠢ ᠡᠭᠡᠭᠦᠯᠦᠨ ᠬᠤᠷᠢᠶᠠᠭᠰᠠᠨ ᠪᠠᠶᠢᠳᠠᠯ᠂ ᠡᠯ᠎ᠡ ᠰᠣᠮᠣ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠲᠣᠰᠬᠤᠨ ᠤ ᠬᠦᠶ ᠨᠢᠭᠡᠳᠦᠯ ᠤᠨ ᠦᠯᠡᠳᠡᠭᠳᠡᠯ ᠪᠦᠷᠬᠦᠭᠦᠯ ᠢ ᠡᠭᠡᠭᠦᠯᠦᠨ ᠬᠤᠷᠢᠶᠠᠭᠰᠠᠨ ᠤ ᠳᠠᠷᠠᠭᠠᠬᠢ ᠰᠢᠢᠳᠪᠦᠷᠢᠯᠡᠵᠦ ᠠᠰᠢᠭᠯᠠᠭᠰᠠᠨ ᠪᠠᠶᠢᠳᠠᠯ᠂ ᠦᠯᠡᠳᠡᠭᠳᠡᠯ ᠪᠦᠷᠬᠦᠭᠦᠯ ᠢ ᠡᠭᠡᠭᠦᠯᠦᠨ ᠬᠤᠷᠢᠶᠠᠭᠰᠠᠨ ᠲᠣᠣᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃ ᠭᠤᠷᠪᠠ ᠳᠤ᠂ 2018 ᠣᠨ  ᠠᠴᠠ ᠨᠠᠰᠢᠬᠢ ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶ ᠶᠢᠨ ᠲᠠᠷᠢᠮᠠᠯ ᠤᠨ ᠡᠰᠢ ᠰᠦᠷᠡᠯ ᠤᠨ ᠡᠬᠢ ᠪᠠᠶᠠᠯᠢᠭ ᠤᠨ ᠡᠬᠡ ᠲᠠᠩᠰᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠲᠤᠭ᠎ᠠ ᠪᠠᠷᠢᠮᠲᠠ ᠣᠯᠬᠤ ᠲᠠᠰ ᠳᠠᠷᠠᠭᠠᠯᠠᠯ ᠨᠢ ᠵᠢᠷᠤᠮᠵᠢᠯ ᠦᠭᠡᠢ᠂ ᠬᠢᠨᠠᠨ ᠬᠠᠷᠭᠤᠭᠤᠯᠵᠤ ᠴᠢᠩᠭ᠎ᠠ ᠠᠳᠬᠤᠭᠰᠠᠨ ᠦᠭᠡᠢ ᠠᠰᠠᠭᠤᠳᠠᠯ ᠣᠷᠣᠰᠢᠵᠤ ᠪᠠᠶᠢᠬᠤ ᠡᠰᠡᠬᠦ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠬᠤᠰᠢᠭᠤ ᠰᠢᠶᠠᠨ ᠲᠣᠭᠤᠷᠢᠭ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠲᠥᠰᠥᠯ ᠶᠣᠰᠣᠭᠠᠷ ᠬᠡᠷᠡᠭᠵᠢᠭᠦᠯᠦᠭᠰᠡᠨ ᠦᠭᠡᠢ᠂ ᠬᠡᠷᠡᠭᠵᠢᠭᠦᠯᠬᠦ ᠠᠭᠤᠯᠭ᠎ᠠ ᠶᠢ ᠳᠤᠷ᠎ᠠ ᠪᠠᠷ ᠢᠶᠠᠨ ᠪᠠᠭᠠᠰᠬᠠᠭᠰᠠᠨ᠂ ᠬᠤᠪᠢᠷᠠᠭᠤᠯᠤᠭᠰᠠᠨ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ᠃ ᠳᠥᠷᠪᠡ ᠳᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠰᠤᠯᠠ ᠲᠡᠵᠢᠭᠡᠵᠦ ᠪᠠᠶᠢᠭ᠎ᠠ ᠮᠠᠯ ᠵᠢᠭᠦᠷᠲᠡᠨ ᠤ ᠪᠠᠭᠠᠰᠤᠨ ᠪᠣᠬᠢᠷᠳᠤᠯ ᠢ ᠰᠢᠢᠳᠪᠦᠷᠢᠯᠡᠭᠰᠡᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠠᠮᠢᠶᠠᠷᠤᠯᠲᠠ ᠶᠢᠨ ᠳᠦᠷᠢᠮ ᠨᠢ ᠪᠦᠷᠢᠨ ᠲᠡᠭᠦᠯᠳᠡᠷ ᠪᠠᠶᠢᠬᠤ ᠡᠰᠡᠬᠦ᠂ ᠲᠠᠯᠠᠪᠠᠶ ᠲᠣᠭᠤᠷᠢᠭ ᠤᠨ ᠠᠷᠢᠭᠤᠨ ᠴᠡᠪᠡᠷ ᠨᠢ ᠪᠠᠷᠢᠮᠵᠢᠶ᠎ᠠ ᠳᠤ ᠬᠦᠷᠦᠭᠰᠡᠨ ᠡᠰᠡᠬᠦ᠂ ᠪᠠᠭᠠᠰᠤᠨ ᠪᠣᠬᠢᠷᠳᠤᠯ ᠢ ᠳᠤᠷ᠎ᠠ ᠪᠠᠷ ᠢᠶᠠᠨ ᠣᠪᠣᠭᠠᠯᠠᠵᠤ ᠲᠠᠯᠪᠢᠭᠰᠠᠨ ᠡᠰᠡᠬᠦ᠂ ᠪᠠᠭᠠᠰᠤᠨ ᠪᠣᠬᠢᠷᠳᠤᠯ ᠤᠨ ᠣᠷᠣᠨ ᠳᠤ ᠭᠤᠷᠪᠠ ᠶᠢ ᠰᠡᠷᠭᠡᠶᠢᠯᠡᠬᠦ ᠠᠷᠭ᠎ᠠ ᠬᠡᠮᠵᠢᠶ᠎ᠡ ᠪᠠᠶᠢᠬᠤ ᠦᠭᠡᠢ᠂ ᠪᠠᠭᠠᠰᠤᠨ ᠪᠣᠬᠢᠷᠳᠤᠯ ᠢ ᠬᠤᠯᠠᠳᠠᠭᠤᠯᠵᠤ ᠣᠷᠬᠢᠭᠳᠠᠭᠤᠯᠤᠭᠰᠠᠨ ᠮᠥᠷᠲᠡᠭᠡᠨ ᠴᠠᠭ ᠲᠤᠬᠠᠢ ᠳᠤᠨᠢ ᠴᠡᠪᠡᠷᠯᠡᠭᠰᠡᠨ ᠦᠭᠡᠢ᠂ ᠪᠠᠭᠠᠰᠤᠨ ᠪᠣᠬᠢᠷᠳᠤᠯ ᠢ ᠰᠢᠢᠳᠪᠦᠷᠢᠯᠡᠬᠦ ᠲᠥᠬᠦᠭᠡᠷᠦᠮᠵᠢ ᠶᠢ ᠠᠰᠢᠭᠯᠠᠭᠰᠠᠨ ᠦᠭᠡᠢ ᠪᠤᠶᠤ ᠪᠤᠰᠤᠳ ᠵᠦᠢᠯ ᠳᠤ ᠰᠢᠯᠵᠢᠭᠦᠯᠦᠨ ᠬᠡᠷᠡᠭᠯᠡᠭᠰᠡᠨ ᠦᠭᠡᠢ᠂ ᠲᠠᠩᠰᠠ ᠡᠪᠬᠡᠮᠡᠯ ᠤᠨ ᠡᠬᠡ ᠲᠠᠩᠰᠠ ᠶᠢᠨ ᠲᠡᠮᠳᠡᠭᠯᠡᠯ ᠪᠦᠷᠢᠨ ᠲᠡᠭᠦᠯᠳᠡᠷ ᠪᠤᠰᠤ ᠵᠢᠷᠤᠮᠵᠢᠯ ᠦᠭᠡᠢ ᠪᠠᠶᠢᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ ᠬᠠᠮᠵᠢᠯᠴᠠᠬᠤ ᠨᠢᠭᠡᠴᠡ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠰᠤᠮᠤ ᠪᠠᠯᠭᠠᠰᠤ ᠶᠢᠨ ᠬᠡᠷᠡᠭ ᠡᠷᠬᠢᠯᠡᠬᠦ ᠭᠠᠵᠠᠷ︶      ︵ᠭᠤᠷᠪᠠ︶ ᠬᠠᠲᠤᠨ ᠭᠤᠣᠯ ᠤᠨ ᠭᠤᠣᠯ ᠤᠨ ᠵᠠᠮ ᠢ ᠵᠠᠰᠠᠬᠤ ᠲᠠᠯ᠎ᠠ ᠪᠠᠷ᠃ ᠨᠢᠭᠡ ᠳᠤ᠂ ᠳᠠᠷᠢᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠲᠠᠩ ᠭᠠᠵᠠᠷ ᠤᠨ ᠲᠠᠷᠢᠬᠤ ᠶᠢ ᠴᠠᠭᠠᠵᠠᠯᠠᠬᠤ ᠬᠢᠵᠠᠭᠠᠷ ᠲᠠᠢ ᠣᠷᠣᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠬᠢᠮᠢ ᠶᠢᠨ ᠪᠣᠷᠳᠣᠭᠤᠷ ᠲᠠᠷᠢᠶᠠᠨ ᠡᠮ ᠤᠨ ᠰᠦᠯᠢᠶᠥᠦ ᠪᠦᠷᠬᠦᠪᠴᠢ ᠶᠢ ᠬᠡᠷᠡᠭᠯᠡᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠨᠡᠶᠢᠳᠡᠮ ᠬᠡᠷᠡᠭᠵᠢᠭᠦᠯᠬᠦ ᠶᠢ ᠤᠬᠠᠭᠤᠯᠤᠭᠰᠠᠨ ᠡᠰᠡᠬᠦ᠃ ᠬᠤᠶᠠᠷ ᠲᠤ᠂ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠤᠭᠰᠠᠨ ᠪᠠᠶᠢᠳᠠᠯ ᠢ ᠳᠠᠷᠠᠭᠠᠯᠠᠨ ᠪᠠᠶᠢᠴᠠᠭᠠᠵᠤ᠂ ᠰᠢᠶᠠᠨ ᠭᠠᠵᠠᠷ ᠤᠨ ᠱᠠᠲᠤᠨ ᠤ ᠤᠳᠤᠷᠢᠳᠤᠯᠭ᠎ᠠ ᠰᠣᠮᠣ ᠪᠠᠯᠭᠠᠰᠤ᠂ ᠰᠤᠮᠤ ᠪᠠᠯᠭᠠᠰᠤᠨ ᠤ ᠺᠠᠳ᠋ᠷ ᠭᠠᠴᠠᠭ᠎ᠠ ᠳᠤᠭᠤᠶᠢᠯᠠᠩ ᠢ ᠳᠠᠭᠠᠭᠠᠴᠢᠯᠠᠬᠤ᠂ ᠭᠠᠴᠠᠭᠠᠨ ᠤ ᠺᠠᠳ᠋ᠷ ᠲᠠᠷᠢᠶᠠᠴᠢᠨ ᠡᠷᠤᠭᠡ ᠶᠢ ᠳᠠᠭᠠᠭᠠᠴᠢᠯᠠᠬᠤ ᠭᠤᠷᠪᠠᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠰᠢᠰᠲ᠋ᠧᠮ ᠢ ᠪᠦᠷᠢᠨᠰᠢᠬᠦᠯᠦᠭᠰᠡᠨ ᠡᠰᠡᠬᠦ ᠶᠢ ᠪᠠᠶᠢᠴᠠᠭᠠᠵᠤ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠤᠨ᠂ ᠡᠷᠤᠭᠡ ᠳᠤ ᠳᠠᠭᠠᠭᠠᠴᠢᠯᠠᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ᠂ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠠᠲᠤᠨ ᠭᠤᠣᠯ ᠤᠨ ᠲᠠᠩ ᠭᠠᠵᠠᠷ ᠤᠨ ᠲᠣᠭᠤᠷᠢᠭ ᠲᠤ ᠬᠤᠯᠪᠣᠭᠳᠠᠭᠰᠠᠨ ᠲᠣᠬᠤᠢ ᠪᠠᠯᠭᠠᠰᠤ ᠪᠠ ᠲᠢᠶᠠᠨᠵᠢ ᠲᠠᠢ ᠪᠠᠯᠭᠠᠰᠤ ᠨᠢ ᠲᠠᠷᠢᠶᠠᠴᠢᠨ ᠡᠷᠦᠬᠡ ᠲᠠᠢ ᠳᠠᠷᠢᠬᠤ ᠶᠢ ᠴᠠᠭᠠᠵᠠᠯᠠᠭᠰᠠᠨ ᠣᠷᠣᠨ ᠳᠤ ᠥᠨᠳᠥᠷ ᠡᠰᠢᠲᠦ ᠲᠠᠷᠢᠮᠠᠯ ᠳᠠᠷᠢᠬᠤ ᠦᠭᠡᠢ ᠂ ᠬᠡᠷᠡᠭᠯᠡᠬᠦ ᠶᠢ ᠴᠠᠭᠠᠵᠠᠯᠠᠭᠰᠠᠨ ᠣᠷᠣᠨ ᠳᠤ ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠦᠭᠡᠢ ᠭᠡᠰᠡᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠲᠠᠩ ᠭᠠᠵᠠᠷ ᠤᠨ ᠲᠠᠷᠢᠶᠠᠴᠢᠨ ᠡᠷᠦᠬᠡ ᠠᠴᠠ ᠵᠠᠰᠠᠬᠤ ᠬᠠᠷᠢᠭᠤᠴᠠᠯᠭ᠎ᠠ ᠡᠭᠦᠷᠭᠡᠯᠡᠬᠦ ᠪᠠᠷ ᠠᠮᠠᠯᠠᠬᠤ ᠶᠢ ᠭᠦᠢᠴᠡᠳᠬᠡᠨ᠎ᠡ᠃ ᠳᠥᠷᠪᠡ ᠳᠤ᠂ ᠡᠷᠦᠬᠡ ᠶᠢᠨ ᠲᠠᠩᠰᠠ ᠡᠪᠬᠡᠮᠡᠯ ᠪᠠᠶᠢᠭᠤᠯᠤᠭᠰᠠᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠲᠣᠬᠤᠢ ᠪᠠᠯᠭᠠᠰᠤ ᠪᠠ ᠲᠢᠶᠠᠨᠵᠢ ᠲᠠᠢ ᠪᠠᠯᠭᠠᠰᠤᠨ ᠳᠤ ᠬᠤᠯᠪᠣᠭᠳᠠᠭᠰᠠᠨ ᠲᠣᠰᠬᠤᠨ ᠳᠤᠭᠤᠶᠢᠯᠠᠩ ᠨᠢ ᠲᠠᠩ ᠭᠠᠵᠠᠷ ᠤᠨ ᠪᠣᠳᠠᠲᠠᠢ ᠳᠠᠷᠢᠭᠰᠠᠨ ᠲᠠᠷᠢᠶᠠᠴᠢᠨ ᠡᠷᠦᠬᠡ ᠳᠤ ᠴᠥᠮ ᠡᠬᠡ ᠲᠠᠩᠰᠠ ᠪᠠᠶᠢᠭᠤᠯᠵᠤ᠂ ᠬᠥᠮᠥᠨ ᠭᠠᠵᠠᠷ ᠢ ᠨᠢᠭᠡ ᠨᠢᠭᠡ ᠪᠠᠷ ᠬᠠᠷᠠᠭᠠᠯᠵᠠᠵᠤ᠂ ᠲᠠᠩ ᠭᠠᠵᠠᠷ ᠤᠨ ᠲᠠᠷᠢᠶᠠᠨ ᠭᠠᠵᠠᠷ ᠤᠨ ᠵᠠᠭᠠᠭ ᠢ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠤᠨ᠎ᠠ᠃ ᠲᠠᠪᠤ ᠳᠤ᠂ ᠮᠡᠷᠭᠡᠵᠢᠯ ᠤᠨ ᠵᠢᠯᠣᠭᠤᠳᠤᠯᠭ᠎ᠠ ᠪᠣᠯᠪᠠᠰᠤᠷᠠᠭᠤᠯᠤᠯ ᠤᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠲᠠᠩ ᠭᠠᠵᠠᠷ ᠲᠤ ᠬᠤᠯᠪᠣᠭᠳᠠᠭᠰᠠᠨ ᠰᠤᠮᠤ ᠪᠠᠯᠭᠠᠰᠤ ᠨᠢ ᠲᠠᠷᠢᠬᠤ ᠶᠢ ᠴᠠᠭᠠᠵᠠᠯᠠᠬᠤ ᠬᠢᠵᠠᠭᠠᠷ ᠲᠠᠢ ᠣᠷᠣᠨ ᠪᠦᠰᠡ ᠳᠤ ᠳᠠᠷᠢᠬᠤ ᠳᠤ ᠲᠣᠬᠢᠷᠠᠮᠵᠢᠲᠠᠢ ᠪᠣᠭᠤᠨᠢ ᠰᠦᠷᠡᠯ ᠢᠶᠠᠷ ᠣᠷᠣᠯᠠᠭᠤᠯᠬᠤ ᠲᠠᠷᠢᠮᠠᠯ ᠤᠨ ᠲᠥᠷᠥᠯ ᠵᠦᠢᠯ ᠢ ᠳᠤᠷᠠᠳᠤᠨ ᠭᠠᠷᠭᠠᠭᠰᠠᠨ ᠡᠰᠡᠬᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠪᠠ ᠰᠤᠮᠤ ᠪᠠᠯᠭᠠᠰᠤ ᠠᠴᠠ ᠰᠢᠯᠢᠳᠡᠭ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠤ ᠲᠠᠷᠢᠮᠠᠯ ᠤᠨ ᠮᠡᠷᠭᠡᠵᠢᠯ ᠤᠨ ᠵᠢᠯᠣᠭᠤᠳᠤᠯᠭ᠎ᠠ ᠪᠠ ᠪᠣᠯᠪᠠᠰᠤᠷᠠᠭᠤᠯᠤᠯ ᠢ ᠥᠷᠨᠢᠭᠦᠯᠵᠦ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ ᠬᠠᠮᠵᠢᠯᠴᠠᠬᠤ ᠨᠢᠭᠡᠴᠡ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠬᠤᠢ ᠪᠠᠯᠭᠠᠰᠤ᠂ ᠲᠢᠶᠠᠨᠵᠢ ᠲᠠᠢ ᠪᠠᠯᠭᠠᠰᠤ︶      ︵ᠳᠥᠷᠪᠡ︶ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ᠃ ᠨᠢᠭᠡ ᠳᠤ᠂ 2021 ᠣᠨ ᠳᠤ ᠵᠢᠭᠰᠠᠭᠠᠨ ᠪᠠᠶᠢᠴᠠᠭᠠᠵᠤ ᠭᠠᠷᠭᠠᠭᠰᠠᠨ ᠴᠡᠭᠴᠡᠯᠡᠨ ᠰᠠᠶᠢᠵᠢᠷᠠᠭᠤᠯᠤᠭᠠᠳᠤᠢ ᠡᠷᠦᠬᠡ ᠶᠢᠨ ᠵᠣᠷᠯᠣᠩ ︵1753 ᠡᠷᠦᠬᠡ︶ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠎ᠠ᠃ ᠬᠤᠶᠠᠷ ᠲᠤ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠪᠠᠭᠠᠰᠤᠨ ᠪᠣᠬᠢᠷᠳᠤᠯ ᠢ ᠰᠢᠢᠳᠪᠦᠷᠢᠯᠡᠭᠰᠡᠨ ᠪᠠᠶᠢᠳᠠᠯ᠂ ᠪᠠᠭᠠᠰᠤᠨ ᠪᠣᠬᠢᠷᠳᠤᠯ ᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠰᠢᠰᠲ᠋ᠧᠮᠵᠢ ᠶᠢ ᠪᠠᠶᠢᠭᠤᠯᠤᠭᠰᠠᠨ ᠡᠰᠡᠬᠦ᠂ ᠪᠠᠭᠠᠰᠤᠨ ᠪᠣᠬᠢᠷᠳᠤᠯ ᠢ ᠬᠤᠣᠷ ᠦᠭᠡᠢ ᠪᠣᠯᠭᠠᠨ ᠰᠢᠢᠳᠪᠦᠷᠢᠯᠡᠭᠰᠡᠨ ᠪᠤᠶᠤ ᠡᠬᠢ ᠪᠠᠶᠠᠯᠢᠭᠵᠢᠭᠤᠯᠤᠨ ᠠᠰᠢᠭᠯᠠᠭᠰᠠᠨ ᠡᠰᠡᠬᠦ ᠶᠢ ᠵᠢᠭᠰᠠᠭᠠᠨ ᠪᠠᠶᠢᠴᠠᠭᠠᠨ᠎ᠠ᠃ ᠭᠤᠷᠪᠠ ᠳᠤ᠂ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠪᠠᠶᠢᠭ᠎ᠠ ᠪᠠᠶᠢᠳᠠᠯ᠂ ᠲᠣᠭᠲᠠᠮᠠᠯ ᠬᠤᠭᠤᠴᠠᠭ᠎ᠠ ᠲᠠᠢ ᠪᠠᠷ ᠤᠯᠠᠨ ᠶᠠᠩᠵᠤ ᠶᠢᠨ ᠬᠡᠯᠪᠡᠷᠢ ᠲᠠᠢ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠥᠷᠨᠢᠭᠦᠯᠵᠦ ᠪᠠᠶᠢᠬᠤ ᠡᠰᠡᠬᠦ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠦᠭᠰᠡᠨ ᠪᠠᠶᠢᠳᠠᠯ ᠢ ᠳᠠᠷᠠᠭᠠᠯᠠᠨ ᠪᠠᠶᠢᠴᠠᠭᠠᠨ᠎ᠠ᠃ ᠳᠥᠷᠪᠡ ᠳᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠭᠰᠠᠨ ᠡᠰᠡᠬᠦ ᠶᠢ ᠵᠢᠭᠰᠠᠭᠠᠨ ᠪᠠᠶᠢᠴᠠᠭᠠᠵᠤ᠂ ᠳᠦᠷᠢᠮ ᠲᠠᠢ᠂ ᠪᠠᠷᠢᠮᠵᠢᠶ᠎ᠠ ᠲᠠᠢ᠂ ᠡᠩᠨᠡᠭᠡ ᠲᠠᠢ᠂ ᠵᠠᠷᠤᠳᠠᠯ ᠲᠠᠢ᠂ ᠬᠢᠨᠠᠯᠲᠠ ᠲᠠᠯᠪᠢᠯᠲᠠ ᠲᠠᠢ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠤᠭᠰᠠᠨ ᠡᠰᠡᠬᠦ ᠶᠢ ᠪᠠᠶᠢᠴᠠᠭᠠᠨ᠎ᠠ᠃ ᠲᠠᠪᠤ ᠳᠤ᠂ ᠪᠥᠬᠦ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠬᠠᠷ᠎ᠠ ᠦᠮᠡᠬᠡᠢ ᠤᠰᠤᠨ ᠴᠣᠭᠴᠠ ᠶᠢᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠢ ᠣᠶᠢᠯᠠᠭᠠᠨ᠎ᠠ︔ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠦᠢᠯᠡᠳᠦᠯ ᠦᠵᠡᠭᠦᠯᠦᠭᠰᠡᠨ ᠪᠠᠶᠢᠳᠠᠯ᠃ ︵ᠲᠦᠷᠦᠭᠦᠯᠡᠬᠦ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠃ ᠬᠠᠮᠵᠢᠯᠴᠠᠬᠤ ᠨᠢᠭᠡᠴᠡ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠃ ᠬᠠᠷᠢᠭᠤᠴᠠᠯᠭᠠᠲᠤ ᠨᠢᠭᠡᠴᠡ᠄ ᠡᠯ᠎ᠡ ᠰᠤᠮᠤ ᠪᠠᠯᠭᠠᠰᠤ ᠶᠢᠨ ᠬᠡᠷᠡᠭ ᠡᠷᠬᠢᠯᠡᠬᠦ ᠭᠠᠵᠠᠷ︶      ᠭᠤᠷᠪᠠ᠂ ᠴᠠᠭ ᠤᠨ ᠲᠣᠬᠢᠷᠠᠭᠤᠯᠤᠯᠲᠠ       ︵ᠨᠢᠭᠡ︶ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠱᠠᠲᠤ ᠦᠶ᠎ᠡ ︵4 ᠳ᠋ᠦᠭᠡᠷ ᠰᠠᠷ᠎ᠠ ᠶᠢᠨ 15 ᠤ ᠡᠳᠦᠷ ᠠᠴᠠ 5 ᠳ᠋ᠤᠭᠠᠷ ᠰᠠᠷ᠎ᠠ ᠶᠢᠨ 14 ᠤ ᠡᠳᠦᠷ ᠪᠣᠯᠲᠠᠯ᠎ᠠ︶᠃ᠡᠯ᠎ᠡ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶ ᠪᠣᠯᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠥᠰᠥᠯ ᠳᠤ ᠲᠣᠭᠲᠠᠭᠠᠭᠰᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠭᠤᠯᠭ᠎ᠠ ᠶᠢᠨ ᠶᠣᠰᠣᠭᠠᠷ᠂ ᠵᠣᠬᠢᠬᠤ ᠥᠪᠡᠷᠲᠡᠭᠡᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠥᠰᠥᠯ ᠢ ᠲᠣᠭᠲᠠᠭᠠᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠮᠠᠨ ᠤ ᠰᠢᠶᠠᠨ ᠤ ᠲᠠᠷᠢᠶᠠᠯᠠᠩ ᠬᠥᠳᠡᠭᠡ ᠲᠣᠰᠬᠤᠨ ᠤ ᠬᠦᠷᠢᠶᠡᠨ ᠳᠠᠬᠢ ᠠᠮᠢ ᠠᠬᠤᠢ ᠶᠢᠨ ᠣᠷᠴᠢᠨ ᠨᠥᠬᠦᠴᠡᠯ ᠤᠨ ᠠᠰᠠᠭᠤᠳᠠᠯ ᠢ ᠰᠢᠪᠠᠳᠠᠨ ᠪᠠᠶᠢᠴᠠᠭᠠᠬᠤ ᠪᠠᠷ ᠪᠣᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠥᠪᠡᠷᠲᠡᠭᠡᠨ ᠪᠠᠶᠢᠴᠠᠭᠠᠬᠤ ᠪᠠ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠳᠤ ᠠᠰᠠᠭᠤᠳᠠᠯ ᠤᠨ ᠨᠠᠷᠢᠨ ᠳᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ ᠪᠣᠯᠣᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ 5 ᠰᠠᠷ᠎ᠠ ᠶᠢᠨ 13 ᠤ ᠡᠳᠦᠷ ᠠᠴᠠ ᠡᠮᠦᠨ᠎ᠡ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ᠰᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃       ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵5 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ︶᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠬᠤ ᠬᠡᠷᠡᠭᠲᠡᠢ᠃ ᠨᠢᠭᠡ ᠶᠢ ᠴᠡᠭᠴᠡᠯᠡᠨ ᠰᠠᠶᠢᠵᠢᠷᠠᠭᠤᠯᠪᠠᠯ ᠳᠠᠷᠤᠢ ᠲᠦᠷᠭᠡᠨ ᠲᠠᠩᠰᠠ ᠲᠠᠶᠢᠯᠬᠤ ᠳ᠋ᠤᠭᠠᠷ ᠭᠠᠷᠭᠠᠵᠤ᠂ ᠠᠰᠠᠭᠤᠳᠠᠯ ᠢ ᠢᠯᠡᠷᠡᠭᠦᠯᠪᠡᠯ ᠵᠠᠷᠴᠢᠮ ᠳᠡᠭᠡᠷ᠎ᠡ ᠪᠠᠨ 6 ᠰᠠᠷ᠎ᠠ ᠶᠢᠨ 14 ᠤ ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠬᠤ ᠶᠢᠨ ᠳ᠋ᠤᠭᠠᠷ ᠢ ᠬᠦᠴᠦᠨ ᠦᠭᠡᠢ ᠪᠣᠯᠭᠠᠬᠤ ᠶᠢ ᠪᠡᠶᠡᠯᠡᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠲᠠᠩᠰᠠ ᠲᠠᠶᠢᠯᠬᠤ ᠡᠬᠡ ᠲᠠᠩᠰᠠ ᠶᠢ ᠰᠢᠶᠠᠨ ᠤ ᠲᠠᠷᠢᠶᠠᠯᠠᠩ ᠬᠥᠳᠡᠭᠡ ᠲᠣᠰᠬᠤᠨ ᠤ ᠬᠦᠷᠢᠶᠡᠨ ᠳᠠᠬᠢ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ ᠲᠦᠷ ᠴᠠᠭ ᠰᠢᠢᠳᠪᠦᠷᠢᠯᠡᠬᠦ ᠳᠤ ᠪᠡᠷᠬᠡᠲᠡᠢ ᠪᠠ ᠣᠷᠳᠣ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠᠲᠠᠢ ᠵᠦᠢᠯᠡᠰ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ᠂ ᠭᠡᠷᠡᠴᠢ ᠮᠠᠲ᠋ᠧᠷᠢᠶᠠᠯ ᠵᠡᠷᠭᠡ 6 ᠰᠠᠷ᠎ᠠ ᠶᠢᠨ 15 ᠤ ᠡᠳᠦᠷ ᠠᠴᠠ ᠡᠮᠦᠨ᠎ᠡ ᠳᠡᠭᠡᠭᠰᠢ ᠮᠡᠳᠡᠭᠦᠯᠬᠦ ᠬᠡᠷᠡᠭᠲᠡᠢ᠃       ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵6 ᠳ᠋ᠤᠭᠠᠷ ᠰᠠᠷ᠎ᠠ ᠶᠢᠨ 16 ᠤ ᠡᠳᠦᠷ ︱ 6 ᠳ᠋ᠤᠭᠠᠷ ᠰᠠᠷ᠎ᠠ ᠶᠢᠨ 30 ᠤ ᠡᠳᠦᠷ︶᠃ᠰᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ ᠡᠯ᠎ᠡ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠥᠪᠡᠷᠲᠡᠭᠡᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠳᠤ ︽ᠡᠷᠬᠢᠨ ᠬᠠᠷᠠᠬᠤ︾ ᠠᠵᠢᠯ ᠬᠢᠵᠦ᠂ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ᠂ ᠳᠠᠬᠢᠨ ᠢᠯᠡᠷᠡᠬᠦ ᠦᠭᠡᠢ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳ᠋ᠦᠩᠨᠡᠯᠲᠡ ᠶᠢ ᠪᠦᠷᠢᠯᠳᠦᠭᠦᠯᠵᠦ᠂ 6 ᠰᠠᠷ᠎ᠠ ᠶᠢᠨ 29 ᠤ ᠡᠳᠦᠷ ᠠᠴᠠ ᠡᠮᠦᠨ᠎ᠡ ᠰᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃  ᠳᠦᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠦᠨᠡᠨᠬᠦ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠷᠢᠭᠲᠠᠢ ᠪᠠᠷ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃       ︵ᠬᠤᠶᠠᠷ︶ ᠵᠢᠭᠰᠠᠭᠠᠨ ᠪᠠᠶᠢᠴᠠᠭᠠᠬᠤ ᠨᠢᠭᠲᠠᠴᠠ ᠶᠢ ᠨᠡᠮᠡᠭᠳᠡᠭᠦᠯᠦᠨ᠎ᠡ᠃ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠬᠦᠴᠦᠨ ᠢ ᠢᠳᠡᠪᠬᠢᠲᠡᠢ ᠳᠠᠶᠢᠴᠢᠯᠠᠨ ᠣᠷᠣᠯᠴᠠᠭᠤᠯᠵᠤ᠂ ᠠᠷᠠᠳ ᠣᠯᠠᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ᠂ ᠬᠠᠰᠢ ᠶᠠᠰᠢ ᠪᠠᠷ ᠥᠩᠭᠡᠷᠡᠭᠦᠯᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃       ︵ᠭᠤᠷᠪᠠ︶ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠥᠪᠡᠷ ᠢᠶᠠᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠪᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠢᠮᠳᠠᠭᠤᠯᠤᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠪᠣᠳᠠᠲᠠᠢ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠴᠡᠭᠴᠡᠯᠡᠨ ᠵᠠᠰᠠᠵᠤ᠂ ᠦᠨᠡᠨᠬᠦ ᠶᠠᠪᠤᠭᠳᠠᠭᠤᠰᠢᠲᠠᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠨ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠰᠠᠭᠤᠳᠠᠯ ᠤᠨ ᠳᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ᠃       ︵ᠳᠥᠷᠪᠡ︶ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠪᠣᠬᠢᠷᠳᠤᠯ ᠢ ᠴᠡᠭᠴᠡᠯᠡᠨ ᠵᠠᠰᠠᠬᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠭᠠᠵᠠᠷ ᠤᠨ ᠢᠯᠡᠷᠡᠭᠦᠯᠦᠭᠰᠡᠨ ᠠᠰᠠᠭᠤᠳᠠᠯ ᠢ ᠦᠨᠡᠨᠬᠦ ᠠᠳᠬᠤᠨ ᠦᠨᠡᠨᠬᠦ ᠬᠠᠮᠢᠶᠠᠷᠴᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠵᠣᠷᠢᠭᠲᠠᠢ ᠪᠠᠷ ᠬᠤᠷᠴᠠ ᠰᠡᠯᠡᠮ᠎ᠡ ᠦᠵᠡᠭᠦᠯᠵᠦ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠰᠦᠷ ᠬᠦᠴᠦᠲᠦ ᠪᠠᠶᠢᠳᠠᠯ ᠢ ᠪᠤᠢ ᠪᠣᠯᠭᠠᠬᠤ ᠬᠡᠷᠡᠭᠲᠡᠢ᠃       ︵ᠲᠠᠪᠤ︶ ᠡᠳᠦᠷ ᠲᠤᠲᠤᠮ ᠤᠨ ᠲᠣᠬᠢᠷᠠᠭᠤᠯᠤᠯᠲᠠ ᠶᠢ ᠰᠠᠶᠢᠲᠤᠷ ᠬᠢᠨ᠎ᠡ᠃ ᠲᠣᠰ ᠤᠳᠠᠭ᠎ᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠭᠠᠷᠠᠭ ᠤᠨ ᠲᠣᠬᠢᠷᠠᠭᠤᠯᠤᠯᠲᠠ ᠶᠢᠨ ᠳᠦᠷᠢᠮ ᠢ ᠬᠡᠷᠡᠭᠵᠢᠭᠦᠯᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠪᠠᠷ ᠲᠣᠳᠣᠷᠬᠠᠢ ᠲᠣᠭᠲᠠᠭᠠᠵᠤ᠂ ᠭᠠᠷᠠᠭ ᠤᠨ ᠭᠤᠷᠪᠠᠨ ᠳᠤ 18᠄ 00 ᠴᠠᠭ ᠠᠴᠠ ᠡᠮᠦᠨ᠎ᠡ ᠠᠰᠠᠭᠤᠳᠠᠯ ᠢ ᠵᠢᠭᠰᠠᠭᠠᠨ ᠪᠠᠶᠢᠴᠠᠭᠠᠭᠰᠠᠨ ᠠᠬᠢᠴᠠ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠰᠢᠶᠠᠨ ᠤ ᠲᠠᠷᠢᠶᠠᠯᠠᠩ ᠬᠥᠳᠡᠭᠡ ᠲᠣᠰᠬᠤᠨ ᠤ ᠬᠦᠷᠢᠶᠡᠨ ᠳᠠᠬᠢ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ 
ᠢᠷᠡᠯᠲᠡ᠄ ᠲᠤᠰ ᠰᠦᠯᠵᠢᠶ᠎ᠡ