ᠷᠦᠩ ᠹᠸᠡᠭ ᠬᠡᠷᠡᠭ ᠡᠷᠬᠢᠯᠡᠬᠦ ᠭᠠᠵᠠᠷ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠰᠠᠶᠢᠲᠤᠷ ᠪᠠᠶᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠣᠯᠣᠨ᠎ᠠ
ᠨᠡᠶᠢᠲᠡᠯᠡᠭᠰᠡᠨ ᠴᠠᠭ᠄
2022/8/25
      ᠣᠶᠢᠷ᠎ᠠ ᠶᠢᠨ ᠵᠢᠯ ᠠᠴᠠ᠂ ᠦᠶᠤᠸᠠᠨ ᠰᠢᠶᠠᠨ ᠤ ᠷᠦᠩ ᠹᠸᠡᠭ ᠬᠡᠷᠡᠭ ᠡᠷᠬᠢᠯᠡᠬᠦ ᠭᠠᠵᠠᠷ ᠤᠨ ᠬᠢᠨ ᠠᠵᠤ ᠦᠢᠯᠡᠰ ᠤᠨ ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠭᠠᠷᠳᠠᠴᠠ ᠪᠣᠯᠭᠠᠵᠤ ᠷᠦᠩ ᠹᠸᠡᠭ ᠬᠡᠷᠡᠭ ᠡᠷᠬᠢᠯᠡᠬᠦ ᠭᠠᠵᠠᠷ ᠤᠨ ᠶᠢᠩ ᠹᠸᠡᠭ ᠤᠨ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ ᠲᠠᠷᠢᠶᠠᠯᠠᠩ ᠤᠨ ᠠᠵᠤ ᠦᠢᠯᠡᠰ ᠢ ᠬᠡᠪᠴᠢᠶᠡᠵᠢᠭᠦᠯᠬᠦ᠂ ᠣᠨᠴᠠᠯᠢᠬᠵᠢᠭᠤᠯᠬᠤ ᠲᠡᠰᠢ ᠬᠥᠭᠵᠢᠭᠦᠯᠬᠦ ᠶᠢ ᠲᠦᠷᠭᠡᠳᠬᠡᠬᠦ ᠶᠢᠨ ᠬᠠᠮᠲᠤ᠂ ᠬᠡᠰᠡᠭ ᠲᠠᠷᠢᠶᠠᠴᠢᠨ ᠡᠷᠦᠬᠡ ᠶᠢᠨ ᠠᠵᠢᠯ ᠣᠯᠭᠤᠯᠲᠠ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠠᠢ᠃       ᠣᠳᠣᠬᠠᠨ ᠳᠤ ᠶᠠᠭ ᠰᠠᠶᠢᠬᠠᠨ ᠱᠠᠪᠲᠠᠯ᠎ᠠ ᠶᠢᠨ ᠪᠣᠯᠪᠠᠰᠤᠷᠠᠨ ᠲᠡᠭᠦᠬᠦ ᠴᠠᠭ ᠦᠶ᠎ᠡ ᠪᠣᠯᠵᠤ ᠪᠠᠶᠢᠨ᠎ᠠ᠃ᠷᠦᠩ ᠹᠸᠡᠭ ᠤᠨ ᠬᠡᠷᠡᠭ ᠡᠷᠬᠢᠯᠡᠬᠦ ᠭᠠᠵᠠᠷ ᠤᠨ ᠶᠢᠩ ᠹᠥ᠋ᠩ ᠤᠨ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ ᠳᠤ ᠬᠦᠷᠬᠦ ᠳᠤ᠂ ᠶᠠᠭᠠᠷᠠᠯᠲᠠᠢ ᠪᠠᠶᠢᠳᠠᠯ ᠬᠠᠷᠠᠭᠳᠠᠵᠤ᠂ ᠨᠢᠭᠡ ᠮᠧᠲᠷ ᠭᠠᠷᠤᠢ ᠥᠨᠳᠥᠷ ᠲᠥᠪᠡᠳ ᠬᠠᠰᠢ ᠶᠢᠨ ᠴᠢᠬᠢ ᠳᠡᠭᠡᠷ᠎ᠡ ᠭᠠᠯ ᠤᠯᠠᠭᠠᠨ ᠦᠷ᠎ᠡ ᠵᠢᠮᠢᠰ ᠳᠦᠭᠦᠷᠴᠦ᠂ ᠲᠠᠷᠢᠶᠠᠴᠢᠨ ᠡᠷᠦᠭᠡ ᠶᠠᠭ ᠲᠡᠭᠦᠬᠦ᠂ ᠢᠯᠭᠠᠬᠤ᠂ ᠪᠣᠭᠤᠳᠠᠯᠯᠠᠬᠤ᠂ ᠲᠡᠷᠭᠡᠨ ᠳᠤ ᠲᠡᠭᠡᠭᠡᠵᠦ ᠶᠠᠭᠠᠷᠠᠯᠳᠤᠵᠤ ᠪᠠᠶᠢᠯ᠎ᠠ᠃       ᠲᠠᠷᠢᠮᠠᠯ ᠤᠨ ᠡᠷᠦᠬᠡ ᠸᠠᠩ ᠯᠦᠩ ᠡᠨᠡ ᠵᠢᠯ ᠪᠠᠭ᠎ᠠ ᠱᠠᠪᠲᠠᠯ᠎ᠠ 20 ᠭᠠᠷᠤᠢ ᠮᠦ ᠳᠠᠷᠢᠵᠤ᠂ ᠶᠡᠭᠡ ᠱᠠᠪᠲᠠᠯ᠎ᠠ 60 ᠭᠠᠷᠤᠢ ᠮᠦ ᠳᠠᠷᠢᠵᠤ᠂ ᠪᠠᠭ᠎ᠠ ᠱᠠᠪᠲᠠᠯ᠎ᠠ ᠶᠢᠨ ᠭᠠᠷᠤᠯᠲᠠ 5000 ︱ 6000 ᠵᠢᠩ ᠬᠦᠷᠴᠦ᠂ ᠶᠡᠭᠡ ᠱᠠᠪᠲᠠᠯ᠎ᠠ ᠶᠢᠨ ᠭᠠᠷᠤᠯᠲᠠ 15000 ︱ 16000 ᠵᠢᠩ ᠬᠦᠷᠴᠡᠢ᠃ᠣᠳᠣᠬᠠᠨ ᠤ ᠵᠠᠬ᠎ᠠ ᠳᠡᠯᠭᠡᠭᠦᠷ ᠤᠨ ᠪᠠᠶᠢᠳᠠᠯ ᠢ ᠦᠨᠳᠦᠰᠦᠯᠡᠪᠡᠯ᠂ ᠪᠠᠭ᠎ᠠ ᠱᠠᠪᠲᠠᠯ᠎ᠠ ᠶᠢᠨ ᠮᠦ ᠪᠦᠷᠢ ᠶᠢᠨ ᠳᠤᠮᠳᠠᠴᠢ ᠦᠷ᠎ᠡ ᠠᠰᠢᠭ ᠨᠢ ᠲᠤᠯᠤᠭ᠎ᠠ ᠨᠠᠢᠮᠠᠨ ᠮᠢᠩᠭᠠᠨ ᠲᠥᠭᠦᠷᠢᠭ ᠲᠤ ᠬᠦᠷᠴᠦ᠂ ᠶᠡᠭᠡ ᠱᠠᠪᠲᠠᠯ᠎ᠠ ᠶᠢᠨ ᠮᠦ ᠪᠦᠷᠢ ᠶᠢᠨ ᠳᠤᠮᠳᠠᠴᠢ ᠦᠷ᠎ᠡ ᠠᠰᠢᠭ ᠨᠢ ᠲᠠᠪᠤ ᠵᠢᠷᠭᠤᠭᠠᠨ ᠮᠢᠩᠭᠠᠨ ᠲᠥᠭᠦᠷᠢᠭ ᠲᠤ ᠬᠦᠷᠦᠭᠰᠡᠨ ᠪᠠᠶᠢᠨ᠎ᠠ᠃ᠡᠭᠦᠨ ᠤ ᠬᠠᠮᠲᠤ᠂ ᠲᠠᠷᠢᠬᠤ ᠪᠠ ᠲᠡᠭᠦᠵᠦ ᠬᠤᠷᠢᠶᠠᠬᠤ ᠬᠤᠭᠤᠴᠠᠭᠠᠨ ᠳᠤ ᠡᠳᠦᠷ ᠪᠦᠷᠢ ᠶᠡᠭᠡ ᠬᠡᠮᠵᠢᠶᠡᠨ ᠤ ᠭᠠᠴᠠᠭᠠᠨ ᠤ ᠠᠷᠠᠳ ᠢ ᠬᠥᠯᠥᠰᠦᠯᠡᠨ ᠠᠵᠢᠯ ᠬᠢᠯᠭᠡᠵᠦ᠂ ᠬᠥᠮᠥᠨ ᠪᠦᠷᠢ ᠶᠢᠨ ᠡᠳᠦᠷ ᠤᠨ ᠴᠠᠯᠢᠩ ᠨᠢ 170 ᠲᠥᠭᠦᠷᠢᠭ ᠲᠤ ᠬᠦᠷᠴᠦ ᠪᠣᠯᠣᠨ᠎ᠠ᠃      ᠬᠦᠷᠢᠶᠡᠯᠡᠩ ᠲᠣᠭᠤᠷᠢᠭ ᠤᠨ ᠣᠶᠢᠷ᠎ᠠ ᠬᠠᠪᠢ ᠶᠢᠨ ᠲᠠᠷᠢᠶᠠᠴᠢᠳ ᠢ ᠠᠵᠤ ᠦᠢᠯᠡᠰ ᠤᠨ ᠬᠦᠷᠢᠶᠡᠯᠡᠩ ᠳᠤ ᠣᠷᠣᠭᠤᠯᠤᠨ ᠠᠵᠢᠯ ᠬᠢᠯᠭᠡᠬᠦ ᠶᠢᠨ ᠬᠠᠮᠲᠤ ᠤᠯᠠᠨ ᠳᠤ ᠲᠠᠷᠢᠮᠠᠯ ᠤᠨ ᠮᠡᠷᠭᠡᠵᠢᠯ ᠢ ᠡᠵᠡᠮᠰᠢᠭᠦᠯᠵᠦ᠂ ᠴᠥᠭᠡᠨ ᠪᠤᠰᠤ ᠬᠥᠮᠥᠨ ᠠᠵᠢᠯᠴᠢᠨ ᠪᠠᠶᠢᠭᠰᠠᠨ ᠠᠴᠠ ᠪᠠᠨ ᠲᠠᠷᠢᠮᠠᠯ ᠤᠨ ᠡᠷᠦᠭᠡ ᠪᠣᠯᠵᠤ᠂ ᠵᠠᠯᠭᠠᠭᠠᠳ ᠨᠡᠩ ᠤᠯᠠᠨ ᠤᠯᠠᠨ ᠲᠦᠮᠡᠨ ᠢ ᠲᠠᠶᠢᠴᠢᠯᠠᠨ ᠬᠦᠢᠲᠡᠨ ᠰᠡᠷᠢᠭᠦᠨ ᠵᠢᠮᠢᠰ ᠨᠣᠭᠤᠭ᠎ᠠ ᠲᠠᠷᠢᠬᠤ ᠡᠩᠨᠡᠭᠡ ᠳᠤ ᠣᠷᠣᠭᠤᠯᠵᠤ᠂ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠡᠢ᠃ᠣᠳᠣ ᠦᠶ᠎ᠡ ᠶᠢᠨ ᠲᠠᠷᠢᠮᠠᠯ ᠢ ᠪᠠᠷᠢᠮᠵᠢᠶᠠᠵᠢᠭᠤᠯᠬᠤ᠂ ᠲᠠᠷᠢᠶᠠᠯᠠᠩ ᠤᠨ ᠠᠵᠤ ᠦᠢᠯᠡᠰ ᠢ ᠬᠡᠪᠴᠢᠶᠡᠵᠢᠭᠦᠯᠬᠦ᠂ ᠲᠠᠷᠢᠶᠠᠯᠠᠩ ᠲᠠᠢ ᠬᠤᠯᠪᠣᠬᠤ ᠲᠠᠷᠢᠶᠠᠯᠠᠩ ᠢ ᠳᠠᠶᠢᠴᠢᠯᠠᠬᠤ ᠥᠨᠳᠥᠷ ᠪᠦᠲᠦᠮᠵᠢᠲᠡᠶ ᠪᠣᠯᠭᠠᠬᠤ  ᠶᠢ ᠪᠡᠶᠡᠯᠡᠭᠦᠯᠬᠦ ᠶᠢᠨ ᠲᠥᠯᠥᠭᠡ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠷᠦᠩ ᠹᠧᠩ ᠬᠡᠷᠡᠭ ᠡᠷᠬᠢᠯᠡᠬᠦ ᠭᠠᠵᠠᠷ ᠵᠢᠩ ᠶᠤᠸᠠᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ︽ᠵᠢᠯ ᠳᠤ ᠬᠤᠶᠠᠷ ᠤᠳᠠᠭ᠎ᠠ︾ ᠳᠠᠷᠢᠬᠤ ᠵᠠᠭᠪᠤᠷ ᠢ ᠠᠰᠢᠭᠯᠠᠨ᠂ ᠠᠵᠤ ᠦᠢᠯᠡᠰ ᠤᠨ ᠬᠦᠷᠢᠶᠡᠯᠡᠩ ᠳᠤ ᠭᠤᠯᠳᠤᠩ ᠰᠠᠷᠠᠪᠴᠢᠨ ᠳᠤ ᠴᠠᠭᠠᠨ ᠯᠢᠩᠬᠤ᠎ᠠ ᠶᠢᠨ ᠬᠡᠦᠷᠡᠭ ᠠᠮᠲᠠᠲᠤ ᠬᠡᠮᠬᠡ ᠵᠢᠴᠢ ᠴᠢ ᠯᠢᠨ ᠲᠠᠷᠪᠤᠰ 150 ᠮᠦ ᠳᠠᠷᠢᠵᠠᠢ᠂ ᠲᠤᠬᠠᠶᠢᠯᠠᠪᠠᠯ ᠭᠤᠯᠳᠤᠩ ᠰᠠᠷᠠᠪᠴᠢᠨ ᠳᠤ ᠬᠠᠪᠤᠷ ᠤᠨ ᠡᠷᠲᠡ ᠶᠢᠨ ᠭᠤᠤᠷᠰᠤᠨ ᠳᠤ ᠴᠠᠭᠠᠨ ᠯᠢᠩᠬᠤ᠎ᠠ ᠶᠢᠨ ᠬᠡᠦᠷᠡᠭ ᠳᠠᠷᠢᠵᠤ᠂ ᠮᠦ ᠪᠦᠷᠢ ᠶᠢᠨ ᠳᠤᠮᠳᠠᠴᠢ ᠦᠷ᠎ᠡ ᠠᠰᠢᠭ 25000 ᠲᠥᠭᠦᠷᠢᠭ ᠲᠤ ᠬᠦᠷᠴᠦ᠂ ᠨᠠᠮᠤᠷ ᠤᠷᠲᠤᠳᠬᠠᠭᠰᠠᠨ ᠤ ᠳᠠᠷᠠᠭ᠎ᠠ ᠪᠢᠯᠢᠭᠲᠦ ᠭᠥᠷᠥᠭᠡᠰᠦ ᠶᠢᠨ ᠲᠠᠷᠪᠤᠰ ᠳᠠᠷᠢᠵᠤ᠂ ᠮᠦ ᠪᠦᠷᠢ ᠶᠢᠨ ᠳᠤᠮᠳᠠᠴᠢ ᠦᠷ᠎ᠡ ᠠᠰᠢᠭ 10000 ᠲᠥᠭᠦᠷᠢᠭ ᠲᠤ ᠬᠦᠷᠴᠡᠢ᠃ᠲᠡᠷᠡ ᠮᠥᠷᠲᠡᠭᠡᠨ ᠪᠠᠰᠠ ︽ᠳ᠋ᠠ ᠹᠧᠩ ᠠᠮᠤ ᠲᠣᠰᠣ︾ ᠶᠢ ᠬᠥᠭᠵᠢᠭᠦᠯᠬᠦ ᠲᠠᠢ ᠬᠠᠮᠲᠤ ᠪᠠᠷ ᠵᠠᠬᠢᠶᠠᠯᠠᠭ᠎ᠠ ᠶᠢᠨ ᠬᠠᠭᠤᠳᠠᠰᠤ ᠪᠠᠷ 100 ᠮᠦ ᠰᠢᠷ᠎ᠠ ᠱᠠᠪᠲᠠᠯ᠎ᠠ ᠲᠠᠷᠢᠵᠤ᠂ ᠮᠦ ᠪᠦᠷᠢ ᠶᠢᠨ ᠤᠨᠠᠯᠲᠠ ᠨᠢ 11000 ᠵᠢᠩ ᠳᠤ ᠬᠦᠷᠴᠦ᠂ ᠬᠠᠮᠠᠭᠠᠯᠠᠯᠲᠠ ᠶᠢᠨ ᠦᠨ᠎ᠡ ᠪᠠᠷ 13 ᠲᠥᠭᠦᠷᠢᠭ ᠢᠶᠠᠷ ᠪᠤᠳᠤᠪᠠᠯ᠂ ᠦᠢᠯᠡᠳᠬᠦᠨ ᠤ ᠦᠷᠳᠡᠭ ᠨᠢ ᠪᠠᠷᠤᠭ 15000 ᠲᠥᠭᠦᠷᠢᠭ ᠪᠣᠯᠣᠨ᠎ᠠ᠃ᠡᠭᠦᠨ ᠤ ᠬᠠᠮᠲᠤ ᠪᠥᠸᠧ ᠰᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ ᠢᠯᠡ ᠭᠠᠵᠠᠷ ᠲᠤ 1000 ᠮᠦ ᠴᠢᠶᠠᠨ ᠰᠢ ᠱᠠᠪᠲᠠᠯ᠎ᠠ ᠵᠡᠷᠭᠡ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠵᠤ᠂ ᠮᠦ ᠪᠦᠷᠢ ᠶᠢᠨ ᠳᠤᠮᠳᠠᠴᠢ ᠦᠷ᠎ᠡ ᠠᠰᠢᠭ ᠨᠢ 5000 ᠲᠥᠭᠦᠷᠢᠭ ᠪᠠᠶᠢᠵᠤ᠂ ᠡᠷᠬᠢᠨ ᠲᠣᠭᠤᠷᠢᠨ ᠤ 3 ᠲᠣᠰᠬᠤᠨ ᠤ 126 ᠡᠷᠦᠬᠡ ᠶᠢ ᠨᠥᠯᠥᠭᠡᠯᠡᠨ ᠳᠠᠶᠢᠴᠢᠯᠠᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢᠨ ᠨᠡᠮᠡᠭᠳᠡᠯ ᠨᠢ 8000 ᠲᠥᠭᠦᠷᠢᠭ ᠪᠣᠯᠣᠨ᠎ᠠ᠃ᠡᠭᠦᠨ ᠤ ᠬᠠᠮᠲᠤ᠂ ᠠᠵᠤ ᠦᠢᠯᠡᠰ ᠤᠨ ᠬᠦᠷᠢᠶᠡᠯᠡᠩ ᠤᠨ ᠬᠢᠨ ᠵᠢᠮᠢᠰ ᠢᠳᠡᠰᠢᠨ ᠨᠣᠭᠤᠭ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠪᠠ ᠬᠦᠢᠲᠡᠨ ᠬᠡᠯᠬᠢᠶ᠎ᠡ ᠶᠢ ᠭᠦᠢᠴᠡᠳ ᠠᠰᠢᠭᠯᠠᠨ᠂ ᠵᠢᠮᠢᠰ ᠢᠳᠡᠰᠢᠨ ᠨᠣᠭᠤᠭ᠎ᠠ ᠶᠢ ᠬᠠᠳᠠᠭᠠᠯᠠᠬᠤ ᠪᠠ ᠰᠢᠨ᠎ᠡ ᠰᠣᠷᠭᠤᠭ ᠪᠠᠶᠢᠯᠭᠠᠬᠤ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠬᠤᠪᠢᠶᠠᠨ ᠰᠣᠩᠭᠤᠬᠤ ᠬᠤᠪᠢᠶᠠᠨ ᠢᠯᠭᠠᠬᠤ ᠲᠠᠰ ᠪᠠ ᠲᠥᠷᠥᠯ ᠬᠤᠪᠢᠶᠠᠬᠤ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠢᠯᠢᠳᠡᠭ ᠪᠦᠲᠦᠭᠡᠭᠳᠡᠬᠦᠨ ᠤ ᠦᠨ᠎ᠡ ᠬᠠᠩᠰᠢ ᠶᠢ ᠰᠠᠶᠢᠵᠢᠷᠠᠭᠤᠯᠬᠤ ᠶᠢ ᠠᠬᠢᠭᠤᠯᠤᠨ᠂ ᠬᠠᠷᠠᠯᠲᠠᠲᠤ ᠬᠡᠷᠡᠭᠯᠡᠭᠴᠢᠳ ᠢ ᠲᠠᠲᠠᠵᠤ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠣᠷᠣᠯᠭ᠎ᠠ ᠪᠠᠨ ᠨᠡᠮᠡᠭᠳᠡᠭᠦᠯᠬᠦ ᠵᠣᠷᠢᠯᠭ᠎ᠠ ᠳᠤ ᠬᠦᠷᠦᠭᠦᠯᠦᠨ᠎ᠡ᠃       ᠣᠶᠢᠯᠠᠭᠠᠭᠰᠠᠨ ᠢᠶᠠᠷ᠂ ᠷᠦᠩ ᠹᠧᠩ ᠬᠡᠷᠡᠭ ᠡᠷᠬᠢᠯᠡᠬᠦ ᠭᠠᠵᠠᠷ ᠨᠢ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠲᠠᠷᠢᠮᠠᠯ ᠤᠨ ᠦᠢᠯᠡᠰ ᠤᠨ ᠪᠦᠲᠦᠴᠡ ᠳᠤ ᠪᠦᠲᠦᠮᠵᠢᠲᠡᠶ ᠲᠣᠬᠢᠷᠠᠭᠤᠯᠤᠯᠲᠠ ᠬᠢᠵᠦ᠂ ᠬᠤᠲᠠ ᠶᠢᠨ ᠲᠡᠭᠦᠷᠭᠡ ᠶᠢᠨ ᠮᠠᠶ᠋ᠢᠭ ᠤᠨ ᠣᠨᠴᠠᠯᠢᠭᠲᠤ ᠲᠠᠷᠢᠶᠠᠯᠠᠩ ᠤᠨ ᠲᠦᠷᠭᠡᠨ ᠬᠥᠭᠵᠢᠯᠲᠡ ᠶᠢ ᠠᠬᠢᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠪᠥᠬᠦ ᠬᠡᠷᠡᠭ ᠡᠷᠬᠢᠯᠡᠬᠦ ᠭᠠᠵᠠᠷ ᠤᠨ ᠪᠡᠯᠡᠳᠭᠡᠮᠵᠢᠳᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠰᠠᠶᠢᠨ ᠰᠠᠶᠢᠬᠠᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ᠳᠠᠷᠠᠭᠠᠴᠢ ᠶᠢᠨ ᠠᠯᠬᠤᠮ ᠳᠤ᠂ ᠷᠦᠩ ᠹᠸᠡᠭ ᠬᠡᠷᠡᠭ ᠡᠷᠬᠢᠯᠡᠬᠦ ᠭᠠᠵᠠᠷ ᠤᠨ ᠬᠢᠨ ᠬᠤᠳᠠ ᠶᠢᠨ ᠲᠡᠭᠦᠷᠭᠡ ᠶᠢᠨ ᠣᠷᠣᠨ ᠪᠠᠶᠢᠷᠢ ᠶᠢᠨ ᠳᠠᠪᠠᠭᠤᠯᠢᠭ ᠢ ᠨᠢᠭᠡᠳᠦᠯᠲᠡᠢ ᠲᠥᠯᠥᠪᠵᠢᠭᠦᠯᠵᠦ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦ ᠨᠡᠮᠡᠷᠢᠯᠡᠵᠦ᠂ ᠦᠶᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠨ᠎ᠡ᠃  
ᠢᠷᠡᠯᠲᠡ᠄ ᠲᠤᠰ ᠰᠦᠯᠵᠢᠶ᠎ᠡ