ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | ︽ᠦᠶᠤᠸᠠᠨ ᠰᠢᠶᠠᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ | ᠰᠢᠶᠠᠨ ᠤ ᠵᠠᠰᠠᠭ ᠤᠨ ᠣᠷᠳᠣᠨ ᠰᠤᠳᠤᠯᠤᠨ ᠲᠣᠭᠲᠠᠭᠠᠭᠠᠳ᠂ ᠣᠳᠣ ︽ᠦᠶᠤᠸᠠᠨ ᠰᠢᠶᠠᠨ ᠤ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠲᠦᠭᠡᠢ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2022 ᠣᠨ ᠤ 7 ᠰᠠᠷ᠎ᠠ ᠶᠢᠨ 6 ᠤ ᠡᠳᠦᠷ | | ᠦᠶᠤᠸᠠᠨ ᠰᠢᠶᠠᠨ ᠤ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠬᠡᠷᠡᠭᠵᠢᠭᠦᠯᠬᠦ ᠲᠥᠰᠥᠯ | ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ | ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ ᠬᠠᠮᠢᠶᠠᠷᠤᠯᠲᠠ ᠶᠢᠨ ᠠᠷᠭ᠎ᠠ ᠪᠠ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠳᠠᠷᠤᠮᠠᠯᠯᠠᠨ ᠲᠠᠷᠬᠠᠭᠠᠬᠤ | ᠲᠤᠬᠠᠢ ᠮᠡᠳᠡᠭᠳᠡᠯ︾ ︵ᠤᠯᠤᠰ ᠤᠨ ᠬᠢᠲᠠᠳ ᠡᠮ ᠡᠮᠨᠡᠯᠭᠡ ᠶᠢᠨ ᠡᠮᠴᠢᠯᠡᠭᠡ ᠵᠠᠰᠠᠭ ᠲᠠᠷᠬᠠᠭᠠᠭᠰᠠᠨ ﹇2022﹈ 1 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ | ᠦᠨᠳᠦᠰᠦᠯᠡᠨ᠂ ᠪᠥᠬᠦ ᠰᠢᠶᠠᠨ ᠤ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠮᠠᠨ ᠤ ᠰᠢᠶᠠᠨ ᠤ ᠪᠥᠬᠦ | ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠲᠦᠷᠭᠡᠳᠬᠡᠨ | ᠠᠬᠢᠭᠤᠯᠬᠤ ᠶᠢᠨ ᠲᠥᠯᠥᠭᠡ᠂ ᠲᠣᠰ ᠬᠡᠷᠡᠭᠵᠢᠭᠦᠯᠬᠦ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠬᠢᠲᠠᠳ ᠡᠮ | ᠡᠮᠨᠡᠯᠭᠡ ᠶᠢᠨ ᠬᠥᠭᠵᠢᠯᠲᠡ ᠶᠢᠨ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ | ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠢ ᠲᠣᠪᠣᠶᠢᠮ᠎ᠠ ᠰᠠᠶᠢᠲᠤᠷ ᠠᠳᠬᠤᠵᠤ ᠤᠯᠠᠮᠵᠢᠯᠠᠯᠲᠤ ᠬᠢᠲᠠᠳ | ᠡᠮᠨᠡᠯᠭᠡ ᠶᠢᠨ ᠤᠬᠠᠭᠠᠨ ᠤ ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ ᠳᠤᠮᠳᠠᠬᠢ ᠦᠢᠯᠡᠳᠦᠯ ᠢ ᠪᠠᠳᠠᠷᠠᠭᠤᠯᠵᠤ ᠪᠦᠬᠦ ᠰᠢᠶᠠᠨ ᠤ ᠬᠢᠲᠠᠳ ᠡᠮ ᠡᠮᠨᠡᠯᠭᠡ ᠶᠢᠨ | ᠦᠢᠯᠡᠰ ᠤᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠬᠦ ᠶᠢ ᠲᠦᠯᠬᠢᠨ ᠠᠬᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠢᠲᠠᠳ ᠡᠮ ᠡᠮᠨᠡᠯᠭᠡ ᠶᠢᠨ ᠦᠢᠯᠡᠰ ᠢ ᠬᠠᠮᠤᠭ ᠤᠨ ᠰᠢᠨ᠎ᠡ ᠬᠥᠭᠵᠢᠭᠦᠯᠬᠦ ᠱᠠᠭᠠᠷᠳᠠᠯᠭ᠎ᠠ ᠶᠢ ᠦᠨᠳᠦᠰᠦᠯᠡᠨ᠂ | ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠬᠦ ᠰᠢᠶᠠᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠬᠢᠲᠠᠳ ᠡᠮ ᠡᠮᠨᠡᠯᠭᠡ ᠶᠢᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢᠨ ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ᠶᠢᠨ ᠦᠨᠳᠦᠰᠦᠨ ᠡᠮ ᠡᠮᠨᠡᠯᠭᠡ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ᠦᠢᠯᠡᠳᠦᠯ ᠢ ᠪᠠᠳᠠᠷᠠᠭᠤᠯᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ | ᠭᠤᠷᠪᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ( ᠨᠢᠭᠡ ) ᠬᠢᠲᠠᠳ ᠡᠮ ᠡᠮᠨᠡᠯᠭᠡ ᠶᠢᠨ ᠠᠵᠢᠯ ᠢ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ ᠳᠤ ᠣᠷᠣᠭᠤᠯᠤᠨ᠎ᠠ᠃ ( ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ) | ( ᠬᠤᠶᠠᠷ ) ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠪᠠᠶᠢᠭᠤᠯᠵᠤ᠂ ᠬᠢᠲᠠᠳ ᠡᠮ ᠡᠮᠨᠡᠯᠭᠡ ᠶᠢᠨ | ᠬᠥᠭᠵᠢᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠵᠣᠬᠢᠴᠠᠭᠤᠯᠵᠤ ᠰᠢᠢᠳᠪᠦᠷᠢᠯᠡᠨ᠂ ᠬᠢᠲᠠᠳ ᠡᠮ | ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠶᠠᠨ ᠤ ᠬᠢᠲᠠᠳ ᠡᠮ ᠡᠮᠨᠡᠯᠭᠡ ᠶᠢᠨ ᠠᠵᠢᠯ ᠤᠨ ᠰᠠᠯᠠᠭ᠎ᠠ ᠮᠥᠴᠢᠷ | ᠠᠯᠤᠰᠯᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠲᠡᠭᠦᠯᠳᠡᠷᠵᠢᠭᠦᠯᠵᠦ᠂ ᠪᠦᠬᠦ | ᠰᠢᠶᠠᠨ ᠤ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠲᠥᠯᠦᠪᠵᠢᠭᠦᠯᠭᠡ᠂ ᠪᠠᠷᠢᠮᠵᠢᠶ᠎ᠠ ᠲᠣᠭᠲᠠᠭᠠᠬᠤ᠂ ᠶᠠᠰᠤ ᠴᠢᠨᠠᠷ ᠤᠨ ᠬᠠᠮᠢᠶᠠᠷᠤᠯᠲᠠ ᠵᠡᠷᠭᠡ ᠠᠵᠢᠯ ᠢ | ᠰᠠᠶᠢᠲᠤᠷ ᠬᠢᠵᠦ᠂ ᠮᠠᠨ ᠤ ᠰᠢᠶᠠᠨ ᠤ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠰᠦᠯᠵᠢᠶ᠎ᠡ ᠨᠢ ᠪᠦᠷᠢᠨ ᠲᠡᠭᠦᠯᠳᠡᠷ᠂ ᠲᠥᠬᠦᠭᠡᠷᠦᠮᠵᠢ | ᠲᠥᠬᠦᠭᠡᠷᠦᠮᠵᠢ ᠨᠢ ᠪᠦᠷᠢᠨ ᠲᠡᠭᠦᠯᠳᠡᠷ᠂ ᠠᠵᠢᠯᠲᠠᠨ ᠤ ᠲᠣᠬᠢᠷᠠᠭᠤᠯᠤᠯᠲᠠ ᠨᠢ ᠵᠦᠢ ᠵᠣᠬᠢᠰᠲᠠᠢ᠂ ᠬᠠᠮᠢᠶᠠᠷᠤᠯᠲᠠ ᠨᠢ ᠵᠢᠷᠤᠮᠵᠢᠭᠤᠨ᠂ ᠬᠢᠲᠠᠳ ᠡᠮ ᠡᠮᠨᠡᠯᠭᠡ ᠶᠢ | ᠰᠡᠷᠭᠡᠶᠢᠯᠡᠨ ᠵᠠᠰᠠᠬᠤ ᠪᠠ ᠡᠷᠡᠭᠦᠯᠵᠢᠭᠦᠯᠬᠦ ᠶᠢ ᠠᠭᠤᠰᠤᠯᠳᠤᠭᠤᠯᠤᠨ ᠬᠥᠭᠵᠢᠭᠦᠯᠬᠦ ᠪᠦᠷᠢᠨ ᠪᠦᠲᠦᠨ ᠰᠢᠰᠲ᠋ᠧᠮ ᠪᠣᠯᠭᠠᠨ ᠪᠠᠶᠢᠭᠤᠯᠤᠨ᠎ᠠ᠃ ( ᠰᠢᠶᠠᠨ ᠤ ᠵᠠᠰᠠᠭ ᠤᠨ | ᠣᠷᠳᠣᠨ ᠤ ᠠᠯᠪᠠᠨ ᠭᠡᠷ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ) | ( ᠭᠤᠷᠪᠠ ) ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠲᠥᠰᠥᠯ ᠢ | ᠲᠣᠭᠲᠠᠭᠠᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠣᠨ ᠤ ᠲᠥᠯᠥᠪᠯᠡᠭᠡ ᠲᠠᠢ᠂ ᠪᠠᠶᠢᠷᠢᠯᠠᠭᠤᠯᠤᠯᠲᠠ ᠲᠠᠢ᠂ ᠪᠠᠶᠢᠴᠠᠭᠠᠯᠲᠠ ᠲᠠᠢ᠂ | ᠬᠢᠨᠠᠨ ᠰᠢᠯᠭᠠᠯᠲᠠ ᠲᠠᠢ᠂ ᠳ᠋ᠦᠩᠨᠡᠯᠲᠡ ᠲᠠᠢ ᠪᠠᠶᠢᠬᠤ ᠬᠡᠷᠡᠭᠲᠡᠢ᠃ ( ᠰᠢᠶᠠᠨ ᠤ ᠡᠷᠡᠭᠦᠯ ᠬᠠᠮᠠᠭᠠᠯᠠᠯ ᠵᠥᠪᠯᠡᠯ ) | ( ᠳᠥᠷᠪᠡ ) ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠰᠠᠨᠠᠭᠤᠯᠭ᠎ᠠ ᠪᠠ | ᠵᠠᠭᠠᠯᠳᠤᠯᠭ᠎ᠠ ᠶᠢᠨ ᠲᠠᠪᠴᠠᠩ ᠢ ᠰᠠᠭᠠᠳ ᠦᠭᠡᠢ ᠨᠠᠪᠲᠠᠷᠡᠭᠦᠯᠵᠦ ᠡᠭᠦᠳᠦᠨ ᠪᠠᠶᠢᠭᠤᠯᠵᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠬᠢᠨᠠᠨ | ᠬᠠᠷᠭᠤᠭᠤᠯᠵᠤ ᠰᠢᠢᠳᠪᠦᠷᠢᠯᠡᠨ᠎ᠡ᠃ ᠣᠯᠠᠨ ᠲᠦᠮᠡᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡ ᠳᠤ ᠬᠠᠨᠤᠮᠵᠢᠲᠠᠶ ᠪᠠᠶᠢᠬᠤ ᠨᠣᠷᠮ᠎ᠠ 90 %᠃ ( ᠰᠢᠶᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠵᠥᠪᠯᠡᠯ ) | ( ᠲᠠᠪᠤ ) ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠬᠤ᠃ ( ᠰᠢᠶᠠᠨ ᠤ ᠣᠷᠣᠨ ᠲᠣᠭᠠᠨ ᠤ ᠠᠯᠪᠠᠨ ᠭᠡᠷ ) | ( ᠵᠢᠷᠭᠤᠭ᠎ᠠ ) ᠲᠤᠰ ᠰᠢᠶᠠᠨ ᠤ ᠬᠢᠲᠠᠳ ᠡᠮ ᠡᠮᠨᠡᠯᠭᠡ ᠶᠢᠨ ᠬᠢᠲᠠᠳ᠂ ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠪᠠ | ᠬᠥᠮᠥᠵᠢᠭᠦᠯᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠨ᠎ᠠ᠃ ᠦᠨᠳᠦᠰᠦᠨ ᠱᠠᠲᠤᠨ ᠳᠤ ᠤᠷᠲᠤ ᠬᠤᠭᠤᠴᠠᠭ᠎ᠠ ᠪᠠᠷ ᠦᠢᠯᠡᠴᠢᠯᠡᠬᠦ ᠬᠢᠲᠠᠳ ᠡᠮᠨᠡᠯᠭᠡ ᠶᠢᠨ | ᠡᠮᠴᠢ ᠶᠢᠨ ᠲᠤᠰᠢᠶᠠᠯ ᠤᠨ ᠴᠣᠯᠠ ᠳᠡᠪᠰᠢᠬᠦ ᠨᠥᠬᠦᠴᠡᠯ ᠢ ᠠᠭᠤᠵᠢᠭᠤ ᠲᠠᠯᠪᠢᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠲᠤᠰ | ᠰᠢᠶᠠᠨ ᠤ ᠥᠨᠳᠥᠷ ᠨᠠᠰᠤᠲᠠᠢ ᠬᠢᠲᠠᠳ ᠡᠮᠴᠢ ᠶᠢᠨ ᠱᠠᠪᠢ ᠳᠠᠭᠠᠭᠤᠯᠬᠤ ᠳᠦᠷᠢᠮ ᠢ ᠪᠠᠶᠢᠭᠤᠯᠵᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠰᠢᠯᠢᠳᠡᠭ ᠪᠠ | ᠲᠡᠷᠢᠭᠦᠨ ᠤ ᠬᠢ ᠶᠢ ᠰᠢᠯᠭᠠᠷᠠᠭᠤᠯᠬᠤ ᠵᠡᠷᠭᠡ ᠲᠠᠢ ᠬᠤᠯᠪᠣᠭᠳᠠᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠪᠠ | ᠠᠯᠪᠠᠨ ᠠᠴᠠ ᠪᠠᠶᠢᠭᠤᠯᠤᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠠᠯᠢᠩ ᠬᠥᠯᠥᠰᠦ ᠶᠢᠨ ᠳᠦᠷᠢᠮ ᠢ | ᠲᠡᠭᠦᠯᠳᠡᠷᠵᠢᠭᠦᠯᠦᠨ᠎ᠡ᠃ ᠠᠵᠢᠯ ᠠᠴᠠ ᠪᠠᠨ ᠪᠠᠭᠤᠵᠤ ᠠᠮᠠᠷᠠᠭᠰᠠᠨ ᠬᠢᠲᠠᠳ ᠡᠮᠴᠢ ᠨᠠᠷ ᠤᠨ ᠦᠨᠳᠦᠰᠦᠨ ᠱᠠᠲᠤᠨ ᠳᠤ ᠣᠴᠢᠵᠤ ᠦᠢᠯᠡᠴᠢᠯᠡᠬᠦ ᠪᠠ ᠣᠯᠠᠨ | ᠭᠠᠵᠠᠷ ᠲᠤ ᠠᠵᠢᠯ ᠡᠷᠬᠢᠯᠡᠬᠦ ᠶᠢ ᠵᠣᠷᠢᠭᠵᠢᠭᠤᠯᠤᠨ᠎ᠠ᠃ ( ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ) | ︵ᠲᠤᠯᠤᠭ᠎ᠠ︶ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠲᠤᠰ ᠰᠢᠶᠠᠨ ᠤ ᠪᠠᠨ ᠬᠢᠲᠠᠳ ᠡᠮ ᠡᠮᠨᠡᠯᠭᠡ ᠶᠢᠨ ᠦᠢᠯᠡᠰ ᠤᠨ | ᠬᠥᠭᠵᠢᠯᠲᠡ ᠶᠢ ᠪᠠᠲᠤᠯᠠᠨ᠎ᠠ᠃ ᠦᠷᠭᠦᠯᠵᠢᠯᠡᠨ ᠲᠣᠭᠲᠠᠪᠤᠷᠢᠵᠢᠭᠰᠠᠨ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠣᠯᠠᠨ ᠡᠰᠢᠲᠦ ᠣᠷᠣᠭᠤᠯᠤᠯᠲᠠ ᠶᠢᠨ | ᠲᠣᠭᠲᠠᠴᠠ ᠪᠠ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠪᠠᠶᠢᠭᠤᠯᠵᠤ᠂ ᠰᠢᠶᠠᠨ ᠤ ᠱᠠᠲᠤᠨ ᠤ | ᠬᠢᠲᠠᠳ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠬᠤᠷᠢᠶ᠎ᠠ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠴᠢᠨᠠᠷ ᠰᠠᠶᠢᠲᠠᠢ ᠦᠢᠯᠡᠴᠢᠯᠡᠭᠡᠨ ᠤ ᠬᠠᠩᠭᠠᠯᠭ᠎ᠠ ᠶᠢ | ᠥᠷᠭᠡᠳᠬᠡᠨ᠂ ᠣᠷᠣᠨ ᠪᠦᠰᠡ ᠶᠢᠨ ᠳᠣᠲᠣᠷᠠᠬᠢ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ᠶᠢᠨ ᠲᠦᠷᠦᠯ ᠤᠨ ᠡᠮᠨᠡᠯᠭᠡ ᠶᠢᠨ ᠬᠤᠷᠢᠶ᠎ᠠ ᠵᠢᠴᠢ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ᠶᠢᠨ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ | ᠱᠠᠲᠤᠨ ᠤ ᠪᠠᠶᠢᠭᠤᠯᠤᠮᠵᠢ ᠶᠢᠨ ︽ᠬᠢᠲᠠᠳ ᠡᠮᠨᠡᠯᠭᠡ ᠶᠢᠨ ᠣᠷᠳᠣᠨ︾ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ | ᠦᠢᠯᠡᠴᠢᠯᠡᠭᠡ ᠪᠠᠷ ᠨᠡᠯᠢᠶᠡᠳ ᠰᠠᠶᠢᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠶᠢᠭᠤᠯᠤᠯᠲᠠ ᠳᠤ ᠵᠣᠬᠢᠰᠲᠠᠢ᠃ ︵ᠰᠢᠶᠠᠨ ᠤ ᠡᠳ᠋ ᠤᠨ ᠵᠠᠰᠠᠭ ᠤᠨ | ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠺᠣᠮᠢᠰ︶ | ︵ᠨᠠᠢᠮᠠ︶ ᠬᠢᠲᠠᠳ ᠡᠮ ᠡᠮᠨᠡᠯᠭᠡ ᠶᠢᠨ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ︽ᠳᠤᠮᠳᠠᠳᠤ ᠤᠯᠤᠰ ᠤᠨ ᠠᠷᠠᠳ ᠢᠷᠭᠡᠳ ᠤᠨ ᠬᠢᠲᠠᠳ | ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠬᠡᠪ ᠪᠣᠯᠪᠠᠰᠤᠷᠠᠯ︾᠂ ︽ᠡᠷᠡᠭᠦᠯ ᠮᠡᠨᠳᠦ ᠶᠢᠨ ᠬᠥᠮᠦᠵᠢᠯ ᠬᠢᠲᠠᠳ ᠡᠮ ᠡᠮᠨᠡᠯᠭᠡ ᠶᠢᠨ ᠦᠨᠳᠦᠰᠦᠨ ᠠᠭᠤᠯᠭ᠎ᠠ︾ | ᠪᠠ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠡᠷᠡᠭᠦᠯ ᠮᠡᠨᠳᠦ ᠶᠢᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠨ᠎ᠠ᠃ | ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠲᠠᠳ ᠡᠮ ᠡᠮᠨᠡᠯᠭᠡ ᠶᠢᠨ ᠲᠤᠬᠠᠢ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠢᠲᠠᠳ ᠡᠮ ᠡᠮᠨᠡᠯᠭᠡ ᠶᠢᠨ ᠪᠡᠶ᠎ᠡ | ᠰᠤᠪᠢᠯᠠᠯᠲᠠ ᠡᠷᠡᠭᠦᠯᠵᠢᠯ ᠤᠨ ᠮᠡᠳᠡᠯᠭᠡ ᠶᠢ ᠤᠯᠠᠮᠵᠢᠯᠠᠨ ᠳᠡᠯᠭᠡᠷᠡᠭᠦᠯᠬᠦ ᠶᠢ ᠴᠢᠩᠭᠠᠳᠬᠠᠨ ᠵᠢᠷᠤᠮᠵᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠢᠲᠠᠳ | ᠡᠮᠨᠡᠯᠭᠡ ᠶᠢ ᠮᠡᠳᠡᠬᠦ᠂ ᠬᠢᠲᠠᠳ ᠡᠮᠨᠡᠯᠭᠡ ᠶᠢ ᠢᠲᠡᠭᠡᠬᠦ᠂ ᠬᠢᠲᠠᠳ ᠡᠮᠨᠡᠯᠭᠡ ᠶᠢ ᠬᠡᠷᠡᠭᠯᠡᠬᠦ᠂ ᠬᠢᠲᠠᠳ ᠡᠮᠨᠡᠯᠭᠡ ᠶᠢ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠪᠤᠢ | ᠪᠣᠯᠭᠠᠨ᠎ᠠ᠃ ︵ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠬᠠᠮ ᠵᠠᠭᠤᠴᠢᠯᠠᠭᠤᠷ ᠤᠨ ᠲᠥᠪ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ︶ | ︵ᠶᠢᠰᠦ︶ ᠮᠠᠨ ᠤ ᠰᠢᠶᠠᠨ ᠤ ᠡᠮᠴᠢᠯᠡᠭᠡᠨ ᠤ ᠦᠢᠯᠡᠴᠢᠯᠡᠭᠡᠨ ᠤ ᠲᠥᠯᠦᠪᠵᠢᠭᠦᠯᠭᠡ ᠶᠢ ᠦᠨᠳᠦᠰᠦᠯᠡᠨ᠂ ᠰᠢᠶᠠᠨ ᠤ ᠬᠡᠪᠴᠢᠶᠡᠨ ᠤ ᠬᠢᠲᠠᠳ ᠡᠮᠨᠡᠯᠭᠡ ᠶᠢᠨ | ᠣᠨᠣᠰᠢᠯᠠᠨ ᠡᠮᠨᠡᠬᠦ ᠲᠥᠪ ᠪᠠ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠭᠠᠵᠠᠷ ᠤᠨ ᠲᠥᠯᠦᠪᠵᠢᠭᠦᠯᠭᠡ᠂ | ᠬᠢᠨᠠᠨ ᠵᠥᠪᠰᠢᠶᠡᠷᠡᠯ ᠢ ᠪᠠᠲᠤᠯᠠᠨ᠎ᠠ᠃︵ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠶᠠᠨ ᠤ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ | ᠦᠢᠯᠡᠴᠢᠯᠡᠭᠡᠨ ᠤ ᠲᠥᠪ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ︵ᠠᠷᠪᠠ︶ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠤᠨ᠎ᠠ᠃ ᠰᠢᠶᠠᠨ ᠤ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ | ᠲᠡᠮᠵᠢᠨ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠯᠦᠪᠵᠢᠭᠦᠯᠭᠡ ᠶᠢ ᠲᠣᠭᠲᠠᠭᠠᠵᠤ᠂ | ᠬᠤᠳᠠ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠢ ᠵᠣᠬᠢᠶᠠᠨ ᠪᠠᠶᠢᠭᠤᠯᠤᠨ | ᠮᠡᠳᠡᠭᠦᠯᠵᠦ ᠰᠢᠶᠠᠨ ᠤ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠢ ᠵᠣᠬᠢᠶᠠᠨ ᠪᠠᠶᠢᠭᠤᠯᠵᠤ᠂ ᠲᠤᠰ ᠰᠢᠶᠠᠨ ᠤ ᠪᠠᠨ ᠬᠢᠲᠠᠳ | ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ | ᠪᠣᠯᠣᠨ ᠬᠢᠲᠠᠳ ᠡᠮ ︵ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠺᠣᠮᠢᠰ︶ | ︵ᠠᠷᠪᠠᠨ ᠨᠢᠭᠡ︶ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠢᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠣᠰ ᠰᠢᠶᠠᠨ ᠤ ᠬᠡᠪᠴᠢᠶᠡᠨ ᠳᠠᠬᠢ ᠢᠯᠡᠳᠲᠡ ᠡᠮᠴᠢᠯᠡᠭᠡᠨ ᠤ ᠲᠤᠰᠠ ᠪᠠ | ᠥᠪᠡᠷ ᠤᠨ ᠥᠷᠲᠡᠭ ᠤᠨ ᠳᠠᠪᠠᠭᠤᠯᠢᠭ ᠲᠠᠢ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠢ ᠲᠤᠰᠬᠠᠢ ᠣᠷᠣᠨ ᠬᠤᠲᠠ ᠪᠠ ᠮᠤᠵᠢ ᠶᠢᠨ ᠱᠠᠲᠤᠨ ᠤ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠪᠠᠷ ᠭᠤᠶᠤᠴᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ | ᠰᠤᠳᠤᠯᠤᠯᠲᠠ ᠬᠢᠵᠦ᠂ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠦᠨ᠎ᠡ ᠥᠷᠲᠡᠭ ᠲᠠᠢ ᠦᠢᠯᠡᠴᠢᠯᠡᠭᠡᠨ ᠤ ᠲᠥᠷᠥᠯ ᠵᠦᠢᠯ ᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠵᠦᠢ ᠵᠣᠬᠢᠰᠲᠠᠢ ᠰᠠᠨᠠᠭᠤᠯᠭ᠎ᠠ ᠶᠢ ᠳᠤᠷᠠᠳᠤᠨ᠎ᠠ᠃ ︵ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ | ᠲᠤᠪᠴᠢᠶ᠎ᠠ﹀ | ︵ᠠᠷᠪᠠᠨ ᠬᠤᠶᠠᠷ︶ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠢ ᠲᠦᠯᠬᠢᠨ ᠠᠬᠢᠭᠤᠯᠵᠤ᠂ ᠬᠢᠲᠠᠳ ᠡᠮ | ᠡᠮᠨᠡᠯᠭᠡ ᠶᠢᠨ ᠰᠣᠶᠣᠯ ᠰᠤᠷᠭᠠᠨ ᠬᠥᠮᠦᠵᠢᠯ ᠤᠨ ᠠᠭᠤᠯᠭ᠎ᠠ ᠪᠠ ᠠᠵᠢᠯᠯᠠᠭᠠᠨ ᠤ ᠬᠡᠯᠪᠡᠷᠢ ᠶᠢ ᠪᠠᠶᠠᠯᠢᠭᠵᠢᠭᠤᠯᠤᠨ᠂ ᠰᠢᠶᠠᠨ ᠤ ᠬᠢᠲᠠᠳ ᠡᠮ ᠡᠮᠨᠡᠯᠭᠡ ᠶᠢᠨ ᠰᠣᠶᠣᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠵᠣᠬᠢᠶᠠᠨ ᠪᠠᠶᠢᠭᠤᠯᠵᠤ᠂ ᠬᠢᠲᠠᠳ ᠡᠮ ᠡᠮᠨᠡᠯᠭᠡ ᠶᠢᠨ ᠰᠣᠶᠣᠯ ᠢ ᠳᠤᠮᠳᠠᠳᠤ ᠶᠢᠨ ᠤᠯᠠᠮᠵᠢᠯᠠᠯᠲᠤ | ᠰᠣᠶᠣᠯ ᠤᠨ ᠬᠢᠴᠢᠶᠡᠯ ᠳᠤ ᠣᠷᠣᠭᠤᠯᠵᠤ᠂ ᠵᠠᠯᠠᠭᠤᠴᠤᠳ ᠪᠠᠭᠠᠴᠤᠳ ᠤᠨ ᠬᠢᠲᠠᠳ ᠡᠮ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠮᠡᠳᠡᠯᠭᠡ ᠶᠢ | ᠣᠶᠢᠯᠠᠭᠠᠬᠤ ᠶᠢ ᠠᠬᠢᠭᠤᠯᠵᠤ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠤᠨ᠎ᠠ᠃ ︵ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ ᠤ ᠡᠷᠡᠭᠦᠯ | ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ︶ | ︵ᠠᠷᠪᠠᠨ ᠭᠤᠷᠪᠠ︶ ᠰᠢᠶᠠᠨ ᠤ ᠬᠢᠲᠠᠳ ᠡᠮ ᠡᠮᠨᠡᠯᠭᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠳᠡᠮᠵᠢᠵᠦ᠂ ᠡᠯ᠎ᠡ ᠱᠠᠲᠤᠨ ᠤ | ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢᠨ ᠰᠠᠭᠤᠷᠢ ᠨᠥᠬᠦᠴᠡᠯ ᠵᠦ᠋ᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠮᠡᠳᠡᠭᠡ ᠵᠠᠩᠭᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠰᠢᠶᠠᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ᠶᠢᠨ ᠮᠡᠳᠡᠭᠡ᠃ ︵ | ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠠᠷᠪᠠᠨ ᠳᠥᠷᠪᠡ︶ ᠰᠢᠶᠠᠨ ᠤ ᠬᠡᠪᠴᠢᠶᠡᠨ ᠤ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠬᠢᠲᠠᠳ ᠡᠮ ᠤᠨ ᠨᠠᠶᠢᠷᠠᠯᠲᠠ ᠶᠢᠨ ᠬᠥᠭᠵᠢᠯᠲᠡ ᠶᠢ ᠳᠡᠮᠵᠢᠵᠦ᠂ | ᠳᠡᠯᠭᠡᠷᠡᠭᠦᠯᠦᠨ ᠬᠡᠷᠡᠭᠯᠡᠬᠦ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠶᠠᠰᠤ ᠴᠢᠨᠠᠷ ᠲᠤ ᠬᠢᠨᠠᠯᠲᠠ ᠬᠠᠮᠢᠶᠠᠷᠤᠯᠲᠠ ᠬᠢᠨ᠎ᠡ᠃ ᠨᠥᠬᠦᠴᠡᠯ ᠲᠠᠢ ᠰᠢᠶᠠᠩ ᠪᠠᠯᠭᠠᠰᠤ ᠪᠣᠯᠣᠨ | ᠲᠣᠰᠬᠤᠨ ᠳᠤ ᠥᠪᠡᠰᠦᠪᠡᠨ ᠲᠡᠭᠦᠵᠦ ᠴᠤᠭᠯᠠᠭᠤᠯᠬᠤ᠂ ᠥᠪᠡᠰᠦᠪᠡᠨ ᠳᠠᠷᠢᠬᠤ᠂ ᠥᠪᠡᠰᠦᠪᠡᠨ ᠬᠡᠷᠡᠭᠯᠡᠬᠦ ᠬᠢᠲᠠᠳ ᠡᠮ ᠤᠨ ᠮᠠᠲ᠋ᠧᠷᠢᠶᠠᠯ ᠢ ᠥᠷᠨᠢᠭᠦᠯᠬᠦ ᠶᠢ | ᠰᠦᠪᠡᠭᠴᠢᠯᠡᠬᠦ ᠶᠢᠨ ᠬᠠᠮᠲᠤ᠂ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠵᠤ ᠵᠢᠷᠤᠮᠵᠢᠭᠰᠠᠨ ᠶᠠᠰᠤ ᠴᠢᠨᠠᠷ ᠤᠨ ᠬᠠᠮᠢᠶᠠᠷᠤᠯᠲᠠ ᠬᠢᠬᠦ ᠬᠡᠷᠡᠭᠲᠡᠢ᠃︵ᠰᠢᠶᠠᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | ︵ᠠᠷᠪᠠᠨ ᠲᠠᠪᠤ︶ ᠰᠢᠶᠠᠨ ᠤ ᠬᠢᠲᠠᠳ ᠡᠮ ᠡᠮᠨᠡᠯᠭᠡ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠶᠠᠨ ᠤ | ᠬᠡᠪᠴᠢᠶᠡᠨ ᠤ ᠬᠢᠲᠠᠳ ᠡᠮ ᠡᠮᠨᠡᠯᠭᠡ ᠶᠢᠨ ᠲᠤᠰᠬᠠᠢ ᠪᠠᠶᠢᠭᠤᠯᠤᠮᠵᠢ᠂ ᠬᠢᠲᠠᠳ ᠡᠮ ᠡᠮᠨᠡᠯᠭᠡ ᠶᠢᠨ ᠰᠣᠶᠣᠯ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ᠂ | ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠵᠡᠷᠭᠡ ᠶᠢ ᠬᠢᠲᠠᠳ ᠡᠮ ᠡᠮᠨᠡᠯᠭᠡ ᠶᠢᠨ ᠰᠣᠶᠣᠯ ᠡᠷᠡᠭᠦᠯ ᠮᠡᠨᠳᠦ ᠶᠢᠨ ᠠᠵᠤ ᠦᠢᠯᠡᠰ ᠯᠦᠭᠡ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠤᠨ᠎ᠠ᠃ ︵ᠰᠢᠶᠠᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ︶ | ︵ᠠᠷᠪᠠᠨ ᠵᠢᠷᠭᠤᠭ᠎ᠠ︶ ᠬᠢᠲᠠᠳ ᠡᠮ ᠤᠨ ᠬᠠᠮᠠᠭᠠᠯᠠᠯᠲᠠ ᠪᠠ ᠬᠥᠭᠵᠢᠯᠲᠡ ᠶᠢ ᠴᠢᠩᠭᠠᠳᠬᠠᠵᠤ᠂ ᠨᠥᠬᠦᠴᠡᠯ ᠲᠠᠢ ᠰᠤᠮᠤ ᠪᠠᠯᠭᠠᠰᠤ᠂ ᠲᠣᠰᠬᠤᠨ ᠤ ᠬᠢᠲᠠᠳ | ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠮᠢ ᠠᠬᠤᠶᠢᠵᠢᠭᠤᠯᠬᠤ᠂ ᠵᠢᠷᠤᠮᠵᠢᠭᠤᠯᠤᠨ ᠳᠠᠷᠢᠬᠤ ᠪᠠ ᠲᠤᠬᠠᠢ ᠶᠢᠨ | ᠭᠠᠵᠠᠷ ᠲᠠᠢ ᠪᠠᠨ ᠲᠣᠬᠢᠷᠠᠯᠴᠠᠭᠰᠠᠨ ᠬᠢᠲᠠᠳ ᠡᠮ ᠤᠨ ᠮᠠᠲ᠋ᠧᠷᠢᠶᠠᠯ ᠢ ᠥᠷᠨᠢᠭᠦᠯᠬᠦ ᠶᠢ ᠵᠣᠷᠢᠭᠵᠢᠭᠤᠯᠵᠤ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠬᠢᠲᠠᠳ ᠡᠮ ᠡᠮᠨᠡᠯᠭᠡ ᠶᠢᠨ ᠦᠢᠯᠡᠰ᠂ ᠠᠵᠤ ᠦᠢᠯᠡᠰ ᠤᠨ | ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠭᠤᠯᠭ᠎ᠠ ᠪᠣᠯᠭᠠᠨ᠎ᠠ᠃ ︵ᠰᠢᠶᠠᠨ ᠰᠤᠮᠤ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶ | ︵ᠠᠷᠪᠠᠨ ᠳᠣᠯᠤᠭ᠎ᠠ︶ ᠤᠯᠠᠮᠵᠢᠯᠠᠯᠲᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠷᠡᠬᠦᠢ ᠨᠢᠳᠤᠷᠭ᠎ᠠ᠂ ᠪᠠ ᠳ᠋ᠤᠸᠠᠨ | ᠶᠢᠨ ᠵᠡᠷᠭᠡ ᠪᠡᠶ᠎ᠡ ᠰᠤᠪᠢᠯᠠᠵᠤ ᠡᠷᠡᠭᠦᠯᠵᠢᠯ ᠤᠨ ᠠᠷᠭ᠎ᠠ ᠶᠢ ᠶᠡᠬᠡᠪᠡᠷ ᠲᠦᠭᠡᠮᠡᠯᠵᠢᠭᠦᠯᠦᠨ ᠳᠡᠯᠭᠡᠷᠡᠭᠦᠯᠦᠨ᠎ᠡ᠃ ︵ᠰᠢᠶᠠᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ᠂ ᠡᠯ᠎ᠡ ᠰᠣᠮᠣ ᠪᠠᠯᠭᠠᠰᠤ ︵ᠬᠡᠷᠡᠭ ᠡᠷᠬᠢᠯᠡᠬᠦ ᠭᠠᠵᠠᠷ︶︶ | ︵ᠠᠷᠪᠠᠨ ᠨᠠᠢᠮᠠ︶ ᠬᠢᠲᠠᠳ ᠡᠸᠦ᠋ᠷᠦᠫᠡ ᠡᠮᠨᠡᠯᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠶᠠᠨ ᠤ ᠡᠯ᠎ᠡ ᠵᠦᠢᠯ ᠤᠨ ᠬᠢᠲᠠᠳ ᠡᠮ ᠡᠮᠨᠡᠯᠭᠡ ᠶᠢᠨ | ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠰᠢᠶᠠᠨ ᠤ ᠬᠢᠲᠠᠳ ᠡᠮ ᠡᠮᠨᠡᠯᠭᠡ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ | ᠲᠥᠯᠦᠪᠵᠢᠭᠦᠯᠭᠡ ᠶᠢ ᠲᠣᠭᠲᠠᠭᠠᠵᠤ᠂ ᠬᠢᠲᠠᠳ ᠡᠮ ᠡᠮᠨᠡᠯᠭᠡ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠲᠠᠳ ᠡᠮ | ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠰᠢᠩᠭᠡᠬᠡᠨ ᠠᠪᠴᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠪᠠᠶᠢᠭᠤᠯᠤᠯᠲᠠ᠂ ᠠᠵᠢᠯᠲᠠᠨ ᠲᠣᠬᠢᠷᠠᠭᠤᠯᠬᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠴᠢᠨᠠᠷ ᠰᠠᠶᠢᠲᠠᠢ ᠬᠥᠭᠵᠢᠯᠲᠡ ᠶᠢᠨ | ᠬᠠᠷᠠᠯᠲᠠ ᠶᠢ ᠠᠯᠬᠤᠮ ︵ᠰᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠤᠨ ᠲᠤᠪᠴᠢᠶ᠎ᠠ﹀ | ︵ᠠᠷᠪᠠ ᠶᠢᠰᠦ︶ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠨᠢ ᠪᠦᠷᠢᠨ ᠲᠡᠭᠦᠯᠳᠡᠷ ᠪᠠᠶᠢᠵᠤ᠂ ᠮᠢᠩᠭᠠᠨ | ᠬᠥᠮᠥᠨ ᠠᠮᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ᠂ ᠮᠢᠩᠭᠠᠨ ᠪᠠᠶᠢᠩᠭᠤ ᠰᠠᠭᠤᠭ᠎ᠠ ᠬᠥᠮᠥᠨ ᠠᠮᠠ ᠨᠢᠭᠡᠪᠦᠷᠢ ᠶᠢᠨ | ᠠᠵᠢᠯ ᠡᠷᠭᠢᠯᠡᠬᠦ ︵ᠲᠤᠰᠠᠯᠠᠬᠤ︶ ᠡᠮᠴᠢ ᠶᠢᠨ ᠲᠤᠭ᠎ᠠ ᠪᠠ ᠳᠠᠩᠰᠠᠯᠠᠭᠤᠯᠤᠭᠰᠠᠨ ᠰᠤᠪᠢᠯᠠᠭᠴᠢ ᠶᠢᠨ ᠲᠤᠭ᠎ᠠ᠂ ᠮᠢᠩᠭᠠᠨ ᠪᠠᠶᠢᠩᠭᠤ ᠰᠠᠭᠤᠭ᠎ᠠ ᠬᠥᠮᠥᠨ ᠠᠮᠠ | ᠨᠢᠭᠡᠪᠦᠷᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯᠲᠠᠨ ᠤ ᠲᠤᠭ᠎ᠠ᠂ ᠲᠦᠮᠡᠨ ᠪᠠᠶᠢᠩᠭᠤ ᠰᠠᠭᠤᠭ᠎ᠠ ᠬᠥᠮᠥᠨ ᠠᠮᠠ ᠨᠢᠭᠡᠪᠦᠷᠢ ᠶᠢᠨ ᠶᠡᠷᠦᠩᠬᠡᠢ | ᠰᠠᠯᠠᠭᠠᠨ ᠤ ᠡᠮᠴᠢ ᠶᠢᠨ ᠲᠤᠭ᠎ᠠ᠂ ᠡᠮᠴᠢ ᠰᠤᠪᠢᠯᠠᠭᠴᠢ ᠶᠢᠨ ᠬᠠᠷᠢᠴᠠᠯ᠂ ᠬᠢᠲᠠᠳ ᠡᠮ ᠡᠮᠨᠡᠯᠭᠡ ᠶᠢᠨ ᠠᠵᠢᠯᠲᠠᠨ ᠤ ᠡᠵᠡᠯᠡᠬᠦ ᠬᠠᠷᠢᠴᠠᠯ ᠵᠡᠷᠭᠡ ᠭᠦᠢᠴᠡᠳᠬᠡᠯ ᠲᠤᠭ᠎ᠠ | ᠨᠢ ᠪᠠᠶᠢᠭ᠎ᠠ ᠭᠠᠵᠠᠷ ᠤᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠦᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ᠬᠤᠲᠠ | ᠬᠥᠳᠡᠭᠡ ᠶᠢᠨ ᠲᠦᠮᠡᠨ ᠰᠠᠭᠤᠭᠠᠯᠢ ᠠᠷᠠᠳ ᠪᠦᠷᠢ ᠳᠤ 0.6 ︱ 0.8 ᠬᠢᠷᠢ ᠲᠡᠩᠴᠡᠭᠰᠡᠨ ᠬᠢᠲᠠᠳ ᠡᠮᠨᠡᠯᠭᠡ ᠶᠢᠨ ᠲᠥᠷᠥᠯ ᠢᠯᠭᠠᠯ ᠤᠨ ᠶᠡᠷᠦᠩᠬᠡᠢ ᠰᠠᠯᠠᠭᠠᠨ ᠤ | ᠡᠮᠴᠢ ᠲᠠᠢ ᠪᠣᠯᠭᠠᠨ᠎ᠠ᠃ ︵ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠤᠨ | ᠲᠤᠪᠴᠢᠶ᠎ᠠ﹀ | ︵ᠬᠤᠷᠢ︶ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ᠂ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ᠂ | ᠠᠮᠤᠷ ᠲᠠᠶᠢᠪᠤᠩ ᠰᠤᠪᠢᠯᠠᠬᠤ ᠵᠡᠷᠭᠡ ᠦᠢᠯᠡᠴᠢᠯᠡᠭᠡᠨ ᠳᠤ ᠬᠢᠲᠠᠳ ᠡᠮ ᠡᠮᠨᠡᠯᠭᠡ ᠶᠢᠨ ᠠᠷᠭ᠎ᠠ ᠶᠢ ᠠᠭᠤᠰᠬᠠᠨ ᠣᠷᠣᠭᠤᠯᠤᠨ᠎ᠠ᠃ ︵ᠰᠢᠶᠠᠨ ᠤ ᠠᠷᠠᠳ ᠤᠨ | ᠶᠠᠪᠤᠳᠠᠯ ᠤᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠤᠨ ᠺᠣᠮᠢᠰ︶ | ︵ᠬᠤᠷᠢᠨ ᠨᠢᠭᠡ︶ ᠪᠤᠰᠤᠳ ᠬᠢᠲᠠᠳ ᠡᠮ ᠡᠮᠨᠡᠯᠭᠡ ᠶᠢᠨ ᠦᠢᠯᠡᠴᠢᠯᠡᠭᠡ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠬᠢᠨᠠᠯᠲᠠ ᠲᠠᠯᠪᠢᠵᠤ ᠬᠢᠨᠠᠨ ᠰᠢᠯᠭᠠᠬᠤ ᠵᠢᠴᠢ ᠴᠢᠳᠠᠪᠤᠷᠢ ᠶᠢ ᠳᠡᠭᠡᠭᠰᠢᠯᠡᠭᠦᠯᠬᠦ᠂ ᠣᠯᠠᠨ ᠲᠦᠮᠡᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ | ᠬᠠᠨᠤᠮᠵᠢ ᠶᠢᠨ ᠨᠣᠷᠮ᠎ᠠ ᠪᠠ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠬᠦ ᠵᠡᠷᠭᠡ ᠬᠠᠮᠢᠶ᠎ᠠ ᠪᠦᠬᠦᠢ ᠠᠵᠢᠯ ︵ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ︶ | ᠳᠥᠷᠪᠡ᠂ ᠠᠵᠢᠯ ᠤᠨ ᠠᠯᠬᠤᠮ ᠳᠠᠷᠠᠭ᠎ᠠ ᠵᠢᠴᠢ ᠴᠠᠭ ᠤᠨ ᠲᠣᠬᠢᠷᠠᠭᠤᠯᠤᠯᠲᠠ | ︵ᠨᠢᠭᠡ︶ ᠪᠡᠯᠡᠳᠬᠡᠬᠦ ᠱᠠᠲᠤ ᠦᠶ᠎ᠡ ︵2022 ᠣᠨ ᠤ 7 ᠳ᠋ᠤᠭᠠᠷ ᠰᠠᠷ᠎ᠠ︶᠃ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ ᠬᠠᠮᠢᠶᠠᠷᠤᠯᠲᠠ ᠶᠢᠨ ᠠᠷᠭ᠎ᠠ ᠪᠠ ᠪᠦᠲᠦᠭᠡᠨ ᠪᠠᠶᠢᠭᠤᠯᠬᠤ ᠪᠠᠷᠢᠮᠵᠢᠶ᠎ᠠ︾ ᠲᠠᠢ | ᠬᠠᠷᠢᠴᠠᠭᠤᠯᠤᠨ᠂ ᠮᠠᠨ ᠤ ᠰᠢᠶᠠᠨ ᠤ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠢ ᠳ᠋ᠦᠩᠨᠡᠬᠦ ᠪᠠ ᠥᠪᠡᠷ ᠢ ᠪᠠᠨ ᠦᠨᠡᠯᠡᠵᠦ᠂ ᠵᠥᠷᠢᠶ᠎ᠡ ᠶᠢ ᠨᠢ | ᠡᠷᠢᠵᠦ᠂ ᠴᠡᠭᠴᠡᠯᠡᠨ ᠰᠠᠶᠢᠵᠢᠷᠠᠭᠤᠯᠬᠤ ᠲᠥᠰᠥᠯ ᠳᠤᠷᠠᠳᠤᠨ ᠭᠠᠷᠭᠠᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠ ᠠᠯᠪᠠᠨ ᠭᠡᠷ ᠢ ᠪᠠᠶᠢᠭᠤᠯᠤᠨ᠂ ᠡᠭᠦᠳᠦᠨ ᠪᠠᠶᠢᠭᠤᠯᠬᠤ ᠪᠠᠷᠢᠮᠵᠢᠶ᠎ᠠ ᠲᠠᠢ | ᠬᠠᠷᠢᠴᠠᠭᠤᠯᠤᠨ᠂ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠳᠣᠷᠣᠭᠰᠢ ᠪᠠᠭᠤᠯᠭᠠᠵᠤ᠂ ᠬᠠᠷᠠᠯᠲᠠ ᠪᠠᠨ ᠲᠣᠳᠣᠷᠬᠠᠶᠢᠯᠠᠨ᠂ ᠠᠵᠢᠯ ᠤᠨ | ᠬᠤᠪᠢᠶᠠᠷᠢᠯᠠᠯ ᠢ ᠨᠠᠶᠢᠳᠠᠪᠤᠷᠢᠵᠢᠭᠤᠯᠤᠨ᠎ᠠ᠃ ᠦᠶᠤᠸᠠᠨ ᠰᠢᠶᠠᠨ ᠤ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ | ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠵᠤ᠂ ᠡᠭᠦᠳᠦᠨ ᠪᠠᠶᠢᠭᠤᠯᠬᠤ ᠠᠵᠢᠯ ᠢ ᠪᠠᠶᠢᠷᠢᠯᠠᠭᠤᠯᠵᠤ᠂ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠬᠠᠷᠠᠯᠲᠠ᠂ ᠠᠯᠬᠤᠮ ᠳᠠᠷᠠᠭ᠎ᠠ | ᠵᠢᠴᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ | ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠰᠢᠶᠠᠨ᠂ ᠰᠣᠮᠣ ︵ᠪᠠᠯᠭᠠᠰᠤ︶ ᠬᠤᠶᠠᠷ ᠱᠠᠲᠤᠨ ᠤ ᠵᠠᠰᠠᠭ ᠤᠨ ᠣᠷᠳᠣᠨ ᠤ ᠠᠵᠢᠯ ᠤᠨ ᠬᠠᠷᠠᠯᠲᠠ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠤᠨ᠎ᠠ᠃ | ︵ᠬᠤᠶᠠᠷ︶ ᠬᠡᠷᠡᠭᠵᠢᠭᠦᠯᠬᠦ ᠱᠠᠲᠤ ᠦᠶ᠎ᠡ ︵2022 ᠣᠨ ᠤ 8 ᠰᠠᠷ᠎ᠠ ︱ 2022 ᠣᠨ ᠤ 10 ᠰᠠᠷ᠎ᠠ︶᠃ ᠪᠥᠬᠦ ᠤᠯᠤᠰ ᠤᠨ ᠦᠨᠳᠦᠰᠦᠨ | ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠤᠳᠤᠷᠢᠳᠤᠯᠭ᠎ᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠡᠭᠦᠳᠦᠨ ᠪᠠᠶᠢᠭᠤᠯᠬᠤ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠣᠰᠣᠭᠠᠷ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠵᠦ᠂ ᠳᠡᠪᠲᠡᠷᠯᠡᠭᠰᠡᠨ ᠮᠠᠲ᠋ᠧᠷᠢᠶᠠᠯ ᠢ ᠡᠮᠬᠢᠯᠡᠵᠦ ᠳᠡᠪᠲᠡᠷᠯᠡᠬᠦ | ᠠᠵᠢᠯ ᠢ 10 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠭᠦᠳᠦᠨ ᠪᠠᠶᠢᠭᠤᠯᠬᠤ ᠠᠯᠪᠠᠨ | ᠭᠡᠷ ᠲᠤ ᠮᠡᠳᠡᠭᠦᠯᠦᠨ᠎ᠡ᠃ ᠡᠭᠦᠨ ᠤ ᠬᠠᠮᠲᠤ ᠡᠭᠦᠳᠦᠨ ᠪᠠᠶᠢᠭᠤᠯᠬᠤ ᠠᠵᠢᠯ ᠤᠨ ᠡᠳᠦᠷ ᠲᠤᠲᠤᠮ ᠤᠨ ᠵᠢᠯᠣᠭᠤᠳᠤᠯᠭ᠎ᠠ ᠪᠠ ᠰᠢᠮᠳᠠᠭᠤᠯᠤᠯ ᠢ ᠴᠢᠩᠭᠠᠳᠬᠠᠵᠤ᠂ ᠬᠢᠨᠠᠨ | ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠦᠨᠡᠯᠡᠨ ᠵᠢᠱᠢᠵᠦ ᠰᠢᠯᠭᠠᠨ ᠠᠪᠬᠤ ᠱᠠᠲᠤ ᠦᠶ᠎ᠡ ︵2022 ᠣᠨ ᠤ 11 ᠳ᠋ᠦ᠋ᠭᠡᠷ ᠰᠠᠷ᠎ᠠ ︱ 2022 ᠣᠨ ᠤ 12 ᠳ᠋ᠤᠭᠠᠷ ᠰᠠᠷ᠎ᠠ︶᠃ | ᠮᠠᠨ ᠤ ᠰᠢᠶᠠᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ | ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠰᠠᠭᠤᠳᠠᠯ ᠢ ᠡᠷᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠰᠤᠳᠤᠯᠤᠭᠰᠠᠨ ᠤ ᠳᠠᠷᠠᠭ᠎ᠠ ᠳᠡᠭᠡᠳᠦ ᠱᠠᠲᠤᠨ ᠤ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ | ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠲᠠᠳ ᠡᠮ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠨ ᠤ ᠰᠢᠶᠠᠨ ᠤ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠰᠢᠯᠭᠠᠨ ᠪᠠᠶᠢᠴᠠᠭᠠᠪᠠ᠃ | ︵ᠳᠥᠷᠪᠡ︶ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤ ᠦᠶ᠎ᠡ ︵2023 ᠣᠨ ᠤ 1 ᠳ᠋ᠦ᠋ᠭᠡᠷ ᠰᠠᠷ᠎ᠠ ︱ 2024 ᠣᠨ ᠤ 12 ᠳ᠋ᠤᠭᠠᠷ | ᠰᠠᠷ᠎ᠠ︶᠃ ᠵᠢᠯ ᠤᠨ ᠮᠠᠲ᠋ᠧᠷᠢᠶᠠᠯ ᠢ ᠦᠷᠭᠦᠯᠵᠢᠯᠡᠨ ᠡᠮᠬᠢᠳᠬᠡᠨ ᠬᠤᠷᠢᠶᠠᠩᠭᠤᠶᠢᠯᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠦᠨᠡᠯᠡᠨ ᠵᠢᠱᠢᠵᠦ | ᠰᠢᠯᠭᠠᠨ ᠠᠪᠬᠤ ᠳᠤᠮᠳᠠ ᠢᠯᠡᠷᠡᠭᠦᠯᠦᠭᠰᠡᠨ ᠠᠰᠠᠭᠤᠳᠠᠯ ᠪᠣᠯᠣᠨ ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠲᠥᠰᠥᠯ | ᠳᠤᠷᠠᠳᠴᠤ᠂ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠦᠨ᠎ᠡ᠃ ᠰᠢᠶᠠᠨ ᠤ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠲᠤᠰᠬᠠᠢ | ᠮᠡᠷᠭᠡᠵᠢᠯᠲᠡᠨ ᠦᠨᠡᠯᠡᠨ ᠵᠢᠱᠢᠵᠦ ᠰᠢᠯᠭᠠᠨ ᠠᠪᠬᠤ ᠪᠠᠷᠢᠮᠵᠢᠶ᠎ᠠ ᠪᠠ ᠴᠡᠭᠴᠡᠯᠡᠨ ᠥᠭᠡᠷᠡᠴᠢᠯᠡᠬᠦ ᠲᠥᠰᠥᠯ ᠲᠠᠢ ᠬᠠᠷᠢᠴᠠᠭᠤᠯᠤᠨ ᠪᠠᠶᠢᠴᠠᠭᠠᠨ ᠵᠢᠯᠤᠭᠤᠳᠴᠤ᠂ ᠡᠯ᠎ᠡ | ᠵᠦᠢᠯ ᠤᠨ ᠭᠦᠢᠴᠡᠳᠬᠡᠯ ᠲᠤᠭ᠎ᠠ ᠶᠢ ᠡᠭᠦᠳᠦᠨ ᠪᠠᠶᠢᠭᠤᠯᠬᠤ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠬᠢᠲᠠᠳ ᠡᠮ | ᠡᠮᠨᠡᠯᠭᠡ ᠶᠢᠨ ᠬᠠᠮᠢᠶ᠎ᠠ ᠪᠦᠬᠦᠢ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠴᠠᠭᠠᠬᠤ ᠬᠤᠷᠢᠶ᠎ᠠ︾ ᠶᠢᠨ | ᠰᠤᠭᠤᠴᠢᠨ ᠪᠠᠶᠢᠴᠠᠭᠠᠬᠤ ᠶᠢ ᠤᠭᠲᠤᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠣᠮᠣ ᠪᠠᠯᠭᠠᠰᠤ᠂ ᠰᠢᠶᠠᠨ ᠤ ᠰᠢᠭᠤᠳ ᠬᠠᠷᠢᠶ᠎ᠠ | ᠬᠤᠯᠪᠣᠭᠳᠠᠯ ᠪᠦᠬᠦᠢ ᠨᠢᠭᠡᠴᠢ ᠨᠦᠭᠦᠳ ᠪᠦᠬᠦ ᠰᠢᠶᠠᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠲᠤᠬᠠᠢ | ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠪᠦᠬᠦ ᠰᠢᠶᠠᠨ ᠤ ᠬᠢᠲᠠᠳ ᠡᠮ ᠡᠮᠨᠡᠯᠭᠡ ᠶᠢᠨ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ | ᠲᠥᠯᠦᠪᠵᠢᠭᠦᠯᠭᠡ ᠳᠤ ᠣᠷᠣᠭᠤᠯᠵᠤ᠂ ᠪᠦᠬᠦ ᠰᠢᠶᠠᠨ ᠤ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ | | ︵ᠬᠤᠶᠠᠷ︶ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠡᠯ᠎ᠡ ᠰᠤᠮᠤ ᠪᠠᠯᠭᠠᠰᠤ᠂ ᠰᠢᠶᠠᠨ ᠤ ᠰᠢᠭᠤᠳ | ᠬᠠᠷᠢᠶ᠎ᠠ ᠬᠤᠯᠪᠣᠭᠳᠠᠯ ᠪᠦᠬᠦᠢ ᠨᠢᠭᠡᠴᠢ ᠨᠦᠭᠦᠳ ᠬᠠᠷᠢᠯᠴᠠᠨ ᠬᠠᠮᠵᠢᠯᠴᠠᠵᠤ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ | ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠨᠢ ᠡᠭᠦᠳᠦᠨ ᠪᠠᠶᠢᠭᠤᠯᠬᠤ ᠠᠵᠢᠯ ᠤᠨ ᠭᠤᠣᠯ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠢᠲᠠᠳ ᠡᠮ ᠡᠮᠨᠡᠯᠭᠡ ᠶᠢᠨ ᠠᠵᠢᠯ ᠳᠤ | ᠨᠢᠭᠡᠳᠦᠯᠲᠡᠢ ᠲᠥᠯᠦᠪᠵᠢᠭᠦᠯᠭᠡ ᠶᠢ ᠬᠡᠷᠡᠭᠵᠢᠭᠦᠯᠵᠦ᠂ ᠪᠠᠶᠢᠩᠭᠤ ᠶᠢᠨ ᠴᠢᠨᠠᠷᠲᠠᠢ ᠪᠠᠷ ᠰᠢᠮᠳᠠᠭᠤᠯᠬᠤ ᠪᠠ ᠵᠢᠯᠤᠭᠤᠳᠬᠤ ᠶᠢ ᠥᠷᠨᠢᠭᠦᠯᠬᠦ ᠬᠡᠷᠡᠭᠲᠡᠢ᠃ ᠰᠢᠶᠠᠨ ᠤ | ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠨᠦᠭᠦᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠡᠯ᠎ᠡ ᠵᠦᠢᠯ ᠤᠨ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ | ︵ᠭᠤᠷᠪᠠ︶ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠤᠯᠤᠰ᠂ ᠲᠣᠭᠤᠷᠢᠭ᠂ ᠬᠤᠳᠠ ᠶᠢᠨ ᠬᠤᠯᠪᠣᠭᠳᠠᠯ ᠪᠦᠬᠦᠢ | ᠬᠢᠲᠠᠳ ᠡᠮ ᠡᠮᠨᠡᠯᠭᠡ ᠶᠢᠨ ᠠᠵᠢᠯ ᠤᠨ ᠴᠢᠭᠯᠡᠯᠲᠡ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠪᠦᠬᠦ ᠤᠯᠤᠰ ᠤᠨ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠭᠤᠣᠯ ᠰᠡᠳᠦᠪ ᠲᠠᠢ ᠤᠶᠠᠯᠳᠤᠭᠤᠯᠤᠨ᠂ ᠬᠢᠲᠠᠳ ᠡᠮ ᠡᠮᠨᠡᠯᠭᠡ ᠶᠢᠨ | ᠥᠭᠡᠷᠡᠴᠢᠯᠡᠯᠲᠡ ᠪᠠ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠤᠨ᠎ᠠ᠃ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ | ᠬᠢᠲᠠᠳ ᠡᠮ ᠡᠮᠨᠡᠯᠭᠡ ᠶᠢᠨ ᠠᠵᠢᠯ ᠤᠨ ᠤᠬᠠᠭᠤᠯᠭ᠎ᠠ ᠶᠢᠨ ᠰᠠᠭᠤᠷᠢᠨ ᠭᠠᠵᠠᠷ ᠪᠠᠶᠢᠭᠤᠯᠵᠤ᠂ ᠬᠢᠲᠠᠳ ᠡᠮ ᠡᠮᠨᠡᠯᠭᠡ ᠶᠢᠨ ᠮᠡᠳᠡᠯᠭᠡ ᠶᠢ ᠢᠳᠡᠪᠬᠢᠲᠡᠢ ᠪᠠᠷ | ᠲᠦᠭᠡᠮᠡᠯᠵᠢᠭᠦᠯᠦᠨ᠂ ᠬᠢᠲᠠᠳ ᠡᠮ ᠡᠮᠨᠡᠯᠭᠡ ᠶᠢᠨ ᠰᠣᠶᠣᠯ ᠤᠨ ᠠᠭᠤᠯᠤᠭᠳᠠᠬᠤᠨ᠂ ᠬᠢᠲᠠᠳ ᠡᠮ ᠡᠮᠨᠡᠯᠭᠡ ᠶᠢᠨ ᠡᠪᠡᠳᠴᠢᠨ ᠢ ᠰᠡᠷᠭᠡᠶᠢᠯᠡᠨ ᠡᠪᠡᠳᠴᠢᠨ ᠵᠠᠰᠠᠬᠤ | ᠣᠨᠣᠯᠵᠢᠬᠤᠨ᠂ ᠮᠡᠳᠡᠯᠭᠡ ᠪᠣᠯᠣᠨ ᠦᠢᠯᠡᠳᠦᠯ ᠢ ᠤᠬᠠᠭᠤᠯᠵᠤ᠂ ᠠᠷᠠᠳ ᠤᠯᠠᠨ ᠤ ᠬᠢᠲᠠᠳ ᠡᠮ ᠡᠮᠨᠡᠯᠭᠡ ᠶᠢ ᠠᠰᠢᠭᠯᠠᠨ ᠡᠪᠡᠳᠴᠢᠨ ᠢ ᠰᠡᠷᠭᠡᠶᠢᠯᠡᠨ ᠡᠪᠡᠳᠴᠢᠨ | ᠵᠠᠰᠠᠬᠤ᠂ ᠥᠪᠡᠷ ᠢ ᠪᠠᠨ ᠡᠷᠡᠭᠦᠯᠵᠢᠭᠦᠯᠬᠦ ᠦᠵᠡᠯ ᠤᠬᠠᠮᠰᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | |