ᠦᠶᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2022 ᠣᠨ ᠤ 2 ᠳ᠋ᠤᠭᠠᠷ ᠬᠤᠭᠤᠴᠠᠭ᠎ᠠ
ᠨᠡᠶᠢᠲᠡᠯᠡᠭᠰᠡᠨ ᠴᠠᠭ᠄
2022/8/31
                    ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ  ᠤ ᠠᠯᠪᠠᠨ ᠭᠡᠷ      ︽ᠦᠶᠤᠸᠠᠨ ᠰᠢᠶᠠᠨ ᠤ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯᠰᠢᠶᠠᠨ ᠤ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠬᠠᠮᠲᠤᠷᠠᠭᠰᠠᠨ ᠬᠤᠷᠠᠯᠳᠤᠭᠠᠨ ᠤ ᠪᠦᠷᠢᠯᠳᠦᠭᠦᠨ ᠨᠢᠭᠡᠴᠢ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠨᠢᠭᠡᠴᠢ ᠳᠤ᠄      ᠰᠢᠶᠠᠨ ᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠠᠳ᠂ ᠡᠳᠦᠭᠡ ︽ᠦᠶᠤᠸᠠᠨ ᠰᠢᠶᠠᠨ ᠤ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃                                    ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2022 ᠣᠨ ᠤ 4 ᠰᠠᠷ᠎ᠠ ᠶᠢᠨ 29 ᠤ ᠡᠳᠦᠷ      ᠦᠶᠤᠸᠠᠨ ᠰᠢᠶᠠᠨ ᠤ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠲᠥᠰᠥᠯ      ᠨᠢᠭᠡ᠂ ᠶᠡᠷᠦᠩᠬᠡᠢ ᠱᠠᠭᠠᠷᠳᠠᠯᠭ᠎ᠠ ᠪᠠ ᠦᠨᠳᠦᠰᠦᠨ ᠵᠠᠷᠴᠢᠮ      ᠨᠢᠭᠡᠳᠦᠯᠲᠡᠢ ᠨᠡᠭᠡᠭᠡᠯᠲᠡ ᠲᠠᠢ᠂ ᠥᠷᠢᠰᠦᠯᠳᠦᠭᠡᠨ ᠲᠠᠢ ᠡᠮᠬᠢ ᠳᠢᠭᠯᠢᠮ ᠲᠠᠢ ᠵᠠᠬ᠎ᠠ ᠳᠡᠯᠭᠡᠭᠦᠷ ᠤᠨ ᠰᠢᠰᠲ᠋ᠧᠮ ᠢ ᠲᠦᠷᠭᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯᠯᠠᠭ᠎ᠠ  ᠶᠢ ᠡᠷᠬᠡ ᠲᠡᠭᠰᠢ ᠥᠷᠢᠰᠦᠯᠳᠦᠭᠡᠨ ᠤ ᠱᠠᠭᠠᠷᠳᠠᠯᠭ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠦᠯᠬᠦ ᠶᠢ ᠪᠠᠲᠤᠯᠠᠵᠤ᠂ ᠭᠤᠣᠯᠴᠢ ᠪᠠᠷ ᠥᠷᠢᠰᠦᠯᠳᠦᠬᠦ ᠡᠮᠬᠢ ᠵᠢᠷᠤᠮ ᠢ ᠬᠠᠮᠠᠭᠠᠯᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠦᠢᠯᠡᠳᠪᠦᠷᠢᠯᠡᠯ ᠤᠨ ᠡᠯᠧᠮᠧᠨ᠋ᠲ ᠢ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠬᠦᠷᠳᠡᠬᠦ ᠶᠢ ᠪᠠᠲᠤᠯᠠᠵᠤ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠬᠥᠭᠵᠢᠭᠡᠵᠦ᠂ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ ᠬᠥᠭᠵᠢᠭᠦᠯᠬᠦ ᠪᠠ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠢ ᠬᠦᠨᠳᠦᠳᠬᠡᠬᠦ᠂ ᠥᠷᠢᠰᠦᠯᠳᠦᠭᠡᠨ ᠢ ᠲᠡᠷᠢᠭᠦᠨ ᠳᠤ ᠲᠠᠯᠪᠢᠬᠤ᠂ ᠪᠦᠬᠦ ᠲᠠᠯ᠎ᠠ ᠳᠤ ᠰᠠᠭᠤᠷᠢᠯᠠᠬᠤ᠂ ᠨᠢᠭᠡᠳᠦᠯᠲᠡᠢ ᠲᠥᠯᠥᠪᠯᠡᠵᠦ ᠨᠡᠶᠢᠳᠡ ᠳᠤᠨᠢ ᠬᠠᠷᠠᠭᠠᠯᠵᠠᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠠᠯᠬᠤᠮ ᠬᠤᠪᠢᠶᠠᠨ ᠬᠡᠷᠡᠭᠵᠢᠭᠦᠯᠬᠦ᠂ ᠬᠠᠤᠯᠢ ᠶᠣᠰᠣᠭᠠᠷ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠶᠢ ᠴᠢᠩᠭᠠᠳᠬᠠᠬᠤ ᠦᠨᠳᠦᠰᠦᠨ ᠵᠠᠷᠴᠢᠮ ᠢ ᠪᠠᠷᠢᠮᠲᠠᠯᠠᠨ᠎ᠠ᠃      ᠬᠤᠶᠠᠷ᠂ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠭᠤᠯᠭ᠎ᠠ      ︵ᠨᠢᠭᠡ︶ ᠬᠢᠨᠠᠨ ᠪᠠᠶᠢᠴᠠᠭᠠᠭᠳᠠᠬᠤ ᠡᠲᠡᠭᠡᠳ᠃ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ  ᠲᠠᠢ ᠵᠣᠬᠢᠶᠠᠨ ᠪᠠᠶᠢᠭᠤᠯᠤᠯᠲᠠ ︵ᠳᠣᠷᠣᠭᠰᠢ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠭᠡᠵᠦ ᠲᠣᠪᠴᠢᠯᠠᠨ᠎ᠠ︶ ᠠᠴᠠ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠠᠵᠢᠯᠯᠠᠭ᠎ᠠ ᠶᠢᠨ ᠵᠢᠷᠤᠮᠵᠢᠯ᠂ ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠵᠠᠰᠠᠭ ᠤᠨ ᠣᠷᠳᠣᠨ ᠤ ᠳᠦᠷᠢᠮ ᠲᠣᠭᠲᠠᠭᠠᠯ᠂ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠪᠤᠰᠤᠳ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ  ᠶᠢ ᠲᠣᠭᠲᠠᠭᠠᠨ᠎ᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠥᠰᠥᠯ ᠵᠡᠷᠭᠡ ᠶᠢ ᠴᠥᠮ ᠲᠤᠭᠤᠷᠪᠢᠨ ᠪᠢᠴᠢᠬᠦ ᠶᠠᠪᠤᠴᠠ ᠳᠤ ᠡᠷᠬᠡ ᠲᠡᠭᠰᠢ ᠪᠠᠷ ᠥᠷᠢᠰᠦᠯᠳᠦᠨ ᠥᠪᠡᠷ ᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠢ᠂ ᠥᠪᠡᠷ ᠤᠨ ᠬᠢᠨᠠᠨ ᠪᠠᠶᠢᠴᠠᠭᠠᠯᠲᠠ ᠬᠢᠭᠰᠡᠨ ᠦᠭᠡᠢ ᠪᠠᠶᠢᠪᠠᠯ᠂ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ ᠪᠣᠯᠬᠤ ᠦᠭᠡᠢ᠃      ︵ᠬᠤᠶᠠᠷ︶ ᠬᠢᠨᠠᠨ ᠪᠠᠶᠢᠴᠠᠭᠠᠬᠤ ᠠᠷᠭ᠎ᠠ ᠮᠠᠶ᠋ᠢᠭ᠃ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠᠶᠢᠭᠤᠯᠭ᠎ᠠ ᠨᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠠᠪᠤᠴᠠ ᠳᠤ᠂ ᠬᠢᠨᠠᠨ ᠪᠠᠶᠢᠴᠠᠭᠠᠬᠤ ᠪᠠᠷᠢᠮᠵᠢᠶ᠎ᠠ ᠲᠠᠢ ᠴᠢᠩᠭ᠎ᠠ ᠬᠠᠷᠢᠴᠠᠭᠤᠯᠤᠨ ᠥᠪᠡᠷ ᠢ ᠪᠠᠨ ᠬᠢᠨᠠᠨ ᠪᠠᠶᠢᠴᠠᠭᠠᠬᠤ ᠬᠡᠷᠡᠭᠲᠡᠢ᠃ ᠬᠢᠨᠠᠨ ᠪᠠᠶᠢᠴᠠᠭᠠᠭᠠᠳ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠦᠷ᠎ᠡ ᠳ᠋ᠦᠩ ᠦᠭᠡᠢ ᠭᠡᠵᠦ ᠦᠵᠡᠪᠡᠯ ᠬᠡᠷᠡᠭᠵᠢᠭᠦᠯᠵᠦ ᠪᠣᠯᠣᠨ᠎ᠠ᠃ ᠥᠷᠢᠰᠦᠯᠳᠦᠭᠡᠨ ᠢ ᠠᠷᠢᠯᠭᠠᠬᠤ᠂ ᠬᠢᠵᠠᠭᠠᠷᠯᠠᠬᠤ ᠦᠷ᠎ᠡ ᠪᠦᠲᠦᠮᠵᠢ ᠲᠠᠢ ᠪᠠᠶᠢᠪᠠᠯ᠂ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠤ ᠳᠠᠷᠠᠭ᠎ᠠ ᠨᠡᠶᠢᠲᠡᠯᠡᠬᠦ ᠦᠭᠡᠢ ᠪᠤᠶᠤ ᠲᠣᠬᠢᠷᠠᠭᠤᠯᠤᠯᠲᠠ ᠬᠢᠬᠦ ᠶᠢᠨ ᠬᠠᠮᠲᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠨᠡᠶᠢᠭᠡᠮ ᠳᠤ ᠢᠯᠡ ᠪᠣᠯᠭᠠᠨ᠎ᠠ᠃      ︵ᠭᠤᠷᠪᠠ︶ ᠬᠢᠨᠠᠨ ᠪᠠᠶᠢᠴᠠᠭᠠᠬᠤ ᠪᠠᠷᠢᠮᠵᠢᠶ᠎ᠠ᠃ ︽ᠭᠤᠥᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ︵ᠤᠯᠤᠰ ᠤᠨ ᠪᠠ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠮᠣᠨᠣᠫᠣᠯᠢᠴᠢᠯᠠᠯ ᠢ ᠡᠰᠡᠷᠭᠦᠴᠡᠬᠦ ᠲᠣᠭᠲᠠᠭᠠᠯ ﹇2021﹈ 2 ᠳ᠋ᠤᠭᠠᠷ ᠲᠣᠭᠠᠲᠤ︶ ᠳᠤ ᠲᠣᠳᠣᠷᠬᠠᠶᠢᠯᠠᠭᠰᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠤᠬᠤᠷᠢᠨ ᠭᠠᠷᠬᠤ ᠪᠠᠷᠢᠮᠵᠢᠶ᠎ᠠ ᠶᠢ ᠴᠢᠩᠭ᠎ᠠ ᠵᠢᠷᠤᠮᠯᠠᠬᠤ ᠬᠡᠷᠡᠭᠲᠡᠢ᠃ ᠲᠠᠸᠠᠷ ᠪᠠ ᠡᠯᠧᠮᠧᠨ᠋ᠲ ᠤᠨ ᠴᠢᠯᠦᠭᠡᠲᠡᠢ ᠭᠦᠢᠯᠭᠡᠭᠡᠨ ᠤ ᠪᠠᠷᠢᠮᠵᠢᠶ᠎ᠠ᠃ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠦᠨᠦᠶᠢᠯᠡᠳᠪᠦᠷᠢᠯᠡᠯ ᠡᠵᠡᠩᠨᠡᠯᠲᠡ ᠶᠢ ᠨᠥᠯᠥᠭᠡᠯᠡᠬᠦ ᠠᠵᠢᠯᠯᠠᠭ᠎ᠠ ᠶᠢᠨ ᠪᠠᠷᠢᠮᠵᠢᠶ᠎ᠠ ᠪᠠ ᠣᠨᠴᠠᠭᠠᠶ ᠵᠦᠢᠯ ᠤᠨ ᠲᠣᠭᠲᠠᠭᠠᠯ ᠵᠡᠷᠭᠡ ᠶᠢ ᠬᠢᠨᠠᠨ ᠪᠠᠶᠢᠴᠠᠭᠠᠨ᠎ᠠ᠃      ᠭᠤᠷᠪᠠ᠂ ᠠᠵᠢᠯ ᠤᠨ ᠡᠭᠦᠷᠭᠡ ᠪᠣᠯᠣᠨ ᠭᠤᠣᠯ ᠠᠷᠭ᠎ᠠ ᠬᠡᠮᠵᠢᠶ᠎ᠡ      ︵ᠨᠢᠭᠡ︶ ᠥᠪᠡᠷ ᠢ ᠪᠠᠨ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠢᠨᠢᠭᠡ ᠳᠤ᠂ ᠡᠯ᠎ᠡ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠤᠭᠤᠳ ᠥᠪᠡᠷ ᠢ ᠪᠠᠨ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠭᠤᠴᠠᠯᠭᠠᠲᠤ ᠪᠠᠶᠢᠭᠤᠯᠤᠮᠵᠢ ᠪᠠ ᠬᠢᠨᠠᠨ ᠪᠠᠶᠢᠴᠠᠭᠠᠬᠤ ᠲᠠᠰ ᠳᠠᠷᠠᠭᠠᠯᠠᠯ ᠢ ᠲᠣᠳᠣᠷᠬᠠᠶᠢᠯᠠᠨ᠂ ᠥᠪᠡᠷ ᠢ ᠪᠠᠨ ᠬᠢᠨᠠᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠢ᠃ ᠬᠤᠶᠠᠷ ᠲᠤ᠂ ᠡᠯ᠎ᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠᠶᠢᠭᠤᠯᠭ᠎ᠠ ᠨᠤᠭᠤᠳ ᠬᠢᠨᠠᠨ ᠪᠠᠶᠢᠴᠠᠭᠠᠬᠤ ᠦᠨᠳᠦᠰᠦᠨ ᠶᠠᠪᠤᠴᠠ ᠲᠠᠢ ᠴᠢᠩᠭ᠎ᠠ ᠬᠠᠷᠢᠴᠠᠭᠤᠯᠤᠨ ᠬᠢᠨᠠᠨ ᠪᠠᠶᠢᠴᠠᠭᠠᠬᠤ ᠬᠡᠷᠡᠭᠲᠡᠢ ︵ᠳᠠᠭᠠᠯᠳᠤᠭᠤᠯᠤᠯ 1 ᠶᠢ ᠦᠵᠡᠭᠡᠷᠡᠢ︶᠃ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠬᠢᠨᠠᠨ ᠪᠠᠶᠢᠴᠠᠭᠠᠯᠲᠠ ᠬᠢᠵᠦ᠂ ᠲᠡᠭᠦᠨ ᠤ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠦᠵᠡᠭᠦᠯᠬᠦ ᠨᠥᠯᠥᠭᠡ ᠶᠢ ᠪᠥᠬᠦ ᠲᠠᠯ᠎ᠠ ᠪᠠᠷ ᠦᠨᠡᠯᠡᠨ ᠵᠢᠱᠢᠵᠦ᠂ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ ᠶᠢ ᠲᠠᠰᠤ ᠵᠣᠭᠰᠤᠭᠠᠬᠤ ᠬᠡᠷᠡᠭᠲᠡᠢ᠃ ᠭᠤᠷᠪᠠ ᠳᠤ᠂ ᠡᠯ᠎ᠡ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠲᠥᠪ ᠭᠤᠥᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠦᠶ᠎ᠡ ᠳᠤ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ᠂ ᠲᠤᠰᠬᠠᠢ ᠮᠡᠷᠭᠡᠵᠢᠯᠲᠡᠨ ᠡᠷᠳᠡᠮᠲᠡᠨ᠂ ᠬᠠᠤᠯᠢ ᠴᠠᠭᠠᠵᠠ ᠶᠢᠨ ᠵᠥᠪᠯᠡᠭᠴᠢ ᠪᠠ ᠲᠤᠰᠬᠠᠢ ᠪᠠᠶᠢᠭᠤᠯᠤᠮᠵᠢ ᠶᠢᠨ ᠰᠠᠨᠠᠯ ᠢ ᠰᠣᠨᠣᠰᠴᠤ᠂ ᠬᠡᠷᠡᠭᠴᠡᠭᠡ ᠲᠠᠢ ᠪᠣᠯ ᠰᠦᠯᠵᠢᠶᠡᠨ ᠳᠡᠭᠡᠷ᠎ᠡ ᠢᠯᠡ ᠪᠠᠷ ᠰᠠᠨᠠᠯ ᠬᠤᠷᠢᠶᠠᠬᠤ᠂ ᠶᠠᠷᠢᠯᠴᠠᠬᠤ ᠬᠤᠷᠠᠯ᠂ ᠨᠤᠲᠠᠯᠠᠯᠲᠠ ᠶᠢᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ ᠵᠡᠷᠭᠡ ᠣᠯᠠᠨ ᠵᠦᠢᠯ ᠤᠨ ᠬᠡᠯᠪᠡᠷᠢ ᠪᠠᠷ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ ᠬᠡᠷᠡᠭᠲᠡᠢ᠃ ᠳᠥᠷᠪᠡ ᠳᠤ᠂ ᠡᠯ᠎ᠡ ᠲᠦᠷᠤ ᠶᠢᠨ ᠪᠣᠳᠣᠯᠭ᠎ᠠ ᠲᠣᠭᠲᠠᠭᠠᠬᠤ ᠪᠠᠶᠢᠭᠤᠯᠤᠯᠭ᠎ᠠ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠥᠷᠨᠢᠭᠦᠯᠬᠦ ᠳᠡᠭᠡᠨ ︽ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠬᠦᠰᠦᠨᠦᠭᠲᠦ︾ ᠶᠢ ᠨᠠᠷᠢᠨ ᠬᠢᠨᠠᠮᠠᠭᠠᠢ ᠲᠠᠭᠯᠠᠵᠤ᠂ ᠲᠣᠳᠣᠷᠬᠠᠢ ᠪᠢᠴᠢᠭ ᠤᠨ ᠬᠢᠨᠠᠨ ᠪᠠᠶᠢᠴᠠᠭᠠᠯᠲᠠ ᠶᠢᠨ ᠦᠷ᠎ᠡ ᠳ᠋ᠦᠩ ᠢ ᠰᠢᠶᠠᠨ ᠤ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠲᠤ ᠮᠡᠳᠡᠭᠦᠯᠦᠨ ᠬᠦᠷᠭᠡᠵᠦ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠯᠭᠡᠭᠰᠡᠨ ᠤ ᠲᠠᠷᠠᠭ᠎ᠠ ᠳᠠᠷᠤᠮᠠᠯᠯᠠᠨ ᠲᠠᠷᠬᠠᠭᠠᠨ᠎ᠠ᠃      ︵ᠬᠤᠶᠠᠷ︶ ᠬᠢᠨᠠᠨ ᠪᠠᠶᠢᠴᠠᠭᠠᠬᠤ ᠭᠤᠣᠯ ᠴᠣᠭᠴᠠ ᠶᠢ ᠲᠣᠳᠣᠷᠬᠠᠶᠢᠯᠠᠨ᠎ᠠ      ︽ᠬᠡᠨ ᠲᠤᠭᠤᠷᠪᠢᠪᠠᠯ ᠲᠡᠷᠡ ᠬᠢᠨᠠᠨ ᠪᠠᠶᠢᠴᠠᠭᠠᠬᠤ︾ ᠵᠠᠷᠴᠢᠮ ᠤᠨ ᠶᠣᠰᠣᠭᠠᠷ᠂ ᠰᠢᠶᠠᠨ ᠤ ᠵᠠᠰᠠᠭ ᠤᠨ ᠣᠷᠳᠣᠨ ᠵᠢᠴᠢ ᠲᠡᠭᠦᠨ ᠤ ᠪᠦᠷᠢᠯᠳᠦᠭᠦᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠠᠪᠤᠴᠠ ᠳᠤ ᠥᠪᠡᠷ ᠤᠨ ᠪᠡᠶ᠎ᠡ ᠶᠢᠨ ᠬᠢᠨᠠᠨ ᠪᠠᠶᠢᠴᠠᠭᠠᠯᠲᠠ ᠶᠢ ᠴᠢᠩᠭ᠎ᠠ ᠬᠢᠵᠦ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠳᠠᠮᠵᠢᠬᠤ ᠦᠭᠡᠢ ᠪᠠᠷ ᠨᠡᠶᠢᠲᠡᠯᠡᠵᠦ ᠪᠣᠯᠬᠤ ᠦᠭᠡᠢ᠃ ᠣᠯᠠᠨ ᠰᠠᠯᠠᠭ᠎ᠠ ᠮᠥᠴᠢᠷ ᠤᠨ ᠬᠠᠮᠲᠤᠷᠠᠨ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠷᠢᠭᠤᠴᠠᠬᠤ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠰᠠᠯᠠᠭ᠎ᠠ ᠮᠥᠴᠢᠷ ᠲᠠᠢ ᠬᠠᠮᠵᠢᠯᠴᠠᠨ ᠣᠷᠣᠯᠴᠠᠵᠤ ᠪᠠᠶᠢᠭᠠᠳ ᠥᠪᠡᠷ ᠢ ᠪᠠᠨ ᠬᠢᠨᠠᠨ ᠪᠠᠶᠢᠴᠠᠭᠠᠬᠤ ᠬᠡᠷᠡᠭᠲᠡᠢ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠳᠠᠮᠵᠢᠭᠰᠠᠨ ᠦᠭᠡᠢ ᠪᠣᠯ ᠨᠡᠶᠢᠲᠡᠯᠡᠵᠦ ᠪᠣᠯᠬᠤ ᠦᠭᠡᠢ᠃      ︵ᠭᠤᠷᠪᠠ︶ ᠦᠯᠡᠳᠡᠭᠡᠯ ᠬᠡᠮᠵᠢᠶ᠎ᠡ ᠶᠢ ᠡᠮᠬᠢ ᠵᠢᠷᠤᠮ ᠲᠠᠢ ᠢᠯᠭᠠᠷᠠᠭᠤᠯᠤᠨ᠎ᠠ      ︽ᠬᠡᠨ ᠲᠣᠭᠲᠠᠭᠠᠭᠰᠠᠨ ᠪᠣᠯ ᠲᠡᠷᠡ ᠢᠯᠭᠠᠷᠠᠭᠤᠯᠬᠤ︾ ᠵᠠᠷᠴᠢᠮ ᠶᠣᠰᠣᠭᠠᠷ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠳᠤ ᠬᠤᠯᠪᠣᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠲᠠᠢ ᠤᠶᠠᠯᠳᠤᠭᠤᠯᠤᠨ᠂ ᠦᠯᠡᠳᠡᠭᠡᠯ ᠲᠥᠷᠥ ᠶᠢᠨ ᠪᠣᠳᠣᠯᠭ᠎ᠠ ᠶᠢ ᠢᠯᠭᠠᠷᠠᠭᠤᠯᠬᠤ ᠠᠵᠢᠯ ᠢ ᠥᠷᠨᠢᠭᠦᠯᠬᠦ ᠬᠡᠷᠡᠭᠲᠡᠢ᠃ ᠨᠢᠭᠡ ᠳᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠤᠰᠬᠠᠯ ᠨᠡᠯᠢᠶᠡᠳ ᠴᠢᠩᠭ᠎ᠠ᠂ ᠠᠰᠠᠭᠤᠳᠠᠯ ᠤᠨ ᠢᠯᠡᠷᠡᠯ ᠨᠡᠯᠢᠶᠡᠳ ᠲᠥᠪᠯᠡᠷᠡᠩᠭᠦᠢ᠂ ᠨᠥᠯᠥᠭᠡ ᠨᠡᠯᠢᠶᠡᠳ ᠲᠣᠪᠣᠶᠢᠮ᠎ᠠ ᠪᠠᠶᠢᠬᠤ ᠲᠣᠭᠲᠠᠭᠠᠯ ᠢ ᠠᠯᠢ ᠲᠦᠷᠭᠡᠨ ᠢᠶᠠᠷ ᠢᠯᠭᠠᠷᠠᠭᠤᠯᠤᠨ ᠲᠢᠭᠯᠡᠵᠦ ᠬᠦᠴᠦᠨ ᠦᠭᠡᠢ ᠪᠣᠯᠭᠠᠬᠤ ᠬᠡᠷᠡᠭᠲᠡᠢ᠃ ᠬᠤᠶᠠᠷ ᠲᠤ᠂ ᠭᠡᠷ᠎ᠡ ᠬᠡᠯᠡᠯᠴᠡᠭᠡᠷ ᠵᠡᠷᠭᠡ ᠬᠡᠯᠪᠡᠷᠢ ᠪᠠᠷ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠵᠢᠴᠢ ᠳᠠᠷᠤᠶᠢᠬᠠᠨ ᠳᠠᠭᠤᠰᠬᠠᠬᠤ ᠠᠴᠠ ᠪᠣᠯᠵᠤ ᠴᠢᠬᠤᠯᠠ ᠶᠡᠭᠡ ᠨᠡᠶᠢᠭᠡᠮ ᠤᠨ ᠨᠥᠯᠥᠭᠡ ᠭᠠᠷᠭᠠᠵᠤ ᠮᠡᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠵᠠᠷᠴᠢᠮ ᠳᠡᠭᠡᠷ᠎ᠡ ᠪᠠᠨ 6 ᠰᠠᠷ᠎ᠠ ᠶᠢᠨ ᠰᠢᠯᠵᠢᠯᠲᠡ ᠶᠢᠨ ᠬᠤᠭᠤᠴᠠᠭ᠎ᠠ ᠲᠣᠭᠲᠠᠭᠠᠵᠤ᠂ ᠴᠢᠬᠤᠯᠠ ᠪᠦᠬᠦᠢ ᠨᠠᠮᠳᠠᠭᠤᠯᠬᠤ ᠴᠠᠭ ᠦᠯᠡᠳᠡᠭᠡᠨ᠎ᠡ᠃ ᠭᠤᠷᠪᠠ ᠳᠤ᠂ ᠨᠢᠭᠡᠨᠲᠡ ᠬᠡᠷᠡᠭᠵᠢᠭᠦᠯᠦᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠥᠩᠭᠡᠷᠡᠭᠰᠡᠨ ᠢ ᠨᠡᠬᠡᠮᠵᠢᠯᠡᠬᠦ ᠦᠭᠡᠢ᠃      ︵ᠳᠥᠷᠪᠡ︶ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ      ᠭᠤᠥᠯᠴᠢ ᠥᠷᠢᠰᠦᠯᠳᠦᠭᠡᠨ ᠢᠶᠠᠷ ᠬᠢᠨᠠᠨ ᠪᠠᠶᠢᠴᠠᠭᠠᠭᠰᠠᠨ ᠤ ᠳᠠᠷᠠᠭ᠎ᠠ ᠨᠡᠶᠢᠲᠡᠯᠡᠭᠰᠡᠨ ᠪᠠᠶᠢᠪᠠᠯ᠂ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ ᠶᠢᠨ ᠬᠠᠮᠲᠤ ᠢᠯᠡ ᠨᠡᠶᠢᠲᠡᠯᠡᠭᠰᠡᠨ ᠤ ᠳᠠᠷᠠᠭ᠎ᠠ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠬᠦᠴᠦᠨ ᠦᠭᠡᠢ ᠪᠣᠯᠭᠠᠬᠤ ᠪᠤᠶᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃      ᠳᠥᠷᠪᠡ᠂ ᠪᠣᠳᠠᠲᠠᠢ ᠠᠯᠬᠤᠮ ᠳᠠᠷᠠᠭ᠎ᠠ      ︽ᠭᠤᠣᠯᠳᠠᠯᠭ᠎ᠠ ᠶᠢ ᠳᠣᠪᠤᠶᠢᠯᠭᠠᠬᠤ᠂ ᠠᠯᠬᠤᠮ ᠬᠤᠪᠢᠶᠠᠨ ᠬᠡᠷᠡᠭᠵᠢᠭᠦᠯᠬᠦ᠂ ᠡᠮᠬᠢ ᠵᠢᠷᠤᠮ ᠲᠠᠢ ᠲᠦᠯᠬᠢᠨ ᠠᠬᠢᠭᠤᠯᠬᠤ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠵᠠᠷᠴᠢᠮ ᠢ ᠵᠢᠷᠤᠮᠯᠠᠨ᠂ ᠦᠯᠡᠳᠡᠭᠡᠯ ᠴᠡᠪᠡᠷᠯᠡᠯᠲᠡ ᠬᠢᠭᠡᠳ ᠨᠡᠮᠡᠭᠳᠡᠯ ᠢ ᠬᠢᠨᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠬᠦᠷᠢᠶ᠎ᠡ ᠴᠠᠷᠠᠭ᠎ᠠ ᠶᠢ ᠢᠯᠭᠠᠷᠠᠭᠤᠯᠬᠤ ᠬᠢᠭᠡᠳ ᠡᠩ ᠤᠨ ᠠᠵᠢᠯ ᠲᠥᠷᠥᠯ᠂ ᠬᠦᠷᠢᠶ᠎ᠡ ᠴᠠᠷᠠᠭ᠎ᠠ ᠶᠢ ᠢᠯᠭᠠᠷᠠᠭᠤᠯᠬᠤ ᠶᠢ ᠬᠠᠷᠢᠯᠴᠠᠨ ᠤᠶᠠᠯᠳᠤᠭᠤᠯᠵᠤ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ 2022 ᠣᠨ ᠠᠴᠠ ᠡᠬᠢᠯᠡᠨ᠂ ᠰᠢᠶᠠᠨ ᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠡ ᠨᠦᠭᠦᠳ ᠭᠤᠣᠯᠴᠢ ᠥᠷᠢᠰᠦᠯᠳᠦᠭᠡᠨ ᠤ ᠨᠡᠮᠡᠭᠳᠡᠯ ᠤᠨ ᠬᠡᠮᠵᠢᠶ᠎ᠡ ᠶᠢ ᠬᠢᠨᠠᠨ ᠪᠠᠶᠢᠴᠠᠭᠠᠬᠤ ᠠᠵᠢᠯ ᠢ ᠪᠦᠬᠦ ᠲᠠᠯ᠎ᠠ  ᠪᠠᠷ ᠬᠡᠷᠡᠭᠵᠢᠭᠦᠯᠵᠦ᠂ ᠡᠭᠦᠨ ᠤ ᠬᠠᠮᠲᠤ ᠰᠢᠶᠠᠨ ᠤ ᠵᠠᠰᠠᠭ ᠤᠨ ᠣᠷᠳᠣᠨ ᠵᠢᠴᠢ ᠡᠯ᠎ᠡ ᠪᠦᠷᠢᠯᠳᠦᠭᠦᠨ ᠰᠠᠯᠠᠭ᠎ᠠ ᠮᠥᠴᠢᠷ ᠤᠨ 2020 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷᠬᠢ ᠬᠠᠳᠠᠭᠠᠯᠠᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠢᠯᠭᠠᠷᠠᠭᠤᠯᠤᠨ ᠳᠢᠭᠯᠡᠨ᠎ᠡ ︵ᠳᠠᠭᠠᠯᠳᠤᠭᠤᠯᠤᠯ 3 ᠶᠢ ᠦᠵᠡᠭᠡᠷᠡᠢ︶᠂ ᠵᠠᠰᠠᠭ ᠤᠨ ᠣᠷᠳᠣᠨ ᠤ ᠨᠡᠷ᠎ᠡ ᠪᠠᠷ ᠨᠡᠶᠢᠲᠡᠯᠡᠭᠰᠡᠨ ᠰᠢᠶᠠᠨ ᠤ ᠲᠥᠪ ᠭᠤᠥᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠢᠯᠭᠠᠷᠠᠭᠤᠯᠤᠨ ᠳᠢᠭᠯᠡᠵᠦ᠂ ᠰᠠᠯᠠᠭ᠎ᠠ ᠮᠥᠴᠢᠷ ᠤᠨ ᠨᠡᠷ᠎ᠡ ᠪᠠᠷ ᠨᠡᠶᠢᠲᠡᠯᠡᠭᠰᠡᠨ ᠪᠠᠶᠢᠪᠠᠯ ᠰᠠᠯᠠᠭ᠎ᠠ ᠮᠥᠴᠢᠷ ᠠᠴᠠ ᠥᠪᠡᠰᠦᠪᠡᠨ ᠢᠯᠭᠠᠷᠠᠭᠤᠯᠤᠨ ᠳᠢᠭᠯᠡᠬᠦ ᠶᠢᠨ ᠬᠠᠮᠲᠤ ᠢᠯᠭᠠᠷᠠᠭᠤᠯᠤᠨ ᠳᠢᠭᠯᠡᠭᠰᠡᠨ ᠦᠷ᠎ᠡ ᠳ᠋ᠦᠩ ᠵᠢᠴᠢ ᠴᠠᠭ ᠲᠤᠬᠠᠢ ᠳᠤᠨᠢ ᠰᠢᠶᠠᠨ ᠤ ᠲᠥᠪ ᠭᠤᠥᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠳ ︽ᠨᠢᠭᠡᠳᠦᠭᠡᠷ ᠭᠠᠷ ᠬᠠᠷᠢᠭᠤᠴᠠᠬᠤ ᠳᠦᠷᠢᠮ︾ ᠢ ᠬᠡᠷᠡᠭᠵᠢᠭᠦᠯᠵᠦ᠂ ᠲᠤᠰ ᠰᠠᠯᠠᠭ᠎ᠠ ᠮᠥᠴᠢᠷ ᠤᠨ ᠢᠶᠠᠨ ᠬᠢᠨᠠᠨ ᠪᠠᠶᠢᠴᠠᠭᠠᠬᠤ ᠪᠠ ᠢᠯᠭᠠᠷᠠᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠵᠣᠬᠢᠴᠠᠭᠤᠯᠤᠨ ᠲᠦᠯᠬᠢᠨ ᠠᠬᠢᠭᠤᠯᠬᠤ ᠬᠡᠷᠡᠭᠲᠡᠢ᠃ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠲᠤᠰᠬᠠᠢ ᠲᠤᠰᠢᠶᠠᠯᠲᠤ ᠠᠵᠢᠯᠲᠠᠨ ᠢ ᠴᠢᠩᠭ᠎ᠠ ᠲᠣᠬᠢᠷᠠᠭᠤᠯᠤᠨ᠂ ︽ᠨᠢᠭᠡᠳᠦᠯᠲᠡᠢ ᠲᠥᠯᠥᠪᠯᠡᠬᠦ᠂ ᠪᠠᠶᠢᠭᠤᠯᠤᠮᠵᠢ ᠲᠠᠢ᠂ ᠲᠤᠰᠬᠠᠢ ᠬᠥᠮᠥᠨ ᠲᠠᠢ︾ ᠠᠵᠢᠯ ᠤᠨ ᠵᠠᠭᠪᠤᠷ ᠢ ᠪᠣᠶ ᠪᠣᠯᠭᠠᠵᠤ᠂ ᠬᠢᠨᠠᠨ ᠪᠠᠶᠢᠴᠠᠭᠠᠬᠤ ᠪᠠ ᠢᠯᠭᠠᠷᠠᠭᠤᠯᠬᠤ ᠠᠵᠢᠯ ᠢ ᠠᠳᠬᠤᠬᠤ ᠬᠥᠮᠥᠨ ᠲᠠᠢ᠂ ᠬᠠᠮᠢᠶᠠᠷᠬᠤ ᠬᠥᠮᠥᠨ ᠲᠠᠢ᠂ ᠨᠠᠶᠢᠳᠠᠪᠤᠷᠢᠵᠢᠭᠤᠯᠬᠤ ᠬᠥᠮᠥᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠰᠠᠷ᠎ᠠ ᠶᠢᠨ ᠮᠡᠳᠡᠭᠦᠯᠦᠯᠲᠡ ᠶᠢᠨ ᠠᠵᠢᠯ ᠤᠨ ᠠᠬᠢᠴᠠ ︵ᠬᠦᠰᠦᠨᠦᠭ 4︶ ᠵᠢᠴᠢ ᠪᠤᠰᠤᠳ ᠠᠵᠢᠯ ᠤᠨ ᠮᠡᠳᠡᠭᠡ ᠵᠠᠩᠭᠢ ᠶᠢ ᠰᠢᠶᠠᠨ ᠤ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠰᠠᠷ᠎ᠠ ᠶᠢᠨ ᠮᠡᠳᠡᠭᠦᠯᠦᠯᠲᠡ ᠶᠢᠨ ᠠᠵᠢᠯ ᠤᠨ ᠠᠬᠢᠴᠠ ᠵᠢᠴᠢ ᠪᠤᠰᠤᠳ ᠠᠵᠢᠯ ᠤᠨ ᠮᠡᠳᠡᠭᠡ ᠵᠠᠩᠭᠢ ᠶᠢᠨ ᠡᠯᠧᠺᠲᠷᠣᠨ ᠬᠡᠪᠯᠡᠯ ᠢ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ ᠰᠢᠶᠠᠨ ᠤ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃      ︵ᠭᠤᠷᠪᠠ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠢ᠃ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠪᠥᠬᠦ ᠨᠡᠶᠢᠭᠡᠮ ᠤᠨ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠲᠠᠨᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ ᠪᠦᠬᠦ ᠰᠢᠶᠠᠨ ᠤ ᠭᠤᠣᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠤᠨ ᠠᠵᠢᠯ ᠢ ᠠᠬᠢᠭᠤᠯᠬᠤ ᠬᠤᠷᠠᠯ᠂ ᠲᠣᠬᠢᠷᠠᠭᠤᠯᠬᠤ ᠬᠤᠷᠠᠯ᠂ ᠪᠣᠯᠪᠠᠰᠤᠷᠠᠭᠤᠯᠬᠤ ᠬᠤᠷᠠᠯ ᠢ ᠴᠠᠭ ᠲᠤᠨᠢ ᠲᠣᠬᠢᠷᠠᠭᠤᠯᠤᠨ ᠬᠤᠷᠠᠯᠳᠤᠭᠤᠯᠵᠤ᠂ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠳᠤ ᠬᠠᠨᠳᠤᠯᠭᠠᠲᠤ ᠴᠢᠨᠠᠷᠲᠠᠢ ᠪᠠᠷ ᠲᠦᠷᠦ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠥᠷᠨᠢᠭᠦᠯᠵᠦ᠂ ᠬᠢᠨᠠᠨ ᠪᠠᠶᠢᠴᠠᠭᠠᠬᠤ ᠪᠠ ᠢᠯᠭᠠᠷᠠᠭᠤᠯᠤᠨ ᠲᠢᠭᠯᠡᠬᠦ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃      ︵ᠲᠠᠪᠤ︶ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠶᠢ ᠵᠥᠷᠢᠴᠡᠭᠰᠡᠨ ᠰᠡᠵᠢᠭᠯᠡᠯᠲᠡᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠶᠠᠮᠠᠷᠪᠠ ᠨᠢᠭᠡᠴᠡ ᠪᠠ ᠬᠤᠪᠢ ᠬᠥᠮᠥᠨ ᠢᠯᠡᠴᠢᠯᠡᠨ ᠮᠡᠳᠡᠭᠦᠯᠬᠦ ᠡᠷᠬᠡ ᠲᠠᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠶᠢ ᠵᠥᠷᠢᠴᠡᠭᠰᠡᠨ ᠰᠡᠵᠢᠭᠯᠡᠯᠲᠡᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠬᠤᠯᠪᠣᠭᠳᠠᠯ ᠪᠦᠬᠦᠢ ᠳᠡᠭᠡᠳᠦ ᠱᠠᠲᠤᠨ ᠤ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ ᠲᠡᠭᠦᠨ ᠢ ᠬᠠᠮᠵᠢᠨ ᠬᠠᠤᠯᠢ ᠶᠣᠰᠣᠭᠠᠷ ᠪᠠᠶᠢᠴᠠᠭᠠᠯᠲᠠ ᠬᠢᠬᠦ ᠬᠡᠷᠡᠭᠲᠡᠢ᠃ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠦᠭᠡᠢ ᠪᠤᠶᠤ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠪᠠᠷᠢᠮᠵᠢᠶ᠎ᠠ  ᠠᠴᠠ ᠵᠥᠷᠢᠴᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠭᠰᠡᠨ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠵᠠᠯᠠᠷᠠᠭᠤᠯᠤᠭᠰᠠᠨ ᠦᠭᠡᠢ ᠶᠢ ᠨᠢ ᠴᠢᠩᠭ᠎ᠠ ᠰᠢᠢᠳᠪᠦᠷᠢᠯᠡᠬᠦ ᠬᠡᠷᠡᠭᠲᠡᠢ᠃ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠪᠠᠶᠢᠪᠠᠯ᠂ ᠴᠠᠭ ᠲᠤᠬᠠᠢ ᠳᠤᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠬᠠᠤᠯᠢ ᠴᠠᠭᠠᠵᠠ ᠶᠢᠨ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ᠃ 
ᠢᠷᠡᠯᠲᠡ᠄ ᠲᠤᠰ ᠰᠦᠯᠵᠢᠶ᠎ᠡ