ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/14
       9 ᠳ᠋ᠦ᠋ᠭᠡᠷ ᠰᠠᠷ᠎ᠠ ᠶᠢᠨ 13 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠨᠡᠮᠡᠭᠳᠡᠪᠡ᠂ ᠴᠥᠮ ᠤᠯᠠᠭᠠᠨᠬᠠᠳᠠ ᠬᠤᠲᠠ ᠳᠤ ︵ᠰᠦᠩᠱᠠᠨ ᠲᠣᠭᠤᠷᠢᠭ ᠲᠤ 6᠂ ᠡᠭᠦᠨ ᠳᠤ 5 ᠵᠢᠱᠢᠶ᠎ᠡ ᠶᠢ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠪᠠᠶᠢᠴᠠᠭᠠᠨ ᠭᠠᠷᠭᠠᠪᠠ︔ ᠠᠷᠤ ᠬᠤᠷᠴᠢᠨ ᠬᠤᠰᠢᠭᠤᠨ ᠳᠤ 1᠂ ᠰᠠᠨᠠᠭᠠᠴᠢᠯᠠᠭ᠎ᠠ ᠠᠴᠠ ᠪᠠᠨ ᠡᠮᠴᠢᠯᠡᠭᠦᠯᠬᠦ ᠬᠥᠮᠥᠰ ᠤᠨ ᠳᠣᠲᠣᠷ᠎ᠠ ᠠᠴᠠ ᠢᠯᠡᠷᠡᠭᠦᠯᠵᠡᠢ︶ ᠪᠤᠢ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 11 ᠨᠡᠮᠡᠭᠳᠡᠵᠦ᠂ ᠡᠭᠦᠨ ᠳᠤ ᠤᠯᠠᠭᠠᠨᠬᠠᠳᠠ ᠬᠤᠲᠠ ᠳᠤ 3 ︵ᠰᠦᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 2᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︶᠂ ᠪᠠᠶᠠᠨᠨᠠᠭᠤᠷ ᠬᠤᠲᠠ ᠳᠤ 3 ︵ᠴᠥᠮ ᠯᠢᠨ ᠾᠧ ᠲᠣᠭᠤᠷᠢᠭ ᠲᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠪᠠ︶᠂ ᠠᠯᠠᠱᠠ ᠠᠶᠢᠮᠠᠭ ᠲᠤ 5 ︵ᠴᠥᠮ ᠴᠡᠭᠡ ᠪᠣᠭᠤᠮᠲᠠ ᠳᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠪᠠ︶ ᠪᠤᠢ᠃ ᠲᠤᠬᠠᠢ ᠶᠢᠨ ᠭᠠᠵᠠᠷ ᠤᠨ ᠲᠣᠳᠣᠯᠠᠭᠰᠠᠨ 4 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠦᠭᠰᠡᠨ ᠬᠥᠮᠥᠨ ᠲᠠᠢ ᠨᠢᠭᠲᠠ ᠣᠶᠢᠷᠠᠲᠤᠭᠴᠢ︶᠂ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 2 ︵ᠰᠢᠯᠢ ᠶᠢᠨ ᠬᠤᠲᠠ ᠳᠤ 1᠂ ᠡᠷᠢᠶᠡᠨ ᠬᠤᠲᠠ ᠳᠤ 1︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 6 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠤᠢ᠃      9 ᠳ᠋ᠦ᠋ᠭᠡᠷ ᠰᠠᠷ᠎ᠠ ᠶᠢᠨ 13 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 312 ᠪᠠᠶᠢᠵᠤ᠂ ᠡᠭᠦᠨ ᠳᠤ ᠬᠥᠬᠡᠬᠤᠲᠠ ᠳᠤ 3 ︵ᠴᠥᠮ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠪᠡ︶᠂ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 275 ︵ᠬᠤᠩᠱᠠᠨ ᠲᠣᠭᠤᠷᠢᠭ ᠲᠤ 6᠂ ᠰᠦᠩᠱᠠᠨ ᠲᠣᠭᠤᠷᠢᠭ ᠲᠤ 110᠂ ᠣᠩᠨᠢᠭᠤᠳ ᠬᠤᠰᠢᠭᠤᠨ ᠳᠤ 158᠂ ᠠᠷᠤ ᠬᠤᠷᠴᠢᠨ ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 32 ︵ᠰᠢᠯᠢ ᠶᠢᠨ ᠬᠤᠲᠠ ᠳᠤ 25᠂ ᠡᠷᠢᠶᠡᠨ ᠬᠤᠲᠠ ᠳᠤ 7︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 389 ᠪᠠᠶᠢᠵᠤ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠦᠭᠰᠡᠨ ᠬᠥᠮᠥᠨ ᠲᠠᠢ ᠨᠢᠭᠲᠠ ᠣᠶᠢᠷᠠᠲᠤᠭᠴᠢ︶᠂ ᠤᠯᠠᠭᠠᠨᠬᠠᠳᠠ ᠬᠤᠲᠠ ᠳᠤ 308 ︵ᠬᠤᠩᠱᠠᠨ ᠲᠣᠭᠤᠷᠢᠭ ᠲᠤ 9᠂ ᠰᠦᠩᠱᠠᠨ ᠲᠣᠭᠤᠷᠢᠭ ᠲᠤ 96᠂ ᠣᠩᠨᠢᠭᠤᠳ ᠬᠤᠰᠢᠭᠤᠨ ᠳᠤ 203︶᠂ ᠰᠢᠯᠢ ᠶᠢᠨ ᠭᠤᠣᠯ ᠠᠶᠢᠮᠠᠭ ᠲᠤ 47 ︵ᠰᠢᠯᠢ ᠶᠢᠨ ᠬᠤᠲᠠ ᠳᠤ 33᠂ ᠡᠷᠢᠶᠡᠨ ᠬᠤᠲᠠ ᠳᠤ 14︶᠂ ᠪᠠᠶᠠᠨᠨᠠᠭᠤᠷ ᠬᠤᠲᠠ ᠳᠤ 5 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 28 ︵ᠴᠥᠮ ᠴᠡᠭᠡ ᠪᠣᠭᠤᠮᠲᠠ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠪᠠᠶᠢᠵᠤ᠂ ᠴᠥᠮ ᠬᠥᠬᠡᠬᠤᠲᠠ ᠳᠤ ᠪᠤᠢ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ​