ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | ︽ᠦᠶᠤᠸᠠᠨ ᠰᠢᠶᠠᠨ ᠤ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ 2022 ᠣᠨ ᠤ ᠠᠵᠢᠯ ᠤᠨ ᠲᠥᠰᠥᠯ︾ | ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | 2021 ᠣᠨ ᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ 2022 ᠣᠨ ᠤ ᠬᠠᠲᠤᠨ ᠭᠤᠣᠯ ᠤᠨ ᠵᠠᠮ ᠤᠨ ᠬᠤᠯᠪᠣᠭᠳᠠᠯ | ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠠᠬᠢᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ | ᠦᠶᠤᠸᠠᠨ ᠰᠢᠶᠠᠨ ᠤ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ 2022 ᠣᠨ ᠤ ᠠᠵᠢᠯ ᠤᠨ ᠲᠥᠰᠥᠯ︾ ᠢ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2022 ᠣᠨ ᠤ 5 ᠰᠠᠷ᠎ᠠ ᠶᠢᠨ 27 ᠤ ᠡᠳᠦᠷ | ᠦᠶᠤᠸᠠᠨ ᠰᠢᠶᠠᠨ ᠤ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ 2022 ᠣᠨ ᠤ ᠠᠵᠢᠯ ᠤᠨ ᠲᠥᠰᠥᠯ | ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠦᠶᠤᠸᠠᠨ ᠰᠢᠶᠠᠨ ᠤ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ | ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ︾ ᠤᠨ ᠡᠯ᠎ᠡ ᠵᠦᠢᠯ ᠤᠨ ᠭᠤᠣᠯᠳᠠᠯᠭ᠎ᠠ ᠲᠠᠢ ᠴᠡᠭᠴᠡᠯᠡᠨ ᠵᠠᠰᠠᠬᠤ ᠡᠭᠦᠷᠭᠡ ᠵᠢᠴᠢ ᠭᠤᠣᠯ ᠪᠣᠯᠬᠤ ᠠᠷᠭ᠎ᠠ | ᠬᠡᠮᠵᠢᠶ᠎ᠡ ᠶᠢ ᠦᠨᠡᠨᠬᠦ ᠰᠠᠶᠢᠲᠤᠷ ᠠᠳᠬᠤᠬᠤ ᠶᠢᠨ ᠲᠤᠰᠠᠳᠠ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠴᠢᠬᠤᠯᠠ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠳᠥᠷᠪᠡᠨ ᠤᠬᠠᠮᠰᠠᠷ︾ ᠢ ᠴᠢᠩᠭᠠᠷᠠᠭᠤᠯᠬᠤ᠂ ︽ᠳᠥᠷᠪᠡᠨ ᠢᠲᠡᠭᠡᠯ︾ ᠢ | ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠪᠣᠳᠠᠲᠠᠢ ᠢᠯᠡᠷᠡᠯ ᠪᠣᠯᠭᠠᠵᠤ᠂ ᠡᠯ᠎ᠡ ᠵᠦᠢᠯ ᠤᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠴᠡᠭᠴᠡᠯᠡᠨ ᠵᠠᠰᠠᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠬᠤ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ | 2022 ᠣᠨ ᠤ ᠬᠠᠲᠤᠨ ᠭᠤᠣᠯ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ᠂ 2021 ᠣᠨ ᠤ ᠥᠨᠳᠥᠷ ᠡᠰᠢᠲᠦ ᠲᠠᠷᠢᠮᠠᠯ | ᠳᠠᠷᠢᠬᠤ ᠶᠢ ᠴᠠᠭᠠᠵᠠᠯᠠᠬᠤ ᠬᠦᠷᠢᠶ᠎ᠡ ᠬᠡᠪᠴᠢᠶ᠎ᠡ ︵ᠱᠤᠭᠤᠮ︶ ᠶᠢ ᠪᠠᠲᠤᠳᠬᠠᠨ ᠲᠣᠭᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ︽ᠲᠣᠭᠲᠠᠭᠤᠨ︾ ᠪᠠᠶᠢᠬᠤ ᠶᠢ | ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠣᠳᠣᠬᠢ ᠱᠠᠲᠤᠨ ᠤ ᠭᠤᠣᠯ ᠤᠨ ᠤᠷᠤᠰᠬᠠᠯ ᠤᠨ ᠰᠠᠵᠢᠯᠠᠯᠲᠠ ᠪᠠ ᠦᠶᠡᠷ | ᠵᠠᠯᠠᠬᠤ ᠠᠮᠤᠷ ᠲᠦᠪᠰᠢᠨ ᠵᠢᠴᠢ ᠤᠯᠠᠨ ᠲᠦᠮᠡᠨ ᠤ ᠳᠠᠭᠠᠭᠠᠬᠤ ᠴᠢᠳᠠᠪᠤᠷᠢ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠭᠤᠣᠯ ᠤᠨ ᠵᠠᠮ ᠢ ᠴᠡᠭᠴᠡᠯᠡᠨ | ᠵᠠᠰᠠᠬᠤ ᠲᠤᠰᠬᠠᠢ ᠲᠠᠰᠤᠭ ᠠᠴᠠ ᠬᠡᠰᠡᠭ ᠰᠠᠶᠢᠷᠭᠠᠯ ᠤᠨ ᠣᠷᠣᠨ ᠳᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠬᠡᠪᠴᠢᠶ᠎ᠡ ᠳᠤ ᠵᠣᠬᠢᠰᠲᠠᠢ | ᠲᠣᠬᠢᠷᠠᠭᠤᠯᠤᠯᠲᠠ ᠬᠢᠵᠦ᠂ ᠮᠠᠨ ᠤ ᠰᠢᠶᠠᠨ ᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠲᠠᠷᠢᠶᠠᠨ ᠭᠠᠵᠠᠷ ᠤᠨ ᠲᠠᠯᠠᠪᠠᠢ 2.17 ᠲᠦᠮᠡᠨ ᠮᠦ ᠳᠤ | ᠬᠦᠷᠴᠡᠢ᠃ᠪᠤᠰᠤᠳ ᠴᠡᠭᠴᠡᠯᠡᠨ ᠵᠠᠰᠠᠬᠤ ᠡᠭᠦᠷᠭᠡ ᠶᠢ ᠦᠷᠭᠦᠯᠵᠢᠯᠡᠨ ᠠᠬᠢᠭᠤᠯᠵᠤ᠂ ᠵᠢᠯ ᠤᠨ ᠡᠴᠦᠰ ᠲᠤ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠨ᠎ᠠ᠃ | ᠭᠤᠷᠪᠠ᠂ ᠣᠨ ᠤ ᠴᠡᠭᠴᠡᠯᠡᠨ ᠵᠠᠰᠠᠬᠤ ᠡᠭᠦᠷᠭᠡ ᠵᠢᠴᠢ ᠭᠤᠣᠯ ᠠᠷᠭ᠎ᠠ ᠬᠡᠮᠵᠢᠶ᠎ᠡ | ︵ᠨᠢᠭᠡ︶ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ | 1. ᠲᠠᠩ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠬᠠᠲᠤᠨ | ᠭᠤᠣᠯ ᠤᠨ ᠦᠶᠡᠷ ᠢ ᠰᠡᠷᠭᠡᠶᠢᠯᠡᠬᠦ ︵ᠰᠥᠩ ᠬᠠᠯᠢᠶ᠎ᠠ ᠶᠢ ᠰᠡᠷᠭᠡᠶᠢᠯᠡᠬᠦ︶ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠶᠡᠷ ᠢ ᠰᠡᠷᠭᠡᠶᠢᠯᠡᠵᠦ ᠰᠥᠩ ᠬᠠᠯᠢᠶ᠎ᠠ ᠶᠢ ᠰᠡᠷᠭᠡᠶᠢᠯᠡᠬᠦ | ᠪᠠᠶᠢᠩᠭᠤ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠬᠠᠲᠤᠨ ᠭᠤᠣᠯ ᠳᠠᠭᠠᠤ ᠶᠢᠨ ᠰᠤᠮᠤ ᠪᠠᠯᠭᠠᠰᠤ ᠨᠢ ᠵᠠᠰᠠᠭ ᠵᠠᠬᠢᠷᠭᠠᠨ ᠤ ᠳᠠᠷᠤᠭ᠎ᠠ ᠪᠠᠷ ᠭᠤᠣᠯ | ᠪᠣᠯᠭᠠᠭᠰᠠᠨ ᠰᠢᠶᠠᠩ ᠪᠠᠯᠭᠠᠰᠤ ᠶᠢᠨ ᠲᠠᠰ᠂ ᠲᠣᠰᠬᠤᠨ ᠤ ᠲᠠᠰ ᠤᠨ ᠦᠶᠡᠷ ᠢ ᠰᠡᠷᠭᠡᠶᠢᠯᠡᠨ ᠰᠥᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡ ᠶᠢ ᠤᠷᠢᠳᠴᠢᠯᠠᠨ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠴᠢᠩᠭᠠᠳᠬᠠᠨ᠂ ᠪᠡᠯᠡ ᠮᠥᠩᠭᠦ ᠡᠳ᠋ ᠪᠣᠳᠠᠰ ᠪᠠ ᠡᠩᠨᠡᠭᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠷᠠᠭᠤᠯᠤᠨ᠂ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠶᠡᠷ ᠤᠨ ᠭᠠᠮᠰᠢᠭ ᠲᠤ ᠤᠴᠠᠷᠠᠪᠠᠯ ᠴᠠᠭ ᠲᠤᠬᠠᠢ ᠳᠤᠨᠢ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠨ | ᠠᠷᠭᠠᠴᠠᠵᠤ᠂ ᠲᠠᠩ ᠭᠠᠵᠠᠷ ᠤᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠭᠤᠣᠯ ᠤᠨ ᠬᠠᠰᠢᠯᠭ᠎ᠠ ᠶᠢ | ᠰᠡᠲᠡᠯᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃︵ᠬᠠᠷᠢᠭᠤᠴᠠᠯᠭᠠᠲᠤ ᠨᠢᠭᠡᠴᠡ᠄ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠃ ᠬᠢᠨᠠᠯᠲᠠ ᠲᠠᠯᠪᠢᠬᠤ ᠨᠢᠭᠡᠴᠡ᠄ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠬᠢᠨᠠᠨ ᠵᠢᠯᠣᠭᠤᠳᠤᠨ᠎ᠠ︶ | 2. ᠬᠠᠳᠤᠨ ᠭᠤᠣᠯ ᠤᠨ ᠦᠶᠡᠷ ᠢ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠠᠲᠤᠨ ᠭᠤᠣᠯ ᠤᠨ | ᠭᠤᠷᠪᠠᠳᠤᠭᠠᠷ ᠬᠤᠭᠤᠴᠠᠭᠠᠨ ᠤ ᠡᠮᠦᠨᠡᠬᠢ ᠬᠤᠭᠤᠴᠠᠭᠠᠨ ᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠲᠠᠢ | ᠬᠠᠮᠵᠢᠯᠴᠠᠨ ᠲᠥᠷᠥᠯ ᠵᠦᠢᠯ ᠤᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠨᠥᠬᠦᠪᠦᠷᠢᠯᠡᠨ ᠲᠡᠭᠦᠯᠳᠡᠷᠵᠢᠭᠦᠯᠦᠨ᠎ᠡ᠃︵ | ᠬᠠᠷᠢᠭᠤᠴᠠᠬᠤ ᠨᠢᠭᠡᠴᠡ᠄ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ︶ | 3 . ᠬᠠᠲᠤᠨ ᠭᠤᠣᠯ ᠤᠨ ᠵᠠᠮ ᠤᠨ ᠳᠣᠲᠣᠷᠠᠬᠢ ᠤᠢ ᠮᠣᠳᠣ ᠶᠢ ᠲᠥᠷᠥᠯ ᠬᠤᠪᠢᠶᠠᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ | ᠠᠮᠢ ᠠᠬᠤᠢ ᠶᠢᠨ ᠬᠤᠩᠭᠢᠯ ᠢ ᠵᠠᠰᠠᠬᠤ ᠲᠥᠯᠦᠪᠵᠢᠭᠦᠯᠭᠡ ᠳᠤ᠂ ᠦᠶᠡᠷ ᠵᠠᠯᠠᠬᠤ ᠶᠢ ᠨᠥᠯᠥᠭᠡᠯᠡᠬᠦ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠷᠮᠠᠶᠢᠨ ᠣᠯᠬᠤ ᠪᠠ ᠲᠣᠬᠢᠷᠠᠭᠤᠯᠵᠤ ᠪᠣᠯᠬᠤ ᠦᠭᠡᠢ᠃ ᠭᠤᠣᠯ ᠤᠨ ᠲᠠᠩ ᠤᠨ ᠬᠡᠪᠴᠢᠶᠡᠨ ᠳᠤ ᠦᠶᠡᠷ | ᠵᠠᠯᠠᠬᠤ ᠶᠢ ᠬᠠᠷᠰᠢᠯᠠᠬᠤ ᠶᠠᠮᠠᠷᠪᠠ ᠲᠤᠷᠤᠭ ᠮᠣᠳᠣᠨ ᠤ ᠤᠢ ᠪᠣᠯᠣᠨ ᠪᠤᠳᠠ ᠮᠣᠳᠣᠨ ᠤ ᠤᠢ ︵ᠳᠠᠪᠠᠯᠭᠠᠨ ᠢ ᠰᠡᠷᠭᠡᠶᠢᠯᠡᠬᠦ ᠤᠢ ᠪᠠᠭᠲᠠᠬᠤ ᠦᠭᠡᠢ︶ ᠲᠠᠷᠢᠬᠤ ᠶᠢ | ᠵᠥᠪᠰᠢᠶᠡᠷᠡᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠃ ᠬᠢᠨᠠᠯᠲᠠ | ᠲᠠᠯᠪᠢᠬᠤ ᠨᠢᠭᠡᠴᠡ᠄ ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ︶ | ︵ᠬᠤᠶᠠᠷ︶ ᠥᠨᠳᠥᠷ ᠡᠰᠢᠲᠦ ᠲᠠᠷᠢᠮᠠᠯ ᠲᠠᠷᠢᠬᠤ ᠬᠡᠮᠵᠢᠶ᠎ᠡ ᠲᠠᠢ ᠪᠠᠶᠢᠬᠤ ᠶᠢ ᠴᠠᠭᠠᠵᠠᠯᠠᠨ᠎ᠠ | 1. ᠦᠶᠡᠷ ᠵᠠᠯᠠᠬᠤ ᠶᠢ ᠬᠠᠷᠰᠢᠯᠠᠬᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠵᠤ ᠬᠢᠵᠠᠭᠠᠷᠯᠠᠨ ᠳᠠᠷᠢᠨ᠎ᠠ | ︵1︶ ᠬᠠᠲᠤᠨ ᠭᠤᠣᠯ ᠤᠨ ᠭᠤᠣᠯ ᠤᠨ ᠵᠠᠮ ᠳᠤ ᠥᠨᠳᠥᠷ ᠰᠢᠤᠸᠠᠨ ᠲᠠᠷᠢᠮᠠᠯ ᠳᠠᠷᠢᠬᠤ ᠶᠢ ᠴᠠᠭᠠᠵᠠᠯᠠᠬᠤ ᠶᠢ ᠤᠬᠠᠭᠤᠯᠵᠤ ᠬᠥᠲᠥᠯᠥᠨ ᠵᠢᠯᠤᠭᠤᠳᠬᠤ | ᠠᠵᠢᠯ ᠢ ᠴᠢᠩᠭᠠᠷᠠᠭᠤᠯᠤᠨ᠎ᠠ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠪᠦᠲᠦᠮᠵᠢᠲᠡᠶ ᠠᠷᠭ᠎ᠠ ᠪᠠᠷᠢᠯ ᠢ ᠭᠦᠢᠴᠡᠳ ᠠᠰᠢᠭᠯᠠᠵᠤ᠂ ᠣᠯᠠᠨ ᠠᠷᠭ᠎ᠠ | ᠵᠠᠮ ᠣᠯᠠᠨ ᠬᠡᠯᠪᠡᠷᠢ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠶᠡᠭᠡ ᠪᠠᠷ ᠤᠬᠠᠭᠤᠯᠵᠤ᠂ ᠵᠢᠴᠢ ᠭᠤᠣᠯ ᠭᠤᠣᠯ ᠤᠨ ᠭᠤᠯᠳᠤᠷᠢᠯ ᠤᠨ ᠣᠷᠣᠨ᠂ ᠬᠡᠰᠡᠭ ᠪᠣᠭᠤᠨᠢ ᠰᠠᠶᠢᠷᠭᠠᠯ ᠤᠨ ᠣᠷᠣᠨ ᠳᠤ ᠥᠨᠳᠥᠷ ᠡᠰᠢᠲᠦ ᠲᠠᠷᠢᠮᠠᠯ ᠲᠠᠷᠢᠬᠤ ᠶᠢ | ᠴᠠᠭᠠᠵᠠᠯᠠᠬᠤ ᠪᠠ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠶᠢ ᠴᠠᠭᠠᠵᠠᠯᠠᠬᠤ᠂ ᠪᠣᠭᠤᠨᠢ ᠰᠠᠶᠢᠷᠭᠠᠯ ᠤᠨ ᠣᠷᠣᠨ ᠤ | ᠥᠨᠳᠥᠷ ᠰᠠᠶᠢᠷᠭᠠᠯ ᠤᠨ ᠣᠷᠣᠨ ᠳᠤ ᠲᠠᠷᠢᠶᠠᠨ ᠡᠮ ᠬᠢᠮᠢ ᠶᠢᠨ ᠪᠣᠷᠳᠣᠭᠤᠷ ᠲᠠᠷᠢᠶᠠᠯᠠᠩ ᠤᠨ ᠰᠦᠯᠢᠶᠥᠦ ᠪᠦᠷᠬᠦᠪᠴᠢ ᠬᠡᠷᠡᠭᠯᠡᠬᠦ ᠬᠡᠮᠵᠢᠶ᠎ᠡ ᠶᠢ ᠬᠠᠮᠢᠶᠠᠷᠤᠨ ᠡᠵᠡᠮᠳᠡᠬᠦ | ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠪᠡ᠃ ︵ᠬᠠᠷᠢᠭᠤᠴᠠᠯᠭᠠᠲᠤ ᠨᠢᠭᠡᠴᠡ᠄ ᠲᠠᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ᠃ ᠬᠢᠨᠠᠯᠲᠠ ᠲᠠᠯᠪᠢᠬᠤ ᠨᠢᠭᠡᠴᠡ᠄ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠢᠨᠠᠨ ᠵᠢᠯᠣᠭᠤᠳᠤᠨ᠎ᠠ︶ | ︵2︶ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠨᠠᠷᠢᠨ ᠨᠠᠶᠢᠳᠠᠪᠤᠷᠢᠵᠢᠭᠤᠯᠤᠨ᠎ᠠ᠃ ᠬᠠᠲᠤᠨ ᠭᠤᠣᠯ ᠳᠠᠭᠠᠤ ᠶᠢᠨ ᠰᠢᠶᠠᠩ ᠪᠠᠯᠭᠠᠰᠤ ᠶᠢ ᠵᠣᠬᠢᠶᠠᠨ | ᠪᠠᠶᠢᠭᠤᠯᠤᠨ 2021 ᠣᠨ ᠤ ᠬᠠᠲᠤᠨ ᠭᠤᠣᠯ ᠤᠨ ᠲᠠᠩ ᠭᠠᠵᠠᠷ ᠤᠨ ᠬᠤᠪᠢᠶᠠᠷᠢ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠢ ᠪᠠᠬᠢᠵᠢᠭᠦᠯᠦᠨ | ᠲᠣᠭᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠬᠠᠮᠤᠭ ᠤᠨ ᠰᠢᠨ᠎ᠡ ᠪᠠᠷ ᠲᠣᠬᠢᠷᠠᠭᠤᠯᠤᠭᠰᠠᠨ ᠬᠠᠮᠢᠶᠠᠷᠤᠨ ᠡᠵᠡᠮᠳᠡᠬᠦ ᠬᠤᠪᠢᠶᠠᠷᠢ ᠲᠣᠭᠤᠷᠢᠭ ᠤᠨ ᠶᠣᠰᠣᠭᠠᠷ | ᠶᠠᠪᠤᠭᠳᠠᠭᠤᠯᠤᠨ᠎ᠠ᠃ ᠲᠠᠩ ᠣᠷᠣᠨ ᠤ ᠬᠤᠪᠢᠶᠠᠷᠢ ᠲᠣᠭᠤᠷᠢᠭ ᠤᠨ ᠬᠠᠮᠢᠶᠠᠷᠤᠨ ᠡᠵᠡᠮᠳᠡᠬᠦ ᠵᠠᠭᠠᠭ ᠱᠤᠭᠤᠮ ᠢ ᠳᠠᠬᠢᠨ ᠬᠠᠷᠭᠤᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠱᠠᠭᠠᠷᠳᠠᠯᠭ᠎ᠠ ᠶᠢ ᠴᠢᠩᠭ᠎ᠠ ᠦᠨᠳᠦᠰᠦᠯᠡᠨ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ᠂ ᠲᠤᠰᠬᠠᠶᠢᠵᠢᠭᠰᠠᠨ ᠠᠷᠭ᠎ᠠ ᠪᠠᠷᠢᠯ ᠢ ᠬᠡᠷᠡᠭᠯᠡᠨ | ᠳᠥᠭᠦᠮ ᠬᠢᠯᠪᠠᠷ ᠶᠠᠪᠤᠭᠳᠠᠬᠤ ᠲᠡᠮᠳᠡᠭ ᠢᠶᠠᠷ ᠬᠠᠮᠢᠶᠠᠷᠤᠨ ᠡᠵᠡᠮᠳᠡᠬᠦ ᠵᠠᠭᠠᠭ ᠱᠤᠭᠤᠮ ᠢ ᠪᠣᠳᠠᠲᠠᠢ ᠭᠠᠵᠠᠷ ᠲᠤ ᠨᠠᠶᠢᠳᠠᠪᠤᠷᠢᠵᠢᠭᠤᠯᠬᠤ ᠬᠡᠷᠡᠭᠲᠡᠢ᠃ ︵ | ᠬᠠᠷᠢᠭᠤᠴᠠᠯᠭᠠᠲᠤ ᠨᠢᠭᠡᠴᠡ᠄ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠃ ᠬᠢᠨᠠᠯᠲᠠ ᠲᠠᠯᠪᠢᠬᠤ ᠨᠢᠭᠡᠴᠡ᠄ ᠰᠢᠶᠠᠨ ᠤ | ᠤᠰᠤᠨ ᠠᠰᠢᠭᠯᠠᠯᠲᠠ ᠶᠢᠨ ᠲᠣᠪᠴᠢᠶ᠎ᠠ︶ | ︵3︶ ᠦᠷ᠎ᠡ ᠲᠠᠷᠢᠬᠤ ᠶᠢ ᠴᠠᠭᠠᠵᠠᠯᠠᠬᠤ ᠵᠠᠷᠯᠢᠭ ᠢ ᠲᠡᠭᠦᠯᠳᠡᠷᠵᠢᠭᠦᠯᠦᠨ᠎ᠡ᠃ 2022 ᠣᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠵᠦ | ᠲᠣᠬᠢᠷᠠᠭᠤᠯᠤᠯᠲᠠ ᠬᠢᠭᠰᠡᠨ ᠪᠠᠶᠢᠳᠠᠯ ᠲᠠᠢ ᠤᠶᠠᠯᠳᠤᠭᠤᠯᠤᠨ᠂ ᠳᠠᠷᠢᠬᠤ ᠶᠢ ᠴᠠᠭᠠᠵᠠᠯᠠᠬᠤ ᠵᠠᠷᠯᠢᠭ ᠢ ᠤᠯᠠᠮ ᠨᠢᠭᠡ ᠠᠯᠬᠤᠮ ᠨᠥᠬᠦᠪᠦᠷᠢᠯᠡᠨ ᠲᠡᠭᠦᠯᠳᠡᠷᠵᠢᠭᠦᠯᠵᠦ᠂ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠᠶᠢᠳᠠᠯ ᠪᠠ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠳᠠᠬᠢᠨ ᠰᠢᠨ᠎ᠡ ᠪᠠᠷ ᠲᠣᠳᠣᠷᠬᠠᠶᠢᠯᠠᠵᠤ᠂ | ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠭᠲᠠᠭᠰᠠᠨ ᠴᠠᠭ ᠬᠤᠭᠤᠴᠠᠭ᠎ᠠ ᠶᠢᠨ ᠳᠣᠲᠣᠷ᠎ᠠ᠂ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠨᠡᠷ᠎ᠡ ᠪᠠᠷ ᠪᠠᠭᠤᠯᠭᠠᠨ᠎ᠠ᠃︵ᠬᠠᠷᠢᠭᠤᠴᠠᠬᠤ ᠨᠢᠭᠡᠴᠡ᠄ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ︶ | ︵4︶ ᠴᠠᠭᠠᠵᠠᠯᠠᠬᠤ ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ᠎ᠠ᠃ ᠲᠠᠩ ᠭᠠᠵᠠᠷ ᠤᠨ ᠦᠶᠡᠷ ᠤᠨ ᠤᠷᠤᠰᠬᠠᠯ ᠢ ᠨᠥᠯᠥᠭᠡᠯᠡᠨ | ᠬᠠᠷᠰᠢᠯᠠᠬᠤ ᠣᠷᠣᠨ ᠪᠦᠰᠡ ᠶᠢᠨ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠩ ᠭᠠᠵᠠᠷ ᠤᠨ | ᠲᠠᠷᠢᠮᠠᠯ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠠᠷᠢᠶᠠᠴᠢᠨ ᠡᠷᠦᠬᠡ ᠶᠢ ᠵᠢᠯᠤᠭᠤᠳᠴᠤ ᠪᠠᠶᠢᠭᠠᠳ ᠪᠣᠭᠤᠨᠢ ᠡᠰᠢᠲᠦ ᠲᠠᠷᠢᠮᠠᠯ ᠢ | ᠣᠷᠣᠯᠠᠭᠤᠯᠬᠤ ᠲᠥᠯᠥᠪᠯᠡᠭᠡ ᠶᠢ ᠡᠷᠲᠡᠬᠡᠨ ᠨᠠᠶᠢᠳᠠᠪᠤᠷᠢᠵᠢᠭᠤᠯᠬᠤ ᠶᠢᠨ ᠬᠠᠮᠲᠤ ᠳᠠᠷᠢᠬᠤ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠠᠪᠤᠷ ᠤᠨ | ᠲᠠᠷᠢᠶᠠᠯᠠᠭ᠎ᠠ ᠶᠢᠨ ᠬᠤᠭᠤᠴᠠᠭᠠᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠳᠠᠷᠢᠬᠤ ᠦᠶᠯᠡ ᠠᠵᠢᠯᠯᠠᠭ᠎ᠠ ᠶᠢ ᠴᠠᠭ ︵ | ᠬᠠᠷᠢᠭᠤᠴᠠᠯᠭᠠᠲᠤ ᠨᠢᠭᠡᠴᠡ᠄ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︔ᠬᠢᠨᠠᠯᠲᠠ ᠲᠠᠯᠪᠢᠬᠤ ᠨᠢᠭᠡᠴᠢ᠄ ᠰᠢᠶᠠᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 2. ᠲᠠᠩ ᠭᠠᠵᠠᠷ ᠤᠨ ᠲᠠᠷᠢᠶᠠᠨ ᠭᠠᠵᠠᠷ ᠢ ᠲᠥᠷᠥᠯ ᠬᠤᠪᠢᠶᠠᠨ ᠰᠢᠢᠳᠪᠦᠷᠢᠯᠡᠨ᠎ᠡ | ︵1︶ ᠲᠠᠩ ᠭᠠᠵᠠᠷ ᠤᠨ ᠲᠠᠷᠢᠶᠠᠨ ᠭᠠᠵᠠᠷ ᠢ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠬᠤᠲᠠ | ᠬᠤᠶᠠᠷ ᠱᠠᠲᠤᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠲᠤᠨ ᠭᠤᠣᠯ ᠤᠨ ᠲᠠᠩ ᠭᠠᠵᠠᠷ ᠤᠨ ᠲᠠᠷᠢᠶᠠᠨ ᠭᠠᠵᠠᠷ ᠢ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠭᠰᠠᠨ ᠰᠠᠭᠤᠷᠢᠨ ᠳᠡᠭᠡᠷ᠎ᠡ᠂ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠭᠰᠠᠨ | ᠣᠷᠣᠨ ᠪᠦᠰᠡ ᠶᠢᠨ ᠳᠠᠭᠠᠭᠠᠴᠢᠯᠠᠭᠰᠠᠨ ᠭᠠᠵᠠᠷ᠂ ᠡᠷᠬᠡ ᠶᠢ ᠨᠤᠲᠠᠯᠠᠨ ᠲᠣᠭᠲᠠᠭᠠᠳᠤᠢ ᠲᠠᠷᠢᠶᠠᠨ ᠭᠠᠵᠠᠷ ᠲᠤ ᠬᠡᠪᠴᠢᠶᠡᠵᠢᠭᠦᠯᠦᠭᠰᠡᠨ ᠡᠵᠡᠩᠨᠡᠯᠲᠡ ᠶᠢ ᠰᠦᠪᠡᠭᠴᠢᠯᠡᠨ | ᠬᠡᠷᠡᠭᠵᠢᠭᠦᠯᠦᠨ᠎ᠡ᠃ ᠭᠤᠣᠯ ᠭᠤᠣᠯ ᠤᠨ ᠬᠤᠪᠢᠯ ᠤᠨ ᠣᠷᠣᠨ ᠤ ᠳᠣᠲᠣᠷᠠᠬᠢ ᠬᠡᠰᠡᠭ ᠡᠷᠬᠡ ᠶᠢ ᠨᠤᠲᠠᠯᠠᠨ ᠵᠥᠪᠰᠢᠶᠡᠷᠡᠵᠦ ᠦᠨᠡᠮᠯᠡᠯ ᠣᠯᠭᠤᠭᠰᠠᠨ | ᠳᠠᠭᠠᠭᠠᠴᠢᠯᠠᠯᠲᠠ ᠶᠢᠨ ᠭᠠᠵᠠᠷ ᠪᠣᠯᠣᠨ ᠡᠩ ᠤᠨ ᠲᠠᠷᠢᠶᠠᠨ ᠭᠠᠵᠠᠷ ᠳᠤ ᠪᠣᠯ ᠦᠶᠡᠷ ᠶᠠᠪᠤᠭᠤᠯᠬᠤ ᠠᠮᠤᠷ ᠲᠦᠪᠰᠢᠨ ᠢ ᠨᠥᠯᠥᠭᠡᠯᠡᠬᠦ ᠬᠡᠮᠵᠢᠶ᠎ᠡ ᠪᠣᠯᠣᠨ ᠲᠤᠬᠠᠢ ᠶᠢᠨ | ᠭᠠᠵᠠᠷ ᠤᠨ ᠨᠥᠬᠦᠴᠡᠯ ᠪᠣᠯᠣᠯᠴᠠᠭ᠎ᠠ ᠶᠢ ᠦᠨᠳᠦᠰᠦᠯᠡᠨ᠂ ᠲᠣᠬᠢᠷᠠᠭᠤᠯᠬᠤ᠂ ᠲᠥᠷᠥᠯ ᠬᠤᠪᠢᠶᠠᠨ ᠰᠢᠢᠳᠪᠦᠷᠢᠯᠡᠬᠦ ᠵᠡᠷᠭᠡ ᠠᠷᠭ᠎ᠠ ᠮᠠᠶᠠᠭ ᠢ ᠠᠪᠴᠤ ᠪᠠᠶᠢᠭᠠᠳ | ᠰᠢᠢᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠴᠠᠭ ᠤᠨ ᠱᠠᠭᠠᠷᠳᠠᠯᠭ᠎ᠠ ᠶᠣᠰᠣᠭᠠᠷ᠂ 2018 ︱ 2021 ᠣᠨ ᠤ ᠰᠢᠨ᠎ᠡ ᠪᠠᠷ ᠨᠡᠮᠡᠭᠳᠡᠭᠰᠡᠨ | ᠡᠷᠬᠡ ᠶᠢ ᠨᠤᠲᠠᠯᠠᠨ ᠲᠣᠭᠲᠠᠭᠠᠭᠰᠠᠨ ᠲᠠᠷᠢᠶᠠᠨ ᠭᠠᠵᠠᠷ ᠲᠤ ᠵᠢᠭᠰᠠᠭᠠᠨ ᠪᠠᠶᠢᠴᠠᠭᠠᠯᠲᠠ ᠬᠢᠵᠦ᠂ ᠬᠠᠲᠤᠨ ᠭᠤᠣᠯ ᠤᠨ ᠰᠠᠶᠢᠷᠭᠠᠯ ᠤᠨ ᠣᠷᠣᠨ ᠳᠤ ᠰᠢᠨ᠎ᠡ ᠪᠠᠷ | ᠨᠡᠮᠡᠭᠳᠡᠭᠰᠡᠨ ᠡᠷᠬᠡ ᠶᠢ ᠨᠤᠲᠠᠯᠠᠨ ᠲᠣᠭᠲᠠᠭᠠᠭᠰᠠᠨ ᠲᠠᠷᠢᠶᠠᠨ ᠭᠠᠵᠠᠷ ᠪᠠᠶᠢᠬᠤ ᠡᠰᠡᠬᠦ ᠶᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠠᠵᠢᠯ ᠤᠨ ᠡᠬᠡ ᠲᠠᠩᠰᠠ | ᠪᠠᠶᠢᠭᠤᠯᠤᠨ᠎ᠠ᠃ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠬᠦ ᠬᠡᠷᠡᠭᠲᠡᠢ᠃︵ᠬᠠᠷᠢᠭᠤᠴᠠᠯᠭᠠᠲᠤ ᠨᠢᠭᠡᠴᠡ᠄ | ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠃ ᠬᠢᠨᠠᠯᠲᠠ ᠲᠠᠯᠪᠢᠬᠤ ᠨᠢᠭᠡᠴᠡ᠄ ᠰᠢᠶᠠᠨ ᠤ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠢᠨᠠᠨ ᠵᠢᠯᠣᠭᠤᠳᠤᠨ᠎ᠠ︶ | ︵2︶ ᠲᠠᠩ ᠭᠠᠵᠠᠷ ᠤᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠲᠣᠬᠢᠷᠠᠭᠤᠯᠤᠯᠲᠠ ᠬᠢᠬᠦ ᠠᠵᠢᠯ ᠢ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠲᠠᠢ ᠬᠠᠮᠵᠢᠯᠴᠠᠨ ᠬᠠᠲᠤᠨ ᠭᠤᠣᠯ ᠤᠨ ᠲᠠᠩ ᠤᠨ ᠣᠷᠣᠨ ᠤ ᠰᠢᠨ᠎ᠡ ᠪᠠᠷ ᠳᠡᠩᠰᠡᠯᠡᠵᠦ ᠬᠥᠮᠥᠷᠭᠡ ᠳᠤ ᠣᠷᠣᠭᠤᠯᠬᠤ ᠡᠵᠡᠯᠡᠬᠦ ᠨᠥᠬᠦᠪᠦᠷᠢᠯᠡᠬᠦ ᠶᠢ | ᠲᠡᠩᠴᠡᠭᠦᠷᠢ ᠲᠠᠢ ᠪᠠᠶᠢᠯᠭᠠᠬᠤ ᠲᠥᠷᠥᠯ ᠵᠦᠢᠯ ᠤᠨ ᠬᠦᠷᠢᠶ᠎ᠡ ᠬᠡᠪᠴᠢᠶ᠎ᠡ ᠬᠢᠭᠡᠳ ᠲᠠᠩ ᠤᠨ ᠣᠷᠣᠨ ᠤ ᠬᠦᠷᠢᠶ᠎ᠡ ᠬᠡᠪᠴᠢᠶ᠎ᠡ ᠳᠤ ᠳᠠᠪᠬᠤᠴᠠᠭᠤᠯᠤᠨ ᠵᠠᠳᠠᠯᠤᠯᠲᠠ | ᠬᠢᠬᠦ ᠶᠢ ᠰᠠᠶᠢᠲᠤᠷ ᠬᠢᠨ᠎ᠡ᠃ ᠳᠠᠪᠬᠤᠷᠳᠠᠭᠰᠠᠨ ᠢ ᠨᠢ ᠬᠥᠮᠥᠷᠭᠡ ᠳᠤ ᠣᠷᠣᠭᠤᠯᠬᠤ ᠦᠭᠡᠢ ᠪᠠᠶᠢᠵᠤ᠂ ᠲᠠᠩ ᠭᠠᠵᠠᠷ ᠤᠨ ᠳᠣᠲᠣᠷ᠎ᠠ ᠡᠵᠡᠯᠡᠬᠦ ᠨᠥᠬᠦᠪᠦᠷᠢᠯᠡᠬᠦ | ᠲᠡᠩᠴᠡᠭᠦᠷᠢᠲᠡᠢ ᠬᠡᠷᠡᠭᠯᠡᠬᠦ ᠭᠠᠵᠠᠷ ᠢ ᠳᠠᠭᠢᠵᠤ ᠰᠢᠨ᠎ᠡ ᠪᠠᠷ ᠨᠡᠮᠡᠭᠳᠡᠭᠦᠯᠬᠦ ᠦᠭᠡᠢ ᠪᠠᠶᠢᠬᠤ ᠶᠢ ᠪᠠᠲᠤᠯᠠᠵᠤ᠂ ᠲᠠᠩ ᠭᠠᠵᠠᠷ ᠤᠨ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠲᠤ ᠲᠣᠬᠢᠷᠠᠭᠤᠯᠤᠯᠲᠠ ᠬᠢᠬᠦ ᠠᠵᠢᠯ ᠢ ᠢᠳᠡᠪᠬᠢᠲᠡᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠃ ᠬᠢᠨᠠᠯᠲᠠ ᠲᠠᠯᠪᠢᠬᠤ ᠨᠢᠭᠡᠴᠢ᠄ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | ︵ᠭᠤᠷᠪᠠ︶ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ | 1. ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠲᠠᠩ ᠭᠠᠵᠠᠷ ᠤᠨ ᠲᠠᠷᠢᠶᠠᠨ ᠡᠮ᠂ ᠬᠢᠮᠢ ᠶᠢᠨ ᠪᠣᠷᠳᠣᠭᠤᠷ᠂ | ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠴᠠᠭᠠᠵᠠᠯᠠᠬᠤ ᠪᠠ ᠬᠡᠷᠡᠭᠯᠡᠬᠦ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠥᠷᠥᠯ ᠵᠦᠢᠯ ᠤᠨ ᠳᠡᠮᠵᠢᠯᠭᠡ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠢᠶᠠᠷᠤᠨ ᠡᠵᠡᠮᠳᠡᠬᠦ | ᠣᠷᠣᠨ ᠪᠦᠰᠡ ᠳᠤ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠬᠡᠷᠡᠭᠯᠡᠬᠦ ᠶᠢ ᠴᠠᠭᠠᠵᠠᠯᠠᠬᠤ ᠬᠠᠷᠠᠯᠲᠠ ᠶᠢ ᠬᠥᠲᠥᠯᠥᠨ | ᠵᠢᠯᠤᠭᠤᠳᠴᠤ ᠪᠡᠶᠡᠯᠡᠭᠦᠯᠦᠨ᠎ᠡ᠃ ᠲᠠᠩ ᠪᠠᠭᠠᠲᠠᠢ ᠣᠷᠣᠨ ᠪᠠ ᠲᠠᠩ ᠶᠡᠬᠡᠲᠡᠢ ᠣᠷᠣᠨ ᠳᠤ ᠪᠣᠷᠳᠣᠭᠤᠷ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ | ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠶᠢ ᠳᠡᠯᠭᠡᠷᠡᠭᠦᠯᠬᠦ ᠵᠡᠷᠭᠡ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠲᠠᠩ ᠣᠷᠣᠨ ᠤ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠪᠠ ᠲᠠᠷᠢᠶᠠᠯᠠᠩ ᠤᠨ ᠵᠤᠯᠤᠮ᠎ᠠ | ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠶᠢ ᠪᠦᠲᠦᠮᠵᠢᠲᠡᠶ ᠠᠬᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠮᠠᠯ | ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠲᠡᠵᠢᠭᠡᠨ | ᠦᠷᠡᠵᠢᠭᠦᠯᠬᠦ ᠲᠠᠯᠠᠪᠠᠶ ᠡᠷᠦᠬᠡ ᠶᠢᠨ ᠪᠠᠭᠠᠰᠤᠨ ᠪᠣᠬᠢᠷᠳᠤᠯ ᠢ ᠰᠢᠢᠳᠪᠦᠷᠢᠯᠡᠬᠦ ᠪᠡᠯᠡᠳᠬᠡᠮᠵᠢ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ 2022 ᠣᠨ ᠤ ᠡᠴᠦᠰ ᠲᠤ ᠮᠠᠯ ᠵᠢᠭᠦᠷᠲᠡᠨ ᠤ ᠪᠠᠭᠠᠰᠤᠨ ᠪᠣᠬᠢᠷᠳᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ | ᠪᠠᠶᠢᠯᠭᠠᠬᠤ ᠶᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠲᠢᠶᠠᠨᠵᠢ ᠲᠠᠢ ᠪᠠᠯᠭᠠᠰᠤ᠂ ᠲᠣᠬᠤᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︔ᠬᠢᠨᠠᠯᠲᠠ | ᠲᠠᠯᠪᠢᠬᠤ ᠨᠢᠭᠡᠴᠢ᠄ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 2. ᠪᠣᠬᠢᠷ ᠤᠰᠤ ᠪᠠ ᠠᠮᠢᠳᠤᠷᠠᠯ ᠤᠨ ᠬᠤᠭ ᠨᠣᠪᠰᠢ ᠶᠢ ᠵᠠᠰᠠᠬᠤ ᠶᠢ ᠴᠢᠩᠭᠠᠷᠠᠭᠤᠯᠤᠨ᠎ᠠ᠃ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ | ᠪᠠ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠢ ᠴᠢᠩᠭᠠᠳᠬᠠᠵᠤ ᠬᠠᠳᠤᠨ ᠭᠤᠣᠯ ᠳᠠᠭᠠᠤ ᠶᠢᠨ ᠠᠮᠢᠳᠤᠷᠠᠯ ᠤᠨ ᠬᠤᠭ ᠨᠣᠪᠰᠢ ᠶᠢ | ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 2022 ᠣᠨ ᠤ ᠬᠥᠳᠡᠭᠡ ᠲᠣᠰᠬᠤᠨ ᠤ | ᠠᠮᠢᠳᠤᠷᠠᠯ ᠤᠨ ᠬᠤᠭ ᠨᠣᠪᠰᠢ ᠶᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠬᠥᠳᠡᠭᠡ | ᠲᠣᠰᠬᠤᠨ ᠤ ᠠᠮᠢᠳᠤᠷᠠᠯ ᠤᠨ ᠬᠤᠭ ᠨᠣᠪᠰᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 2022 ᠣᠨ ᠤ ᠡᠴᠦᠰ | ᠪᠣᠯᠬᠤ ᠳᠤ᠂ ᠬᠠᠳᠤᠨ ᠭᠤᠣᠯ ᠤᠨ ᠰᠠᠪᠠ ᠭᠠᠵᠠᠷ ᠤᠨ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠰᠢᠰᠲ᠋ᠧᠮ ᠤᠨ ᠪᠦᠷᠬᠦᠴᠡ ᠶᠢᠨ ᠨᠤᠷᠮ᠎ᠠ ᠶᠢ 90% ᠠᠴᠠ ᠳᠡᠭᠡᠭᠰᠢ ᠳᠤ︵ᠬᠠᠷᠢᠭᠤᠴᠠᠯᠭᠠᠲᠤ ᠨᠢᠭᠡᠴᠡ᠄ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠃ ᠬᠢᠨᠠᠯᠲᠠ ᠲᠠᠯᠪᠢᠬᠤ ᠨᠢᠭᠡᠴᠢ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ︶ | ︵ᠳᠥᠷᠪᠡ︶ ᠬᠠᠲᠤᠨ ᠭᠤᠣᠯ ᠤᠨ ᠲᠠᠩ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠨ᠎ᠠ᠃ ᠪᠣᠳᠠᠲᠠᠢ ᠪᠠᠶᠢᠳᠠᠯ ᠢ ᠦᠨᠳᠦᠰᠦᠯᠡᠨ ᠪᠠᠶᠢᠭᠤᠯᠬᠤ ᠶᠢ ᠵᠣᠭᠰᠤᠭᠠᠬᠤ ᠵᠠᠷᠯᠢᠭ ᠢ ᠲᠡᠭᠦᠯᠳᠡᠷᠵᠢᠭᠦᠯᠵᠦ᠂ ᠳᠠᠷᠢᠬᠤ ᠶᠢ ᠴᠠᠭᠠᠵᠠᠯᠠᠬᠤ ᠵᠠᠷᠯᠢᠭ ᠲᠠᠢ | ᠵᠡᠷᠭᠡ ᠳᠤᠨᠢ ᠪᠠᠭᠤᠯᠭᠠᠵᠤ᠂ ᠬᠠᠲᠤᠨ ᠭᠤᠣᠯ ᠤᠨ ᠭᠤᠣᠯ ᠤᠷᠤᠰᠬᠠᠯ ᠤᠨ ᠲᠠᠩ ᠭᠠᠵᠠᠷ ᠲᠤ ᠲᠠᠷᠢᠶᠠᠨ ᠭᠠᠵᠠᠷ᠂ ᠭᠡᠷ ᠪᠠᠶᠢᠰᠢᠩ ᠵᠢᠴᠢ ᠬᠠᠮᠢᠶ᠎ᠠ ᠪᠦᠬᠦᠢ | ᠪᠡᠯᠡᠳᠬᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ︵ᠬᠠᠷᠢᠭᠤᠴᠠᠯᠭᠠᠲᠤ ᠨᠢᠭᠡᠴᠡ᠄ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠃ ᠬᠢᠨᠠᠯᠲᠠ ᠲᠠᠯᠪᠢᠬᠤ ᠨᠢᠭᠡᠴᠡ᠄ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠢᠨᠠᠨ ᠵᠢᠯᠣᠭᠤᠳᠤᠨ᠎ᠠ︶ | ︵ᠲᠠᠪᠤ︶ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠳᠠᠯᠠᠨ᠎ᠠ᠃ ᠤᠰᠤᠨ ᠠᠰᠢᠭᠯᠠᠯᠲᠠ ᠶᠢᠨ ᠶᠠᠮᠤᠨ ᠤ ᠱᠠᠭᠠᠷᠳᠠᠯᠭ᠎ᠠ ᠶᠣᠰᠣᠭᠠᠷ᠂ ᠤᠰᠤ | ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠱᠠᠭᠠᠷᠳᠠᠯᠭ᠎ᠠ ᠶᠢ ᠴᠢᠩᠭ᠎ᠠ ᠦᠨᠳᠦᠰᠦᠯᠡᠨ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯᠯᠠᠭ᠎ᠠ ᠶᠢᠨ ᠴᠡᠭᠴᠡᠯᠡᠨ ᠵᠠᠰᠠᠬᠤ ᠱᠠᠲᠤ ᠦᠶ᠎ᠡ ᠶᠢᠨ ᠡᠭᠦᠷᠭᠡ ᠶᠢ ᠪᠡᠶᠡᠯᠡᠭᠦᠯᠦᠨ᠎ᠡ᠃ 2022 ᠣᠨ ᠤ 12 ᠰᠠᠷ᠎ᠠ ᠠᠴᠠ ᠡᠮᠦᠨ᠎ᠡ ᠬᠥᠳᠡᠭᠡ | ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ︵ᠮᠢᠩᠭᠠᠨ ᠲᠣᠨ ᠲᠦᠮᠡᠨ ᠬᠥᠮᠥᠨ ᠠᠴᠠ ᠳᠣᠭᠤᠭᠰᠢ︶ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠳᠠᠭᠤᠰᠬᠠᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠃ ᠬᠢᠨᠠᠯᠲᠠ ᠲᠠᠯᠪᠢᠬᠤ ᠨᠢᠭᠡᠴᠡ᠄ ᠰᠢᠶᠠᠨ ᠤ ᠤᠰᠤᠨ | ᠠᠰᠢᠭᠯᠠᠯᠲᠠ ᠶᠢᠨ ᠲᠣᠪᠴᠢᠶ᠎ᠠ︶ | ᠳᠥᠷᠪᠡ᠂ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠬᠤ ᠬᠡᠷᠡᠭᠲᠡᠢ | ︵ᠨᠢᠭᠡ︶ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠤᠨ᠎ᠠ᠃ ︽ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠶᠢᠯᠡᠨ ᠵᠣᠬᠢᠴᠠᠭᠤᠯᠵᠤ᠂ | ᠠᠶᠢᠮᠠᠭ ᠬᠤᠲᠠ ᠨᠢ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠂ ᠬᠤᠰᠢᠭᠤ ᠰᠢᠶᠠᠨ ᠲᠣᠭᠤᠷᠢᠭ ᠨᠢ ᠨᠠᠶᠢᠳᠠᠪᠤᠷᠢᠵᠢᠭᠤᠯᠬᠤ︾ ᠠᠵᠢᠯ ᠤᠨ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠬᠠᠲᠤᠨ ᠭᠤᠣᠯ ᠤᠨ ᠰᠠᠶᠢᠷᠭᠠᠯ ᠣᠷᠣᠨ ᠤ ᠡᠯ᠎ᠡ ᠵᠦᠢᠯ ᠤᠨ ᠵᠠᠰᠠᠯᠲᠠ ᠶᠢᠨ ᠠᠵᠢᠯ ᠢ | ᠡᠷᠴᠢᠮᠲᠡᠢ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠠᠷᠢᠯᠭᠠᠬᠤ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠭᠥᠯᠢᠶᠡᠨ ᠠᠪᠴᠤ ᠰᠢᠢᠳᠪᠦᠷᠢᠯᠡᠬᠦ ᠶᠢᠨ | ᠬᠠᠮᠲᠤ ᠴᠠᠭ ᠲᠤᠬᠠᠢ ᠳᠤᠨᠢ ᠰᠢᠢᠳᠪᠦᠷᠢᠯᠡᠵᠦ᠂ ᠡᠯ᠎ᠡ ᠲᠦᠷᠦᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠪᠦᠲᠦᠮᠵᠢᠲᠡᠢ ᠠᠷᠭᠠᠴᠠᠵᠤ᠂ ᠨᠡᠶᠢᠭᠡᠮ ᠤᠨ ᠶᠡᠭᠡ ᠲᠠᠯ᠎ᠠ ᠶᠢᠨ | ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠪᠠ ᠲᠠᠩ ᠭᠠᠵᠠᠷ ᠢ ᠵᠠᠰᠠᠬᠤ ᠠᠵᠢᠯ ᠤᠨ ᠲᠣᠭᠲᠠᠭᠤᠨ ᠢᠶᠠᠷ ᠠᠬᠢᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠬᠠᠲᠤᠨ ᠭᠤᠣᠯ ᠳᠠᠭᠠᠤ ᠶᠢᠨ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠨᠢ ᠵᠠᠰᠠᠬᠤ ᠪᠠ ᠬᠠᠮᠢᠶᠠᠷᠬᠤ ᠶᠢ ᠵᠡᠷᠭᠡ ᠳᠤᠨᠢ ᠴᠢᠬᠤᠯᠠᠴᠢᠯᠠᠬᠤ᠂ ᠠᠯᠬᠤᠮ ᠬᠤᠪᠢᠶᠠᠨ ᠠᠬᠢᠭᠤᠯᠬᠤ ᠵᠠᠷᠴᠢᠮ ᠢ ᠪᠠᠷᠢᠮᠲᠠᠯᠠᠨ᠂ 2021 ᠣᠨ ᠤ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ 2022 ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠴᠡᠭᠴᠡᠯᠡᠨ ᠵᠠᠰᠠᠬᠤ ᠡᠭᠦᠷᠭᠡ ᠶᠢ | ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠥᠨᠳᠥᠷ ᠡᠰᠢᠲᠦ ᠲᠠᠷᠢᠮᠠᠯ ᠤᠨ ᠦᠷ᠎ᠡ ᠲᠠᠷᠢᠬᠤ ᠶᠢ ᠴᠠᠭᠠᠵᠠᠯᠠᠬᠤ ᠪᠠ ᠬᠢᠵᠠᠭᠠᠷᠯᠠᠬᠤ᠂ ᠣᠯᠠᠨ ᠡᠬᠢᠲᠦ ᠪᠣᠬᠢᠷᠳᠤᠯ ᠢ | ᠰᠡᠷᠭᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠳᠤ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠡᠭᠦᠷᠭᠡ ᠬᠠᠷᠠᠯᠲᠠ ᠪᠠᠨ | ᠬᠡᠮᠵᠢᠶᠡᠯᠡᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠢ ᠳᠤ | ᠨᠠᠶᠢᠳᠠᠪᠤᠷᠢᠵᠢᠭᠤᠯᠤᠨ᠂ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠨ᠎ᠠ᠃ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠢᠨᠠᠯᠲᠠ ᠲᠠᠯᠪᠢᠬᠤ ᠪᠠ ᠵᠢᠯᠤᠭᠤᠳᠬᠤ ᠠᠵᠢᠯ ᠢ ᠰᠠᠶᠢᠲᠤᠷ ᠬᠢᠵᠦ᠂ | ᠣᠯᠠᠨ ᠰᠠᠯᠠᠭ᠎ᠠ ᠮᠥᠴᠢᠷ ᠤᠨ ᠬᠠᠮᠵᠢᠯᠴᠠᠭ᠎ᠠ ᠳᠤ ᠬᠤᠯᠪᠣᠭᠳᠠᠪᠠᠯ᠂ ᠲᠦᠷᠦᠭᠦᠯᠡᠨ ᠬᠢᠨᠠᠯᠲᠠ ᠲᠠᠯᠪᠢᠬᠤ ᠰᠠᠯᠠᠭ᠎ᠠ ᠮᠥᠴᠢᠷ ︵ᠲᠥᠰᠥᠯ ᠳᠤ ᠨᠢᠭᠡᠳᠦᠭᠡᠷ ᠲᠤ | ᠵᠢᠭᠰᠠᠭᠠᠭᠳᠠᠭᠰᠠᠨ ᠰᠠᠯᠠᠭ᠎ᠠ ᠮᠥᠴᠢᠷ︶ ᠨᠢ ᠭᠤᠣᠯᠯᠠᠬᠤ ᠦᠢᠯᠡᠳᠦᠯ ᠢᠶᠠᠨ ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠤᠨ | ᠬᠠᠮᠲᠤᠷᠠᠨ ᠠᠬᠢᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ | ︵ᠳᠥᠷᠪᠡ︶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠰᠠᠶᠢᠲᠤᠷ ᠬᠢᠬᠦ ᠬᠡᠷᠡᠭᠲᠡᠢ᠃ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ᠂ ᠬᠠᠲᠤᠨ ᠭᠤᠣᠯ ᠳᠠᠭᠠᠤ ᠶᠢᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠲᠣᠬᠢᠷᠠᠭᠤᠯᠤᠯᠲᠠ ᠪᠠ ᠮᠡᠳᠡᠭᠡ ᠵᠠᠩᠭᠢ ᠮᠡᠳᠡᠭᠦᠯᠦᠨ | ᠬᠦᠷᠭᠡᠬᠦ ᠠᠵᠢᠯ ᠢᠶᠠᠨ ᠴᠢᠩᠭᠠᠳᠬᠠᠵᠤ᠂ ᠰᠠᠷ᠎ᠠ ᠪᠦᠷᠢ ᠶᠢᠨ 20 ᠤ ᠡᠳᠦᠷ ᠠᠴᠠ ᠡᠮᠦᠨ᠎ᠡ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠢᠶᠠᠨ ᠰᠢᠶᠠᠨ ᠤ | ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠲᠤᠰᠬᠠᠢ ᠠᠩᠭᠢ ᠶᠢᠨ ᠠᠯᠪᠠᠨ ᠭᠡᠷ ᠪᠣᠯᠣᠨ ᠬᠠᠷᠠᠭᠠᠯᠵᠠᠭᠰᠠᠨ | ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ᠰᠢᠶᠠᠨ ᠤ ᠲᠤᠰᠬᠠᠢ ᠠᠩᠭᠢ ᠨᠢ ᠰᠠᠷ᠎ᠠ ᠪᠦᠷᠢ ᠶᠢᠨ 22 ᠤᠨ ᠡᠳᠦᠷ ᠠᠴᠠ ᠡᠮᠦᠨ᠎ᠡ ᠠᠵᠢᠯ ᠤᠨ | ᠠᠬᠢᠴᠠ ᠶᠢᠨ ᠪᠠᠶᠢᠳᠠᠯ ᠢᠶᠠᠨ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠭᠤᠯᠵᠤ ᠳᠡᠭᠡᠭᠰᠢ ᠪᠠᠶᠠᠨᠨᠠᠭᠤᠷ ᠬᠤᠲᠠ ᠶᠢᠨ ᠠᠵᠢᠯ ᠤᠨ ᠲᠤᠰᠬᠠᠢ ᠠᠩᠭᠢ ᠳᠤ | ᠮᠡᠳᠡᠭᠦᠯᠬᠦ ᠬᠡᠷᠡᠭᠲᠡᠢ᠃ |